ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 23 ᠤ ᠴᠠᠭᠢᠯᠭᠠᠨ ᠮᠡᠳᠡᠭᠡ ᠳᠤᠮᠳᠠᠳᠤ | ᠤᠯᠤᠰ ᠤᠨ ᠡᠮᠡᠭᠲᠡᠶᠢᠴᠦᠳ ᠤᠨ ᠠᠷᠪᠠᠨ ᠭᠤᠷᠪᠠᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ | ᠶᠡᠭᠡ ᠬᠤᠷᠠᠯ 23 ᠤ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠰᠢ ᠶᠢᠨ ᠫᠢᠩ᠂ | ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠯᠢ ᠰᠢ ᠵᠡᠷᠭᠡ ᠨᠠᠮ ᠪᠣᠯᠣᠨ ᠲᠦᠷᠦ ᠶᠢᠨ | ᠤᠳᠤᠷᠢᠳᠬᠤ ᠬᠥᠮᠥᠰ ᠬᠤᠷᠠᠯ ᠳᠤ ᠣᠷᠣᠯᠴᠠᠵᠤ ᠪᠠᠶᠠᠷ ᠬᠦᠷᠭᠡᠪᠡ᠂ ᠳ᠋ᠢᠩ ᠰᠢᠤᠸᠠᠢ ᠰᠢᠶᠠᠩ ᠨᠠᠮ ᠤᠨ ᠲᠥᠪ | ᠬᠤᠷᠢᠶ᠎ᠠ ᠶᠢᠨ ᠡᠮᠦᠨ᠎ᠡ ᠠᠴᠠ ᠪᠠᠶᠠᠷ ᠤᠨ ᠦᠭᠡ ᠬᠡᠯᠡᠵᠡᠢ᠃ | ᠠᠷᠠᠳ ᠤᠨ ᠶᠡᠭᠡ ᠬᠤᠷᠠᠯ ᠤᠨ ᠲᠠᠩᠬᠢᠮ ᠤᠨ ᠶᠣᠰᠣᠯᠠᠯ ᠤᠨ ᠲᠠᠩᠬᠢᠮ ᠲᠥᠪ ᠬᠢᠴᠢᠶᠡᠩᠭᠦᠢ ᠪᠥᠭᠡᠳ ᠭᠦᠷ | ᠬᠥᠭᠵᠢᠶᠡᠨ ᠢᠶᠠᠷ ᠪᠢᠯᠬᠠᠨ᠎ᠠ᠃ ᠲᠡᠷᠢᠭᠦᠯᠡᠭᠴᠢᠳ ᠤᠨ ᠲᠠᠶᠢᠰᠠᠨ ᠤ ᠳᠡᠭᠡᠷ᠎ᠡ ᠲᠠᠯ᠎ᠠ ᠳᠤ ︽ᠳᠤᠮᠳᠠᠳᠤ ᠤᠯᠤᠰ ᠤᠨ | ᠡᠮᠡᠭᠲᠡᠶᠢᠴᠦᠳ ᠤᠨ ᠠᠷᠪᠠᠨ ᠭᠤᠷᠪᠠᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ︾ | ᠭᠡᠬᠦ ᠬᠤᠷᠠᠯ ᠤᠨ ᠲᠡᠮᠳᠡᠭ ᠢ ᠡᠯᠭᠦᠵᠦ᠂ ᠠᠷᠤ ᠬᠥᠰᠢᠭᠡ ᠶᠢᠨ ᠲᠥᠪ ᠳᠤᠮᠳᠠ ᠨᠢ ᠳᠤᠮᠳᠠᠳᠤ ᠶᠢᠨ ᠪᠦᠭᠦ | ᠤᠯᠤᠰ ᠤᠨ ᠡᠮᠡᠭᠲᠡᠶᠢᠴᠦᠳ ᠤᠨ ᠬᠤᠯᠪᠤᠭ᠎ᠠ ᠶᠢᠨ ᠬᠤᠷᠠᠯ ᠤᠨ ᠰᠦᠯᠳᠡ ᠶᠢ ᠡᠯᠭᠦᠵᠦ᠂ 10 ᠤᠯᠠᠭᠠᠨ ᠲᠤᠭ ᠢ | ᠬᠤᠶᠠᠷ ᠮᠥᠷᠥᠯᠡᠨ ᠵᠢᠭᠰᠠᠭᠠᠪᠠ᠃ ᠬᠤᠶᠠᠳᠤᠭᠠᠷ ᠳᠠᠪᠬᠤᠷᠯᠢᠭ ᠤᠨ ᠪᠠᠷᠠᠯᠠᠬᠤ ᠲᠠᠶᠢᠰᠠᠨ ᠳᠡᠭᠡᠷ᠎ᠡ ︽ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ | ᠲᠠᠯ᠎ᠠ ᠪᠠᠷ ᠲᠤᠭᠤᠰᠢᠯᠠᠭᠤᠯᠵᠤ᠂ ᠦᠨᠳᠦᠰᠦᠲᠡᠨ ᠨᠦᠭᠦᠳ ᠤᠨ ᠡᠯ᠎ᠡ ᠡᠲᠡᠭᠡᠳ ᠤᠨ ᠡᠮᠡᠭᠲᠡᠶᠢᠴᠦᠳ ᠢ ᠳᠠᠶᠢᠴᠢᠯᠠᠨ | ᠳᠠᠭᠠᠭᠤᠯᠵᠤ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ | ᠲᠥᠯᠥᠭᠡ ᠪᠦᠯᠬᠦᠮᠳᠡᠨ ᠲᠡᠮᠡᠴᠡᠵᠡᠭᠡᠶ᠎ᠡ︕︾ ᠭᠡᠰᠡᠨ ᠲᠣᠮᠣ ᠬᠥᠨᠳᠡᠯᠡᠨ ᠪᠢᠴᠢᠭᠡᠰᠦ ᠶᠢ ᠡᠯᠭᠦᠵᠡᠢ᠃ | ᠪᠦᠭᠦ ᠤᠯᠤᠰ ᠤᠨ ᠡᠯ᠎ᠡ ᠠᠵᠢᠯ ᠳᠦᠷᠦᠯ ᠠᠴᠠ ᠬᠦᠷᠦᠯᠴᠡᠨ ᠢᠷᠡᠭᠰᠡᠨ ᠳᠤᠮᠳᠠᠳᠤ ᠤᠯᠤᠰ ᠤᠨ | ᠡᠮᠡᠭᠲᠡᠶᠢᠴᠦᠳ ᠤᠨ ᠠᠷᠪᠠᠨ ᠭᠤᠷᠪᠠᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ | ᠬᠤᠷᠠᠯ ᠤᠨ 1800 ᠰᠢᠬᠠᠮ ᠲᠥᠯᠥᠭᠡᠯᠡᠭᠴᠢ ᠪᠣᠯᠣᠨ ᠰᠢᠶᠠᠩᠭᠠᠩ ᠤᠨᠴᠠᠭᠠᠢ ᠵᠠᠰᠠᠭ ᠵᠠᠬᠢᠷᠭᠠᠨ ᠤ ᠣᠷᠣᠨ᠂ | ᠣᠣᠮᠧᠨ ᠤᠨᠴᠠᠭᠠᠢ ᠵᠠᠰᠠᠭ ᠵᠠᠬᠢᠷᠭᠠᠨ ᠤ ᠣᠷᠣᠨ ᠤ 90 ᠣᠨᠴᠠ ᠤᠷᠢᠭᠰᠠᠨ ᠲᠥᠯᠥᠭᠡᠯᠡᠭᠴᠢ ᠲᠦᠭ ᠲᠦᠮᠡᠨ | ᠡᠮᠡᠭᠲᠡᠶᠢᠴᠦᠳ ᠤᠨ ᠬᠦᠨᠳᠦ ᠨᠠᠶᠢᠳᠠᠯᠭ᠎ᠠ ᠶᠢ ᠡᠭᠦᠷᠭᠡᠯᠡᠵᠦ ᠦᠪᠡᠳᠡᠭᠰᠢ ᠬᠤᠷᠠᠯ ᠳᠤ ᠣᠷᠣᠯᠴᠠᠪᠠ᠃ | ᠦᠳᠡ ᠶᠢᠨ ᠡᠮᠦᠨᠡᠬᠢ 10 ᠴᠠᠭ ᠲᠤ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠨᠠᠷ ᠬᠤᠷᠠᠯ ᠤᠨ | ᠲᠠᠯᠠᠪᠠᠢ ᠳᠤ ᠣᠷᠣᠵᠤ ᠢᠷᠡᠬᠦ ᠳᠤ᠂ ᠳᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠳᠠᠰᠢᠪᠠ᠃ | ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠶᠡᠭᠡ ᠬᠤᠷᠠᠯ ᠤᠨ | ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ ᠱᠧᠨ ᠶᠤᠸᠠᠢ ᠶᠤᠸᠠᠢ ᠶᠡᠭᠡ ᠬᠤᠷᠠᠯ ᠡᠬᠢᠯᠡᠭᠰᠡᠨ ᠢ | ᠵᠠᠷᠯᠠᠪᠠ᠃ ᠪᠦᠭᠦᠳᠡᠭᠡᠷ ᠢᠶᠠᠨ ᠪᠣᠰᠴᠤ ᠵᠣᠭᠰᠣᠵᠤ᠂ ᠤᠯᠤᠰ ᠤᠨ ᠰᠦᠯᠳᠡ ᠳᠠᠭᠤᠤ ᠶᠢ ᠳᠠᠭᠤᠯᠠᠪᠠ᠃ | ᠳ᠋ᠢᠩ ᠰᠢᠤᠸᠠᠢ ᠰᠢᠶᠠᠩ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ︽ᠤᠯᠤᠰ ᠢᠶᠠᠨ ᠬᠦᠴᠦᠷᠬᠡᠭᠵᠢᠭᠦᠯᠬᠦ | ᠪᠦᠲᠦᠭᠡᠨ ᠪᠠᠶᠢᠭᠤᠯᠤᠯᠲᠠ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ ᠲᠥᠯᠥᠭᠡ ᠰᠢᠨ᠎ᠡ ᠴᠠᠭ | ᠦᠶ᠎ᠡ ᠶᠢᠨ ︿ᠲᠦᠷᠦ ᠶᠢᠨ ᠬᠠᠭᠠᠰ ᠲᠤᠯᠭᠠᠭᠤᠷᠢ﹀ ᠶᠢᠨ ᠢᠷᠠᠭᠤ ᠰᠠᠶᠢᠬᠠᠨ ᠬᠠᠭᠤᠳᠠᠰᠤ ᠶᠢ ᠪᠢᠴᠢᠭᠯᠡᠶ᠎ᠡ︾ ᠭᠡᠬᠦ | ᠰᠡᠳᠦᠪ ᠢᠶᠠᠷ ᠪᠠᠶᠠᠷ ᠤᠨ ᠦᠭᠡ ᠬᠡᠯᠡᠵᠦ᠂ ᠶᠡᠭᠡ ᠬᠤᠷᠠᠯ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ᠂ ᠪᠦᠭᠦ | ᠤᠯᠤᠰ ᠤᠨ ᠥᠷᠭᠡᠨ ᠤᠯᠠᠨ ᠡᠮᠡᠭᠲᠡᠶᠢᠴᠦᠳ ᠪᠣᠯᠣᠨ ᠡᠮᠡᠭᠲᠡᠶᠢᠴᠦᠳ ᠤᠨ ᠠᠵᠢᠯ ᠤᠨ ᠠᠵᠢᠯᠲᠠᠨ ᠳᠤ ᠳᠣᠲᠣᠨᠣ | ᠮᠡᠨᠳᠦᠴᠢᠯᠡᠯ ᠳᠡᠪᠰᠢᠭᠦᠯᠵᠦ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ᠂ ᠣᠣᠮᠧᠨ ᠣᠨᠴᠠᠭᠠᠢ ᠵᠠᠰᠠᠭ | ᠵᠠᠬᠢᠷᠭᠠᠨ ᠤ ᠣᠷᠣᠨ ᠪᠣᠯᠣᠨ ᠲᠠᠶᠢᠸᠠᠨ ᠣᠷᠣᠨ ᠤ ᠡᠭᠡᠴᠢ ᠳᠡᠭᠦᠦ ᠨᠠᠷ᠂ ᠭᠠᠳᠠᠭᠠᠳᠤ ᠳᠤ ᠰᠠᠭᠤᠭ᠎ᠠ ᠡᠮᠡᠭᠲᠡᠢ | ᠬᠠᠷᠢᠶᠠᠲᠤ ᠨᠠᠷ ᠲᠤ ᠰᠠᠶᠢᠨ ᠰᠠᠶᠢᠬᠠᠨ ᠬᠦᠰᠡᠯ ᠵᠥᠩᠨᠡᠯ ᠳᠡᠪᠰᠢᠭᠦᠯᠪᠡ᠃ | ᠳ᠋ᠢᠩ ᠰᠢᠤᠸᠠᠢ ᠰᠢᠶᠠᠩ ᠪᠠᠶᠠᠷ ᠤᠨ ᠦᠭᠡ ᠳᠡᠭᠡᠨ᠂ ᠳᠤᠮᠳᠠᠳᠤ ᠤᠯᠤᠰ ᠤᠨ ᠡᠮᠡᠭᠲᠡᠶᠢᠴᠦᠳ ᠤᠨ ᠠᠷᠪᠠᠨ | ᠬᠤᠶᠠᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠨᠠᠭᠠᠰᠢ᠂ ᠰᠢ ᠶᠢᠨ | ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ | ᠲᠦᠭ ᠲᠦᠮᠡᠨ ᠡᠮᠡᠭᠲᠡᠶᠢᠴᠦᠳ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠭᠤᠣᠯ ᠳᠠᠶᠢᠯᠠᠯᠳᠤᠭᠠᠨ ᠤ | ᠲᠠᠯᠠᠪᠤᠷ ᠲᠤ ᠡᠷᠡᠮᠡᠬᠡᠶᠢᠯᠡᠨ ᠲᠡᠮᠡᠴᠡᠵᠦ ᠪᠣᠳᠠᠲᠠᠢ ᠠᠵᠢᠯᠯᠠᠵᠤ᠂ ᠰᠢᠨᠵᠢᠯᠡᠬᠦ ᠤᠬᠠᠭᠠᠨ ᠲᠤᠭ᠍ᠨ᠋ᠶᠢᠡ ᠮᠡᠷᠭᠡᠵᠢᠯ ᠤᠨ | ᠰᠢᠨ᠎ᠡ ᠶᠢ ᠡᠭᠦᠳᠬᠦ ᠡᠮᠦᠨ᠎ᠡ ᠡᠩᠨᠡᠭᠡᠨ ᠳᠤ ᠵᠣᠷᠢᠭᠲᠠᠢ ᠪᠠᠷ ᠨᠣᠶᠠᠨ ᠤᠷᠭᠢᠯ ᠳᠤ ᠭᠠᠷᠴᠤ᠂ ᠬᠢᠵᠢᠭ ᠲᠠᠢ ᠲᠡᠮᠡᠴᠡᠬᠦ | ᠵᠠᠩᠭᠢᠯᠠᠭ᠎ᠠ ᠶᠢᠨ ᠦᠶ᠎ᠡ ᠳᠤ ᠰᠥᠷᠦᠨ ᠤᠷᠤᠭᠰᠢᠯᠠᠵᠤ᠂ ᠭᠡᠷ ᠪᠦᠯᠢ ᠪᠣᠯᠣᠨ ᠨᠡᠶᠢᠭᠡᠮ ᠲᠣᠭᠤᠷᠢᠭ ᠲᠤ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠠᠮᠤᠷ ᠠᠮᠤᠭᠤᠯᠠᠩ ᠤᠨ ᠪᠦᠲᠦᠭᠡᠨ ᠪᠠᠶᠢᠭᠤᠯᠤᠯᠲᠠ ᠶᠢᠨ | ᠡᠮᠦᠨ᠎ᠡ ᠹᠷᠣᠨᠲ ᠲᠤ ᠬᠢᠴᠢᠶᠡᠩᠭᠦ᠋ᠢᠯᠡᠨ ᠰᠠᠬᠢᠵᠤ᠂ ᠤᠷᠤᠯᠳᠤᠭᠠᠨ ᠤ ᠲᠠᠯᠠᠪᠤᠷ ᠲᠤ ᠵᠣᠷᠢᠭᠲᠠᠢ ᠥᠷᠢᠰᠦᠯᠳᠦᠵᠦ᠂ ︽ | ᠲᠦᠷᠦ ᠶᠢᠨ ᠬᠠᠭᠠᠰ ᠲᠤᠯᠭᠠᠭᠤᠷᠢ︾ ᠶᠢᠨ ᠦᠢᠯᠡᠳᠦᠯ ᠢ ᠪᠦᠭᠦ ᠲᠠᠯ᠎ᠠ ᠪᠠᠷ ᠢᠯᠡᠷᠡᠭᠦᠯᠵᠦ᠂ ᠡᠮᠡᠭᠲᠡᠶᠢᠴᠦᠳ ᠤᠨ | ᠬᠥᠭᠵᠢᠯᠲᠡ ᠪᠦᠭᠦ ᠲᠠᠯ᠎ᠠ ᠪᠠᠷ ᠲᠠᠪᠰᠢᠪᠠ᠃ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠤᠭ᠎ᠠ ᠶᠢᠨ ᠵᠣᠬᠢᠶᠠᠨ | ᠪᠠᠶᠢᠭᠤᠯᠤᠯᠲᠠ ᠡᠮᠡᠭᠲᠡᠶᠢᠴᠦᠳ ᠤᠨ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠮᠵᠢ ᠶᠢ ᠬᠦᠴᠦᠯᠡᠨ | ᠴᠢᠩᠭᠠᠳᠬᠠᠵᠤ᠂ ᠥᠷᠭᠡᠨ ᠣᠯᠠᠨ ᠡᠮᠡᠭᠲᠡᠶᠢᠴᠦᠳ ᠢ ᠪᠦᠯᠬᠦᠮᠳᠡᠭᠦᠯᠦᠨ ᠳᠠᠶᠢᠴᠢᠯᠠᠵᠤ ᠪᠠᠶᠢᠭᠠᠳ ᠰᠢᠨ᠎ᠡ ᠴᠠᠭ | ᠦᠶ᠎ᠡ ᠳᠤ ᠭᠠᠪᠢᠶ᠎ᠠ ᠪᠠᠶᠢᠭᠤᠯᠵᠤ᠂ ᠭᠡᠷ ᠪᠦᠯᠢ ᠭᠡᠷ ᠤᠨ ᠬᠥᠮᠦᠵᠢᠯ ᠭᠡᠷ ᠤᠨ ᠰᠤᠷᠲᠠᠯ ᠤᠨ ᠪᠠᠶᠢᠭᠤᠯᠤᠯᠲᠠ ᠶᠢ | ᠰᠢᠨ᠎ᠡ ᠶᠢ ᠡᠭᠦᠳᠦᠨ ᠠᠬᠢᠭᠤᠯᠵᠤ᠂ ᠡᠷᠬᠡ ᠠᠰᠢᠭ ᠢᠶᠠᠨ ᠬᠠᠮᠠᠭᠠᠯᠠᠵᠤ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠶᠢ | ᠦᠨᠡᠨ ᠰᠡᠳᠬᠢᠯ ᠠᠴᠠ ᠪᠠᠨ ᠰᠠᠶᠢᠲᠤᠷ ᠬᠢᠵᠦ᠂ ᠣᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠢᠳᠡᠪᠬᠢᠲᠡᠢ | ᠥᠷᠨᠢᠭᠦᠯᠵᠦ᠂ ᠡᠮᠡᠭᠲᠡᠶᠢᠴᠦᠳ ᠤᠨ ᠬᠤᠯᠪᠤᠭ᠎ᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠤᠯᠤᠰ ᠲᠥᠷᠥᠴᠢ ᠴᠢᠨᠠᠷ᠂ ᠲᠡᠷᠢᠭᠦᠨ ᠤ ᠴᠢᠨᠠᠷ᠂ ᠣᠯᠠᠨ ᠲᠦᠮᠡᠨᠴᠢ ᠴᠢᠨᠠᠷ ᠲᠠᠰᠤᠷᠠᠯᠲᠠ ᠦᠭᠡᠢ ᠴᠢᠩᠭᠠᠷᠠᠵᠤ᠂ | ᠨᠠᠮ ᠤᠨ ᠲᠥᠷᠥ ᠪᠠᠷᠢᠬᠤ ᠣᠯᠠᠨ ᠲᠦᠮᠡᠨᠴᠢ ᠰᠠᠭᠤᠷᠢ ᠶᠢ ᠪᠠᠬᠢᠵᠢᠭᠦᠯᠬᠦ ᠳᠤ ᠴᠢᠬᠤᠯᠠ ᠦᠢᠯᠡᠳᠦᠯ ᠦᠵᠡᠭᠦᠯᠵᠡᠢ | ᠭᠡᠪᠡ᠃ | ᠳ᠋ᠢᠩ ᠰᠢᠤᠸᠠᠢ ᠰᠢᠶᠠᠩ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠠᠤᠭ᠎ᠠ ᠲᠥᠰᠥᠪ ᠢ ᠵᠢᠷᠤᠭᠯᠠᠵᠤ᠂ ᠰᠢᠨ᠎ᠡ ᠴᠠᠭ | ᠦᠶ᠎ᠡ ᠰᠢᠨ᠎ᠡ ᠠᠶᠠᠨ ᠳᠠᠬᠢ ᠨᠠᠮ ᠤᠨ ᠭᠤᠣᠯ ᠡᠭᠦᠷᠭᠡ ᠶᠢ ᠲᠣᠳᠣᠷᠬᠠᠶᠢᠯᠠᠪᠠ᠃ ᠥᠷᠭᠡᠨ ᠣᠯᠠᠨ ᠡᠮᠡᠭᠲᠡᠶᠢᠴᠦᠳ | ᠨᠠᠮ ᠲᠠᠢ ᠪᠠᠨ ᠰᠡᠳᠬᠢᠯ ᠢᠶᠠᠨ ᠨᠢᠭᠡᠳᠬᠡᠵᠦ᠂ ᠨᠠᠮ ᠢᠶᠠᠨ ᠲᠠᠭᠠᠵᠤ ᠡᠷᠡᠯᠬᠡᠭᠯᠡᠨ ᠤᠷᠤᠭᠰᠢᠯᠠᠵᠤ᠂ ᠰᠢᠨ᠎ᠡ ᠦᠵᠡᠯ | ᠰᠠᠨᠠᠭ᠎ᠠ ᠶᠢ ᠦᠢᠯᠡᠳᠦᠯᠭᠡᠵᠢᠭᠦᠯᠬᠦ ᠶᠠᠪᠤᠴᠠ ᠳᠤ ᠡᠮᠡᠭᠲᠡᠶᠢᠴᠦᠳ ᠤᠨ ᠢᠲᠡᠭᠡᠯ ᠪᠢᠰᠢᠷᠡᠯ ᠤᠨ ᠰᠠᠭᠤᠷᠢ ᠶᠢ | ᠪᠠᠬᠢᠵᠢᠭᠦᠯᠵᠦ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠶᠠᠪᠤᠴᠠ ᠳᠤ ᠡᠮᠡᠭᠲᠡᠶᠢᠴᠦᠳ ᠤᠨ ᠬᠠᠷᠢᠭᠤᠴᠠᠯᠭ᠎ᠠ | ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠢᠯᠡᠷᠡᠭᠦᠯᠵᠦ᠂ ᠰᠢᠨ᠎ᠡ ᠬᠡᠪ ᠰᠤᠷᠲᠠᠯ ᠢ ᠬᠥᠲᠥᠯᠥᠨ ᠳᠠᠭᠠᠭᠤᠯᠬᠤ | ᠶᠠᠪᠤᠴᠠ ᠳᠤ ᠡᠮᠡᠭᠲᠡᠶᠢᠴᠦᠳ ᠤᠨ ᠥᠪᠡᠷᠮᠢᠴᠡ ᠦᠢᠯᠡᠳᠦᠯ ᠢ ᠢᠯᠡᠷᠡᠭᠦᠯᠵᠦ᠂ ᠰᠢᠨ᠎ᠡ ᠠᠬᠤᠢ ᠪᠠᠶᠢᠳᠠᠯ ᠢ | ᠳᠡᠭᠡᠭᠰᠢᠯᠡᠭᠦᠯᠭᠦ ᠶᠠᠪᠤᠴᠠ ᠳᠤ ᠡᠮᠡᠭᠲᠡᠶᠢᠴᠦᠳ ᠤᠨ ᠭᠡᠷᠡᠯ ᠭᠢᠯᠪᠠᠭ᠎ᠠ ᠪᠠᠨ ᠰᠠᠴᠤᠷᠠᠭᠤᠯᠤᠭᠰᠠᠨ ᠠᠮᠢᠳᠤᠷᠠᠬᠤᠢ ᠶᠢ | ᠡᠭᠦᠳᠴᠦ᠂ ᠨᠡᠩ ᠴᠢᠩᠭ᠎ᠠ ᠲᠡᠦᠬᠡ ᠶᠢᠨ ᠤᠬᠠᠮᠰᠠᠷ᠂ ᠨᠡᠩ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ | ᠪᠠᠶᠢᠳᠠᠯ ᠢᠶᠠᠷ ᠰᠢᠨ᠎ᠡ ᠠᠶᠠᠨ ᠳᠤ ︽ᠲᠦᠷᠦ ᠶᠢᠨ ᠬᠠᠭᠠᠰ ᠲᠤᠯᠭᠠᠭᠤᠷᠢ︾ ᠶᠢᠨ ᠨᠡᠩ ᠦᠵᠡᠰᠬᠦᠯᠡᠩᠲᠦ ᠰᠠᠶᠢᠬᠠᠨ | ᠬᠠᠭᠤᠳᠠᠰᠤ ᠶᠢ ᠪᠢᠴᠢᠭᠯᠡᠬᠦ ᠬᠡᠷᠡᠭᠲᠡᠢ᠃ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠤᠭ᠎ᠠ ᠶᠢᠨ ᠵᠣᠬᠢᠶᠠᠨ | ᠪᠠᠶᠢᠭᠤᠯᠤᠯᠲᠠ ᠨᠤᠭᠤᠳ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠠᠨ ᠲᠦᠮᠡᠨ ᠤ | ᠪᠦᠯᠭᠦᠮ ᠤᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠬᠥᠲᠥᠯᠥᠨ ᠳᠠᠭᠠᠭᠤᠯᠬᠤ᠂ | ᠦᠢᠯᠡᠴᠢᠯᠡᠬᠦ᠂ ᠬᠠᠷᠢᠯᠴᠠᠬᠤ ᠡᠭᠦᠷᠭᠡ ᠴᠢᠳᠠᠪᠤᠷᠢ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠨᠠᠮ ᠤᠨ ᠦᠢᠯᠡᠰ ᠲᠤ | ᠡᠮᠡᠭᠲᠡᠶᠢᠴᠦᠳ ᠤᠨ ᠬᠦᠴᠦᠨ ᠴᠢᠳᠠᠯ ᠢ ᠨᠢᠭᠲᠠᠷᠠᠭᠤᠯᠵᠤ᠂ ᠡᠮᠡᠭᠲᠡᠶᠢᠴᠦᠳ ᠤᠨ ᠤᠶᠤᠨ ᠤᠬᠠᠭᠠᠨ ᠢ | ᠬᠤᠷᠠᠮᠳᠤᠭᠤᠯᠬᠤ ᠬᠡᠷᠡᠭᠲᠡᠢ ᠭᠡᠵᠦ ᠢᠯᠡᠳᠬᠡᠪᠡ᠃ | | | | 10 ᠰᠠᠷ᠎ᠠ ᠶᠢᠨ 23 ᠤ ᠡᠳᠦᠷ᠂ ᠳᠤᠮᠳᠠᠳᠤ ᠤᠯᠤᠰ ᠤᠨ ᠡᠮᠡᠭᠲᠡᠶᠢᠴᠦᠳ ᠤᠨ ᠠᠷᠪᠠᠨ ᠭᠤᠷᠪᠠᠳᠤᠭᠠᠷ | ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠠᠷᠠᠳ ᠤᠨ ᠶᠡᠭᠡ ᠬᠤᠷᠠᠯ ᠤᠨ ᠲᠠᠩᠬᠢᠮ ᠳᠤ | ᠡᠬᠢᠯᠡᠪᠡ᠃ ᠵᠢᠷᠤᠭ ᠪᠣᠯ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠤᠷᠤᠯᠴᠠᠬᠰᠠᠨ | ᠲᠥᠯᠥᠭᠡᠯᠡᠭᠴᠢᠳ ᠲᠤ ᠮᠡᠨᠳᠦᠴᠢᠯᠡᠯ ᠬᠦᠷᠭᠡᠵᠦ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | ᠲᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠱᠦᠵᠢ ᠨᠠᠷ ᠤᠨ ᠭᠠᠵᠠᠷ ᠤᠨ ᠨᠢᠭᠡᠳᠦᠭᠡᠷ ᠱᠦᠵᠢ ᠰᠢᠦᠢ ᠯᠢᠦ ᠫᠢᠩ ᠳᠤᠮᠳᠠᠳᠤ ᠶᠢᠨ | ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ᠂ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ | ᠡᠪᠯᠡᠯ ᠤᠨ ᠲᠥᠪ ᠬᠤᠷᠢᠶ᠎ᠠ᠂ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠳᠤᠮᠳᠠᠳᠤ | ᠤᠯᠤᠰ ᠤᠨ ᠵᠣᠬᠢᠶᠠᠯᠴᠢᠳ ᠤᠨ ᠡᠪᠯᠡᠯ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ | ᠨᠡᠶᠢᠭᠡᠮᠯᠢᠭ᠂ ᠳᠤᠮᠳᠠᠳᠤ ᠶᠢᠨ ᠪᠦᠭᠦ ᠤᠯᠤᠰ ᠤᠨ ᠤᠯᠤᠰ ᠲᠠᠭᠠᠨ ᠪᠤᠴᠠᠵᠤ ᠢᠷᠡᠭᠰᠡᠨ ᠳᠤᠮᠳᠠᠳᠤ ᠶᠢᠨ ᠬᠠᠷᠢᠶᠠᠲᠤ | ᠨᠠᠷ ᠤᠨ ᠬᠤᠯᠪᠣᠭᠠᠲᠤ ᠬᠤᠷᠠᠯ᠂ ᠳᠤᠮᠳᠠᠳᠤ ᠶᠢᠨ ᠪᠦᠭᠦ ᠤᠯᠤᠰ ᠤᠨ ᠲᠠᠶᠢᠸᠠᠨ ᠤ ᠠᠬ᠎ᠠ ᠳᠡᠭᠦᠦ ᠨᠠᠷ ᠤᠨ | ᠨᠥᠬᠦᠷᠯᠡᠯ ᠤᠨ ᠬᠤᠷᠠᠯ᠂ ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠤᠭ᠎ᠠ ᠶᠢ ᠲᠥᠯᠥᠭᠡᠯᠡᠨ ᠶᠡᠭᠡ ᠬᠤᠷᠠᠯ ᠳᠤ | ᠪᠠᠶᠠᠷ ᠤᠨ ᠦᠭᠡ ᠬᠡᠯᠡᠪᠡ᠃ ᠪᠠᠶᠠᠷ ᠤᠨ ᠦᠭᠡ ᠳᠤ᠂ ᠰᠢᠨ᠎ᠡ ᠠᠶᠠᠨ ᠳᠤ᠂ ᠤᠯᠠᠨ ᠲᠦᠮᠡᠨ ᠤ ᠪᠦᠯᠭᠦᠮ ᠤᠨ | ᠵᠣᠬᠢᠶᠠᠨ ᠪᠠᠶᠢᠭᠤᠯᠤᠯᠲᠠ ᠨᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠰᠡᠳᠬᠢᠯ ᠢᠶᠠᠨ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠠᠨ ᠲᠦᠮᠡᠨ ᠤ ᠪᠦᠯᠭᠦᠮ ᠤᠨ ᠬᠥᠭᠵᠢᠯᠲᠡ ᠶᠢᠨ | ᠵᠠᠮ ᠢᠶᠠᠷ ᠭᠤᠶᠢᠪᠢᠰᠢ ᠦᠭᠡᠢ ᠵᠠᠮᠨᠠᠵᠤ᠂ ᠰᠢᠨ᠎ᠡ ᠠᠭᠤᠤ ᠶᠡᠭᠡ ᠲᠡᠮᠡᠴᠡᠯ ᠢᠶᠠᠷ ᠤᠯᠠᠨ ᠲᠦᠮᠡᠨ ᠤ ᠪᠦᠯᠭᠦᠮ ᠤᠨ | ᠦᠢᠯᠡᠰ ᠤᠨ ᠬᠥᠭᠵᠢᠯᠲᠡ ᠶᠢᠨ ᠰᠢᠨ᠎ᠡ ᠣᠷᠣᠨ ᠵᠠᠢ ᠶᠢ ᠨᠡᠭᠡᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ ᠬᠤᠸᠠᠩ ᠰᠢᠶᠣᠣ ᠸᠧᠢ | ᠳᠤᠮᠳᠠᠳᠤ ᠶᠢᠨ ᠪᠦᠭᠦ ᠤᠯᠤᠰ ᠤᠨ ᠡᠮᠡᠭᠲᠡᠶᠢᠴᠦᠳ ᠤᠨ ᠬᠤᠯᠪᠤᠭ᠎ᠠ ᠶᠢᠨ ᠠᠷᠪᠠᠨ ᠬᠤᠶᠠᠳᠤᠭᠠᠷ ᠬᠤᠭᠤᠴᠠᠭᠠᠨ ᠤ | ᠭᠦᠢᠴᠡᠳᠬᠡᠬᠦ ᠵᠥᠪᠯᠡᠯ ᠤᠨ ᠡᠮᠦᠨ᠎ᠡ ᠠᠴᠠ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ ᠥᠷᠭᠡᠨ ᠤᠯᠠᠨ | ᠡᠮᠡᠭᠲᠡᠶᠢᠴᠦᠳ ᠢ ᠳᠠᠶᠢᠴᠢᠯᠠᠨ ᠳᠠᠭᠠᠭᠤᠯᠵᠤ ᠪᠠᠶᠢᠭᠠᠳ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠥᠯᠥᠭᠡ ᠪᠦᠯᠬᠦᠮᠳᠡᠨ ᠲᠡᠮᠡᠴᠡᠵᠡᠭᠡᠶ᠎ᠡ︾ ᠭᠡᠬᠦ ᠰᠡᠳᠦᠪ ᠢᠶᠠᠷ | ᠮᠡᠳᠡᠭᠦᠯᠦᠯᠲᠡ ᠬᠢᠵᠡᠢ᠃ ᠮᠡᠳᠡᠭᠦᠯᠦᠯᠲᠡ ᠶᠢ 5 ᠬᠡᠰᠡᠭ ᠲᠤ ᠬᠤᠪᠢᠶᠠᠪᠠ᠄ ᠡᠷᠡᠰ ᠭᠤᠶᠢᠪᠢᠰᠢ ᠦᠭᠡᠢ ᠪᠠᠷ ᠨᠠᠮ ᠢᠶᠠᠨ | ᠲᠠᠭᠠᠵᠤᠲ᠋ᠡᠮᠡᠴᠡᠭᠰᠡᠨ ᠳᠤᠮᠳᠠᠳᠤ ᠤᠯᠤᠰ ᠤᠨ ᠡᠮᠡᠭᠲᠡᠶᠢᠴᠦᠳ ᠪᠠ ᠡᠮᠡᠭᠲᠡᠶᠢᠴᠦᠳ ᠤᠨ ᠬᠤᠯᠪᠤᠭ᠎ᠠ ᠶᠢᠨ ᠵᠣᠬᠢᠶᠠᠨ | ᠪᠠᠶᠢᠭᠤᠯᠤᠯᠲᠠ︔ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠳᠤᠮᠳᠠᠳᠤ ᠤᠯᠤᠰ ᠤᠨ ᠡᠮᠡᠭᠲᠡᠶᠢᠴᠦᠳ ᠤᠨ ᠦᠢᠯᠡᠰ ᠤᠨ ᠰᠢᠨ᠎ᠡ ᠠᠶᠠᠯᠠᠯ ᠢ | ᠵᠢᠯᠤᠭᠤᠳᠤᠨ᠎ᠠ︔ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠲᠥᠯᠥᠭᠡ ᠡᠮᠡᠭᠲᠡᠶᠢᠴᠦᠳ ᠤᠨ ᠡᠭᠦᠷᠭᠡ ᠬᠠᠷᠢᠭᠤᠴᠠᠯᠭ᠎ᠠ ᠶᠢ ᠵᠣᠷᠢᠭᠲᠠᠢ ᠡᠭᠦᠷᠭᠡᠯᠡᠨ᠎ᠠ︔ ᠰᠢᠨ᠎ᠡ | ᠰᠢᠯᠭᠠᠯᠲᠠ ᠳᠤ ᠣᠷᠤᠯᠴᠠᠬᠤ ᠵᠠᠮ ᠳᠡᠭᠡᠷ᠎ᠡ ᠡᠮᠡᠭᠲᠡᠶᠢᠴᠦᠳ ᠤᠨ ᠬᠤᠯᠪᠤᠭ᠎ᠠ ᠶᠢᠨ ᠠᠵᠢᠯ ᠤᠨ ᠴᠢᠨᠠᠷ ᠰᠠᠶᠢᠲᠠᠢ | ᠬᠥᠭᠵᠢᠯᠲᠡ ᠶᠢ ᠠᠭᠢᠭᠤᠯᠤᠨ᠎ᠠ︔ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠱᠠᠭᠠᠷᠳᠠᠯᠭ᠎ᠠ ᠳᠤ | ᠵᠣᠬᠢᠴᠠᠭᠰᠠᠨ ᠡᠮᠡᠭᠲᠡᠶᠢᠴᠦᠳ ᠤᠨ ᠬᠤᠯᠪᠤᠭ᠎ᠠ ᠶᠢᠨ ᠵᠣᠬᠢᠶᠠᠨ ᠪᠠᠶᠢᠭᠤᠯᠤᠯᠲᠠ ᠶᠢ ᠳᠠᠪᠲᠠᠨ ᠪᠣᠯᠪᠠᠰᠤᠷᠠᠭᠤᠯᠤᠨ᠎ᠠ᠃ | | | | 10 ᠰᠠᠷ᠎ᠠ ᠶᠢᠨ 23 ᠤ ᠡᠳᠦᠷ᠂ ᠳᠤᠮᠳᠠᠳᠤ ᠤᠯᠤᠰ ᠤᠨ ᠡᠮᠡᠭᠲᠡᠶᠢᠴᠦᠳ ᠤᠨ ᠠᠷᠪᠠᠨ ᠭᠤᠷᠪᠠᠳᠤᠭᠠᠷ | ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠠᠷᠠᠳ ᠤᠨ ᠶᠡᠭᠡ ᠬᠤᠷᠠᠯ ᠤᠨ ᠲᠠᠩᠬᠢᠮ ᠳᠤ | ᠡᠬᠢᠯᠡᠪᠡ᠃ ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ | ᠰᠢᠶᠠᠩ᠂ ᠯᠢ ᠰᠢ ᠨᠠᠷ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠵᠤ᠂ ᠶᠡᠭᠡ ᠬᠤᠷᠠᠯ ᠤᠨ ᠬᠤᠷᠠᠯᠳᠤᠭᠰᠠᠨ ᠳᠤ | ᠪᠠᠶᠠᠷ ᠬᠦᠷᠭᠡᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠣᠣ ᠳ᠋ᠠ ᠸᠧᠢ ᠰᠡᠭᠦᠳᠡᠷᠯᠡᠪᠡ | ᠶᠡᠭᠡ ᠬᠤᠷᠠᠯ ᠠᠴᠠ ᠪᠢᠴᠢᠭ ᠤᠨ ᠮᠡᠳᠡᠭᠦᠯᠦᠯᠲᠡ ᠶᠢᠨ ᠭᠡᠯᠪᠡᠷᠢ ᠪᠠᠷ ᠲᠥᠯᠥᠭᠡᠯᠡᠭᠴᠢᠳ ᠲᠤ ︽ᠳᠤᠮᠳᠠᠳᠤ ᠶᠢᠨ | ᠪᠦᠭᠦ ᠤᠯᠤᠰ ᠤᠨ ᠡᠮᠡᠭᠲᠡᠶᠢᠴᠦᠳ ᠤᠨ ᠬᠤᠯᠪᠤᠭ᠎ᠠ ᠶᠢᠨ ᠳᠦᠷᠢᠮ ︵ᠵᠠᠰᠠᠪᠤᠷᠢ ᠣᠷᠣᠭᠤᠯᠬᠤ ᠲᠥᠰᠥᠯ︶︾ ᠤᠨ | ᠡᠬᠡ ᠨᠣᠣᠷᠠᠭ ᠢ ᠳᠡᠪᠰᠢᠭᠦᠯᠪᠡ᠂ ᠲᠥᠯᠥᠭᠡᠯᠡᠭᠴᠢᠳ ᠬᠢᠨᠠᠨ ᠶᠠᠷᠢᠯᠴᠠᠬᠤ ᠪᠣᠯᠪᠠᠤ᠃ | ᠨᠠᠮ ᠤᠨ ᠲᠥᠪ ᠬᠤᠷᠢᠶ᠎ᠠ ᠶᠢᠨ ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠪᠦᠭᠦ | ᠤᠯᠤᠰ ᠤᠨ ᠤᠯᠤᠰ ᠲᠦᠷᠦ ᠶᠢᠨ ᠵᠥᠪᠯᠡᠯᠭᠡᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ | ᠪᠦᠬᠦᠢ ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃ | ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠠᠷᠠᠳ ᠤᠨ | ᠪᠦᠯᠭᠦᠮ᠂ ᠴᠡᠷᠢᠭ ᠠᠩᠭᠢ ᠶᠢᠨ ᠬᠤᠯᠪᠣᠭᠳᠠᠯ ᠪᠦᠬᠦᠢ ᠨᠢᠭᠡᠴᠢ ᠪᠣᠯᠣᠨ ᠪᠡᠭᠡᠵᠢᠩ ᠬᠤᠳᠠ ᠶᠢᠨ ᠬᠠᠷᠢᠭᠤᠴᠠᠯᠭᠠᠲᠠᠨ᠂ | ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ | ᠬᠤᠯᠪᠤᠭ᠎ᠠ ᠶᠢᠨ ᠬᠠᠷᠢᠭᠤᠴᠠᠯᠭᠠᠲᠠᠨ ᠪᠣᠯᠣᠨ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢ᠂ ᠪᠡᠭᠡᠵᠢᠩ ᠳᠤ | ᠪᠠᠶᠢᠭ᠎ᠠ ᠬᠡᠰᠡᠭ ᠶᠠᠮᠤᠨ ᠤ ᠲᠡᠰ ᠤᠨ ᠡᠮᠡᠭᠲᠡᠢ ᠤᠳᠤᠷᠢᠳᠬᠤ ᠺᠠᠳ᠋ᠷ ᠪᠣᠯᠣᠨ ᠪᠦᠭᠦ ᠤᠯᠤᠰ ᠤᠨ ᠡᠮᠡᠭᠲᠡᠶᠢᠴᠦᠳ ᠤᠨ | ᠬᠤᠯᠪᠤᠭ᠎ᠠ ᠶᠢᠨ ᠠᠬᠠᠮᠠᠳ ᠤᠳᠤᠷᠢᠳᠤᠯᠭ᠎ᠠ᠂ ᠨᠡᠶᠢᠰᠯᠡᠯ ᠤᠨ ᠡᠯ᠎ᠡ ᠡᠲᠡᠭᠡᠳ ᠤᠨ ᠡᠮᠡᠭᠲᠡᠶᠢᠴᠦᠳ ᠤᠨ | ᠲᠥᠯᠥᠭᠡᠯᠡᠭᠴᠢᠳ ᠡᠭᠢᠯᠡᠯᠲᠡ ᠶᠢᠨ ᠬᠤᠷᠠᠯ ᠳᠤ ᠣᠷᠣᠯᠴᠠᠵᠠᠢ᠃ |