10 ᠳ᠋ᠤᠭᠠᠷ ᠰᠠᠷ᠎ᠠ ᠶᠢᠨ 23 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠤᠷᠴᠢᠨ ᠤ ᠡᠯᠡᠰᠦ ᠶᠢ ᠰᠥᠨᠥᠭᠡᠬᠦ ᠳᠠᠶᠢᠯᠠᠯᠳᠤᠭᠠᠨ ᠤ ᠲᠤᠬᠠᠢ ᠶᠢᠨ ᠲᠠᠯᠠᠪᠠᠶ ᠶᠢᠨ ᠠᠬᠢᠭᠤᠯᠬᠤ ᠬᠤᠷᠠᠯ ᠢ | ᠲᠦᠩᠯᠢᠶᠣᠣ ᠬᠤᠲᠠᠨ᠎ᠠ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠶᠢᠴᠢᠨ | ᠬᠤᠷᠠᠯ ᠳᠤ ᠣᠷᠣᠯᠴᠠᠨ ᠶᠠᠷᠢᠶ᠎ᠠ ᠲᠠᠯᠪᠢᠵᠠᠢ᠃ | ᠲᠤᠰ ᠤᠳᠠᠭᠠᠨ ᠤ ᠬᠤᠷᠠᠯ ᠳᠡᠭᠡᠷ᠎ᠡ ᠬᠤᠷᠴᠢᠨ ᠤ ᠡᠯᠡᠰᠦ ᠶᠢ ᠰᠥᠨᠥᠭᠡᠬᠦ ᠳᠠᠶᠢᠯᠠᠯᠳᠤᠭᠠᠨ ᠢ ᠰᠠᠶᠢᠲᠤᠷ ᠬᠢᠬᠦ | ᠠᠵᠢᠯ ᠳᠤ ᠪᠣᠳᠠᠲᠠᠢ ᠪᠠᠶᠢᠷᠢᠯᠠᠭᠤᠯᠤᠯᠲᠠ ᠬᠢᠵᠦ᠂ ᠨᠡᠶᠢᠰᠯᠡᠯ ᠤᠨ ᠡᠯᠡᠰᠦᠨ ᠤ ᠡᠬᠢ ᠶᠢ ᠰᠥᠨᠥᠭᠡᠬᠦ ᠳᠠᠶᠢᠯᠠᠯᠳᠤᠭᠠᠨ᠂ | ᠡᠯᠡᠰᠦᠨ ᠤ ᠡᠬᠢ ᠶᠢ ᠬᠡᠰᠡᠭᠯᠡᠨ ᠪᠦᠰᠡᠯᠡᠬᠦ ᠳᠠᠶᠢᠯᠠᠯᠳᠤᠭᠠᠨ᠂ ᠨᠣᠭᠤᠭᠠᠷᠠᠭᠤᠯᠤᠯᠲᠠ ᠶᠢ ᠨᠡᠮᠡᠭᠳᠡᠭᠦᠯᠦᠨ ᠴᠢᠨᠠᠷ ᠢ ᠨᠢ | ᠰᠠᠶᠢᠵᠢᠷᠠᠭᠤᠯᠵᠤ ᠬᠠᠮᠠᠭᠠᠯᠠᠬᠤ ᠳᠠᠶᠢᠯᠠᠯᠳᠤᠭᠠᠨ ᠵᠡᠷᠭᠡ 3 ᠳᠠᠶᠢᠯᠠᠯᠳᠤᠭᠠᠨ ᠢ ᠰᠢᠨᠵᠢᠯᠡᠬᠦ ᠤᠬᠠᠭᠠᠨᠴᠢ ᠪᠠᠷ | ᠪᠠᠶᠢᠷᠢᠰᠢᠯᠠᠭᠤᠯᠵᠤ᠂ ᠡᠯᠡᠰᠦᠷᠬᠡᠭᠵᠢᠭᠰᠡᠨ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ᠂ ᠡᠯᠡᠰᠦᠷᠬᠡᠭ ᠪᠤᠰᠤ ᠭᠠᠵᠠᠷ | ᠰᠢᠷᠣᠢ ᠶᠢᠨ ᠨᠣᠭᠤᠭᠠᠷᠠᠭᠤᠯᠤᠯᠲᠠ ᠶᠢ ᠥᠳᠬᠡᠷᠡᠭᠦᠯᠵᠦ ᠥᠷᠭᠡᠳᠬᠡᠬᠦ᠂ ᠵᠠᠰᠠᠭᠰᠠᠨ ᠦᠷ᠎ᠡ ᠪᠦᠲᠦᠮᠵᠢ ᠶᠢ | ᠪᠠᠬᠢᠵᠢᠭᠦᠯᠦᠨ ᠳᠡᠭᠡᠭᠰᠢᠯᠡᠭᠦᠯᠬᠦ ᠵᠡᠷᠭᠡ 10 ᠵᠦᠢᠯ ᠤᠨ ᠭᠤᠣᠯ ᠡᠭᠦᠷᠭᠡ ᠶᠢ ᠪᠠᠶᠢᠷᠢᠯᠠᠭᠤᠯᠤᠨ ᠬᠡᠷᠡᠭᠵᠢᠭᠦᠯᠵᠦ᠂ | 2030 ᠣᠨ ᠪᠣᠯᠬᠤ ᠳᠤ ᠡᠯᠡᠰᠦᠷᠬᠡᠭᠵᠢᠭᠰᠡᠨ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ ᠶᠢ ᠪᠡᠶᠡᠯᠡᠭᠦᠯᠦᠭᠰᠡᠨ | ᠭᠠᠵᠠᠷ 1100 ᠭᠠᠷᠤᠢ ᠲᠦᠮᠡᠨ ᠮᠦ ᠨᠡᠮᠡᠭᠳᠡᠭᠦᠯᠦᠨ᠂ ᠵᠠᠰᠠᠵᠤ ᠪᠣᠯᠬᠤ ᠡᠯᠡᠰᠦᠷᠬᠡᠭᠵᠢᠭᠰᠡᠨ ᠭᠠᠵᠠᠷ ᠰᠢᠷᠣᠢ ᠶᠢᠨ | ᠵᠠᠰᠠᠯᠲᠠ ᠶᠢᠨ ᠨᠤᠷᠮ᠎ᠠ ᠶᠢ 85% ᠠᠴᠠ ᠳᠡᠭᠡᠭᠰᠢ ᠪᠣᠯᠭᠠᠨ᠎ᠠ᠃ |