ᠰᠢᠪᠧᠷᠢᠶ᠎ᠠ ᠶᠢᠨ ᠭᠦᠢᠯᠡᠰᠦ ᠵᠡᠷᠭᠡ ᠭᠤᠷᠪᠠᠨ ᠵᠦᠢᠯ ᠤᠨ ᠠᠮᠢ ᠠᠬᠤᠢ ᠶᠢᠨ ᠠᠵᠤ ᠠᠬᠤᠢ ᠶᠢᠨ ᠬᠡᠯᠪᠡᠷᠢ ᠶᠢᠨ | ᠪᠣᠳᠠ ᠮᠣᠳᠣᠨ ᠤ ᠦᠷ᠎ᠡ ᠡᠳ᠋ ᠤᠨ ᠡᠬᠢ ᠪᠠᠶᠠᠯᠢᠭ ᠢ ᠴᠤᠭᠯᠠᠭᠤᠯᠤᠨ ᠦᠨᠡᠯᠡᠵᠦ᠂ ᠰᠢᠯᠢᠳᠡᠭ ᠡᠭᠦᠯᠳᠡᠷ ᠢ ᠡᠭᠦᠳᠬᠦ | ᠪᠠ ᠬᠡᠷᠡᠭᠯᠡᠬᠦ︾ ᠶᠢ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠤᠢ | ᠰᠢᠭᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠠᠵᠤ ᠠᠬᠤᠢ ᠶᠢᠨ ᠤᠢ ᠰᠤᠳᠤᠯᠬᠤ ᠭᠠᠵᠠᠷ | ᠵᠡᠷᠭᠡ ᠨᠢᠭᠡᠴᠢ ᠬᠠᠮᠲᠤᠪᠠᠷ ᠪᠡᠶᠡᠯᠡᠭᠦᠯᠵᠦ᠂ 2022 ᠣᠨ ᠤ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠳᠠᠪᠰᠢᠯᠲᠠ ᠶᠢᠨ ᠬᠤᠶᠠᠳᠤᠭᠠᠷ ᠳᠡᠰ ᠤᠨ ᠱᠠᠩᠨᠠᠯ ᠭᠥᠷᠳᠡᠪᠡ᠃ ᠲᠤᠰ ᠲᠦᠷᠦᠯ ᠵᠦᠢᠯ ᠨᠢ | ᠰᠢᠪᠧᠷᠢᠶ᠎ᠠ ᠶᠢᠨ ᠬᠦᠢᠯᠡᠰᠦ᠂ ᠤᠷᠲᠤ ᠪᠠᠷᠢᠭᠤᠯᠲᠤ ᠬᠠᠪᠳᠠᠭᠠᠢ ᠲᠤᠭᠤᠷ᠂ ᠪᠠᠷᠠᠭᠤᠨ ᠤᠷᠤᠨ ᠤ ᠡᠯᠡᠰᠦᠨ | ᠢᠩᠲᠣᠣᠷ ᠤᠨ ᠦᠷ᠎ᠡ ᠶᠢᠨ ᠡᠬᠢ ᠪᠠᠶᠠᠯᠢᠭ ᠢ ᠴᠤᠭᠯᠠᠭᠤᠯᠬᠤ᠂ ᠦᠨᠡᠯᠡᠬᠦ ᠪᠠ ᠬᠢᠨᠠᠨ ᠲᠣᠭᠲᠠᠭᠠᠬᠤ ᠠᠵᠢᠯ ᠢ | ᠥᠷᠨᠢᠭᠦᠯᠵᠦ᠂ ᠴᠢᠨᠠᠷ ᠰᠠᠶᠢᠲᠠᠢ ᠥᠨᠳᠥᠷ ᠤᠨᠠᠯᠲᠠ ᠲᠠᠢ ᠰᠢᠯᠢᠳᠡᠭ ᠡᠭᠦᠯᠳᠡᠷ ᠢ ᠪᠤᠶᠢᠵᠢᠭᠤᠯᠵᠤ᠂ ᠰᠠᠶᠢᠨ | ᠡᠭᠦᠯᠳᠡᠷ ᠢ ᠲᠦᠷᠭᠡᠨ ᠦᠷᠡᠵᠢᠭᠦᠯᠬᠦ ᠪᠠ ᠥᠨᠳᠥᠷ ᠦᠷ᠎ᠡ ᠠᠰᠢᠭ ᠲᠠᠢ ᠪᠤᠶᠢᠵᠢᠭᠤᠯᠬᠤ ᠮᠡᠷᠭᠡᠵᠢᠯ ᠤᠨ ᠰᠢᠰᠲ᠋ᠧᠮ ᠢ | ᠪᠠᠶᠢᠭᠤᠯᠵᠤ᠂ ᠶᠡᠭᠡ ᠬᠡᠪᠴᠢᠶ᠎ᠡ ᠪᠠᠷ ᠳᠡᠯᠭᠡᠷᠡᠭᠦᠯᠦᠨ ᠬᠡᠷᠡᠭᠯᠡᠵᠡᠢ᠃ ᠰᠢᠯᠢᠳᠡᠭ ᠦᠷ᠎ᠡ ᠶᠢᠨ ᠲᠦᠷᠭᠡᠨ ᠦᠷᠡᠵᠢᠭᠦᠯᠬᠦ | ᠮᠡᠷᠭᠡᠵᠢᠯ ᠤᠨ ᠰᠢᠰᠲ᠋ᠧᠮ ᠪᠣᠯᠤᠨ ᠬᠢᠯᠪᠠᠷᠴᠢᠯᠠᠭᠰᠠᠨ ᠲᠠᠷᠢᠬᠤ ᠵᠠᠭᠪᠤᠷ ᠢ ᠪᠤᠢ ᠪᠣᠯᠭᠠᠭᠰᠠᠨ ᠪᠠᠶᠢᠨ᠎ᠠ᠃ ᠭᠤᠷᠪᠠᠨ | ᠵᠦᠢᠯ ᠤᠨ ᠪᠣᠳᠠ ᠮᠣᠳᠣ ᠶᠢ ᠲᠦᠷᠭᠡᠨ ᠦᠷᠡᠵᠢᠭᠦᠯᠬᠦ ᠮᠡᠷᠭᠡᠵᠢᠯ ᠤᠨ ᠰᠢᠰᠲ᠋ᠧᠮ ᠢ ᠰᠤᠳᠤᠯᠤᠨ ᠨᠡᠭᠡᠭᠡᠵᠦ᠂ 2221. | 64 ᠲᠦᠮᠡᠨ ᠰᠠᠭᠤᠷᠢ ᠴᠢᠬᠢ ᠮᠣᠳᠣ ᠶᠢ ᠪᠤᠶᠢᠵᠢᠭᠤᠯᠪᠠ︔ ᠠᠮᠠᠷᠬᠠᠨ ᠲᠠᠷᠢᠵᠤ ᠪᠤᠶᠢᠵᠢᠭᠤᠯᠬᠤ ᠵᠠᠭᠪᠤᠷ ᠢ | ᠰᠤᠳᠤᠯᠤᠨ ᠨᠡᠭᠡᠭᠡᠵᠦ᠂ ᠤᠯᠠᠮᠵᠢᠯᠠᠯᠲᠤ ᠲᠠᠷᠢᠵᠤ ᠪᠤᠶᠢᠵᠢᠭᠤᠯᠬᠤ ᠲᠠᠢ ᠬᠠᠷᠢᠴᠠᠭᠤᠯᠪᠠᠯ ᠦᠢᠯᠡᠳᠪᠦᠷᠢᠯᠡᠯ ᠤᠨ ᠦᠷ᠎ᠡ | ᠪᠦᠲᠦᠮᠵᠢ ᠶᠢ 70 ᠲᠠᠬᠢᠨ ᠳᠡᠭᠡᠭᠰᠢᠯᠡᠭᠦᠯᠵᠦ᠂ ᠰᠢᠯᠢᠳᠡᠭ ᠡᠭᠦᠯᠳᠡᠷ ᠵᠢᠴᠢ ᠢᠵᠢ ᠪᠦᠷᠢᠳᠦᠭᠦᠯᠦᠨ ᠲᠠᠷᠢᠬᠤ | ᠮᠡᠷᠭᠡᠵᠢᠯ ᠢ ᠳᠡᠯᠭᠡᠷᠡᠭᠦᠯᠦᠨ ᠬᠡᠷᠡᠭᠯᠡᠪᠡ᠃ ᠥᠨᠳᠥᠷ ᠨᠡᠮᠡᠯᠲᠡ ᠥᠷᠲᠡᠭᠲᠦ ᠮᠣᠳᠣᠯᠢᠭ ᠠᠮᠤ ᠲᠣᠰᠣᠨ ᠤ | ᠪᠦᠲᠦᠭᠡᠭᠳᠡᠬᠦᠨ ᠢ ᠰᠤᠳᠤᠯᠤᠨ ᠨᠡᠭᠡᠭᠡᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠪᠠ᠃ ᠵᠠᠬ᠎ᠠ ᠳᠡᠯᠭᠡᠭᠦᠷ ᠲᠤ | ᠳᠤᠲᠠᠭᠳᠠᠵᠤ ᠪᠠᠶᠢᠭ᠎ᠠ ᠴᠢᠨᠠᠷ ᠰᠠᠶᠢᠲᠠᠢ ᠭᠦᠢᠯᠡᠰᠦᠨ ᠴᠥᠮ᠎ᠡ ᠶᠢᠨ ᠲᠣᠰᠣ ᠶᠢ ᠰᠤᠳᠤᠯᠤᠨ ᠨᠡᠭᠡᠭᠡᠵᠦ᠂ ᠬᠠᠨᠤᠮᠠᠯ | ᠪᠤᠰᠤ ᠥᠭᠡᠬᠦᠨ ᠬᠦᠴᠢᠯ ᠤᠨ ᠠᠭᠤᠯᠤᠭᠳᠠᠴᠠ 92% ᠲᠤ ᠬᠦᠷᠴᠦ᠂ ᠠᠶᠤᠯᠭᠦᠢ ᠥᠭᠡᠬᠦᠨ ᠬᠦᠴᠢᠯ ᠤᠨ | ᠲᠣᠰᠣᠯᠢᠭ ᠬᠦᠴᠢᠯ 75% ᠳᠤ ᠬᠦᠷᠪᠡ᠃ ᠭᠦᠢᠯᠡᠰᠦᠨ ᠴᠥᠮ᠎ᠡ ᠶᠢᠨ ᠤᠭᠤᠷᠠᠭ ᠤᠨ ᠳᠣᠲᠣᠷᠠᠬᠢ ᠪᠦᠳᠦᠭᠦᠯᠢᠭ | ᠤᠭᠤᠷᠠᠭ ᠤᠨ ᠠᠭᠤᠯᠤᠭᠳᠠᠴᠠ 68% ᠳᠤ ᠬᠦᠷᠴᠦ᠂ ᠡᠭᠦᠨ ᠳᠤ ᠡᠮ ᠳᠤ ᠬᠡᠷᠡᠭᠯᠡᠬᠦ ᠰᠢᠪᠲᠦᠷᠲᠤ ᠬᠦᠴᠢᠯ | 69% ᠳᠤ ᠬᠦᠷᠴᠦ᠂ ᠠᠮᠠᠷᠬᠠᠨ ᠰᠢᠩᠭᠡᠭᠡᠯᠲᠡ ᠶᠢᠨ ᠵᠢᠵᠢᠭ ᠮᠣᠯᠧᠺᠦ᠋ᠯ ᠤᠨ ᠤᠭᠤᠷᠠᠭ 80% ᠠᠴᠠ | ᠲᠡᠭᠡᠭᠡᠰᠢ ᠳᠤ ᠬᠦᠷᠴᠡᠢ᠃ |