ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 23 ᠤ ᠴᠠᠭᠢᠯᠭᠠᠨ ᠮᠡᠳᠡᠭᠡ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 23 ᠤ ᠦᠳᠡ ᠶᠢᠨ ᠬᠤᠶᠢᠨ᠎ᠠ ᠵᠦᠩ ᠨᠠᠨ ᠬᠠᠢ ᠳᠤ ᠳᠤᠮᠳᠠᠳᠤ ᠶᠢᠨ | ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠤᠨ | ᠪᠦᠷᠢᠯᠳᠦᠭᠦᠨ ᠲᠠᠢ ᠬᠠᠮᠲᠤ ᠶᠢᠨ ᠶᠠᠷᠢᠯᠴᠠᠭ᠎ᠠ ᠬᠢᠬᠦ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ᠃ ᠰᠢ ᠶᠢᠨ ᠫᠢᠩ᠂ | ᠮᠠᠨ ᠤ ᠤᠯᠤᠰ ᠤᠨ ᠠᠵᠢᠯᠴᠢᠨ ᠤ ᠬᠥᠳᠡᠯᠭᠡᠭᠡᠨ ᠤ ᠦᠢᠯᠡᠰ ᠪᠣᠯ ᠨᠠᠮ ᠤᠨ ᠤᠳᠤᠷᠢᠳᠤᠯᠭ᠎ᠠ ᠳᠣᠣᠷ᠎ᠠ ᠬᠥᠭᠵᠢᠵᠦ | ᠢᠷᠡᠭᠰᠡᠨ ᠶᠤᠮ᠂ ᠠᠵᠢᠯᠴᠢᠨ ᠤ ᠡᠪᠯᠡᠯ ᠪᠣᠯ ᠨᠠᠮ ᠤᠨ ᠤᠳᠤᠷᠢᠳᠤᠭᠰᠠᠨ ᠠᠵᠢᠯᠴᠢᠨ ᠠᠩᠭᠢ ᠶᠢᠨ ᠤᠯᠠᠨ ᠲᠦᠮᠡᠨᠴᠢ | ᠵᠣᠬᠢᠶᠠᠨ ᠪᠠᠶᠢᠭᠤᠯᠤᠯᠲᠠ ᠮᠥᠨ᠃ ᠨᠠᠮ ᠤᠨ ᠠᠵᠢᠯᠴᠢᠨ ᠤ ᠡᠪᠯᠡᠯ ᠳᠠᠬᠢ ᠪᠦᠭᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠵᠤ᠂ ᠶᠠᠮᠠᠷᠪᠠ ᠴᠠᠭ ᠦᠶ᠎ᠡ᠂ ᠶᠠᠮᠠᠷᠪᠠ ᠪᠠᠶᠢᠳᠠᠯ ᠳᠣᠣᠷ᠎ᠠ ᠴᠤ ᠭᠤᠶᠢᠪᠢᠯᠵᠠᠵᠤ ᠪᠤᠯᠬᠤ ᠦᠭᠡᠢ᠂ ᠵᠠᠶᠢᠳᠠᠵᠤ | ᠪᠤᠯᠬᠤ ᠦᠭᠡᠢ᠃ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠵᠢᠯᠴᠢᠨ ᠠᠩᠭᠢ ᠳᠤ ᠲᠦᠰᠢᠭᠯᠡᠬᠦ ᠦᠨᠳᠦᠰᠦᠨ | ᠴᠢᠭᠯᠡᠯᠲᠡ ᠶᠢ ᠪᠠᠷᠢᠮᠲᠠᠯᠠᠵᠤ᠂ ᠥᠷᠭᠡᠨ ᠣᠯᠠᠨ ᠠᠵᠢᠯᠲᠠᠨ ᠠᠵᠢᠯᠴᠢᠨ ᠲᠦᠮᠡᠨ ᠤ ᠢᠳᠡᠪᠬᠢᠵᠢᠯ᠂ ᠰᠠᠨᠠᠭᠠᠴᠢᠯᠠᠭᠠᠲᠤ | ᠴᠢᠨᠠᠷ᠂ ᠪᠦᠲᠦᠭᠡᠯᠴᠢ ᠴᠢᠨᠠᠷ ᠢ ᠭᠦᠢᠴᠡᠳ ᠳᠠᠶᠢᠴᠢᠯᠠᠵᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ | ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ | ᠢᠳᠡᠪᠬᠢᠲᠡᠢ ᠣᠷᠤᠯᠴᠠᠬᠤ ᠬᠡᠷᠡᠭᠲᠡᠢ ᠭᠡᠵᠦ ᠴᠢᠬᠤᠯᠠᠴᠢᠯᠠᠪᠠ᠃ | | | 10 ᠰᠠᠷ᠎ᠠ ᠶᠢᠨ 23 ᠤ ᠡᠳᠦᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠵᠦᠩ ᠨᠠᠨ ᠬᠠᠢ ᠳᠤ | ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠰᠢᠨ᠎ᠡ ᠨᠢᠭᠡ ᠬᠤᠭᠤᠴᠠᠭᠠᠨ ᠤ | ᠤᠳᠤᠷᠢᠳᠬᠤ ᠪᠠᠭ ᠤᠨ ᠪᠦᠷᠢᠯᠳᠦᠭᠦᠨ ᠲᠠᠢ ᠬᠠᠮᠲᠤ ᠶᠢᠨ ᠶᠠᠷᠢᠯᠴᠠᠭ᠎ᠠ ᠬᠢᠬᠦ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ᠃ | | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ | ᠱᠦᠵᠢ ᠨᠠᠷ ᠤᠨ ᠭᠠᠵᠠᠷ ᠤᠨ ᠱᠦᠵᠢ ᠼᠠᠢ ᠴᠢ ᠬᠠᠮᠲᠤ ᠶᠢᠨ ᠶᠠᠷᠢᠯᠴᠠᠭ᠎ᠠ ᠳᠤ ᠣᠷᠣᠯᠴᠠᠪᠠ᠃ | ᠰᠢ ᠶᠢᠨ ᠫᠢᠩ ᠶᠠᠭᠤᠨ ᠤ ᠡᠮᠦᠨ᠎ᠡ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ | ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠮᠠᠨ ᠤ ᠤᠯᠤᠰ ᠤᠨ ᠠᠵᠢᠯᠴᠢᠨ ᠠᠩᠭᠢ ᠨᠠᠮ | ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠳᠤᠮᠳᠠ ᠭᠤᠣᠯᠯᠠᠭᠴᠢ ᠬᠦᠴᠦᠨ ᠤ ᠦᠢᠯᠡᠳᠦᠯ ᠢᠶᠠᠨ | ᠪᠠᠳᠠᠷᠠᠭᠤᠯᠵᠤ᠂ ᠠᠵᠢᠯᠴᠢᠨ ᠤ ᠬᠥᠳᠡᠯᠭᠡᠭᠡᠨ ᠤ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠠᠵᠢᠯᠴᠢᠨ ᠤ | ᠡᠪᠯᠡᠯ ᠤᠨ ᠠᠵᠢᠯ ᠪᠦᠭᠦ ᠲᠠᠯ᠎ᠠ ᠪᠠᠷ ᠳᠠᠪᠰᠢᠵᠠᠢ᠃ ᠥᠩᠭᠡᠷᠡᠭᠰᠡᠨ 5 ᠵᠢᠯ ᠳᠤ᠂ ᠥᠷᠭᠡᠨ ᠣᠯᠠᠨ ᠠᠵᠢᠯᠲᠠᠨ | ᠠᠵᠢᠯᠴᠢᠨ ᠨᠠᠮ ᠲᠠᠢ ᠰᠡᠳᠬᠢᠯ ᠵᠢᠷᠦᠬᠡ ᠪᠠᠨ ᠬᠤᠯᠪᠣᠨ᠂ ᠨᠠᠮ ᠢᠶᠠᠨ ᠳᠠᠭᠠᠵᠤ ᠲᠡᠮᠡᠴᠡᠵᠦ᠂ ᠠᠵᠤ ᠠᠬᠤᠢ ᠶᠢᠨ | ᠪᠦᠲᠦᠭᠡᠨ ᠪᠠᠶᠢᠭᠤᠯᠤᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯ ᠭᠠᠮᠰᠢᠭ ᠠᠴᠠ ᠠᠪᠤᠷᠠᠬᠤ ᠵᠡᠷᠭᠡ ᠴᠢᠬᠤᠯᠠ ᠶᠡᠭᠡ ᠠᠵᠢᠯ ᠤᠨ ᠳᠤᠮᠳᠠ᠂ | ᠵᠣᠷᠢᠭᠲᠠᠢ ᠪᠠᠷ ᠬᠠᠲᠠᠭᠤ ᠳᠠᠶᠢᠯᠠᠯᠳᠤᠭᠠᠨ ᠬᠢᠬᠦ᠂ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠬᠦ ᠴᠠᠭ ᠦᠶ᠎ᠡ ᠶᠢᠨ | ᠴᠤᠭ ᠵᠢᠪᠬᠤᠭ᠎ᠠ ᠶᠢ ᠢᠯᠡᠷᠡᠭᠦᠯᠪᠡ᠃ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠣᠯᠣᠨ ᠡᠯ᠎ᠡ ᠱᠠᠲᠤᠨ ᠤ | ᠠᠵᠢᠯᠴᠢᠨ ᠤ ᠡᠪᠯᠡᠯ ᠠᠵᠢᠯᠲᠠᠨ ᠠᠵᠢᠯᠴᠢᠨ ᠤ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠯᠭ᠎ᠠ ᠶᠢ | ᠴᠢᠩᠭᠠᠳᠬᠠᠵᠤ᠂ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ | ᠠᠬᠢᠭᠤᠯᠵᠤ᠂ ᠬᠥᠳᠡᠯᠮᠦᠷᠢᠴᠢᠳ ᠤᠨ ᠡᠷᠬᠡ ᠠᠰᠢᠭ ᠢ ᠪᠠᠲᠤᠯᠠᠵᠤ᠂ ᠭᠦᠳᠡᠯᠮᠦᠷᠢ ᠶᠢᠨ ᠬᠦᠷᠢᠶᠡᠨ ᠤ ᠤᠯᠤᠰ | ᠲᠦᠷᠦ ᠶᠢᠨ ᠠᠮᠤᠷ ᠲᠦᠪᠰᠢᠨ ᠢ ᠬᠠᠮᠠᠭᠠᠯᠠᠵᠤ᠂ ᠠᠵᠢᠯᠴᠢᠨ ᠤ ᠡᠪᠯᠡᠯ ᠤᠨ ᠰᠢᠰᠲ᠋ᠧᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠤᠯᠤᠰ ᠲᠥᠷᠥᠴᠢ ᠴᠢᠨᠠᠷ᠂ ᠲᠡᠷᠢᠭᠦᠨ ᠤ ᠴᠢᠨᠠᠷ᠂ ᠤᠯᠠᠨ ᠲᠦᠮᠡᠨᠴᠢ ᠴᠢᠨᠠᠷ ᠢ ᠲᠠᠰᠤᠷᠠᠯᠳᠠ | ᠦᠭᠡᠢ ᠴᠢᠩᠭᠠᠳᠬᠠᠪᠠ᠃ ᠠᠵᠢᠯᠴᠢᠨ ᠠᠩᠭᠢ ᠶᠢᠨ ᠭᠠᠷᠭᠠᠭᠰᠠᠨ ᠴᠢᠬᠤᠯᠠ ᠶᠡᠭᠡ ᠬᠤᠪᠢ ᠨᠡᠮᠡᠷᠢ᠂ ᠠᠵᠢᠯᠴᠢᠨ ᠤ | ᠡᠪᠯᠡᠯ ᠤᠨ ᠠᠵᠢᠯ ᠤᠨ ᠣᠯᠣᠭᠰᠠᠨ ᠰᠢᠨ᠎ᠡ ᠠᠮᠵᠢᠯᠲᠠ ᠪᠦᠲᠦᠮᠵᠢ ᠶᠢ ᠨᠠᠮ ᠤᠨ ᠲᠥᠪ ᠬᠤᠷᠢᠶ᠎ᠠ ᠭᠦᠢᠴᠡᠳ | ᠨᠤᠲᠠᠯᠠᠵᠤ ᠪᠠᠶᠢᠨ᠎ᠠ᠃ ᠨᠠᠮ ᠤᠨ ᠲᠥᠪ ᠬᠤᠷᠢᠶ᠎ᠠ ᠠᠴᠠ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ | ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠲᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠲᠠᠯᠪᠢᠵᠤ ᠪᠠᠶᠢᠨ᠎ᠠ | ᠭᠡᠵᠦ ᠢᠯᠡᠳᠬᠡᠪᠡ᠃ | ᠰᠢ ᠶᠢᠨ ᠫᠢᠩ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠳᠤ ᠡᠷᠬᠡᠪᠰᠢ ᠠᠵᠢᠯᠴᠢᠨ ᠤ ᠡᠪᠯᠡᠯ ᠤᠨ | ᠠᠵᠢᠯ ᠤᠨ ᠪᠦᠭᠦ ᠶᠠᠪᠤᠴᠠ ᠪᠣᠯᠣᠨ ᠡᠯ᠎ᠡ ᠲᠠᠯ᠎ᠠ ᠳᠤ ᠪᠦᠭᠦ ᠲᠠᠯ᠎ᠠ ᠪᠠᠷ ᠪᠦᠲᠦᠮᠵᠢᠲᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠬᠡᠷᠡᠭᠲᠡᠢ᠃ ᠨᠠᠮ ᠤᠨ ᠲᠥᠪ ᠬᠤᠷᠢᠶ᠎ᠠ ᠶᠢᠨ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ | ᠢᠮᠠᠭᠲᠠ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ | ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠤᠨᠤᠯ ᠤᠨ ᠵᠡᠪᠰᠡᠭᠯᠡᠯ ᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ᠨᠠᠮ ᠤᠨ ᠰᠢᠨ᠎ᠡ ᠶᠢ ᠡᠭᠦᠳᠦᠭᠰᠡᠨ | ᠤᠨᠤᠯ ᠢ ᠰᠤᠷᠤᠯᠴᠠᠨ ᠦᠢᠯᠡᠳᠦᠯᠭᠡᠵᠢᠭᠦᠯᠬᠦ ᠦᠵᠡᠯ ᠰᠠᠨᠠᠭᠠᠨ ᠤ ᠤᠬᠠᠮᠰᠠᠷ ᠪᠣᠯᠣᠨ ᠦᠢᠯᠡ ᠠᠵᠢᠯᠯᠠᠭ᠎ᠠ ᠶᠢᠨ | ᠤᠬᠠᠮᠰᠠᠷ ᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃ ︽ᠤᠯᠤᠰ ᠤᠨ ᠶᠡᠭᠡ ᠶᠠᠪᠤᠳᠠᠯ︾ ᠢ ᠪᠠᠲᠤ | ᠴᠡᠭᠡᠵᠢᠯᠡᠵᠦ᠂ ᠠᠵᠢᠯᠴᠢᠨ ᠤ ᠡᠪᠯᠡᠯ ᠤᠨ ᠠᠵᠢᠯ ᠪᠣᠯᠣᠨ ᠨᠠᠮ ᠤᠨ ᠭᠤᠣᠯ ᠡᠭᠦᠷᠭᠡ ᠶᠢᠨ ᠤᠶᠠᠯᠳᠤᠯ ᠤᠨ ᠴᠡᠭ᠂ | ᠭᠠᠷᠳᠠᠬᠤ ᠴᠡᠭ᠂ ᠬᠦᠴᠦᠯᠡᠬᠦ ᠴᠡᠭ ᠢ ᠣᠨᠣᠪᠴᠢᠲᠠᠢ ᠣᠯᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠠᠵᠢᠯᠴᠢᠨ ᠤ ᠡᠪᠯᠡᠯ ᠤᠨ ᠰᠢᠰᠲ᠋ᠧᠮ ᠳᠤ ᠪᠣᠳᠠᠲᠠᠢ ᠳᠤ ᠨᠠᠶᠢᠳᠠᠪᠤᠷᠢᠵᠢᠭᠤᠯᠬᠤ ᠶᠢ | ᠠᠬᠢᠭᠤᠯᠬᠤ ᠬᠡᠷᠡᠭᠲᠡᠢ᠃ ᠦᠵᠡᠯ ᠰᠠᠨᠠᠭ᠎ᠠ ᠤᠯᠤᠰ ᠲᠥᠷᠥ ᠶᠢᠨ ᠲᠠᠯ᠎ᠠ ᠪᠠᠷ ᠬᠥᠲᠥᠯᠥᠨ ᠳᠠᠭᠠᠭᠤᠯᠬᠤ ᠶᠢ | ᠴᠢᠩᠭᠠᠳᠬᠠᠵᠤ᠂ ᠠᠵᠢᠯᠲᠠᠨ ᠠᠵᠢᠯᠴᠢᠨ ᠤ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠢ ᠰᠠᠶᠢᠲᠤᠷ ᠬᠢᠵᠦ᠂ | ᠥᠷᠭᠡᠨ ᠣᠯᠠᠨ ᠠᠵᠢᠯᠲᠠᠨ ᠠᠵᠢᠯᠴᠢᠨ ᠢ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ ᠨᠠᠮ ᠢᠶᠠᠨ | ᠳᠠᠭᠠᠬᠤ ᠪᠠᠷ ᠬᠥᠮᠥᠵᠢᠭᠦᠯᠦᠨ ᠵᠢᠯᠤᠭᠤᠳᠴᠤ᠂ ᠠᠵᠢᠯᠴᠢᠨ ᠠᠩᠭᠢ ᠶᠢᠨ ᠢᠮᠠᠭᠲᠠ ᠮᠠᠨ ᠤ ᠨᠠᠮ ᠤᠨ ᠬᠠᠮᠤᠭ ᠤᠨ | ᠪᠠᠲᠤ ᠪᠠᠬᠢ ᠬᠠᠮᠤᠭ ᠤᠨ ᠨᠠᠶᠢᠳᠠᠪᠤᠷᠢᠲᠠᠢ ᠠᠩᠭᠢ ᠶᠢᠨ ᠰᠠᠭᠤᠷᠢ ᠪᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠥᠷᠭᠡᠨ ᠤᠯᠠᠨ ᠠᠵᠢᠯᠲᠠᠨ ᠠᠵᠢᠯᠴᠢᠨ ᠢ ᠨᠠᠮ ᠤᠨ ᠲᠣᠭᠤᠷᠢᠨ ᠳᠤ ᠨᠢᠭᠲᠠ | ᠪᠦᠯᠬᠦᠮᠳᠡᠭᠦᠯᠵᠦ᠂ ᠨᠠᠮ ᠤᠨ ᠭᠤᠣᠯ ᠡᠭᠦᠷᠭᠡ ᠶᠢ ᠪᠡᠶᠡᠯᠡᠭᠦᠯᠬᠦ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ᠃ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ | ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠢ ᠤᠶᠠᠯᠳᠤᠭᠤᠯᠵᠤ᠂ ᠡᠯ᠎ᠡ ᠵᠦᠢᠯ ᠤᠨ ᠭᠡᠯᠪᠡᠷᠢ ᠶᠢᠨ | ᠭᠦᠳᠡᠯᠮᠦᠷᠢ ᠪᠠ ᠤᠷ᠎ᠠ ᠴᠢᠳᠠᠪᠤᠷᠢ ᠶᠢᠨ ᠤᠷᠤᠯᠳᠤᠭᠠᠨ ᠢ ᠥᠷᠭᠡᠨ ᠢᠶᠠᠷ ᠭᠦᠨᠵᠡᠭᠡᠢ ᠥᠷᠨᠢᠭᠦᠯᠵᠦ᠂ ᠥᠷᠭᠡᠨ ᠣᠯᠠᠨ | ᠠᠵᠢᠯᠲᠠᠨ ᠠᠵᠢᠯᠴᠢᠨ ᠤ ᠭᠦᠳᠡᠯᠮᠦᠷᠢ ᠶᠢᠨ ᠬᠠᠯᠠᠭᠤᠨ ᠰᠡᠳᠬᠢᠯᠭᠡ᠂ ᠡᠭᠦᠳᠦᠨ ᠪᠦᠲᠦᠭᠡᠬᠦ ᠳᠠᠯᠳᠠ ᠴᠢᠳᠠᠪᠤᠷᠢ ᠶᠢ | ᠬᠥᠭᠵᠢᠭᠡᠵᠦ᠂ ᠡᠯ᠎ᠡ ᠠᠵᠢᠯ ᠲᠥᠷᠥᠯ ᠡᠯ᠎ᠡ ᠬᠦᠷᠢᠶᠡᠨ ᠳᠤ ᠭᠤᠣᠯ ᠬᠦᠴᠦᠨ ᠤ ᠦᠢᠯᠡᠳᠦᠯ ᠢᠶᠠᠨ ᠭᠦᠢᠴᠡᠳ | ᠪᠠᠳᠠᠷᠠᠭᠤᠯᠬᠤ ᠬᠡᠷᠡᠭᠲᠡᠢ᠃ ᠭᠦᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠭᠦᠳᠡᠯᠮᠦᠷᠢ ᠶᠢᠨ ᠵᠣᠷᠢᠭ ᠰᠠᠨᠠᠭ᠎ᠠ᠂ | ᠤᠷᠠᠨ ᠳᠠᠷᠬᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠭᠦᠳᠡᠯᠮᠦᠷᠢ ᠶᠢᠨ ᠵᠢᠱᠢᠶᠡᠴᠢ ᠤᠷᠠᠨ ᠳᠠᠷᠬᠠᠨ ᠤ | ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠥᠷᠭᠡᠨ ᠣᠯᠠᠨ | ᠠᠵᠢᠯᠲᠠᠨ ᠠᠵᠢᠯᠴᠢᠨ ᠤ ᠰᠢᠷᠭᠠᠭᠤ ᠭᠦᠳᠡᠯᠮᠦᠷᠢ᠂ ᠦᠨᠡᠨᠴᠢ ᠭᠦᠳᠡᠯᠮᠦᠷᠢ᠂ ᠪᠦᠲᠦᠭᠡᠯᠴᠢ ᠭᠦᠳᠡᠯᠮᠦᠷᠢ ᠶᠢᠨ ᠳᠤᠮᠳᠠ | ᠬᠦᠰᠡᠯ ᠵᠡᠭᠦᠳᠦ ᠪᠠᠨ ᠲᠡᠷᠭᠡᠯᠰᠢᠭᠦᠯᠬᠦ ᠶᠢ ᠵᠣᠷᠢᠭᠵᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠰᠤᠷᠭᠠᠨ | ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠴᠢᠳᠠᠪᠤᠷᠢᠲᠠᠨ ᠢᠶᠠᠷ ᠤᠯᠤᠰ ᠢᠶᠠᠨ | ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠰᠢᠨ᠎ᠡ ᠶᠢ ᠡᠭᠦᠳᠬᠦ ᠬᠥᠭᠵᠢᠯᠲᠡ ᠪᠠᠷ ᠬᠥᠳᠡᠯᠭᠡᠭᠦᠷ ᠪᠤᠯᠭᠠᠬᠰᠠᠨ | ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠬᠦ ᠲᠠᠢ ᠤᠶᠠᠯᠳᠤᠭᠤᠯᠵᠤ᠂ ᠠᠵᠤ ᠦᠢᠯᠡᠰ ᠤᠨ ᠠᠵᠢᠯᠴᠢᠨ ᠤ | ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠮᠡᠳᠡᠯᠭᠡ ᠶᠢᠨ ᠭᠡᠯᠪᠡᠷᠢ ᠶᠢᠨ᠂ ᠤᠷ᠎ᠠ | ᠴᠢᠳᠠᠪᠤᠷᠢ ᠶᠢᠨ ᠭᠡᠯᠪᠡᠷᠢ ᠶᠢᠨ᠂ ᠰᠢᠨ᠎ᠡ ᠶᠢ ᠡᠭᠦᠳᠬᠦ ᠭᠡᠯᠪᠡᠷᠢ ᠶᠢᠨ ᠠᠵᠤ ᠦᠢᠯᠡᠰ ᠤᠨ ᠠᠵᠢᠯᠴᠢᠨ ᠤ ᠲᠣᠮᠣ | ᠡᠩᠨᠡᠭᠡ ᠶᠢ ᠲᠦᠷᠭᠡᠨ ᠪᠠᠶᠢᠭᠤᠯᠵᠤ᠂ ᠲᠣᠮᠣ ᠤᠯᠤᠰ ᠤᠨ ᠨᠡᠩ ᠤᠯᠠᠨ ᠤᠷᠠᠨ ᠳᠠᠷᠬᠠᠨ ᠪᠠ ᠳᠡᠭᠡᠳᠦ ᠤᠷ᠎ᠠ | ᠴᠢᠳᠠᠪᠤᠷᠢ ᠲᠠᠢ ᠴᠢᠳᠠᠪᠤᠷᠢᠲᠠᠨ ᠢ ᠬᠥᠮᠥᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠠᠵᠢᠯᠴᠢᠨ ᠠᠩᠭᠢ ᠪᠣᠯᠣᠨ ᠥᠷᠭᠡᠨ ᠣᠯᠠᠨ ᠬᠥᠳᠡᠯᠮᠦᠷᠢᠴᠢᠨ ᠤᠯᠠᠨ ᠲᠦᠮᠡᠨ ᠪᠣᠯ | ᠨᠡᠶᠢᠭᠡᠮ ᠤᠨ ᠡᠳ᠋ ᠪᠠᠶᠠᠯᠢᠭ ᠤᠨ ᠭᠤᠣᠯ ᠡᠭᠦᠳᠦᠨ ᠪᠦᠲᠦᠭᠡᠭᠴᠢ ᠮᠥᠨ᠂ ᠪᠦᠭᠦ ᠠᠷᠠᠳ ᠲᠦᠮᠡᠨ ᠤ ᠬᠠᠮᠲᠤ ᠪᠠᠷ | ᠴᠢᠨᠡᠭᠡᠯᠢᠭᠵᠢᠬᠦ ᠶᠢ ᠠᠬᠢᠭᠤᠯᠵᠤ ᠨᠠᠩ ᠢᠯᠡᠷᠬᠡᠢ ᠮᠥᠨ ᠴᠢᠨᠠᠷ ᠤᠨ ᠠᠬᠢᠴᠠ ᠲᠠᠢ ᠪᠤᠯᠭᠠᠬᠤ ᠳᠤ ᠡᠩ ᠲᠡᠷᠢᠭᠦᠨ ᠳᠤ | ᠲᠦᠭ ᠲᠦᠮᠡᠨ ᠬᠥᠳᠡᠯᠮᠦᠷᠢᠴᠢᠨ ᠤ ᠪᠡᠶ᠎ᠡ ᠳᠡᠭᠡᠷ᠎ᠡ ᠢᠯᠡᠷᠡᠭᠦᠯᠬᠦ ᠬᠡᠷᠡᠭᠲᠡᠢ᠃ ᠠᠵᠢᠯᠴᠢᠨ ᠤ ᠡᠪᠯᠡᠯ ᠨᠢ ᠠᠵᠢᠯᠲᠠᠨ | ᠠᠵᠢᠯᠴᠢᠨ ᠤ ᠠᠰᠢᠭ ᠲᠤᠰᠠ ᠶᠢᠨ ᠲᠥᠯᠥᠭᠡᠯᠡᠭᠴᠢ ᠪᠠ ᠬᠠᠮᠠᠭᠠᠯᠠᠭᠴᠢ ᠪᠣᠯᠤᠭᠰᠠᠨ ᠤ ᠬᠤᠪᠢ ᠳᠤ᠂ ᠡᠷᠬᠡ | ᠠᠰᠢᠭ ᠢᠶᠠᠨ ᠬᠠᠮᠠᠭᠠᠯᠠᠬᠤ ᠦᠢᠯᠡᠴᠢᠯᠡᠭᠡᠨ ᠤ ᠦᠨᠳᠦᠰᠦᠨ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ | ᠠᠵᠢᠯᠲᠠᠨ ᠠᠵᠢᠯᠴᠢᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠪᠣᠳᠠᠲᠠᠢ ᠠᠰᠠᠭᠤᠳᠠᠯ ᠢ | ᠬᠦᠴᠦᠯᠡᠨ ᠰᠢᠢᠳᠪᠦᠷᠢᠯᠡᠵᠦ᠂ ᠰᠢᠨ᠎ᠡ ᠠᠵᠢᠯ ᠣᠯᠭᠤᠯᠲᠠ ᠶᠢᠨ ᠭᠡᠯᠪᠡᠷᠢ ᠶᠢᠨ ᠬᠥᠳᠡᠯᠮᠦᠷᠢᠴᠢᠨ ᠤ ᠬᠠᠤᠯᠢ ᠶᠣᠰᠣᠨ ᠤ | ᠡᠷᠬᠡ ᠠᠰᠢᠭ ᠢ ᠬᠠᠮᠠᠭᠠᠯᠠᠬᠤ ᠶᠢ ᠴᠢᠬᠤᠯᠠᠴᠢᠯᠠᠬᠤ ᠬᠡᠷᠡᠭᠲᠡᠢ᠃ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ | ᠠᠷᠠᠳᠴᠢᠯᠠᠭᠰᠠᠨ ᠬᠠᠮᠢᠶᠠᠷᠤᠯᠲᠠ ᠶᠢ ᠴᠢᠩᠭᠠᠳᠬᠠᠵᠤ᠂ ᠠᠵᠢᠯᠲᠠᠨ ᠠᠵᠢᠯᠴᠢᠨ ᠤ ᠬᠦᠰᠡᠯ ᠱᠠᠭᠠᠷᠳᠠᠯᠭ᠎ᠠ ᠪᠠᠨ | ᠢᠯᠡᠳᠬᠡᠬᠦ ᠠᠷᠭ᠎ᠠ ᠵᠠᠮ ᠢ ᠰᠢᠯᠤᠭᠤᠳᠬᠠᠵᠤ᠂ ᠠᠵᠢᠯᠲᠠᠨ ᠠᠵᠢᠯᠴᠢᠨ ᠤ ᠬᠠᠤᠯᠢ ᠶᠣᠰᠣᠭᠠᠷ ᠥᠪᠡᠷ ᠤᠨ ᠡᠷᠬᠡ | ᠠᠰᠢᠭ ᠢᠶᠠᠨ ᠬᠠᠮᠠᠭᠠᠯᠠᠬᠤ ᠶᠢ ᠬᠥᠲᠥᠯᠥᠨ ᠵᠢᠯᠤᠭᠤᠳᠴᠤ᠂ ᠡᠶ᠎ᠡ ᠵᠣᠬᠢᠴᠠᠩᠭᠤᠢ ᠭᠦᠳᠡᠯᠮᠦᠷᠢ ᠶᠢᠨ ᠬᠠᠷᠢᠴᠠᠭ᠎ᠠ | ᠪᠠᠶᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠠᠵᠢᠯᠴᠢᠨ ᠤ ᠡᠪᠯᠡᠯ ᠤᠨ ᠥᠭᠡᠷᠡᠴᠢᠯᠡᠯᠲᠡ ᠪᠠ ᠪᠠᠶᠢᠭᠤᠯᠤᠯᠲᠠ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠦᠨᠳᠦᠰᠦᠨ ᠱᠠᠲᠤ ᠶᠢ ᠶᠡᠭᠡ ᠪᠠᠷ ᠠᠳᠬᠤᠬᠤ ᠢᠯᠡ ᠲᠣᠳᠣ ᠤᠳᠤᠷᠢᠳᠤᠮᠵᠢ ᠶᠢ ᠪᠠᠲᠤ ᠪᠤᠶ | ᠪᠤᠯᠭᠠᠵᠤ᠂ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠦᠨᠳᠦᠰᠦᠨ ᠱᠠᠲᠤᠨ ᠤ ᠠᠮᠢᠵᠢᠷᠠᠯ ᠤᠨ | ᠬᠦᠴᠦᠨ ᠢ ᠬᠥᠭᠵᠢᠭᠡᠵᠦ᠂ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠬᠥᠲᠥᠯᠥᠨ ᠳᠠᠭᠠᠭᠤᠯᠬᠤ ᠬᠦᠴᠦᠨ᠂ | ᠵᠣᠬᠢᠶᠠᠨ ᠪᠠᠶᠢᠭᠤᠯᠬᠤ ᠬᠦᠴᠦᠨ᠂ ᠦᠢᠯᠡᠴᠢᠯᠡᠬᠦ ᠬᠦᠴᠦᠨ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ | ᠨᠢᠭᠡᠨᠲᠡ ᠪᠠᠶᠢᠭ᠎ᠠ ᠵᠣᠬᠢᠶᠠᠨ ᠪᠠᠶᠢᠭᠤᠯᠤᠯᠲᠠ ᠶᠢᠨ ᠰᠠᠭᠤᠷᠢ ᠪᠠᠨ ᠲᠡᠭᠦᠯᠳᠡᠷᠵᠢᠭᠦᠯᠵᠦ᠂ ᠠᠵᠢᠯᠴᠢᠨ ᠤ ᠡᠪᠯᠡᠯ ᠤᠨ | ᠵᠣᠬᠢᠶᠠᠨ ᠪᠠᠶᠢᠭᠤᠯᠤᠯᠲᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠬᠦ ᠬᠡᠷᠡᠭᠲᠡᠢ᠃ ᠠᠵᠢᠯ ᠤᠨ ᠠᠷᠭ᠎ᠠ ᠮᠠᠶ᠋ᠢᠭ ᠤᠨ | ᠲᠠᠯ᠎ᠠ ᠪᠠᠷ ᠰᠢᠨ᠎ᠡ ᠶᠢ ᠡᠭᠦᠳᠴᠦ᠂ ᠠᠵᠢᠯᠲᠠᠨ ᠠᠵᠢᠯᠴᠢᠨ ᠲᠦᠮᠡᠨ ᠳᠤ ᠨᠠᠷᠢᠯᠢᠭ ᠣᠨᠣᠴᠠᠲᠠᠢ᠂ ᠳᠣᠲᠣᠨᠣ | ᠦᠢᠯᠡᠴᠢᠯᠡᠭᠡ ᠬᠠᠩᠭᠠᠬᠤ ᠪᠠᠷ ᠴᠢᠷᠮᠠᠶᠢᠬᠤ ᠬᠡᠷᠡᠭᠲᠡᠢ᠃ ᠠᠵᠢᠯᠴᠢᠨ ᠤ ᠡᠪᠯᠡᠯ ᠤᠨ ᠺᠠᠳ᠋ᠷᠴᠤᠳ ᠨᠠᠮ ᠤᠨ ᠤᠯᠠᠨ | ᠲᠦᠮᠡᠨᠴᠢ ᠱᠤᠭᠤᠮ ᠢ ᠦᠢᠯᠡᠳᠦᠯᠭᠡᠵᠢᠭᠦᠯᠵᠦ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠠᠵᠢᠯᠲᠠᠨ | ᠠᠵᠢᠯᠴᠢᠨ ᠤ ᠪᠤᠳᠤᠵᠤ ᠰᠠᠨᠠᠭᠰᠠᠨ ᠵᠦᠢᠯ ᠢ ᠴᠠᠭ ᠲᠤᠬᠠᠢ ᠳᠤᠨᠢ ᠣᠶᠢᠯᠠᠭᠠᠵᠤ᠂ ᠠᠵᠢᠯᠲᠠᠨ ᠠᠵᠢᠯᠴᠢᠨ ᠳᠤ | ᠦᠢᠯᠡᠴᠢᠯᠡᠬᠦ ᠴᠢᠳᠠᠪᠤᠷᠢ ᠪᠠᠨ ᠲᠠᠰᠤᠷᠠᠯᠳᠠ ᠦᠭᠡᠢ ᠴᠢᠩᠭᠠᠳᠬᠠᠵᠤ᠂ ᠦᠨᠡᠨ ᠰᠡᠳᠬᠢᠯ ᠠᠴᠠ ᠪᠠᠨ ᠠᠵᠢᠯᠲᠠᠨ | ᠠᠵᠢᠯᠴᠢᠨ ᠤ ᠲᠥᠯᠥᠭᠡ ᠦᠭᠡ ᠬᠡᠯᠡᠵᠦ ᠠᠵᠢᠯ ᠶᠠᠪᠤᠳᠠᠯ ᠬᠢᠬᠦ ᠬᠡᠷᠡᠭᠲᠡᠢ᠃ ᠪᠦᠭᠦ ᠤᠯᠤᠰ ᠤᠨ ᠠᠵᠢᠯᠴᠢᠨ ᠤ | ᠶᠡᠷᠦᠩᠬᠡᠢ ᠡᠪᠯᠡᠯ ᠤᠨ ᠬᠢᠨ ᠲᠦᠷᠦᠭᠦᠯᠡᠨ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠦᠯᠢᠭᠡᠷ | ᠳᠠᠭᠤᠷᠢᠶᠠᠯ ᠪᠣᠯᠵᠤ᠂ ᠵᠢᠱᠢᠶ᠎ᠡ ᠦᠵᠡᠭᠦᠯᠵᠦ᠂ ᠨᠠᠮ ᠢ ᠰᠠᠨᠠᠭ᠎ᠠ ᠠᠮᠤᠷ ᠪᠠᠶᠢᠯᠭᠠᠬᠤ᠂ ᠠᠷᠠᠳ ᠲᠦᠮᠡᠨ ᠢ ᠰᠡᠳᠬᠢᠯ | ᠬᠠᠨᠤᠮᠵᠢᠲᠠᠢ ᠪᠠᠶᠢᠯᠭᠠᠬᠤ ᠵᠢᠱᠢᠶᠡᠴᠢ ᠤᠯᠤᠰ ᠲᠦᠷᠦ ᠶᠢᠨ ᠪᠠᠶᠢᠭᠤᠯᠭ᠎ᠠ ᠪᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | ᠰᠢ ᠶᠢᠨ ᠫᠢᠩ᠂ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠬᠢᠨ ᠠᠵᠢᠯᠴᠢᠨ ᠤ ᠡᠪᠯᠡᠯ ᠪᠣᠯᠣᠨ ᠠᠵᠢᠯᠴᠢᠨ ᠤ | ᠡᠪᠯᠡᠯ ᠤᠨ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯᠴᠢᠨ ᠤ ᠡᠪᠯᠡᠯ ᠤᠨ ᠤᠳᠤᠷᠢᠳᠬᠤ ᠪᠠᠭ ᠢ | ᠰᠠᠶᠢᠲᠤᠷ ᠰᠣᠩᠭᠤᠨ ᠲᠣᠬᠢᠷᠠᠭᠤᠯᠵᠤ᠂ ᠠᠵᠢᠯᠴᠢᠨ ᠤ ᠡᠪᠯᠡᠯ ᠤᠨ ᠺᠠᠳ᠋ᠷ ᠢ ᠬᠠᠯᠠᠭᠤᠨ ᠢᠶᠠᠷ ᠬᠠᠯᠠᠮᠵᠢᠯᠠᠨ ᠴᠢᠩᠭ᠎ᠠ | ᠱᠠᠭᠠᠷᠳᠠᠵᠤ᠂ ᠠᠵᠢᠯᠴᠢᠨ ᠤ ᠡᠪᠯᠡᠯ ᠤᠨ ᠺᠠᠳ᠋ᠷ ᠢ ᠬᠥᠮᠥᠵᠢᠭᠦᠯᠦᠨ ᠬᠡᠷᠡᠭᠯᠡᠬᠦ ᠶᠢ ᠴᠢᠬᠤᠯᠠᠴᠢᠯᠠᠬᠤ ᠬᠡᠷᠡᠭᠲᠡᠢ᠃ | ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠴᠢᠬᠤᠯᠠᠴᠢᠯᠠᠨ ᠪᠠᠳᠠᠷᠠᠭᠤᠯᠵᠤ᠂ ᠠᠵᠢᠯᠲᠠᠨ | ᠠᠵᠢᠯᠴᠢᠨ ᠤᠯᠠᠨ ᠲᠦᠮᠡᠨ ᠪᠠ ᠠᠵᠢᠯᠴᠢᠨ ᠤ ᠡᠪᠯᠡᠯ ᠤᠨ ᠠᠵᠢᠯ ᠳᠤ ᠲᠤᠯᠭᠠᠷᠠᠭᠰᠠᠨ ᠴᠢᠬᠤᠯᠠ ᠠᠰᠠᠭᠤᠳᠠᠯ ᠢ ᠴᠠᠭ | ᠲᠤᠬᠠᠢ ᠳᠤᠨᠢ ᠰᠤᠳᠤᠯᠵᠤ᠂ ᠠᠵᠢᠯᠴᠢᠨ ᠤ ᠡᠪᠯᠡᠯ ᠤᠨ ᠪᠦᠲᠦᠭᠡᠯᠴᠢ ᠴᠢᠨᠠᠷᠲᠠᠢ ᠪᠠᠷ ᠠᠵᠢᠯ ᠢᠶᠠᠨ ᠥᠷᠨᠢᠭᠦᠯᠬᠦ ᠶᠢ | ᠳᠡᠮᠵᠢᠬᠦ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠤ ᠬᠢᠨ ᠵᠠᠰᠠᠭ ᠤᠨ ᠣᠷᠳᠣᠨ ᠪᠣᠯᠣᠨ ᠠᠵᠢᠯᠴᠢᠨ ᠤ | ᠡᠪᠯᠡᠯ ᠤᠨ ᠬᠠᠮᠲᠤᠷᠠᠭᠰᠠᠨ ᠬᠤᠷᠠᠯ ᠤᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠠᠵᠢᠯᠴᠢᠨ ᠤ ᠡᠪᠯᠡᠯ ᠢ | ᠢᠳᠡᠪᠬᠢᠲᠡᠢ ᠪᠠᠷ ᠬᠠᠪᠰᠤᠷᠤᠨ ᠠᠵᠢᠯᠲᠠᠨ ᠠᠵᠢᠯᠴᠢᠨ ᠤᠯᠠᠨ ᠲᠦᠮᠡᠨ ᠤ ᠪᠣᠳᠠᠲᠠᠢ ᠬᠦᠴᠢᠷᠳᠡᠯ ᠪᠣᠯᠣᠨ | ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃ | ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠸᠠᠩ ᠳ᠋ᠦᠩ ᠮᠢᠩ | ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠰᠢᠨ᠎ᠡ ᠨᠢᠭᠡ ᠬᠤᠭᠤᠴᠠᠭᠠᠨ ᠤ | ᠤᠳᠤᠷᠢᠳᠬᠤ ᠪᠠᠭ ᠢ ᠲᠥᠯᠥᠭᠡᠯᠡᠵᠦ ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠠᠷᠪᠠᠨ ᠨᠠᠢᠮᠠᠳᠤᠭᠠᠷ ᠶᠡᠭᠡ | ᠬᠤᠷᠠᠯ ᠤᠨ ᠬᠤᠯᠪᠣᠭᠳᠠᠯ ᠪᠦᠬᠦᠢ ᠪᠠᠶᠢᠳᠠᠯ ᠪᠠ ᠢᠷᠡᠭᠡᠳᠦᠢ ᠶᠢᠨ 5 ᠵᠢᠯ ᠤᠨ ᠠᠵᠢᠯᠴᠢᠨ ᠤ ᠡᠪᠯᠡᠯ ᠤᠨ ᠠᠵᠢᠯ ᠤᠨ | ᠲᠣᠬᠢᠷᠠᠭᠤᠯᠤᠯᠲᠠ ᠶᠢᠨ ᠲᠤᠬᠠᠢ ᠬᠠᠷᠢᠭᠤ ᠮᠡᠳᠡᠭᠦᠯᠦᠯᠲᠡ ᠬᠢᠪᠡ᠃ ᠪᠦᠭᠦ ᠤᠯᠤᠰ ᠤᠨ ᠠᠵᠢᠯᠴᠢᠨ ᠤ ᠶᠡᠷᠦᠩᠬᠡᠢ | ᠡᠪᠯᠡᠯ ᠤᠨ ᠳᠡᠳ᠋ ᠲᠡᠷᠢᠭᠦᠯᠡᠭᠴᠢ ᠰᠢᠦᠢ ᠯᠢᠦ ᠫᠢᠩ᠂ ᠶᠠᠩ ᠢᠦᠢ ᠳ᠋ᠦᠩ᠂ ᠭᠤᠤ ᠹᠧᠩ ᠯᠢᠨ ᠦᠭᠡ ᠬᠡᠯᠡᠪᠡ᠃ | ᠱᠢ ᠲᠠᠢ ᠹᠧᠩ᠂ ᠯᠢ ᠭᠠᠨ ᠵᠢᠶᠧ᠂ ᠯᠢ ᠱᠤ᠋ ᠯᠧᠢ᠂ ᠴᠧᠨ ᠸᠧᠨ ᠴᠢᠩ᠂ ᠯᠢᠦ ᠶᠢᠨ ᠭᠦᠸᠧ᠂ ᠸᠠᠩ | ᠰᠢᠶᠣᠣ ᠬᠤᠩ ᠶᠠᠷᠢᠯᠴᠠᠭ᠎ᠠ ᠳᠤ ᠣᠷᠣᠯᠴᠠᠵᠠᠢ᠃ |