ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠠᠵᠢᠯ ᠢ ᠭᠦᠨᠵᠡᠭᠡᠶ | ᠠᠬᠢᠭᠤᠯᠬᠤ ᠶᠢᠨ ᠲᠥᠯᠥᠭᠡ᠂ 10 ᠰᠠᠷ᠎ᠠ ᠶᠢᠨ 24 ᠤ ᠡᠳᠦᠷ᠂ ︽ᠰᠢ ᠶᠢᠨ ᠫᠢᠩ ᠤᠨ ᠠᠮᠢ ᠠᠬᠤᠶ ᠶᠢᠨ | ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠬᠤᠷᠴᠢᠨ ᠤ ᠡᠯᠡᠰᠦᠷᠬᠡᠭ ᠭᠠᠵᠠᠷ ᠢ | ᠤᠰᠠᠳᠬᠠᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠤᠯᠬᠤ︾ ᠪᠠᠷ ᠭᠤᠤᠯ ᠰᠡᠳᠦᠪ ᠪᠣᠯᠭᠠᠭᠰᠠᠨ | ᠡᠯᠡᠰᠦᠷᠬᠡᠭᠵᠢᠯ ᠢ ᠰᠡᠷᠭᠡᠶᠢᠯᠡᠵᠦ ᠡᠯᠡᠰᠦᠷᠬᠡᠭᠵᠢᠯ ᠢ ᠵᠠᠰᠠᠬᠤ ᠦᠢᠯᠡᠳᠦᠯᠬᠡ ᠶᠢᠨ ᠠᠵᠢᠯᠯᠠᠭ᠎ᠠ ᠰᠢᠷᠠᠮᠥ᠋ᠷᠡᠨ ᠰᠤᠮᠤ ᠶᠢᠨ | ᠫᠠᠶᠢᠮᠤᠳᠤ ᠭᠠᠴᠠᠭᠠᠨ ᠤ ᠡᠯᠡᠰᠦᠷᠬᠡᠭ ᠭᠠᠵᠠᠷ ᠲᠤ ᠡᠬᠢᠯᠡᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠶᠢᠨ | ᠵᠢᠶᠠᠩ ᠪᠥᠸᠧ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭᠠᠨ ᠤ ᠲᠣᠭᠤᠷᠢᠨ ᠳᠤ | ᠰᠤᠷᠤᠯᠴᠠᠬᠤ ᠶᠢᠨ ᠬᠠᠮᠲᠤ ᠳᠠᠶᠢᠴᠢᠯᠠᠯᠲᠠ ᠶᠢᠨ ᠶᠠᠷᠢᠶ᠎ᠠ ᠲᠠᠯᠪᠢᠪᠠ᠃ ᠬᠡᠰᠡᠭ ᠰᠢᠶᠠᠨ ᠭᠠᠵᠠᠷ ᠤᠨ ᠲᠡᠰ ᠤᠨ | ᠤᠳᠤᠷᠢᠳᠤᠯᠭ᠎ᠠ᠂ ᠰᠢᠷᠠᠮᠥ᠋ᠷᠡᠨ ᠰᠤᠮᠤ ᠶᠢᠨ ᠠᠵᠢᠯᠲᠠᠨ ᠵᠢᠴᠢ ᠡᠯ᠎ᠡ ᠭᠠᠴᠠᠭ᠎ᠠ ᠲᠣᠰᠬᠤᠨ ᠤ ᠮᠠᠯᠴᠢᠨ ᠲᠠᠷᠢᠶᠠᠴᠢᠨ | ᠠᠵᠢᠯᠯᠠᠭ᠎ᠠ ᠳᠤ ᠣᠷᠣᠯᠴᠠᠪᠠ᠃ | ᠶᠢᠨ ᠵᠢᠶᠠᠩ ᠪᠥᠸᠧ ᠴᠢᠬᠤᠯᠠᠴᠢᠯᠠᠭᠰᠠᠨ ᠨᠢ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠪᠣᠯ | ᠨᠠᠮ ᠤᠨ ᠲᠥᠪ ᠬᠤᠷᠢᠶ᠎ᠡ ᠠᠴᠠ ᠪᠢᠳᠡᠨ ᠳᠤ ᠲᠤᠰᠢᠶᠠᠭᠰᠠᠨ ᠴᠢᠬᠤᠯᠠ ᠶᠡᠭᠡ ᠡᠭᠦᠷᠭᠡ ᠮᠥᠨ᠂ ᠪᠠᠰᠠ ᠴᠤ | ᠲᠡᠦᠬᠡ ᠠᠴᠠ ᠪᠢᠳᠡᠨ ᠳᠤ ᠳᠠᠭᠠᠭᠠᠯᠭᠠᠭᠰᠠᠨ ᠢᠷᠠᠭᠤ ᠠᠯᠳᠠᠷᠲᠤ ᠬᠠᠷᠢᠭᠤᠴᠠᠯᠭ᠎ᠠ ᠮᠥᠨ᠃ ᠡᠯ᠎ᠡ ᠰᠢᠶᠠᠨ ᠭᠠᠵᠠᠷ ᠤᠨ | ᠱᠠᠲᠤᠨ ᠤ ᠤᠳᠤᠷᠢᠳᠤᠯᠭ᠎ᠠ ᠲᠤᠰ ᠲᠤᠰ ᠤᠨ ᠡᠭᠦᠷᠭᠡ ᠴᠢᠳᠠᠪᠤᠷᠢ ᠶᠢᠨ ᠠᠵᠢᠯ ᠲᠠᠢ ᠪᠠᠨ ᠤᠶᠠᠯᠳᠤᠭᠤᠯᠤᠨ᠂ | ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠠᠵᠢᠯ ᠳᠤ ᠲᠦᠷᠦᠭᠦᠯᠡᠨ ᠣᠷᠣᠯᠴᠠᠬᠤ ᠬᠡᠷᠡᠭᠲᠡᠶ︔ ᠡᠯ᠎ᠡ | ᠰᠤᠮᠤ ᠪᠠᠯᠭᠠᠰᠤ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠩᠬᠦ ᠡᠭᠦᠷᠭᠡᠯᠡᠵᠦ᠂ ᠲᠣᠰ ᠭᠠᠵᠠᠷ ᠣᠷᠣᠨ ᠤ ᠪᠠᠨ | ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ | ᠨᠠᠶᠢᠷᠠᠭᠤᠯᠤᠨ ᠵᠣᠬᠢᠶᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠬᠦᠴᠦ ᠪᠠᠨ ᠬᠠᠮᠲᠤᠳᠬᠠᠨ ᠬᠠᠮᠵᠢᠯᠴᠠᠵᠤ᠂ | ᠡᠭᠦᠷᠭᠡ ᠪᠠᠨ ᠣᠨ ᠬᠦᠷᠲᠡᠯ᠎ᠡ ᠵᠠᠳᠠᠯᠤᠨ᠂ ᠲᠥᠷᠥᠯ ᠵᠦᠢᠯ ᠬᠦᠷᠲᠡᠯ᠎ᠡ ᠨᠠᠷᠢᠯᠢᠬᠵᠢᠭᠤᠯᠵᠤ᠂ ᠭᠠᠵᠠᠷ ᠬᠦᠷᠲᠡᠯ᠎ᠡ | ᠨᠠᠶᠢᠳᠠᠪᠤᠷᠢᠵᠢᠭᠤᠯᠤᠨ᠂ ᠬᠥᠮᠦᠨ ᠤ ᠲᠤᠭ᠎ᠠ ᠬᠦᠷᠲᠡᠯ᠎ᠡ ᠲᠣᠳᠣᠷᠬᠠᠶᠢᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯᠤᠨ 2030 ᠣᠨ ᠤ ᠰᠡᠭᠦᠯᠴᠢ ᠪᠠᠷ ᠡᠯᠡᠰᠦᠷᠬᠡᠭᠵᠢᠯ ᠢ ᠰᠡᠷᠭᠡᠶᠢᠯᠡᠨ | ᠡᠯᠡᠰᠦᠷᠬᠡᠭᠵᠢᠯ ᠢ ᠵᠠᠰᠠᠬᠤ ᠬᠠᠷᠠᠯᠲᠠ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠩᠬᠦ | ᠪᠠᠲᠤᠯᠠᠬᠤ ᠬᠡᠷᠡᠭᠲᠡᠶ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠳᠡᠭᠡᠳᠦ ᠱᠠᠲᠤᠨ ᠤ ᠠᠵᠢᠯ | ᠲᠥᠷᠥᠯ ᠤᠨ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠯᠭᠠᠯᠴᠠᠭ᠎ᠠ ᠪᠠᠨ ᠰᠠᠨᠠᠭᠠᠴᠢᠯᠠᠭ᠎ᠠ ᠠᠴᠠ ᠪᠠᠨ | ᠴᠢᠩᠭᠠᠳᠬᠠᠵᠤ᠂ ᠨᠠᠩ ᠣᠯᠠᠨ ᠲᠥᠷᠥ ᠶᠢᠨ ᠪᠣᠳᠣᠯᠭ᠎ᠠ᠂ ᠲᠥᠷᠥᠯ ᠵᠦᠢᠯ᠂ ᠪᠠᠯᠠ ᠮᠥᠩᠭᠦ ᠶᠢ ᠪᠠᠭᠠᠷᠢᠨ ᠪᠠᠷᠠᠭᠤᠨ | ᠬᠤᠰᠢᠭᠤ ᠳᠠᠰᠢ ᠬᠡᠯᠪᠠᠶᠢᠯᠭᠡᠬᠦ ᠪᠠᠷ ᠪᠥᠬᠦ ᠬᠦᠴᠦᠨ ᠢᠶᠠᠷ ᠢᠶᠠᠨ ᠴᠢᠷᠮᠠᠶᠢᠬᠤ ᠬᠡᠷᠡᠭᠲᠡᠶ᠃ ᠪᠦᠬᠦ ᠬᠤᠰᠢᠭᠤ ᠪᠠᠷ ᠢᠶᠠᠨ | ᠨᠡᠶᠢᠭᠡᠮ ᠤᠨ ᠬᠦᠴᠦᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠳᠤ ᠣᠷᠣᠯᠴᠠᠬᠤ ᠶᠢ | ᠵᠣᠷᠢᠭᠵᠢᠭᠤᠯᠬᠤ ᠲᠦᠷᠦ ᠶᠢᠨ ᠪᠤᠳᠤᠯᠭ᠎ᠠ ᠲᠣᠭᠲᠠᠴᠠ ᠶᠢ ᠨᠠᠷᠢᠨ ᠬᠢᠨᠠᠮᠠᠭᠠᠢ ᠰᠤᠳᠤᠯᠵᠤ᠂ ︽ᠬᠡᠨ ᠪᠡᠯᠡ | ᠣᠷᠣᠭᠤᠯᠪᠠᠯ ᠬᠡᠨ ᠵᠠᠰᠠᠵᠤ᠂ ᠬᠡᠨ ᠠᠰᠢᠭ ᠬᠦᠷᠳᠡᠬᠦ︾ ᠵᠠᠷᠴᠢᠮ ᠶᠣᠰᠣᠭᠠᠷ᠂ ᠲᠠᠪᠴᠠᠩ ᠪᠠᠶᠢᠭᠤᠯᠵᠤ᠂ | ᠦᠢᠯᠡᠴᠢᠯᠡᠭᠡ ᠬᠠᠩᠭᠠᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠬᠦᠴᠦᠷᠬᠡᠭ ᠶᠡᠭᠡ ᠬᠠᠮᠲᠤᠷᠠᠯ | ᠬᠦᠴᠦᠨ ᠢ ᠨᠢᠭᠲᠠᠷᠠᠭᠤᠯᠵᠤ᠂ ᠡᠯᠡᠰᠦᠷᠬᠡᠭ ᠣᠷᠣᠨ ᠤ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠪᠣᠯᠤᠨ | ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠪᠦᠬᠦ ᠬᠦᠴᠦᠨ ᠢᠶᠠᠷ ᠢᠶᠠᠨ ᠰᠠᠶᠢᠵᠢᠷᠠᠭᠤᠯᠵᠤ᠂ | ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ | ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠪᠡ᠃ | ᠦᠶ᠎ᠡ ᠶᠢᠨ ᠦᠶ᠎ᠡ ᠳᠤ ᠤᠯᠠᠮᠵᠢᠯᠠᠨ ᠵᠠᠯᠭᠠᠮᠵᠢᠯᠠᠬᠤ ᠳᠤ ᠥᠨᠢ ᠤᠳᠠᠭᠠᠨ ᠤ ᠴᠢᠷᠮᠠᠶᠢᠯᠭ᠎ᠠ ᠲᠠᠢ ᠪᠠᠶᠢᠬᠤ | ᠬᠡᠷᠡᠭᠲᠡᠶ᠃ ᠪᠠᠭᠠᠷᠢᠨ ᠪᠠᠷᠠᠭᠤᠨ ᠬᠤᠰᠢᠭᠤᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠠᠵᠢᠯ | ᠳᠡᠭᠡᠷ᠎ᠡ ᠵᠠᠭᠤᠨ ᠤ ᠵᠢᠷᠠ ᠳᠠᠯᠠᠭᠠᠳ ᠣᠨ ᠠᠴᠠ ᠡᠬᠢᠯᠡᠵᠦ᠂ ᠨᠠᠶᠠ ᠶᠡᠷᠡᠭᠡᠳ ᠣᠨ ᠳᠤ ᠪᠦᠬᠦ ᠲᠠᠯ᠎ᠠ ᠪᠠᠷ ᠡᠬᠢᠯᠡᠵᠦ᠂ | 2000 ᠣᠨ ᠠᠴᠠ ᠨᠠᠭᠠᠰᠢ ᠬᠡᠪᠴᠢᠶᠡᠵᠢᠭᠦᠯᠦᠨ ᠪᠦᠲᠦᠭᠡᠨ ᠪᠠᠶᠢᠭᠤᠯᠬᠤ ᠱᠠᠲᠤᠨ ᠳᠤ ᠣᠷᠣᠪᠠ᠃ ᠣᠯᠠᠨ ᠵᠢᠯ ᠤᠨ | ᠲᠤᠷᠰᠢ᠂ ︽ᠭᠤᠷᠪᠠᠨ ᠣᠷᠣᠨ᠂ ᠬᠤᠶᠠᠷ ᠵᠠᠮ᠂ ᠨᠢᠭᠡ ᠪᠦᠰᠡ᠂ ᠨᠢᠭᠡ ᠡᠯᠡᠰᠦ︾ ᠶᠢ ᠵᠠᠰᠠᠬᠤ ᠶᠡᠷᠦᠩᠬᠡᠶ | ᠢᠨᠵᠧᠨᠧᠷᠢᠩ ᠢ ᠬᠡᠷᠡᠭᠵᠢᠭᠦᠯᠬᠦ ᠪᠠᠷ ᠳᠠᠮᠵᠢᠭᠤᠯᠤᠨ᠂ ᠪᠡᠭᠡᠵᠢᠩ ᠲᠢᠶᠠᠨᠵᠢᠨ ᠤ ᠡᠷᠭᠢᠨ ᠲᠣᠭᠤᠷᠢᠨ ᠤ ᠰᠠᠯᠬᠢ | ᠡᠯᠡᠰᠦᠨ ᠤ ᠡᠬᠢ ᠶᠢ ᠵᠠᠰᠠᠬᠤ ᠲᠥᠷᠥᠯ ᠵᠦᠢᠯ᠂ ᠲᠠᠷᠢᠶᠠᠯᠠᠬᠤ ᠪᠠᠨ ᠵᠣᠭᠰᠣᠭᠠᠵᠤ ᠣᠶ ᠮᠣᠳᠣ ᠲᠠᠷᠢᠬᠤ᠂ | ᠭᠤᠣᠯᠳᠠᠯᠭ᠎ᠠ ᠲᠠᠢ ᠣᠷᠣᠨ ᠪᠦᠰᠡ ᠶᠢ ᠨᠣᠭᠤᠭᠠᠷᠠᠭᠤᠯᠬᠤ ᠢᠨᠵᠧᠨᠧᠷᠢᠩ ᠵᠡᠷᠭᠡ ᠣᠶ ᠰᠢᠭᠤᠶ ᠶᠢᠨ ᠭᠤᠣᠯᠳᠠᠯᠭ᠎ᠠ ᠲᠠᠢ | ᠠᠮᠢ ᠠᠬᠤᠶ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠬᠦᠷᠢᠶᠡᠯᠡᠵᠦ ᠪᠢᠲᠡᠭᠦᠮᠵᠢᠯᠡᠨ | ᠪᠤᠶᠢᠵᠢᠭᠤᠯᠬᠤ᠂ ᠨᠢᠰᠬᠡᠯ ᠢᠶᠠᠷ ᠡᠪᠡᠰᠦ ᠲᠠᠷᠢᠬᠤ᠂ ᠬᠥᠮᠦᠨ ᠤ ᠬᠦᠴᠦ ᠪᠠᠷ ᠡᠪᠡᠰᠦ ᠲᠠᠷᠢᠬᠤ ᠵᠡᠷᠭᠡ ᠨᠤᠲᠤᠭ | ᠪᠡᠯᠴᠢᠭᠡᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠨᠢᠭᠡ ᠬᠤᠭᠤᠴᠠᠭ᠎ᠠ ᠨᠢ ᠨᠢᠭᠡ | ᠬᠤᠭᠤᠴᠠᠭ᠎ᠠ ᠪᠠᠨ ᠵᠠᠯᠭᠠᠨ ᠬᠢᠵᠦ᠂ ᠪᠣᠬᠢᠷᠲᠤᠯ ᠦᠭᠡᠶ ᠤᠷᠲᠤ ᠴᠠᠭᠠᠨ ᠬᠡᠷᠡᠮ ᠢ ᠬᠦᠴᠦᠯᠡᠨ ᠪᠠᠶᠢᠭᠤᠯᠵᠤ᠂ ᠠᠮᠢ | ᠠᠬᠤᠶ ᠶᠢᠨ ᠬᠠᠯᠬᠠᠪᠴᠢ ᠶᠢ ᠪᠠᠬᠢᠵᠢᠭᠦᠯᠦᠭᠰᠡᠨ ᠪᠠᠶᠢᠨ᠎ᠠ᠃ | ᠵᠢᠷᠤᠭ ᠲᠥᠰᠦᠪ ᠢ ᠵᠢᠷᠤᠭᠯᠠᠵᠤ᠂ ᠬᠡᠷᠡᠭᠵᠢᠭᠦᠯᠬᠦ ᠪᠠᠷ ᠭᠤᠣᠯᠳᠠᠯᠭ᠎ᠠ ᠪᠣᠯᠭᠠᠨ᠎ᠠ᠃ ᠪᠠᠭᠠᠷᠢᠨ ᠪᠠᠷᠠᠭᠤᠨ | ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠴᠠᠭ ᠢ ᠦᠵᠡᠨ ᠪᠠᠶᠢᠳᠠᠯ ᠢ ᠰᠢᠨᠵᠢᠵᠦ᠂ | ᠤᠷᠢᠳᠴᠢᠯᠠᠨ ᠲᠥᠰᠦᠪᠯᠡᠵᠦ᠂ ᠡᠯ᠎ᠡ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷ ᠵᠠᠷᠯᠢᠭ ᠢ | ᠰᠣᠨᠣᠰᠤᠮᠠᠭᠴᠠ ᠪᠠᠨ ᠬᠥᠳᠡᠯᠦᠯᠴᠡᠵᠦ᠂ ᠪᠡᠶ᠎ᠡ ᠪᠠᠷ ᠢᠶᠠᠨ ᠬᠡᠪ ᠳᠠᠭᠤᠷᠢᠶᠠᠯ ᠪᠣᠯᠵᠣ᠂ ᠪᠥᠬᠦ ᠬᠤᠰᠢᠭᠤᠨ ᠤ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠡᠭᠡ ᠴᠡᠷᠢᠭ ᠠᠩᠭᠢ ᠬᠠᠮᠠᠷ ᠬᠠᠳᠬᠤᠬᠤ ᠡᠪᠡᠰᠦ ᠥᠬᠡᠶ | ᠬᠠᠯᠴᠠᠭᠠᠶ ᠭᠠᠵᠠᠷ ᠲᠤ ᠣᠷᠣᠵᠤ᠂ ᠲᠩᠷᠢ ᠭᠠᠵᠠᠷ ᠲᠠᠢ ᠲᠡᠮᠡᠴᠡᠵᠦ ᠡᠬᠢᠯᠡᠪᠡ᠂ ᠪᠣᠶ ᠪᠥᠬᠦᠶ ᠰᠢᠶᠠᠨ ᠭᠠᠵᠠᠷ ᠤᠨ | ᠲᠠᠰ ᠤᠨ ᠤᠳᠤᠷᠢᠳᠤᠯᠭ᠎ᠠ᠂ ᠰᠤᠮᠤᠨ ᠤ ᠠᠵᠢᠯᠲᠠᠳ ᠮᠠᠯᠴᠢᠨ ᠲᠠᠷᠢᠶᠠᠴᠢᠨ ᠲᠠᠢ ᠬᠠᠮᠲᠤ ᠪᠠᠷ ᠣᠶ ᠰᠢᠭᠤᠶ ᠶᠢᠨ | ᠮᠡᠷᠭᠡᠵᠢᠯ ᠤᠨ ᠠᠵᠢᠯᠲᠠᠨ ᠤ ᠵᠢᠯᠣᠭᠤᠳᠣᠯᠭ᠎ᠠ ᠳᠤᠤᠷ᠎ᠠ᠂ ᠪᠥᠬᠦ ᠬᠦᠴᠦᠨ ᠢᠶᠠᠷ ᠢᠶᠠᠨ ᠬᠠᠮᠵᠢᠯᠴᠠᠵᠤ᠂ ᠨᠢᠭᠡ ᠨᠢᠭᠡ | ᠠᠯᠬᠤᠮ ᠢᠶᠠᠷ᠂ ᠬᠦᠷᠵᠡ ᠪᠠᠷᠢᠵᠤ᠂ ᠡᠯᠡᠰᠦᠨ ᠬᠠᠯᠬᠠᠪᠴᠢ ᠬᠠᠳᠬᠤᠵᠤ᠂ ᠮᠣᠳᠣ ᠵᠠᠶᠢᠯᠠᠵᠤ᠂ ᠴᠢᠬᠢ ᠮᠣᠳᠣ ᠳᠠᠷᠢᠵᠤ | ᠣᠶᠢᠵᠢᠭᠤᠯᠵᠤ᠂ ᠡᠯ᠎ᠡ ᠭᠤᠭᠴᠤᠭ᠎ᠠ ᠶᠢ ᠡᠮᠬᠢ ᠵᠢᠷᠤᠮ ᠲᠠᠢ ᠵᠣᠯᠭᠠᠭᠤᠯᠵᠤ᠂ ᠨᠢᠭᠲᠠ ᠬᠠᠮᠵᠢᠯᠴᠠᠪᠠ᠃ | ᠦᠷᠭᠦᠯᠵᠢᠯᠡᠭᠰᠡᠨ ᠡᠯᠡᠰᠦᠨ ᠳᠣᠪᠣᠴᠠᠭ ᠳᠡᠭᠡᠷ᠎ᠡ᠂ ᠥᠨᠳᠥᠷ ᠨᠠᠮ ᠳᠡᠭᠡᠨᠴᠡᠯ ᠤᠨ ᠲᠣᠣᠷᠯᠢᠭ ᠡᠯᠡᠰᠦᠨ ᠬᠠᠯᠬᠠᠪᠴᠢ᠂ | ᠴᠡᠪᠡᠷ ᠴᠡᠮᠴᠡᠭᠡᠷ ᠬᠠᠷᠭᠠᠨ᠎ᠠ ᠶᠢᠨ ᠵᠤᠯᠵᠠᠭ᠎ᠠ ᠮᠣᠳᠣ ᠰᠠᠯᠬᠢᠨ ᠤ ᠠᠶ᠎ᠠ ᠪᠠᠷ ᠰᠡᠬᠦ᠋ᠢᠨ ᠰᠦᠨᠳᠡᠷᠯᠡᠵᠦ᠂ ᠬᠢᠵᠠᠭᠠᠯᠠᠰᠢ | ᠦᠭᠡᠢ ᠠᠮᠢᠵᠢᠷᠠᠯ ᠤᠨ ᠪᠠᠶᠢᠳᠠᠯ ᠢᠯᠡᠷᠡᠪᠡ᠃ | ᠪᠣᠳᠠᠲᠠᠢ ᠶᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠵᠦ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃ | ᠥᠩᠭᠡᠷᠡᠭᠰᠡᠨ ᠤ ᠪᠠᠭᠠᠷᠢᠨ ᠪᠠᠷᠠᠭᠤᠨ ᠬᠤᠰᠢᠭᠤ ᠨᠢ ᠤᠯᠠᠭᠠᠨᠬᠠᠳᠠ ᠬᠤᠳᠠ ᠶᠢᠨ ᠪᠤᠰᠤᠳ ᠬᠤᠰᠢᠭᠤ ᠰᠢᠶᠠᠨ | ᠲᠣᠭᠤᠷᠢᠭ ᠲᠠᠢ ᠠᠳᠠᠯᠢ ᠪᠠᠷ ᠰᠣᠷᠭᠤᠭ ᠴᠡᠴᠡᠭ ᠪᠠᠳᠠᠷᠠᠨ ᠳᠡᠯᠭᠡᠷᠡᠭᠰᠡᠨ ᠲᠠᠯ᠎ᠠ ᠨᠤᠲᠤᠭ ᠢᠶᠠᠷ ᠵᠣᠭᠰᠣᠬᠤ ᠦᠭᠡᠢ | ᠪᠠᠰᠠ ᠡᠯᠡᠰᠦ ᠮᠠᠩᠬ᠎ᠠ ᠲᠠᠢ ᠪᠠᠶᠢᠯ᠎ᠠ᠃ ᠶᠡᠷᠦ ᠠᠴᠠ ᠬᠡᠪ ᠤᠨ ᠪᠠᠶᠢᠳᠠᠯ ᠢᠶᠠᠨ ᠠᠯᠳᠠᠭᠰᠠᠨ ᠦᠭᠡᠢ ᠬᠤᠷᠴᠢᠨ ᠤ | ᠡᠯᠡᠰᠦᠷᠬᠡᠭ ᠭᠠᠵᠠᠷ ᠰᠢᠷᠠᠮᠥ᠋ᠷᠡᠨ ᠭᠤᠣᠯ ᠢ ᠲᠠᠭᠠᠨ ᠪᠠᠷᠠᠭᠤᠨ ᠠᠴᠠ ᠵᠡᠭᠦᠨᠰᠢ ᠲᠠᠰᠤᠷᠠᠯᠲᠠ ᠦᠭᠡᠢ ᠬᠠᠯᠳᠠᠨ | ᠲᠦᠢᠪᠡᠭᠡᠵᠦ᠂ ᠪᠠᠭᠠᠷᠢᠨ ᠪᠠᠷᠠᠭᠤᠨ ᠬᠤᠰᠢᠭᠤᠨ ᠳᠤ ᠰᠦᠷ ᠵᠢᠪᠬᠤᠭ᠎ᠠ ᠪᠠᠷ ᠪᠢᠯᠬᠠᠨ᠎ᠠ᠃ ᠥᠩᠭᠡᠷᠡᠭᠰᠡᠨ ᠳᠤ᠂ ᠪᠥᠬᠦ | ᠬᠤᠰᠢᠭᠤᠨ ᠤ ᠡᠯᠡᠰᠦᠵᠢᠭᠰᠡᠨ ᠭᠠᠵᠠᠷ ᠰᠢᠷᠣᠶ ᠶᠢᠨ ᠲᠠᠯᠠᠪᠠᠶ ᠨᠢᠭᠡᠨᠲᠡ 402.76 ᠲᠦᠮᠡᠨ ᠮᠥ ᠳᠤ ᠬᠦᠷᠴᠦ᠂ | ᠪᠥᠬᠦ ᠬᠤᠰᠢᠭᠤᠨ ᠤ ᠪᠥᠬᠦ ᠭᠠᠵᠠᠷ ᠰᠢᠷᠣᠶ ᠶᠢᠨ ᠲᠠᠯᠠᠪᠠᠶ ᠶᠢᠨ 26% ᠶᠢ ᠡᠵᠡᠯᠡᠵᠦ ᠪᠠᠶᠢᠪᠠ᠃ ᠡᠶᠢᠮᠦ ᠬᠦᠨᠳᠦ | ᠬᠡᠴᠡᠭᠦᠦ ᠠᠮᠢ ᠠᠬᠤᠶ ᠶᠢᠨ ᠪᠠᠶᠢᠳᠠᠯ ᠤᠨ ᠡᠮᠦᠨ᠎ᠡ᠂ ᠪᠠᠭᠠᠷᠢᠨ ᠪᠠᠷᠠᠭᠤᠨ ᠬᠤᠰᠢᠭᠤᠨ ᠤ ᠨᠠᠮ ᠤᠨ ᠬᠤᠷᠢᠶ᠎ᠠ᠂ | ᠬᠤᠰᠢᠭᠤᠨ ᠤ ᠵᠠᠰᠠᠭ ᠤᠨ ᠣᠷᠳᠣᠨ ᠠᠴᠠ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠳᠤᠮᠳᠠ | ᠬᠤᠭᠤᠴᠠᠭᠠᠨ ᠤ ᠡᠯᠡᠰᠦ ᠶᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠶᠢ ᠲᠣᠭᠲᠠᠭᠠᠭᠰᠠᠨ ᠪᠠᠶᠢᠨ᠎ᠠ᠃ | ᠣᠶᠢᠯᠠᠭᠠᠭᠰᠠᠨ ᠢᠶᠠᠷ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠪᠠᠭᠠᠷᠢᠨ ᠪᠠᠷᠠᠭᠤᠨ | ᠬᠤᠰᠢᠭᠤᠨ ᠤ ᠲᠥᠯᠥᠪᠵᠢᠭᠦᠯᠦᠭᠰᠡᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠣᠶ ᠰᠢᠭᠤᠶ ᠶᠢᠨ | ᠪᠥᠲᠥᠭᠡᠨ ᠪᠠᠶᠢᠭᠤᠯᠤᠯᠲᠠ ᠶᠢᠨ ᠡᠭᠦᠷᠭᠡ ᠪᠣᠯ 10 ᠲᠦᠮᠡᠨ ᠮᠥ ᠬᠥᠮᠦᠨ ᠤ ᠬᠦᠴᠦ ᠪᠠᠷ ᠣᠶᠢᠵᠢᠭᠤᠯᠬᠤ ᠶᠠᠪᠤᠳᠠᠯ | ᠪᠣᠯᠤᠨ᠎ᠠ᠃ 5 ᠲᠦᠮᠡᠨ ᠮᠥ ᠠᠭᠤᠯᠠ ᠶᠢ ᠪᠢᠲᠡᠭᠦᠮᠵᠢᠯᠡᠨ ᠣᠶᠢᠵᠢᠭᠤᠯᠵᠤ᠂ 6 ᠲᠦᠮᠡᠨ ᠮᠥ ᠡᠯᠡᠰᠦ ᠶᠢ | ᠢᠨᠵᠧᠨᠧᠷᠢᠩ ᠢᠶᠠᠷ ᠲᠣᠭᠲᠠᠪᠤᠷᠢᠵᠢᠭᠤᠯᠵᠤ᠂ 27 ᠲᠦᠮᠡᠨ ᠮᠥ ᠮᠠᠭᠤᠳᠠᠭᠰᠠᠨ ᠣᠶ ᠶᠢ ᠲᠥᠯᠥᠪᠵᠢᠭᠦᠯᠦᠨ ᠵᠠᠰᠠᠵᠤ᠂ | 1.75 ᠲᠦᠮᠡᠨ ᠮᠥ ᠭᠤᠤᠯᠳᠠᠯᠭ᠎ᠠ ᠲᠠᠢ ᠣᠷᠣᠨ ᠪᠦᠰᠡ ᠶᠢ ᠨᠣᠭᠤᠭᠠᠷᠠᠭᠤᠯᠵᠤ᠂ 0.3 ᠲᠦᠮᠡᠨ ᠮᠥ ᠠᠯᠳᠠᠭᠠᠨ᠎ᠠ | ᠬᠠᠶᠢᠲᠠᠩ ᠤᠨ ᠠᠵᠤ ᠠᠬᠤᠶ ᠶᠢᠨ ᠣᠶ ᠶᠢ ᠪᠦᠳᠦᠬᠡᠨ ᠪᠠᠶᠢᠭᠤᠯᠤᠨ᠂᠂᠂᠂᠂᠂ ᠪᠠᠭᠠᠷᠢᠨ ᠪᠠᠷᠠᠭᠤᠨ ᠬᠤᠰᠢᠭᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ᠶᠡᠭᠡ | ᠰᠡᠳᠬᠢᠮᠵᠢ ᠲᠠᠢ ᠪᠠᠶᠢᠵᠤ᠂ ᠣᠲᠣ ᠶᠠᠭ ᠠᠯᠬᠤᠮ ᠠᠯᠬᠤᠮ ᠢᠶᠠᠷ ᠶᠡᠭᠡ ᠠᠵᠢᠯ ᠬᠢᠵᠦ ᠪᠠᠶᠢᠨ᠎ᠠ᠃ | ᠲᠣᠰ ᠤᠳᠠᠭᠠᠨ ᠤ ᠦᠢᠯᠡᠳᠦᠯᠭᠡ ᠶᠢᠨ ᠠᠵᠢᠯᠯᠠᠭ᠎ᠠ ᠶᠢ ᠡᠷᠭᠢᠯᠡᠭᠰᠡᠨ ᠨᠢ ᠪᠠᠭᠠᠷᠢᠨ ᠪᠠᠷᠠᠭᠤᠨ | ᠬᠤᠰᠢᠭᠤᠨ ᠤ ᠬᠢᠨ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ᠂ ᠶᠡᠷᠦᠩᠬᠡᠶ ᠱᠦᠵᠢ | ᠰᠢ ᠶᠢᠨ ᠫᠢᠩ ᠤᠨ ᠡᠯᠡᠰᠦᠷᠬᠡᠭᠵᠢᠯ ᠢ ᠰᠡᠷᠭᠡᠶᠢᠯᠡᠵᠦ ᠡᠯᠡᠰᠦᠷᠬᠡᠭᠵᠢᠯ ᠢ ᠵᠠᠰᠠᠬᠤ ᠪᠠ ︽ᠭᠤᠷᠪᠠᠨ ᠤᠮᠠᠷᠠᠲᠤ ᠤᠷᠤᠨ︾ | ᠤ ᠢᠨᠵᠧᠨᠧᠷᠢᠩ ᠤᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠣᠣᠱᠯᠠᠭᠤᠯᠵᠣ᠂ | ᠭᠤᠤᠯ ᠰᠡᠳᠦᠪᠲᠦ ᠬᠥᠮᠦᠵᠢᠯ ᠥᠷᠨᠢᠭᠦᠯᠬᠦ ᠶᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ | ᠠᠮᠤᠷ ᠲᠦᠪᠰᠢᠨ ᠤ ᠬᠠᠯᠬᠠᠪᠴᠢ ᠶᠢ ᠪᠥᠲᠥᠭᠡᠨ ᠪᠠᠶᠢᠭᠤᠯᠬᠤ ᠲᠠᠢ ᠤᠶᠠᠯᠳᠤᠭᠤᠯᠵᠤ᠂ ᠭᠤᠤᠯ ᠰᠡᠳᠦᠪᠲᠦ | ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠠᠮᠢᠳᠤᠯᠢᠭ ᠦᠢᠯᠡᠳᠦᠯᠭᠡ ᠪᠣᠯᠬᠤ ᠶᠢ ᠬᠦᠢᠴᠡᠳ | ᠬᠠᠷᠠᠭᠤᠯᠪᠠ᠃ ᠡᠭᠦᠨ ᠤ ᠵᠣᠷᠢᠯᠭ᠎ᠠ ᠨᠢ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢᠶᠠᠷ ᠪᠥᠬᠦ ᠬᠤᠰᠢᠭᠤᠨ ᠤ | ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ ᠳᠠᠶᠢᠴᠢᠯᠠᠨ ᠡᠯᠡᠰᠦᠷᠬᠡᠭᠵᠢᠯ ᠢ ᠰᠡᠷᠭᠡᠶᠢᠯᠡᠨ | ᠡᠯᠡᠰᠦᠷᠬᠡᠭᠵᠢᠯ ᠢ ᠵᠠᠰᠠᠬᠤ ᠠᠵᠢᠯ ᠳᠤ ᠢᠳᠡᠪᠬᠢᠲᠡᠶ ᠣᠷᠣᠯᠴᠠᠭᠤᠯᠵᠤ᠂ ᠬᠤᠷᠴᠢᠨ ᠤ ᠡᠯᠡᠰᠦᠷᠬᠡᠭ ᠭᠠᠵᠠᠷ ᠢ | ᠤᠰᠠᠳᠬᠠᠬᠤ ᠳᠠᠶᠢᠯᠠᠯᠳᠤᠭᠠᠨ ᠤ ᠢᠯᠠᠯᠲᠠ ᠶᠢ ᠤᠯᠬᠤ ᠢᠲᠡᠭᠡᠯ ᠵᠣᠷᠢᠭ ᠢ ᠪᠠᠲᠤᠳᠬᠠᠵᠤ᠂ ᠰᠢ ᠶᠢᠨ ᠫᠢᠩ ᠤᠨ ᠠᠮᠢ | ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠠᠭᠠᠷᠢᠨ ᠤ ᠡᠬᠡ ᠭᠠᠵᠠᠷ ᠲᠤ ᠦᠨᠳᠦᠰᠦᠯᠡᠭᠦᠯᠵᠦ᠂ ᠴᠡᠴᠡᠭᠯᠡᠭᠦᠯᠦᠨ | ᠵᠢᠮᠢᠰᠯᠡᠭᠦᠯᠬᠦ ᠶᠢᠨ ᠲᠥᠯᠥᠭᠡ ᠶᠤᠮ᠃ |