ᠡᠨᠡ ᠵᠢᠯ ᠤᠨ 6 ᠰᠠᠷ᠎ᠠ ᠳᠤ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠪᠠᠶᠠᠨᠨᠠᠭᠤᠷ | ᠬᠤᠳᠠ ᠳᠤ ᠰᠢᠨᠵᠢᠯᠡᠨ ᠪᠠᠶᠢᠴᠠᠭᠠᠭᠰᠠᠨ ᠪᠥᠭᠡᠳ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ | ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ | ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ | ᠬᠢᠬᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ | ᠰᠢᠨ᠎ᠡ ᠭᠠᠶᠢᠬᠠᠮᠰᠢᠭ ᠢ ᠡᠭᠦᠳᠬᠦ ᠶᠡᠷᠦᠩᠬᠡᠢ ᠳᠠᠶᠢᠴᠢᠯᠠᠯᠲᠠ ᠶᠢᠨ ᠵᠠᠷᠯᠢᠭ ᠪᠠᠭᠤᠯᠭᠠᠭᠰᠠᠨ ᠪᠠᠶᠢᠨ᠎ᠠ᠃ | ᠳᠠᠶᠢᠴᠢᠯᠠᠯᠲᠠ ᠶᠢᠨ ᠵᠠᠷᠯᠢᠭ ᠪᠠᠭᠤᠮᠠᠭᠴᠠ ᠣᠷᠣᠨ ᠳᠠᠶᠠᠭᠠᠷ ᠢᠶᠠᠨ ᠦᠳᠲᠡᠷ ᠲᠦᠷᠭᠡᠨ ᠬᠥᠳᠡᠯᠦᠯᠴᠡᠵᠦ᠂ | ᠥᠪᠡᠷᠲᠡᠭᠡᠨ ᠵᠠᠰᠠᠬᠤ ᠣᠷᠣᠨ ᠵᠢᠴᠢ ᠡᠯ᠎ᠡ ᠠᠶᠢᠮᠠᠭ ᠬᠤᠲᠠ ᠴᠥᠮ ︽ᠤᠮᠠᠷᠠᠲᠤ ᠶᠢᠨ ᠭᠤᠷᠪᠠᠨ ᠣᠷᠣᠨ︾ ᠵᠡᠷᠭᠡ | ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠤᠳᠤᠷᠢᠳᠬᠤ | ᠳᠤᠭᠤᠶᠢᠯᠠᠩ ᠢ ᠪᠠᠶᠢᠭᠤᠯᠵᠤ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠵᠢᠷᠭᠤᠳᠤᠭᠠᠷ | ᠬᠤᠭᠤᠴᠠᠭᠠᠨ ᠤ ᠲᠥᠯᠦᠪᠵᠢᠭᠦᠯᠭᠡ ᠪᠣᠯᠣᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ | ᠬᠡᠷᠡᠭᠵᠢᠭᠦᠯᠬᠦ ᠲᠥᠰᠥᠯ ᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠬᠦ ᠶᠢᠨ ᠬᠠᠮᠲᠤ ᠥᠨᠳᠥᠷ ᠲᠦᠪᠰᠢᠨ ᠠᠴᠠ | ᠪᠠᠶᠢᠷᠢᠯᠠᠭᠤᠯᠤᠨ᠂ ᠥᠨᠳᠥᠷ ᠳᠠᠪᠲᠠᠮᠵᠢ ᠪᠠᠷ ᠲᠣᠬᠢᠷᠠᠭᠤᠯᠵᠤ᠂ ᠥᠨᠳᠥᠷ ᠦᠷ᠎ᠡ ᠪᠦᠲᠦᠮᠵᠢᠲᠡᠶ ᠪᠠᠷ | ᠨᠠᠶᠢᠳᠠᠪᠤᠷᠢᠵᠢᠭᠤᠯᠤᠭᠰᠠᠨ ᠠᠴᠠ ᠥᠷᠭᠡᠨ ᠠᠭᠤᠳᠠᠮ ᠥᠪᠥᠷ ᠮᠣᠩᠭᠤᠯ ᠳᠤ ︽ᠤᠮᠠᠷᠠᠲᠤ ᠶᠢᠨ ᠭᠤᠷᠪᠠᠨ ᠣᠷᠣᠨ︾ | ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠰᠦᠷ ᠳᠠᠯᠠᠶᠢᠴᠠᠲᠠᠢ ᠡᠬᠢᠯᠡᠪᠡ᠃ | 8 ᠰᠠᠷ᠎ᠠ ᠶᠢᠨ 12 ᠤᠨ ᠡᠳᠦᠷ᠂ ᠤᠯᠠᠭᠠᠨᠬᠠᠳᠠ ᠬᠤᠲᠠ ᠬᠤᠷᠴᠢᠨ ᠤ ᠡᠯᠡᠰᠦᠷᠬᠡᠭ ᠭᠠᠵᠠᠷ ᠪᠣᠯᠣᠨ ᠬᠤᠯᠠᠨ | ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠲᠦᠢᠯᠪᠤᠷᠢᠲᠠᠢ ᠵᠠᠰᠠᠬᠤ ᠳᠠᠶᠢᠯᠠᠯᠳᠤᠭᠠᠨ ᠢ ᠪᠦᠭᠦ ᠲᠠᠯ᠎ᠠ ᠪᠠᠷ | ᠡᠬᠢᠯᠡᠭᠦᠯᠵᠦ᠂ ᠪᠦᠭᠦ ᠬᠤᠲᠠ ᠶᠢᠨ ᠡᠯᠡᠰᠦᠷᠬᠡᠭ ᠭᠠᠵᠠᠷ ᠤᠨ ᠵᠠᠰᠠᠯᠲᠠ ᠶᠢ ᠬᠤᠷᠴᠢᠨ ᠤ ᠡᠯᠡᠰᠦᠷᠬᠡᠭ ᠭᠠᠵᠠᠷ ᠤᠨ ︽ | ᠬᠤᠶᠠᠷ ᠭᠤᠣᠯ ᠤᠨ ᠰᠠᠪᠠ ᠭᠠᠵᠠᠷ︾ ᠤᠨ ᠳᠤᠮᠳᠠ ᠬᠡᠰᠡᠭ ᠤᠨ ᠣᠷᠣᠨ ᠪᠦᠰᠡ ᠶᠢᠨ ᠵᠠᠰᠠᠯᠲᠠ ᠶᠢᠨ ᠣᠷᠣᠨ᠂ | ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠵᠠᠰᠠᠯᠲᠠ ᠶᠢᠨ ᠣᠷᠣᠨ᠂ ᠬᠤᠷᠴᠢᠨ ᠤ ᠡᠯᠡᠰᠦᠷᠬᠡᠭ | ᠭᠠᠵᠠᠷ ᠤᠨ ᠰᠢᠷᠠᠮᠥ᠋ᠷᠡᠨ ᠭᠤᠣᠯ ᠤᠨ ᠬᠤᠶᠢᠲᠤ ᠲᠠᠨᠵᠢ ᠶᠢᠨ ᠵᠠᠰᠠᠯᠲᠠ ᠶᠢᠨ ᠣᠷᠣᠨ᠂ ᠬᠤᠷᠴᠢᠨ ᠤ ᠡᠯᠡᠰᠦᠷᠬᠡᠭ | ᠭᠠᠵᠠᠷ ᠤᠨ ᠯᠤᠤᠬ᠎ᠠ ᠶᠢᠨ ᠭᠤᠣᠯ ᠤᠨ ᠡᠮᠦᠨ᠎ᠡ ᠲᠠᠨᠵᠢ ᠶᠢᠨ ᠵᠠᠰᠠᠯᠲᠠ ᠶᠢᠨ ᠣᠷᠣᠨ ᠵᠡᠷᠭᠡ ︽ᠳᠥᠷᠪᠡᠨ ᠶᠡᠭᠡ | ᠪᠠᠶᠢᠯᠳᠤᠭᠠᠨ ᠤ ᠣᠷᠣᠨ︾ ᠪᠣᠯᠭᠠᠨ ᠬᠤᠪᠢᠶᠠᠪᠠ᠃ ᠬᠤᠶᠠᠷ ᠶᠡᠭᠡ ᠡᠯᠡᠰᠦᠷᠬᠡᠭ ᠭᠠᠵᠠᠷ ᠢ ᠲᠦᠢᠯᠪᠤᠷᠢᠲᠠᠢ ᠵᠠᠰᠠᠬᠤ | ᠳᠠᠶᠢᠯᠠᠯᠳᠤᠭᠠᠨ ᠢ ᠡᠬᠢᠯᠡᠭᠦᠯᠦᠭᠰᠡᠨ ᠠᠴᠠ ᠨᠠᠭᠠᠰᠢ ᠤᠯᠠᠭᠠᠨᠬᠠᠳᠠ ᠬᠤᠲᠠ ᠨᠢᠭᠡᠨᠲᠡ 21.23 ᠲᠦᠮᠡᠨ ᠮᠦ | ᠡᠯᠡᠰᠦᠷᠬᠡᠭᠵᠢᠭᠰᠡᠨ ᠭᠠᠵᠠᠷ ᠢ ᠵᠠᠰᠠᠵᠤ᠂ ᠡᠨᠡ ᠵᠢᠯ ᠤᠨ ᠳᠣᠲᠣᠷ᠎ᠠ ᠳᠠᠭᠢᠨ 18.75 ᠲᠦᠮᠡᠨ ᠮᠦ ᠡᠯᠡᠰᠦᠷᠬᠡᠭᠵᠢᠭᠰᠡᠨ | ᠭᠠᠵᠠᠷ ᠢ ᠵᠠᠰᠠᠬᠤ ᠪᠠᠷ ᠬᠦᠴᠦᠯᠡᠵᠦ ᠪᠠᠶᠢᠨ᠎ᠠ᠃ | ᠲᠦᠩᠯᠢᠶᠣᠣ ᠬᠤᠲᠠ ︽ᠬᠤᠶᠢᠲᠤ ᠬᠡᠰᠡᠭ ᠢᠶᠠᠷ ᠬᠠᠮᠠᠭᠠᠯᠠᠬᠤ᠂ ᠳᠤᠮᠳᠠ ᠬᠡᠰᠡᠭ ᠢᠶᠠᠷ ᠤᠰᠤ ᠠᠷᠪᠢᠯᠠᠬᠤ᠂ | ᠡᠮᠦᠨ᠎ᠡ ᠬᠡᠰᠡᠭ ᠢᠶᠠᠷ ᠡᠯᠡᠰᠦ ᠶᠢ ᠵᠠᠰᠠᠬᠤ︾ ᠠᠮᠢ ᠠᠬᠤᠢ ᠶᠢᠨ ᠬᠥᠭᠵᠢᠯᠲᠡ ᠶᠢᠨ ᠰᠡᠳᠬᠢᠴᠡ ᠶᠣᠰᠣᠭᠠᠷ 2023 - | 2030 ᠣᠨ ᠤ ᠬᠤᠷᠴᠢᠨ ᠤ ᠡᠯᠡᠰᠦᠷᠬᠡᠭ ᠭᠠᠵᠠᠷ ᠢ ᠲᠦᠢᠯᠪᠤᠷᠢᠲᠠᠢ ᠵᠠᠰᠠᠬᠤ ᠶᠡᠷᠦᠩᠬᠡᠢ ᠲᠥᠯᠦᠪᠵᠢᠭᠦᠯᠭᠡ ᠶᠢ | ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ︽ᠲᠠᠪᠤᠨ ᠮᠢᠩᠭᠠᠨ ᠲᠦᠮᠡ︾ ᠶᠢᠨ ᠢᠨᠵᠧᠨᠧᠷᠢᠩ ᠢ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ︽ᠲᠠᠪᠤᠨ ᠶᠡᠭᠡ ᠠᠵᠤ ᠦᠢᠯᠡᠰ︾ ᠢ ᠪᠦᠭᠦ ᠬᠦᠴᠦᠨ ᠢᠶᠠᠷ ᠢᠶᠠᠨ | ᠬᠥᠭᠵᠢᠭᠦᠯᠵᠦ ᠪᠠᠶᠢᠨ᠎ᠠ᠃ ᠭᠡᠬᠦ ᠳᠡᠭᠡᠨ ᠭᠤᠣᠯᠳᠠᠯᠭ᠎ᠠ ᠲᠠᠢ ᠵᠠᠰᠠᠯᠲᠠ ᠶᠢ ᠲᠣᠪᠤᠶᠢᠯᠭᠠᠨ᠂ ᠨᠡᠶᠢᠭᠡᠮ ᠤᠨ ᠡᠯ᠎ᠡ | ᠲᠠᠯ᠎ᠠ ᠶᠢᠨ ᠬᠦᠴᠦᠨ ᠢ ᠳᠠᠶᠢᠴᠢᠯᠠᠵᠤ᠂ ᠬᠤᠷᠴᠢᠨ ᠤ ᠡᠯᠡᠰᠦᠷᠬᠡᠭ ᠭᠠᠵᠠᠷ ᠢ ᠲᠦᠢᠯᠪᠤᠷᠢᠲᠠᠢ ᠵᠠᠰᠠᠬᠤ | ᠳᠠᠶᠢᠯᠠᠯᠳᠤᠭᠠᠨ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ ᠡᠬᠢᠯᠡᠯ᠎ᠡ᠃ | 8 ᠰᠠᠷ᠎ᠠ ᠶᠢᠨ 17 ᠤ ᠡᠳᠦᠷ᠂ ᠤᠯᠠᠭᠠᠨᠴᠠᠪ ᠬᠤᠲᠠ ︽ᠤᠮᠠᠷᠠᠲᠤ ᠶᠢᠨ ᠭᠤᠷᠪᠠᠨ ᠣᠷᠣᠨ︾ ᠵᠡᠷᠭᠡ | ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠵᠢᠴᠢ ᠥᠪᠥᠷ | ᠮᠣᠩᠭᠤᠯ ᠤᠨ ᠵᠡᠭᠦᠨ ᠬᠡᠰᠡᠭ ᠤᠨ ᠲᠠᠯ᠎ᠠ ᠨᠤᠲᠤᠭ ᠤᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠬᠤᠶᠠᠳᠤᠭᠠᠷ | ᠬᠤᠭᠤᠴᠠᠭᠠᠨ ᠤ ᠲᠥᠷᠥᠯ ᠵᠦᠢᠯ ᠢ ᠡᠬᠢᠯᠡᠭᠦᠯᠵᠦ᠂ ᠰᠢᠨ᠎ᠡ ᠨᠢᠭᠡ ᠡᠭᠡᠯᠵᠢ ᠶᠢᠨ ︽ᠤᠮᠠᠷᠠᠲᠤ ᠶᠢᠨ ᠭᠤᠷᠪᠠᠨ ᠣᠷᠣᠨ | ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠪᠡ᠃ | ᠲᠤᠰ ᠬᠤᠲᠠ ︽ᠬᠠᠲᠤᠨ ᠭᠤᠣᠯ ᠤᠨ ︿ᠶᠡᠭᠡ ᠲᠣᠬᠤᠢ﹀ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ | ᠬᠡᠷᠡᠭᠵᠢᠭᠦᠯᠬᠦ ᠲᠥᠰᠥᠯ︾ ᠪᠣᠯᠣᠨ ︽ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠲᠦᠢᠯᠪᠤᠷᠢᠲᠠᠢ ᠵᠠᠰᠠᠬᠤ | ᠳᠠᠶᠢᠯᠠᠯᠳᠤᠭᠠᠨ ᠤ ᠬᠡᠷᠡᠭᠵᠢᠭᠦᠯᠬᠦ ᠲᠥᠰᠥᠯ︾ ᠢ ᠨᠢᠭᠡᠨᠲᠡ ᠨᠠᠶᠢᠷᠠᠭᠤᠯᠤᠨ ᠵᠣᠬᠢᠶᠠᠵᠤ᠂ ᠣᠳᠣᠬᠠᠨ ᠪᠤᠯᠲᠠᠯ᠎ᠠ 76. | 21 ᠲᠦᠮᠡᠨ ᠮᠦ ᠶᠢᠨ ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠬᠢᠵᠦ᠂ | ᠨᠢᠭᠡᠨᠲᠡ ᠵᠢᠯ ᠤᠨ ᠡᠭᠦᠷᠭᠡ ᠶᠢᠨ ᠢᠶᠠᠨ 95.74% ᠶᠢ ᠪᠡᠶᠡᠯᠡᠭᠦᠯᠪᠡ᠃ ᠰᠢᠯᠢ ᠶᠢᠨ ᠭᠤᠣᠯ ᠠᠶᠢᠮᠠᠭ ᠪᠦᠬᠦᠯᠢ | ᠴᠣᠭᠴᠠ ᠪᠠᠷ ᠨᠢ ᠠᠬᠢᠭᠤᠯᠬᠤ᠂ ᠣᠷᠣᠨ ᠬᠤᠪᠢᠶᠠᠵᠤ ᠵᠠᠰᠠᠬᠤ᠂ ᠶᠡᠷᠦᠩᠬᠡᠶᠢᠯᠡᠨ ᠵᠠᠰᠠᠬᠤ ᠵᠠᠷᠴᠢᠮ ᠶᠣᠰᠣᠭᠠᠷ ᠪᠦᠭᠦ | ᠠᠶᠢᠮᠠᠭ ᠤᠨ ᠬᠡᠪᠴᠢᠶᠡᠨ ᠳᠠᠬᠢ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ︽ᠲᠠᠪᠤᠨ ᠣᠷᠣᠨ ᠬᠤᠶᠠᠷ | ᠪᠦᠰᠡ ᠣᠯᠠᠨ ᠴᠡᠭ︾ ᠪᠣᠯᠭᠠᠨ ᠬᠤᠪᠢᠶᠠᠪᠠ᠃ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠲᠦᠢᠯᠪᠤᠷᠢᠲᠠᠢ | ᠵᠠᠰᠠᠬᠤ ᠳᠠᠶᠢᠯᠠᠯᠳᠤᠭᠠᠨ ᠢ ᠡᠬᠢᠯᠡᠭᠦᠯᠦᠭᠰᠡᠨ ᠠᠴᠠ ᠨᠠᠭᠠᠰᠢ ᠭᠤᠣᠯᠳᠠᠭᠤ ᠥᠪᠥᠷ ᠮᠣᠩᠭᠤᠯ ᠤᠨ ᠵᠡᠭᠦᠨ ᠬᠡᠰᠡᠭ ᠤᠨ | ᠲᠠᠯ᠎ᠠ ᠨᠤᠲᠤᠭ ᠤᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠳᠤ ᠲᠦᠰᠢᠭᠯᠡᠨ ᠡᠯᠡᠰᠦᠷᠬᠡᠭ ᠭᠠᠵᠠᠷ ᠢ 34.3 | ᠲᠦᠮᠡᠨ ᠮᠦ ᠵᠠᠰᠠᠵᠤ᠂ ᠡᠨᠡ ᠨᠠᠮᠤᠷ ᠮᠠᠯᠴᠢᠨ ᠲᠠᠷᠢᠶᠠᠴᠢᠨ ᠵᠢᠴᠢ ᠬᠤᠷᠰᠢᠭᠰᠠᠨ ᠵᠣᠬᠢᠶᠠᠨ ᠪᠠᠶᠢᠭᠤᠯᠤᠯᠲᠠ ᠶᠢᠨ | ᠣᠷᠤᠯᠴᠠᠯᠭ᠎ᠠ ᠪᠠᠷ ᠭᠤᠣᠯ ᠠᠷᠭ᠎ᠠ ᠭᠡᠯᠪᠡᠷᠢ ᠪᠣᠯᠭᠠᠨ ᠳᠠᠭᠢᠨ 6 ᠲᠦᠮᠡᠨ ᠮᠦ ᠡᠯᠡᠰᠦᠷᠬᠡᠭ ᠭᠠᠵᠠᠷ ᠢ ᠵᠠᠰᠠᠬᠤ ᠪᠠᠷ | ᠲᠥᠯᠥᠪᠯᠡᠵᠦ ᠪᠠᠶᠢᠨ᠎ᠠ᠃ | ᠣᠷᠳᠣᠰ ᠬᠤᠲᠠ ︽ᠬᠠᠲᠤᠨ ᠭᠤᠣᠯ ᠤᠨ ︿ᠶᠡᠭᠡ ᠲᠣᠬᠤᠢ﹀ ᠶᠢᠨ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠵᠤ᠂ 8 ᠵᠦᠢᠯ ᠤᠨ | ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠬᠦ ᠶᠢᠨ ᠬᠠᠮᠲᠤ ᠱᠠᠯᠠᠪᠳᠠᠨ ᠠᠵᠢᠯᠯᠠᠵᠤ᠂ ᠲᠥᠪᠯᠡᠷᠡᠭᠦᠯᠦᠨ ᠪᠣᠭᠤᠮᠲᠠ | ᠰᠢᠪᠲᠤᠯᠬᠤ ᠶᠢ ᠴᠢᠩᠭ᠎ᠠ ᠠᠳᠬᠤᠪᠠ᠃ 7 ᠰᠠᠷ᠎ᠠ ᠶᠢᠨ 30 ᠤ ᠡᠳᠦᠷ ᠠᠴᠠ ᠡᠬᠢᠯᠡᠨ ᠪᠦᠭᠦ ᠬᠤᠲᠠ ᠶᠢᠨ ᠡᠯ᠎ᠡ | ᠭᠠᠵᠠᠷ ᠤᠨ ᠬᠢᠨ ᠵᠠᠯᠭᠠᠭ᠎ᠠ ᠪᠠᠷ ᠳᠠᠶᠢᠴᠢᠯᠠᠯᠲᠠ ᠶᠢᠨ ᠬᠤᠷᠠᠯ ᠬᠢᠵᠦ᠂ ᠬᠥᠪᠴᠢ ᠶᠢᠨ ᠡᠯᠡᠰᠦ ᠶᠢ ᠡᠮᠵᠢᠶᠡᠷᠢᠯᠡᠬᠦ ᠤᠢ | ᠡᠪᠡᠰᠦᠨ ᠤ ᠪᠦᠰᠡ᠂ ᠮᠤᠤᠠᠤᠰᠤ ᠶᠢᠨ ᠡᠯᠡᠰᠦᠷᠬᠡᠭ ᠭᠠᠵᠠᠷ ᠤᠨ ᠲᠥᠪᠯᠡᠷᠡᠨ ᠵᠠᠯᠭᠠᠯᠳᠤᠭᠰᠠᠨ ᠨᠢᠴᠦᠭᠦᠨ ᠡᠯᠡᠰᠦ ᠶᠢ | ᠵᠠᠰᠠᠬᠤ ᠵᠡᠷᠭᠡ ᠪᠡᠯᠭᠡ ᠲᠡᠮᠳᠡᠭ ᠤᠨ ᠴᠢᠨᠠᠷᠲᠠᠢ ᠢᠨᠵᠧᠨᠧᠷᠢᠩ ᠢ ᠡᠬᠢᠯᠡᠭᠦᠯᠪᠡ᠃ ᠪᠠᠶᠠᠨᠨᠠᠭᠤᠷ ᠬᠤᠲᠠ ︽︿ | ᠤᠮᠠᠷᠠᠲᠤ ᠶᠢᠨ ᠭᠤᠷᠪᠠᠨ ᠣᠷᠣᠨ﹀ ᠤ ᠵᠢᠷᠭᠤᠳᠤᠭᠠᠷ ᠬᠤᠭᠤᠴᠠᠭ᠎ᠠ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠪᠠᠷ ᠠᠬᠢᠭᠤᠯᠵᠤ᠂ ᠬᠠᠲᠤᠨ ᠭᠤᠣᠯ ᠤᠨ ︿ᠶᠡᠭᠡ | ᠲᠣᠬᠤᠢ﹀ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠵᠢᠭᠦᠯᠬᠦ ᠲᠥᠰᠥᠯ︾ ᠢ | ᠨᠠᠶᠢᠷᠠᠭᠤᠯᠤᠨ ᠵᠣᠬᠢᠶᠠᠵᠤ᠂ ᠪᠦᠭᠦ ᠬᠤᠲᠠ ᠶᠢ ᠡᠯᠡᠰᠦᠨ ᠴᠦᠯ ︵ᠡᠯᠡᠰᠦᠷᠬᠡᠭ ᠭᠠᠵᠠᠷ︶ ᠢ ᠶᠡᠷᠦᠩᠬᠡᠶᠢᠯᠡᠨ ᠵᠠᠰᠠᠬᠤ | ᠣᠷᠣᠨ᠂ ᠮᠤᠨᠢ ᠠᠭᠤᠯᠠ ᠵᠢᠴᠢ ᠮᠤᠨᠢ ᠠᠭᠤᠯᠠ ᠶᠢᠨ ᠠᠷᠤ ᠬᠤᠷᠮᠣᠢ ᠶᠢᠨ ᠠᠮᠢ ᠠᠬᠤᠢ ᠶᠢ ᠶᠡᠷᠦᠩᠬᠡᠶᠢᠯᠡᠨ ᠵᠠᠰᠠᠬᠤ | ᠣᠷᠣᠨ᠂ ᠪᠣᠷᠣᠳᠣᠬᠤᠢ ᠶᠢᠨ ᠲᠠᠯ᠎ᠠ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠣᠷᠣᠨ᠂ ᠨᠤᠭᠤ ᠭᠠᠵᠠᠷ ᠢ | ᠬᠠᠮᠠᠭᠠᠯᠠᠨ ᠰᠡᠷᠭᠦᠭᠡᠵᠦ ᠵᠠᠰᠠᠬᠤ ᠣᠷᠣᠨ ᠭᠡᠬᠦ 4 ᠣᠷᠣᠨ ᠪᠦᠰᠡ ᠬᠤᠪᠢᠶᠠᠵᠤ᠂ ᠨᠢᠭᠡᠨᠲᠡ 13 ᠲᠥᠷᠥᠯ ᠵᠦᠢᠯ ᠤᠨ | ᠠᠵᠢᠯ ᠢ ᠡᠬᠢᠯᠡᠭᠦᠯᠦᠭᠰᠡᠨ ᠪᠠᠶᠢᠨ᠎ᠠ᠃ | ᠮᠠᠨ ᠤ ᠣᠷᠣᠨ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ | ᠳᠠᠶᠢᠯᠠᠯᠳᠤᠭᠠᠨ ᠪᠣᠯᠣᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠭᠤᠷᠪᠠᠨ ᠶᠡᠭᠡ ᠪᠡᠯᠭᠡ ᠲᠡᠮᠳᠡᠭ ᠤᠨ | ᠴᠢᠨᠠᠷᠲᠠᠢ ᠳᠠᠶᠢᠯᠠᠯᠳᠤᠭᠠᠨ ᠳᠤ ᠨᠢᠭᠡᠨᠲᠡ ᠱᠠᠲᠤᠴᠢ ᠴᠢᠨᠠᠷᠲᠠᠢ ᠠᠮᠵᠢᠯᠲᠠ ᠣᠯᠵᠤ᠂ ᠮᠠᠨ ᠤ ᠣᠷᠣᠨ ᠥᠪᠡᠷ ᠢᠶᠠᠨ | ᠲᠥᠯᠥᠪᠯᠡᠭᠰᠡᠨ ᠬᠥᠪᠴᠢ ᠶᠢᠨ ᠡᠯᠡᠰᠦ - ᠮᠤᠤᠠᠤᠰᠤ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ | ᠵᠦᠢᠯ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠢᠯ᠂ ᠪᠠᠳᠠᠢ ᠶᠢᠨ | ᠵᠢᠷᠠᠨ ᠤ ᠡᠯᠡᠰᠦᠨ ᠤ ᠭᠦᠪᠡᠭᠡ ᠳᠠᠭᠠᠤ ᠳᠠᠬᠢ ᠡᠯᠡᠰᠦ ᠶᠢ ᠲᠣᠭᠲᠠᠪᠤᠷᠢᠵᠢᠭᠤᠯᠵᠤ ᠡᠯᠡᠰᠦ ᠶᠢ ᠵᠠᠰᠠᠬᠤ ᠤᠢ | ᠡᠪᠡᠰᠦᠨ ᠤ ᠪᠦᠰᠡ ᠶᠢᠨ ᠲᠥᠷᠥᠯ ᠵᠦᠢᠯ ᠵᠡᠷᠭᠡ 11 ᠴᠢᠬᠤᠯᠠ ᠶᠡᠭᠡ ᠲᠥᠷᠥᠯ ᠵᠦᠢᠯ ᠢ ᠪᠦᠭᠦᠨ ᠢ ᠤᠯᠤᠰ ᠤᠨ ︽ | ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠲᠥᠯᠦᠪᠵᠢᠭᠦᠯᠭᠡ ᠶᠢᠨ | ᠬᠡᠪᠴᠢᠶᠡᠨ ᠳᠤ ᠣᠷᠣᠭᠤᠯᠵᠤ᠂ ᠪᠦᠭᠦ ᠣᠷᠣᠨ ᠤ 103 ᠬᠤᠰᠢᠭᠤ ᠰᠢᠶᠠᠨ ︵ᠬᠤᠲᠠ᠂ ᠲᠣᠭᠤᠷᠢᠭ︶ ᠢ ᠪᠦᠭᠦᠨ ᠢ | ᠲᠥᠯᠦᠪᠵᠢᠭᠦᠯᠭᠡ ᠶᠢᠨ ᠬᠡᠷᠡᠭᠵᠢᠭᠦᠯᠬᠦ ᠬᠡᠪᠴᠢᠶᠡᠨ ᠳᠤ ᠣᠷᠣᠭᠤᠯᠪᠠ᠃ ᠡᠨᠡ ᠵᠢᠯ ᠠᠴᠠ ᠨᠠᠭᠠᠰᠢ 9 ᠰᠠᠷ᠎ᠠ ᠶᠢᠨ | ᠡᠬᠢᠨ ᠪᠤᠯᠲᠠᠯ᠎ᠠ ᠪᠦᠭᠦ ᠣᠷᠣᠨ ᠢᠶᠠᠷ ᠢᠶᠠᠨ ᠨᠡᠶᠢᠳᠡ 337 ᠲᠦᠮᠡᠨ ᠮᠦ ᠭᠠᠵᠠᠷ ᠢ ᠣᠶᠢᠵᠢᠭᠤᠯᠤᠨ᠂ 1362 | ᠲᠦᠮᠡᠨ ᠮᠦ ᠡᠪᠡᠰᠦ ᠳᠠᠷᠢᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠲᠠᠯᠠᠪᠠᠢ 650 ᠲᠦᠮᠡᠨ | ᠮᠦ ᠳᠤ ᠬᠦᠷᠴᠦ᠂ ᠲᠣᠰ ᠲᠣᠰ ᠵᠢᠯ ᠤᠨ ᠡᠭᠦᠷᠭᠡ ᠶᠢᠨ ᠢᠶᠠᠨ 90%᠂ 105% ᠪᠠ 103% ᠶᠢ ᠪᠡᠶᠡᠯᠡᠭᠦᠯᠪᠡ᠃ | | ᠥᠪᠥᠷ ᠮᠣᠩᠭᠤᠯ ︽ᠤᠮᠠᠷᠠᠲᠤ ᠶᠢᠨ ᠭᠤᠷᠪᠠᠨ ᠣᠷᠣᠨ︾ ᠢ ᠰᠤᠨᠳᠠᠯᠠᠵᠤ᠂ ᠮᠠᠨ ᠤ ᠤᠯᠤᠰ ᠤᠨ | ᠤᠮᠠᠷᠠᠲᠤ ᠶᠢᠨ ᠲᠠᠯᠠᠪᠠᠶ ᠪᠠᠷ ᠬᠠᠮᠤᠭ ᠤᠨ ᠶᠡᠭᠡ᠂ ᠲᠥᠷᠥᠯ ᠵᠦᠢᠯ ᠢᠶᠠᠷ ᠬᠠᠮᠤᠭ ᠤᠨ ᠪᠦᠷᠢᠨ ᠠᠮᠢ ᠠᠬᠤᠢ ᠶᠢᠨ | ᠴᠢᠳᠠᠮᠵᠢᠲᠤ ᠣᠷᠣᠨ ᠮᠥᠷᠲᠡᠭᠡᠨ ᠪᠠᠰᠠ ᠪᠦᠭᠦ ᠤᠯᠤᠰ ᠤᠨ ᠴᠦᠯᠯᠡᠷᠭᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ | ᠨᠤᠲᠤᠭ ᠢᠶᠠᠷ ᠬᠠᠮᠤᠭ ᠤᠨ ᠲᠥᠪᠯᠡᠷᠡᠩᠭᠦᠢ᠂ ᠬᠤᠣᠷ ᠬᠥᠨᠥᠭᠡᠯ ᠢᠶᠠᠷ ᠬᠠᠮᠤᠭ ᠤᠨ ᠬᠦᠨᠳᠦ ᠨᠣᠴᠢᠲᠠᠢ ᠮᠤᠵᠢ | ᠣᠷᠣᠨ ᠤ ᠨᠢᠭᠡ ᠪᠣᠯᠣᠨ᠎ᠠ᠃ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠢ ᠡᠬᠢᠯᠡᠭᠦᠯᠦᠭᠰᠡᠨ ᠠᠴᠠ | ᠨᠠᠭᠠᠰᠢ ᠮᠠᠨ ᠤ ᠣᠷᠣᠨ ᠨᠡᠶᠢᠲᠡ 56 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ ᠲᠠᠪᠤᠨ ᠬᠤᠭᠤᠴᠠᠭᠠᠨ ᠤ | ᠢᠨᠵᠧᠨᠧᠷᠢᠩ ᠢ ᠬᠡᠷᠡᠭᠵᠢᠭᠦᠯᠵᠦ᠂ ᠤᠷᠢᠳ ᠬᠤᠵᠢᠳ ᠨᠡᠶᠢᠳᠡ 1.19 ᠳ᠋ᠦᠩᠰᠢᠭᠤᠷ ᠮᠦ ᠶᠢᠨ ᠪᠦᠲᠦᠭᠡᠨ | ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠂ ᠪᠦᠭᠦ ᠤᠯᠤᠰ ᠤᠨ ᠪᠡᠶᠡᠯᠡᠭᠦᠯᠦᠭᠰᠡᠨ ᠶᠡᠷᠦᠩᠬᠡᠢ ᠡᠭᠦᠷᠭᠡ ᠶᠢᠨ 25. | 1% ᠶᠢ ᠡᠵᠡᠯᠡᠪᠡ᠃ ︽ᠡᠨᠡ ᠵᠢᠯ ᠪᠣᠯ ︿ᠤᠮᠠᠷᠠᠲᠤ ᠶᠢᠨ ᠭᠤᠷᠪᠠᠨ ᠣᠷᠣᠨ﹀ ᠤ ᠢᠨᠵᠧᠨᠧᠷᠢᠩ ᠢ | ᠬᠡᠷᠡᠭᠵᠢᠭᠦᠯᠦᠭᠰᠡᠨ 45 ᠵᠢᠯ ᠤᠨ ᠤᠢ ᠪᠣᠯᠣᠨ᠎ᠠ᠂ ᠪᠦᠭᠦ ᠣᠷᠣᠨ ᠤ ᠲᠠᠷᠢᠮᠠᠯ ᠤᠢ ᠶᠢᠨ ᠬᠠᠳᠠᠭᠠᠯᠠᠯᠲᠠ ᠶᠢᠨ ᠲᠠᠯᠠᠪᠠᠢ᠂ | ᠤᠢ ᠰᠢᠭᠤᠢ ᠶᠢᠨ ᠲᠠᠯᠠᠪᠠᠢ ᠲᠤᠰ ᠲᠤᠰ 1977 ᠣᠨ ᠳᠤ 0.13 ᠳ᠋ᠦᠩᠰᠢᠭᠤᠷ ᠮᠦ ᠪᠠ 2.34 ᠳ᠋ᠦᠩᠰᠢᠭᠤᠷ | ᠮᠦ ᠪᠠᠶᠢᠭᠰᠠᠨ ᠠᠴᠠ ᠤᠳᠤ 0.84 ᠳ᠋ᠦᠩᠰᠢᠭᠤᠷ ᠮᠦ ᠪᠠ 3.57 ᠳ᠋ᠦᠩᠰᠢᠭᠤᠷ ᠮᠦ ᠪᠣᠯᠣᠨ ᠨᠡᠮᠡᠭᠳᠡᠵᠦ᠂ ᠡᠯᠡᠰᠦ | ᠰᠠᠯᠬᠢᠨ ᠤ ᠬᠤᠣᠷ ᠬᠥᠨᠥᠭᠡᠯ ᠪᠣᠯᠣᠨ ᠤᠰᠤ ᠰᠢᠷᠣᠢ ᠶᠢᠨ ᠢᠳᠡᠭᠳᠡᠯ ᠢ ᠪᠦᠲᠦᠮᠵᠢᠲᠡᠢ ᠪᠠᠭᠠᠰᠬᠠᠨ᠂ ᠮᠠᠨ ᠤ ᠤᠯᠤᠰ | ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ | ᠴᠢᠬᠤᠯᠠ ᠶᠡᠭᠡ ᠦᠢᠯᠡᠳᠦᠯ ᠦᠵᠡᠭᠦᠯᠪᠡ︾ ᠭᠡᠵᠦ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠪᠠ ᠨᠤᠲᠤᠭ | ᠪᠡᠯᠴᠢᠭᠡᠷ ᠤᠨ ᠲᠣᠪᠴᠢᠶᠠᠨ ᠤ ᠡᠯᠡᠰᠦ ᠮᠠᠩᠬ᠎ᠠ ᠶᠢ ᠵᠠᠰᠠᠵᠤ ᠣᠶᠢᠵᠢᠭᠤᠯᠬᠤ ᠭᠠᠵᠠᠷ ᠤᠨ ᠳᠡᠳ᠋ ᠳᠠᠷᠤᠭ᠎ᠠ ᠲᠠᠯᠢᠨᠭᠦᠦ | ᠬᠡᠯᠡᠨ᠎ᠡ᠃ |