ᠢᠷᠠᠨ ᠤ ᠪᠠᠶᠢᠭᠠᠯᠢ ᠶᠢᠨ ᠡᠬᠢ ᠪᠠᠶᠠᠯᠢᠭ᠂ ᠮᠠᠯᠵᠢᠯ ᠤᠨ ᠲᠠᠯᠠᠪᠠᠶ ᠪᠣᠯᠤᠨ ᠰᠠᠪᠠ ᠭᠠᠵᠠᠷ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠲᠥᠯᠥᠭᠡᠯᠡᠭᠴᠢᠳ ᠤᠨ ᠪᠦᠯᠬᠦᠮ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2023/10/23
          10 ᠰᠠᠷ᠎ᠠ ᠶᠢᠨ 19᠎ ᠤ ᠡᠳᠦᠷ᠂ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠣᠯᠠᠨ ᠤᠯᠤᠰ ᠤᠨ ᠬᠠᠮᠲᠤᠷᠠᠯᠴᠠᠭᠠᠨ ᠤ ᠵᠤᠷᠭᠠᠨ ᠤ ᠤᠷᠢᠯᠭ᠎ᠠ ᠪᠠᠷ᠂ ᠢᠷᠠᠨ ᠤ ᠢᠰᠯᠠᠮ ᠤᠨ ᠪᠥᠬᠦᠳᠡ ᠨᠠᠶᠢᠷᠠᠮᠳᠠᠬᠤ ᠤᠯᠤᠰ ᠤᠨ ᠲᠠᠷᠢᠶᠠᠯᠠᠩ ᠤᠨ ᠶᠠᠮᠤᠨ ᠤ ᠪᠠᠶᠢᠭᠠᠯᠢ ᠶᠢᠨ ᠡᠬᠢ ᠪᠠᠶᠠᠯᠢᠭ᠂ ᠮᠠᠯᠵᠢᠯ ᠤᠨ ᠲᠠᠯᠠᠪᠠᠶ ᠬᠢᠭᠡᠳ ᠰᠠᠪᠠ ᠭᠠᠵᠠᠷ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠲᠤᠪᠴᠢᠶᠠᠨ ᠳᠠᠷᠤᠭ᠎ᠠ ᠬᠠᠰᠠᠩ· ᠸᠠᠰᠢᠳ᠋ ᠵᠡᠷᠭᠡ 12 ᠬᠥᠮᠦᠨ ︵ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠮᠤ ᠪᠤᠳᠠᠭ᠎ᠠ ᠲᠠᠷᠢᠶᠠᠯᠠᠩ ᠤᠨ ᠵᠣᠬᠢᠶᠠᠨ ᠪᠠᠶᠢᠭᠤᠯᠤᠯᠲᠠ ᠶᠢᠨ ᠲᠤᠰᠬᠠᠶ ᠮᠡᠷᠭᠡᠵᠢᠯᠲᠡᠨ 2 ᠬᠥᠮᠦᠨ ᠪᠠᠭᠲᠠᠨ᠎ᠠ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠵᠡᠭᠦᠨᠭᠠᠷ ᠬᠤᠰᠢᠭᠤᠨ ᠤ ᠤᠯᠠᠭᠠᠨᠪᠤᠯᠠᠭ ᠤᠯᠤᠰ ᠤᠨ  ᠦᠮᠴᠢᠯᠡᠯᠲᠦ ᠣᠶ ᠰᠢᠭᠤᠶ ᠶᠢᠨ ᠲᠠᠯᠠᠪᠠᠶ ᠳᠤ ᠬᠦᠷᠴᠦ ᠮᠠᠨ ᠤ ᠤᠯᠤᠰ ᠤᠨ ᠰᠦᠷᠭᠡᠦ ᠤᠷᠴᠢᠨ ᠨᠦᠬᠦᠴᠡᠯ ᠳᠠᠬᠢ ᠣᠶ ᠰᠢᠭᠤᠶ ᠶᠢᠨ ᠵᠠᠰᠠᠨ ᠰᠡᠷᠭᠦᠭᠡᠯᠲᠡ ᠵᠡᠷᠭᠡ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠥᠷᠨᠢᠭᠦᠯᠦᠭᠰᠡᠨ ᠠᠷᠭ᠎ᠠ ᠬᠢᠳᠡᠯ ᠪᠠ ᠲᠤᠷᠰᠢᠯᠭ᠎ᠠ ᠶᠢ ᠰᠢᠨᠵᠢᠯᠡᠨ ᠪᠠᠶᠢᠴᠠᠭᠠᠵᠤ ᠰᠤᠷᠤᠯᠴᠠᠪᠠ᠃ ᠲᠥᠯᠥᠭᠡᠯᠡᠭᠴᠢᠳ ᠤᠨ ᠪᠦᠯᠬᠦᠮ ᠤᠯᠠᠭᠠᠨᠪᠤᠯᠠᠭ ᠤᠯᠤᠰ ᠤᠨ ᠦᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠬᠥᠪᠴᠢ ᠶᠢᠨ ᠡᠯᠡᠰᠦ ᠶᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠤᠨ ᠲᠣᠭᠤᠷᠢᠭ᠂ ᠤᠯᠠᠭᠠᠨᠪᠤᠯᠠᠭ ᠤᠯᠤᠰ ᠤᠨ ᠦᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠦᠷ᠎ᠡ ᠴᠢᠬᠢ ᠶᠢᠨ ᠰᠠᠭᠤᠷᠢᠨ᠂ ᠥᠪᠥᠷ ᠮᠣᠩᠭᠤᠯ ᠤᠨ ᠥᠨᠳᠦᠷᠯᠢᠭ ᠤᠨ ᠭᠦᠢᠯᠡᠰᠦᠨ ᠴᠥᠮ᠎ᠡ ᠶᠢᠨ ᠤᠮᠳᠠᠭᠠᠨ ᠤ ᠬᠢᠵᠠᠭᠠᠷᠲᠤ ᠺᠣᠮᠫᠠᠨᠢ ᠶᠢᠨ  ᠦᠢᠯᠡᠳᠪᠦᠷᠢ ᠶᠢᠨ ᠲᠣᠭᠤᠷᠢᠭ ᠢ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠬᠥᠪᠴᠢ ᠶᠢᠨ ᠡᠯᠡᠰᠦ ᠶᠢ ᠵᠠᠰᠠᠬᠤ ᠵᠠᠭᠪᠤᠷ ᠢ ᠭᠦᠨᠵᠡᠭᠡᠶ ᠣᠶᠢᠯᠠᠭᠠᠵᠤ᠂ ᠦᠷ᠎ᠡ ᠴᠢᠬᠢ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠤᠨ ᠪᠥᠲᠥᠭᠡᠨ ᠪᠠᠶᠢᠭᠤᠯᠤᠯᠲᠠ ᠪᠣᠯᠤᠨ ᠠᠵᠤ ᠠᠬᠤᠶ ᠶᠢᠨ ᠣᠶ ᠶᠢᠨ ᠪᠥᠲᠥᠭᠡᠨ ᠪᠠᠶᠢᠭᠤᠯᠤᠯᠲᠠ ᠶᠢ ᠨᠠᠷᠢᠨ ᠬᠢᠨᠠᠮᠠᠭᠠᠶ ᠰᠤᠷᠤᠯᠴᠠᠵᠤ᠂ ᠭᠦᠢᠯᠡᠰᠦᠨ ᠴᠥᠮ᠎ᠡ ᠶᠢᠨ ᠤᠮᠳᠠᠭᠠᠨ ᠤ  ᠦᠢᠯᠡᠳᠪᠦᠷᠢᠯᠡᠯ ᠤᠨ ᠲᠠᠰᠤᠭ ᠢ ᠲᠣᠭᠤᠷᠢᠨ ᠦᠵᠡᠪᠡ᠃ ᠲᠥᠯᠥᠭᠡᠯᠡᠭᠴᠢᠳ ᠤᠨ ᠪᠦᠯᠬᠦᠮ ᠮᠠᠨ ᠤ ᠤᠯᠤᠰ ᠤᠨ ᠡᠯᠡᠰᠦᠷᠬᠡᠭ ᠭᠠᠵᠠᠷ ᠤᠨ ᠵᠠᠰᠠᠯᠲᠠ ᠶᠢᠨ ᠲᠠᠯ᠎ᠠ ᠪᠠᠷ ᠣᠯᠤᠭᠰᠠᠨ ᠠᠮᠵᠢᠯᠲᠠ ᠪᠦᠲᠦᠮᠵᠢ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠬᠤᠶᠢᠰᠢᠳᠠ ᠨᠡᠪᠲᠡᠷᠡᠯᠴᠡᠭᠡ ᠰᠣᠯᠢᠯᠴᠠᠭ᠎ᠠ ᠪᠠᠨ ᠦᠷᠭᠦᠯᠵᠢᠯᠡᠨ ᠴᠢᠩᠭᠠᠳᠬᠠᠬᠤ ᠶᠢ ᠬᠦᠰᠡᠵᠦ ᠪᠠᠶᠢᠨ᠎ᠠ ᠭᠡᠪᠡ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号