ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 30 ᠤ ᠴᠠᠭᠢᠯᠭᠠᠨ ᠮᠡᠳᠡᠭᠡ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 30 ᠤ ᠦᠳᠡ ᠶᠢᠨ ᠬᠤᠶᠢᠨ᠎ᠠ ᠵᠦᠩ ᠨᠠᠨ ᠬᠠᠢ ᠳᠤ ᠪᠦᠭᠦ | ᠤᠯᠤᠰ ᠤᠨ ᠡᠮᠡᠭᠲᠡᠶᠢᠴᠦᠳ ᠤᠨ ᠬᠤᠯᠪᠤᠭ᠎ᠠ ᠶᠢᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠤᠨ | ᠪᠦᠷᠢᠯᠳᠦᠭᠦᠨ ᠲᠠᠢ ᠬᠠᠮᠲᠤ ᠶᠢᠨ ᠶᠠᠷᠢᠯᠴᠠᠭ᠎ᠠ ᠬᠢᠬᠦ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ᠃ ᠰᠢ ᠶᠢᠨ ᠫᠢᠩ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ | ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ | ᠪᠦᠭᠦ ᠠᠷᠠᠳ ᠲᠦᠮᠡᠨ ᠪᠦᠯᠬᠦᠮᠳᠡᠨ ᠲᠡᠮᠡᠴᠡᠬᠦ ᠴᠢᠬᠤᠯᠠ ᠲᠠᠢ ᠪᠠᠶᠢᠵᠤ᠂ ᠡᠮᠡᠭᠲᠡᠶᠢᠴᠦᠳ ᠤᠨ ᠦᠢᠯᠡᠳᠦᠯ ᠨᠢ | ᠣᠷᠣᠯᠠᠭᠤᠯᠵᠤ ᠪᠣᠯᠣᠰᠢ ᠦᠭᠡᠢ ᠶᠤᠮ᠃ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠡᠮᠡᠭᠲᠡᠶᠢᠴᠦᠳ ᠤᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠥᠷᠭᠡᠨ ᠤᠯᠠᠨ | ᠡᠮᠡᠭᠲᠡᠶᠢᠴᠦᠳ ᠤᠨ ᠥᠪᠡᠷ ᠢ ᠪᠠᠨ ᠭᠦᠨᠳᠦᠳᠭᠡᠵᠦ ᠢᠲᠡᠭᠡᠯ ᠲᠠᠢ ᠪᠠᠶᠢᠬᠤ᠂ ᠪᠡᠶ᠎ᠡ ᠪᠠᠨ ᠳᠠᠭᠠᠭᠠᠵᠤ ᠥᠪᠡᠷ ᠢ ᠪᠠᠨ | ᠬᠦᠴᠦᠷᠬᠡᠭᠵᠢᠭᠦᠯᠬᠦ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ | ᠪᠠᠶᠢᠭᠤᠯᠬᠤ ᠶᠢ ᠤᠷᠮᠠᠰᠢᠭᠤᠯᠤᠨ ᠵᠣᠷᠢᠭᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠳᠤ ᠡᠮᠡᠭᠲᠡᠶᠢᠴᠦᠳ ᠤᠨ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ | ᠭᠡᠵᠦ ᠴᠢᠬᠤᠯᠠᠴᠢᠯᠠᠪᠠ᠃ | | | | 10 ᠰᠠᠷ᠎ᠠ ᠶᠢᠨ 30 ᠤ ᠡᠳᠦᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠵᠦᠩ ᠨᠠᠨ ᠬᠠᠢ ᠳᠤ ᠪᠦᠭᠦ | ᠤᠯᠤᠰ ᠤᠨ ᠡᠮᠡᠭᠲᠡᠶᠢᠴᠦᠳ ᠤᠨ ᠬᠤᠯᠪᠤᠭ᠎ᠠ ᠶᠢᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠤᠨ | ᠪᠦᠷᠢᠯᠳᠦᠭᠦᠨ ᠲᠠᠢ ᠬᠠᠮᠲᠤ ᠶᠢᠨ ᠶᠠᠷᠢᠯᠴᠠᠭ᠎ᠠ ᠬᠢᠬᠦ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ | ᠱᠦᠵᠢ ᠨᠠᠷ ᠤᠨ ᠭᠠᠵᠠᠷ ᠤᠨ ᠱᠦᠵᠢ ᠼᠠᠢ ᠴᠢ ᠬᠠᠮᠲᠤ ᠶᠢᠨ ᠶᠠᠷᠢᠯᠴᠠᠭ᠎ᠠ ᠳᠤ ᠣᠷᠣᠯᠴᠠᠪᠠ᠃ | ᠰᠢ ᠶᠢᠨ ᠫᠢᠩ ᠶᠠᠭᠤᠨ ᠤ ᠡᠮᠦᠨ᠎ᠡ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ | ᠲᠥᠪ ᠬᠤᠷᠢᠶ᠎ᠠ ᠡᠮᠡᠭᠲᠡᠶᠢᠴᠦᠳ ᠤᠨ ᠠᠵᠢᠯ ᠳᠠᠬᠢ ᠤᠳᠤᠷᠢᠳᠤᠯᠭ᠎ᠠ ᠪᠠᠨ ᠪᠦᠭᠦ ᠲᠠᠯ᠎ᠠ ᠪᠠᠷ ᠴᠢᠩᠭᠠᠳᠬᠠᠵᠤ᠂ | ᠡᠮᠡᠭᠲᠡᠶᠢᠴᠦᠳ ᠤᠨ ᠬᠤᠯᠪᠤᠭ᠎ᠠ ᠶᠢᠨ ᠥᠭᠡᠷᠡᠴᠢᠯᠡᠯᠲᠡ ᠶᠢ ᠠᠬᠢᠭᠤᠯᠵᠤ᠂ ᠡᠮᠡᠭᠲᠡᠶᠢᠴᠦᠳ ᠤᠨ ᠡᠷᠬᠡ ᠠᠰᠢᠭ ᠢ | ᠪᠠᠲᠤᠯᠠᠬᠤ ᠬᠠᠤᠯᠢᠵᠢᠯ ᠤᠨ ᠰᠢᠰᠲ᠋ᠧᠮ ᠢ ᠲᠠᠰᠤᠷᠠᠯᠳᠡ ᠦᠭᠡᠢ ᠪᠦᠷᠢᠨᠰᠢᠭᠦᠯᠵᠦ᠂ ᠡᠮᠡᠭᠲᠡᠶᠢᠴᠦᠳ ᠤᠨ | ᠬᠥᠭᠵᠢᠯᠲᠡ ᠶᠢᠨ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠡᠮᠡᠭᠲᠡᠶᠢᠴᠦᠳ ᠤᠨ ᠦᠢᠯᠡᠰ ᠤᠨ | ᠲᠡᠦᠬᠡᠲᠦ ᠴᠢᠨᠠᠷᠲᠠᠢ ᠠᠮᠵᠢᠯᠲᠠ ᠣᠯᠬᠤ ᠶᠢ ᠠᠬᠢᠭᠤᠯᠪᠠ᠃ ᠥᠩᠭᠡᠷᠡᠭᠰᠡᠨ 5 ᠵᠢᠯ ᠳᠤ᠂ ᠡᠯ᠎ᠡ ᠱᠠᠲᠤᠨ ᠤ | ᠡᠮᠡᠭᠲᠡᠶᠢᠴᠦᠳ ᠤᠨ ᠬᠤᠯᠪᠤᠭ᠎ᠠ ᠶᠢᠨ ᠵᠣᠬᠢᠶᠠᠨ ᠪᠠᠶᠢᠭᠤᠯᠤᠯᠲᠠ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠲᠥᠯᠥᠨ | ᠳᠠᠭᠠᠭᠤᠯᠬᠤ᠂ ᠦᠢᠯᠡᠴᠢᠯᠡᠬᠦ᠂ ᠬᠠᠷᠢᠯᠴᠠᠬᠤ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠥᠷᠭᠡᠨ | ᠣᠯᠠᠨ ᠡᠮᠡᠭᠲᠡᠶᠢᠴᠦᠳ ᠢ ᠳᠠᠶᠢᠴᠢᠯᠠᠨ ᠵᠣᠬᠢᠶᠠᠨ ᠪᠠᠶᠢᠭᠤᠯᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ | ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠬᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠬᠢᠬᠦ᠂ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠲᠠᠢ ᠲᠡᠮᠡᠴᠡᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠭᠤᠣᠯ ᠲᠡᠶᠢᠨ ᠤ ᠲᠠᠯᠠᠪᠤᠷ ᠲᠤ ᠡᠷᠡᠯᠬᠡᠭᠯᠡᠨ | ᠲᠡᠮᠡᠴᠡᠵᠦ᠂ ᠭᠡᠷ ᠪᠦᠯᠢ ᠭᠡᠷ ᠤᠨ ᠬᠥᠮᠦᠵᠢᠯ ᠭᠡᠷ ᠤᠨ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠶᠢ ᠡᠭᠦᠳᠦᠨ | ᠠᠬᠢᠭᠤᠯᠵᠤ᠂ ᠡᠷᠬᠡ ᠠᠰᠢᠭ ᠢᠶᠠᠨ ᠬᠠᠮᠠᠭᠠᠯᠠᠵᠤ ᠬᠠᠶᠢᠷᠠᠯᠠᠨ ᠬᠠᠯᠠᠮᠵᠢᠯᠠᠬᠤ ᠦᠢᠯᠡᠴᠢᠯᠡᠭᠡ ᠶᠢ ᠰᠡᠳᠬᠢᠯ ᠲᠠᠯᠪᠢᠨ | ᠴᠢᠩ ᠰᠡᠳᠬᠢᠯ ᠠᠴᠠ ᠪᠠᠨ ᠰᠠᠶᠢᠲᠤᠷ ᠬᠢᠵᠦ᠂ ᠡᠮᠡᠭᠲᠡᠶᠢᠴᠦᠳ ᠤᠨ ᠬᠤᠯᠪᠤᠭ᠎ᠠ ᠶᠢᠨ ᠥᠭᠡᠷᠡᠴᠢᠯᠡᠯᠲᠡ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠤᠯᠤᠰ ᠲᠥᠷᠥᠴᠢ ᠴᠢᠨᠠᠷ᠂ ᠲᠡᠷᠢᠭᠦᠨ ᠤ ᠴᠢᠨᠠᠷ᠂ ᠣᠯᠠᠨ ᠲᠦᠮᠡᠨᠴᠢ | ᠴᠢᠨᠠᠷ ᠢᠶᠠᠨ ᠲᠠᠰᠤᠷᠠᠯᠲᠠ ᠦᠭᠡᠢ ᠳᠡᠭᠡᠭᠰᠢᠯᠡᠵᠦ᠂ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠴᠢᠨᠠᠭᠰᠢᠳᠠ | ᠪᠠᠳᠠᠷᠠᠭᠤᠯᠪᠠ᠃ ᠨᠠᠮ ᠤᠨ ᠲᠥᠪ ᠬᠤᠷᠢᠶ᠎ᠠ ᠠᠴᠠ ᠡᠮᠡᠭᠲᠡᠶᠢᠴᠦᠳ ᠤᠨ ᠬᠤᠯᠪᠤᠭ᠎ᠠ ᠶᠢᠨ ᠠᠵᠢᠯ ᠢ ᠭᠦᠢᠴᠡᠳ | ᠨᠤᠲᠠᠯᠠᠵᠤ᠂ ᠪᠦᠭᠦ ᠤᠯᠤᠰ ᠤᠨ ᠡᠮᠡᠭᠲᠡᠶᠢᠴᠦᠳ ᠤᠨ ᠬᠤᠯᠪᠤᠭ᠎ᠠ ᠶᠢᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ | ᠪᠠᠭ ᠲᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠲᠠᠯᠪᠢᠵᠤ ᠪᠠᠶᠢᠨ᠎ᠠ ᠭᠡᠵᠦ ᠢᠯᠡᠳᠬᠡᠪᠡ᠃ | ᠰᠢ ᠶᠢᠨ ᠫᠢᠩ᠂ ᠡᠮᠡᠭᠲᠡᠶᠢᠴᠦᠳ ᠤᠨ ᠦᠢᠯᠡᠰ ᠪᠣᠯᠣᠨ ᠡᠮᠡᠭᠲᠡᠶᠢᠴᠦᠳ ᠤᠨ ᠬᠤᠯᠪᠤᠭ᠎ᠠ ᠶᠢᠨ ᠠᠵᠢᠯ ᠵᠥᠪ | ᠤᠯᠤᠰ ᠲᠦᠷᠦ ᠶᠢᠨ ᠴᠢᠭᠯᠡᠯ ᠢ ᠢᠮᠠᠭᠲᠠ ᠪᠠᠷᠢᠮᠲᠠᠯᠠᠵᠤ᠂ ᠨᠠᠮ ᠲᠠᠢ ᠰᠡᠳᠬᠢᠯ ᠨᠢᠭᠡᠳᠦᠨ ᠬᠠᠮᠲᠤ ᠪᠠᠷ ᠤᠷᠤᠭᠰᠢᠯᠠᠬᠤ | ᠬᠡᠷᠡᠭᠲᠡᠢ᠃ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ ᠶᠢᠨ ᠡᠷᠬᠡ | ᠰᠦᠷ ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠢᠮᠠᠭᠲᠠ ᠨᠠᠮ ᠤᠨ ᠲᠥᠪ | ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠤᠯᠤᠰ ᠲᠦᠷᠦ ᠶᠢᠨ ᠲᠠᠯ᠎ᠠ ᠪᠠᠷ ᠰᠡᠷᠭᠡᠭ | ᠪᠥᠭᠡᠳ ᠡᠷᠡᠰ ᠪᠠᠲᠤ ᠪᠠᠶᠢᠬᠤ ᠶᠢ ᠢᠮᠠᠭᠲᠠ ᠪᠠᠲᠤᠯᠠᠵᠤ᠂ ᠮᠠᠨ ᠤ ᠤᠯᠤᠰ ᠤᠨ ᠡᠮᠡᠭᠲᠡᠶᠢᠴᠦᠳ ᠤᠨ ᠦᠢᠯᠡᠰ ᠤᠨ | ᠤᠯᠤᠰ ᠲᠦᠷᠦ ᠶᠢᠨ ᠰᠢᠨᠵᠢ ᠴᠢᠨᠠᠷ ᠪᠣᠯᠣᠨ ᠡᠮᠡᠭᠲᠡᠶᠢᠴᠦᠳ ᠤᠨ ᠬᠤᠯᠪᠤᠭ᠎ᠠ ᠶᠢᠨ ᠵᠣᠬᠢᠶᠠᠨ ᠪᠠᠶᠢᠭᠤᠯᠤᠯᠲᠠ ᠶᠢᠨ | ᠤᠯᠤᠰ ᠲᠦᠷᠦ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠡᠮᠡᠭᠲᠡᠶᠢᠴᠦᠳ ᠲᠠᠬᠢ ᠦᠵᠡᠯ ᠰᠠᠨᠠᠭ᠎ᠠ ᠤᠯᠤᠰ | ᠲᠦᠷᠦ ᠶᠢᠨ ᠵᠢᠯᠣᠭᠤᠳᠤᠮᠵᠢ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ | ᠴᠥᠬᠦᠷᠡᠰᠢ ᠦᠭᠡᠢ ᠪᠠᠷᠢᠮᠲᠠᠯᠠᠵᠤ᠂ ᠥᠷᠭᠡᠨ ᠤᠯᠠᠨ ᠡᠮᠡᠭᠲᠡᠶᠢᠴᠦᠳ ᠤᠨ ᠡᠷᠡᠰ ᠭᠤᠶᠢᠪᠢᠰᠢ ᠦᠭᠡᠢ ᠪᠠᠷ ᠨᠠᠮ ᠤᠨ | ᠦᠭᠡ ᠶᠢ ᠰᠣᠨᠣᠰᠴᠤ᠂ ᠨᠠᠮ ᠢᠶᠠᠨ ᠳᠠᠭᠠᠬᠤ ᠶᠢ ᠬᠥᠲᠥᠯᠥᠨ ᠳᠠᠭᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠤᠨ᠂ ᠠᠵᠢᠯ ᠤᠨ | ᠬᠦᠴᠦᠯᠡᠴᠡ ᠪᠠᠨ ᠣᠨᠣᠪᠴᠢᠲᠠᠢ ᠣᠯᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠡᠮᠡᠭᠲᠡᠶᠢᠴᠦᠳ ᠤᠨ ᠬᠤᠯᠪᠤᠭ᠎ᠠ ᠶᠢᠨ ᠠᠵᠢᠯ ᠤᠨ ᠪᠣᠳᠠᠲᠠᠢ ᠡᠭᠦᠷᠭᠡ ᠪᠣᠯᠭᠠᠨ ᠬᠤᠪᠢᠷᠠᠭᠤᠯᠬᠤ | ᠬᠡᠷᠡᠭᠲᠡᠢ᠃ ᠥᠷᠭᠡᠨ ᠣᠯᠠᠨ ᠡᠮᠡᠭᠲᠡᠶᠢᠴᠦᠳ ᠤᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ᠂ | ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠥᠨᠳᠥᠷ | ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ | ᠪᠡᠶᠡᠯᠡᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠬᠤ ᠳᠤᠮᠳᠠ ᠲᠣᠰ | ᠪᠡᠶ᠎ᠡ ᠶᠢᠨ ᠳᠠᠪᠠᠭᠤᠯᠢᠭ ᠪᠠ ᠢᠳᠡᠪᠬᠢᠲᠡᠢ ᠦᠢᠯᠡᠳᠦᠯ ᠢᠶᠠᠨ ᠪᠠᠳᠠᠷᠠᠭᠤᠯᠬᠤ ᠶᠢ ᠵᠣᠷᠢᠭᠵᠢᠭᠤᠯᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠭᠡᠷ ᠪᠦᠯᠢ ᠡᠶ᠎ᠡ ᠨᠠᠶᠢᠷᠲᠠᠢ᠂ ᠭᠡᠷ ᠤᠨ ᠬᠥᠮᠦᠵᠢᠯ ᠰᠠᠶᠢᠨ᠂ ᠭᠡᠷ ᠤᠨ ᠰᠤᠷᠲᠠᠯ ᠲᠥᠪ ᠪᠣᠯ | ᠦᠷ᠎ᠡ ᠬᠡᠦᠬᠡᠳ ᠨᠢ ᠰᠠᠶ᠋ᠢ ᠡᠷᠡᠭᠦᠯ ᠢᠶᠠᠷ ᠦᠰᠦᠨ ᠪᠤᠶᠢᠵᠢᠵᠤ᠂ ᠨᠡᠶᠢᠭᠡᠮ ᠰᠠᠶ᠋ᠢ ᠡᠷᠡᠭᠦᠯ ᠢᠶᠠᠷ ᠬᠥᠭᠵᠢᠵᠦ ᠴᠢᠳᠠᠨ᠎ᠠ᠃ | ᠡᠮᠡᠭᠲᠡᠶᠢᠴᠦᠳ ᠤᠨ ᠠᠵᠢᠯ ᠢ ᠰᠠᠶᠢᠲᠤᠷ ᠬᠢᠬᠦ ᠨᠢ ᠡᠮᠡᠭᠲᠡᠶᠢᠴᠦᠳ ᠤᠨ ᠲᠣᠰ ᠪᠡᠶ᠎ᠡ ᠶᠢᠨ ᠬᠥᠭᠵᠢᠯᠲᠡ ᠲᠠᠢ | ᠬᠤᠯᠪᠣᠭᠳᠠᠬᠤ ᠪᠠᠷ ᠪᠠᠷᠠᠬᠤ ᠦᠭᠡᠢ ᠪᠠᠰᠠ ᠭᠡᠷ ᠪᠦᠯᠢ ᠶᠢᠨ ᠡᠶ᠎ᠡ ᠵᠣᠬᠢᠴᠠᠯ᠂ ᠨᠡᠶᠢᠭᠡᠮ ᠤᠨ ᠡᠶ᠎ᠡ ᠵᠣᠬᠢᠴᠠᠯ ᠲᠠᠢ | ᠬᠤᠯᠪᠣᠭᠳᠠᠵᠤ᠂ ᠤᠯᠤᠰ ᠣᠷᠣᠨ ᠤ ᠬᠥᠭᠵᠢᠯᠲᠡ᠂ ᠦᠨᠳᠦᠰᠦᠲᠡᠨ ᠤ ᠲᠠᠪᠰᠢᠯᠳᠠ ᠲᠠᠢ ᠬᠤᠯᠪᠣᠭᠳᠠᠵᠤ ᠪᠠᠶᠢᠳᠠᠭ᠃ | ᠭᠡᠷ ᠤᠨ ᠰᠤᠷᠲᠠᠯ ᠤᠨ ᠦᠯᠢᠭᠡᠷ ᠢ ᠰᠠᠶᠢᠲᠤᠷ ᠶᠠᠷᠢᠵᠤ᠂ ᠥᠷᠭᠡᠨ ᠤᠯᠠᠨ ᠡᠮᠡᠭᠲᠡᠶᠢᠴᠦᠳ ᠤᠨ ᠳᠤᠮᠳᠠᠳᠤ ᠶᠢᠨ | ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠬᠤ᠂ ᠰᠠᠶᠢᠨ ᠰᠠᠶᠢᠬᠠᠨ ᠭᠡᠷ ᠤᠨ ᠰᠤᠷᠲᠠᠯ ᠢ ᠪᠤᠢ | ᠪᠤᠯᠭᠠᠬᠤ ᠲᠠᠯ᠎ᠠ ᠪᠠᠷ ᠬᠢ ᠥᠪᠡᠷᠮᠢᠴᠡ ᠦᠢᠯᠡᠳᠦᠯ ᠢᠶᠠᠨ ᠪᠠᠳᠠᠷᠠᠭᠤᠯᠬᠤ ᠶᠢ ᠬᠥᠲᠥᠯᠥᠨ ᠵᠢᠯᠤᠭᠤᠳᠴᠤ᠂ ᠭᠡᠷ | ᠪᠦᠯᠢ ᠶᠢᠨ ᠪᠣᠯᠪᠠᠰᠤᠨ ᠤ ᠰᠢᠨ᠎ᠡ ᠬᠡᠪ ᠰᠤᠷᠲᠠᠯ ᠢ ᠪᠤᠢ ᠪᠤᠯᠭᠠᠬᠤ ᠬᠡᠷᠡᠭᠲᠡᠢ᠃ ᠰᠢᠨ᠎ᠡ ᠭᠡᠯᠪᠡᠷᠢ ᠶᠢᠨ ᠣᠷᠤᠭ | ᠦᠷᠡᠵᠢᠯ ᠤᠨ ᠰᠣᠶᠣᠯ ᠢ ᠢᠳᠡᠪᠬᠢᠲᠡᠢ ᠪᠤᠶᠢᠵᠢᠭᠤᠯᠵᠤ᠂ ᠵᠠᠯᠠᠭᠤᠴᠤᠳ ᠤᠨ ᠢᠨᠠᠭ ᠣᠷᠤᠭ ᠤᠨ ᠦᠵᠡᠯᠲᠡ᠂ | ᠦᠷᠡᠵᠢᠯ ᠤᠨ ᠦᠵᠡᠯᠲᠡ᠂ ᠭᠡᠷ ᠪᠦᠯᠢ ᠶᠢᠨ ᠦᠵᠡᠯᠲᠡ ᠶᠢ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ | ᠦᠷᠡᠵᠢᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠬᠤ ᠶᠢ ᠠᠬᠢᠭᠤᠯᠵᠤ᠂ | ᠬᠥᠮᠥᠨ ᠠᠮᠠ ᠶᠢᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠬᠥᠮᠥᠨ ᠠᠮᠠ ᠶᠢᠨ ᠨᠠᠰᠤᠵᠢᠯ ᠢ | ᠢᠳᠡᠪᠬᠢᠲᠡᠢ ᠠᠷᠭᠠᠴᠠᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠡᠷᠡᠭᠲᠡᠢ | ᠡᠮᠡᠭᠲᠡᠢ ᠡᠷᠬᠡ ᠲᠡᠭᠰᠢ ᠪᠠᠶᠢᠬᠤ ᠪᠠ ᠡᠮᠡᠭᠲᠡᠶᠢᠴᠦᠳ ᠬᠡᠦᠬᠡᠳ ᠤᠨ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠬᠤ | ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠴᠢᠬᠤᠯᠠ ᠠᠭᠤᠯᠭ᠎ᠠ ᠪᠣᠯᠣᠨ᠎ᠠ᠃ ᠡᠯ᠎ᠡ ᠱᠠᠲᠤᠨ ᠤ | ᠡᠮᠡᠭᠲᠡᠶᠢᠴᠦᠳ ᠤᠨ ᠬᠤᠯᠪᠤᠭ᠎ᠠ ᠶᠢᠨ ᠵᠣᠬᠢᠶᠠᠨ ᠪᠠᠶᠢᠭᠤᠯᠤᠯᠲᠠ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ | ᠠᠵᠢᠯᠯᠠᠵᠤ᠂ᠡᠮᠡᠭᠲᠡᠶᠢᠴᠦᠳ ᠬᠡᠦᠬᠡᠳ ᠤᠨ ᠡᠷᠬᠡ ᠠᠰᠢᠭ ᠢ ᠨᠥᠯᠥᠭᠡᠯᠡᠬᠦ ᠪᠠ ᠬᠤᠬᠢᠷᠠᠭᠤᠯᠬᠤ ᠲᠣᠪᠤᠶᠢᠮ᠎ᠠ | ᠠᠰᠠᠭᠤᠳᠠᠯ ᠢ ᠰᠢᠢᠳᠪᠦᠷᠢᠯᠡᠬᠦ ᠶᠢ ᠬᠦᠴᠦᠯᠡᠨ ᠠᠬᠢᠭᠤᠯᠬᠤ ᠬᠡᠷᠡᠭᠲᠡᠢ᠃ ᠣᠷᠣᠯᠭ᠎ᠠ ᠪᠠᠭᠠᠲᠠᠢ ᠡᠮᠡᠭᠲᠡᠶᠢᠴᠦᠳ᠂ ᠨᠠᠰᠤ | ᠠᠬᠢᠭᠰᠠᠨ ᠡᠮᠡᠭᠲᠡᠶᠢᠴᠦᠳ᠂ ᠵᠡᠮᠳᠡᠭ ᠡᠮᠡᠭᠲᠡᠶᠢᠴᠦᠳ ᠵᠡᠷᠭᠡ ᠬᠦᠴᠢᠷᠳᠡᠯᠲᠡᠢ ᠡᠮᠡᠭᠲᠡᠶᠢᠴᠦᠳ ᠢ ᠬᠠᠯᠠᠮᠵᠢᠯᠠᠨ | ᠲᠡᠳᠬᠦᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠨᠡᠭᠦᠳᠡᠯ ᠬᠥᠮᠥᠨ ᠠᠮᠠ ᠶᠢᠨ ᠬᠡᠦᠬᠡᠳ᠂ | ᠭᠡᠷ ᠲᠡᠭᠡᠨ ᠬᠤᠴᠣᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠶᠢ ᠰᠠᠶᠢᠲᠤᠷ ᠬᠢᠬᠦ ᠬᠡᠷᠡᠭᠲᠡᠢ᠃ | ᠡᠮᠡᠭᠲᠡᠶᠢᠴᠦᠳ ᠬᠡᠦᠬᠡᠳ ᠤᠨ ᠡᠷᠬᠡ ᠠᠰᠢᠭ ᠢ ᠬᠠᠮᠠᠭᠠᠯᠠᠬᠤ ᠠᠵᠢᠯ ᠢ ᠡᠩ ᠤᠨ ᠦᠶ᠎ᠡ ᠳᠤ ᠬᠢᠵᠦ᠂ ᠦᠷᠭᠦᠯᠵᠢ | ᠠᠳᠬᠤᠵᠤ᠂ ᠦᠨᠳᠦᠰᠦᠨ ᠱᠠᠲᠤᠨ ᠳᠤ ᠭᠦᠷᠳᠡᠯ᠎ᠡ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠡᠮᠡᠭᠲᠡᠶᠢᠴᠦᠳ ᠤᠨ ᠬᠤᠯᠪᠤᠭ᠎ᠠ ᠪᠣᠯ ᠨᠠᠮ ᠪᠣᠯᠣᠨ ᠵᠠᠰᠠᠭ ᠤᠨ ᠣᠷᠳᠣᠨ ᠤ | ᠡᠮᠡᠭᠲᠡᠶᠢᠴᠦᠳ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠮᠥᠨ᠃ ᠤᠯᠤᠰ ᠲᠥᠷᠥᠴᠢ ᠴᠢᠨᠠᠷ᠂ ᠲᠡᠷᠢᠭᠦᠨ ᠤ | ᠴᠢᠨᠠᠷ᠂ ᠤᠯᠠᠨ ᠲᠦᠮᠡᠨᠴᠢ ᠴᠢᠨᠠᠷ ᠢ ᠪᠠᠲᠤᠯᠠᠨ ᠴᠢᠩᠭᠠᠳᠬᠠᠬᠤ ᠶᠢᠨ ᠲᠣᠭᠤᠷᠢᠨ ᠳᠤ᠂ ᠡᠮᠡᠭᠲᠡᠶᠢᠴᠦᠳ ᠤᠨ | ᠬᠤᠯᠪᠤᠭ᠎ᠠ ᠶᠢᠨ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠳᠤᠲᠠᠭᠤᠳᠠᠯ ᠢ ᠨᠥᠬᠦᠪᠦᠷᠢᠯᠡᠬᠦ᠂ ᠪᠠᠭᠤᠷᠠᠢ ᠲᠠᠯ᠎ᠠ ᠶᠢ ᠬᠦᠴᠦᠷᠬᠡᠭᠵᠢᠭᠦᠯᠬᠦ᠂ ᠰᠠᠭᠤᠷᠢ ᠲᠠᠯᠪᠢᠬᠤ᠂ ᠠᠮᠢᠵᠢᠷᠠᠯ ᠤᠨ | ᠬᠦᠴᠦᠨ ᠢ ᠨᠡᠮᠡᠭᠳᠡᠭᠦᠯᠬᠦ ᠪᠠᠷ ᠬᠦᠴᠦᠯᠡᠨ ᠴᠢᠷᠮᠠᠶᠢᠵᠤ᠂ ᠡᠮᠡᠭᠲᠡᠶᠢᠴᠦᠳ ᠤᠨ ᠬᠤᠯᠪᠤᠭ᠎ᠠ ᠶᠢᠨ ᠨᠠᠮ ᠤᠨ ᠡᠯ᠎ᠡ | ᠵᠦᠢᠯ ᠤᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠬᠤ ᠬᠡᠷᠡᠭᠲᠡᠢ᠃ ᠦᠨᠳᠦᠰᠦᠨ ᠱᠠᠲᠤ ᠶᠢ ᠶᠡᠭᠡ ᠪᠠᠷ | ᠠᠳᠬᠤᠬᠤ ᠢᠯᠡ ᠲᠣᠳᠣ ᠤᠳᠤᠷᠢᠳᠤᠮᠵᠢ ᠶᠢ ᠪᠤᠢ ᠪᠤᠯᠭᠠᠵᠤ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ | ᠦᠨᠳᠦᠰᠦᠨ ᠱᠠᠲᠤᠨ ᠤ ᠡᠮᠡᠭᠲᠡᠶᠢᠴᠦᠳ ᠤᠨ ᠬᠦᠰᠡᠵᠦ ᠰᠠᠨᠠᠵᠤ ᠪᠠᠶᠢᠭ᠎ᠠ ᠪᠠ ᠡᠮᠡᠭᠲᠡᠶᠢᠴᠦᠳ ᠤᠨ ᠠᠵᠢᠯ ᠤᠨ | ᠪᠠᠴᠢᠮ ᠱᠠᠭᠠᠷᠳᠠᠵᠤ ᠪᠠᠶᠢᠭ᠎ᠠ ᠪᠠᠶᠢᠳᠠᠯ ᠢ ᠣᠶᠢᠯᠠᠭᠠᠵᠤ᠂ ᠡᠬᠢ ᠪᠠᠶᠠᠯᠢᠭ ᠪᠠ ᠦᠢᠯᠡᠴᠢᠯᠡᠭᠡ ᠶᠢ ᠦᠨᠳᠦᠰᠦᠨ ᠱᠠᠲᠤ | ᠲᠡᠶᠢᠰᠢ ᠨᠡᠩ ᠢᠯᠡᠭᠦᠦ ᠬᠡᠯᠪᠠᠶᠢᠯᠭᠡᠬᠦ ᠶᠢ ᠠᠬᠢᠭᠤᠯᠬᠤ ᠬᠡᠷᠡᠭᠲᠡᠢ᠃ ᠰᠢᠨ᠎ᠡ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ᠂ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠢᠨ᠎ᠡ ᠪᠠᠷ ᠠᠵᠢᠯ ᠣᠯᠣᠭᠰᠠᠨ ᠬᠥᠮᠥᠰ ᠵᠡᠷᠭᠡ | ᠰᠢᠨ᠎ᠡ ᠬᠦᠷᠢᠶᠡᠨ ᠳᠤ ᠡᠮᠡᠭᠲᠡᠶᠢᠴᠦᠳ ᠤᠨ ᠬᠤᠯᠪᠤᠭ᠎ᠠ ᠶᠢᠨ ᠵᠣᠬᠢᠶᠠᠨ ᠪᠠᠶᠢᠭᠤᠯᠤᠯᠲᠠ ᠶᠢ ᠪᠠᠶᠢᠭᠤᠯᠬᠤ ᠡᠷᠴᠢᠮ ᠢᠶᠠᠨ | ᠴᠢᠩᠭᠠᠷᠠᠭᠤᠯᠵᠤ᠂ ᠪᠦᠭᠦᠨ ᠢ ᠪᠦᠷᠬᠦᠭᠦᠯᠬᠦ ᠶᠢ ᠪᠡᠶᠡᠯᠡᠭᠦᠯᠵᠦ᠂ ᠰᠦᠯᠵᠢᠶᠡᠨ ᠳᠡᠭᠡᠷᠡᠬᠢ ᠤᠯᠠᠨ ᠲᠦᠮᠡᠨᠴᠢ | ᠱᠤᠭᠤᠮ ᠢᠶᠠᠷ ᠰᠠᠶᠢᠲᠤᠷ ᠵᠠᠮᠨᠠᠵᠤ᠂ ᠨᠠᠮ ᠤᠨ ᠲᠦᠷᠦ ᠪᠠᠷᠢᠬᠤ ᠡᠮᠡᠭᠲᠡᠶᠢᠴᠦᠳ ᠤᠨ ᠤᠯᠠᠨ ᠲᠦᠮᠡᠨᠴᠢ ᠰᠠᠭᠤᠷᠢ ᠶᠢ | ᠪᠠᠬᠢᠵᠢᠭᠦᠯᠬᠦ ᠬᠡᠷᠡᠭᠲᠡᠢ᠃ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠡᠮᠡᠭᠲᠡᠶᠢᠴᠦᠳ ᠤᠨ ᠬᠤᠯᠪᠤᠭ᠎ᠠ ᠶᠢᠨ | ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠮᠡᠭᠲᠡᠶᠢᠴᠦᠳ ᠤᠨ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ᠂ ᠥᠷᠭᠡᠨ ᠤᠯᠠᠨ ᠡᠮᠡᠭᠲᠡᠢ ᠤᠯᠠᠨ ᠲᠦᠮᠡᠨ ᠳᠤ ᠦᠢᠯᠡᠴᠢᠯᠡᠬᠦ᠂ ᠡᠮᠡᠭᠲᠡᠶᠢᠴᠦᠳ ᠤᠨ | ᠬᠦᠷᠢᠶᠡᠨ ᠳᠠᠬᠢ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠪᠠᠨ ᠲᠠᠰᠤᠷᠠᠯᠳᠠ ᠦᠭᠡᠢ | ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠡᠯ᠎ᠡ ᠱᠠᠲᠤᠨ ᠤ ᠨᠠᠮ ᠤᠨ ᠬᠤᠷᠢᠶ᠎ᠠ ᠨᠠᠮ ᠠᠴᠠ ᠡᠮᠡᠭᠲᠡᠶᠢᠴᠦᠳ ᠤᠨ ᠠᠵᠢᠯ ᠢ ᠬᠠᠮᠢᠶᠠᠷᠬᠤ | ᠵᠠᠷᠴᠢᠮ ᠢ ᠪᠠᠷᠢᠮᠲᠠᠯᠠᠵᠤ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ | ᠲᠤᠭᠤᠰᠢᠯᠠᠭᠤᠯᠵᠤ᠂ ᠡᠮᠡᠭᠲᠡᠶᠢᠴᠦᠳ ᠤᠨ ᠬᠤᠯᠪᠤᠭ᠎ᠠ ᠶᠢᠨ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠵᠤ᠂ | ᠡᠮᠡᠭᠲᠡᠶᠢᠴᠦᠳ ᠤᠨ ᠬᠤᠯᠪᠤᠭ᠎ᠠ ᠶᠢᠨ ᠠᠵᠢᠯ ᠳᠠᠬᠢ ᠴᠢᠬᠤᠯᠠ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ | ᠰᠢᠢᠳᠪᠦᠷᠢᠯᠡᠵᠦ᠂ ᠡᠮᠡᠭᠲᠡᠶᠢᠴᠦᠳ ᠤᠨ ᠬᠤᠯᠪᠤᠭ᠎ᠠ ᠶᠢᠨ ᠠᠵᠢᠯ ᠢᠶᠠᠨ ᠵᠣᠬᠢᠶᠠᠨ ᠪᠠᠶᠢᠭᠤᠯᠤᠨ ᠥᠷᠨᠢᠭᠦᠯᠬᠦ ᠳᠤ | ᠳᠡᠮᠵᠢᠯᠭᠡ ᠬᠠᠩᠭᠠᠵᠤ᠂ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠤ | ᠡᠮᠡᠭᠲᠡᠶᠢᠴᠦᠳ ᠬᠡᠦᠬᠡᠳ ᠤᠨ ᠠᠵᠢᠯᠯᠠᠬᠤ ᠬᠤᠷᠢᠶ᠎ᠠ ᠡᠭᠦᠷᠭᠡ ᠴᠢᠳᠠᠪᠬᠢ ᠶᠢᠨ ᠦᠢᠯᠡᠳᠦᠯ ᠢᠶᠠᠨ ᠦᠨᠡᠨ ᠬᠦ | ᠪᠠᠳᠠᠷᠠᠭᠤᠯᠵᠤ᠂ ᠵᠣᠬᠢᠶᠠᠨ ᠪᠠᠶᠢᠭᠤᠯᠵᠤ ᠵᠣᠬᠢᠴᠠᠭᠤᠯᠬᠤ ᠪᠠ ᠵᠢᠯᠣᠭᠤᠳᠤᠨ ᠱᠠᠯᠠᠪᠳᠠᠭᠤᠯᠬᠤ ᠶᠢ ᠴᠢᠩᠭᠠᠳᠬᠠᠵᠤ᠂ | ᠡᠮᠡᠭᠲᠡᠶᠢᠴᠦᠳ ᠬᠡᠦᠬᠡᠳ ᠤᠨ ᠦᠢᠯᠡᠰ ᠤᠨ ᠬᠥᠭᠵᠢᠯᠲᠡ ᠶᠢᠨ ᠲᠤᠬᠠᠢ ᠨᠠᠮ ᠤᠨ ᠲᠥᠪ ᠬᠤᠷᠢᠶ᠎ᠠ ᠶᠢᠨ ᠡᠯ᠎ᠡ | ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠪᠦᠭᠦ ᠤᠯᠤᠰ ᠤᠨ ᠡᠮᠡᠭᠲᠡᠶᠢᠴᠦᠳ ᠤᠨ ᠬᠤᠯᠪᠤᠭ᠎ᠠ ᠶᠢᠨ ᠲᠡᠷᠢᠭᠦᠯᠡᠭᠴᠢ ᠱᠧᠨ ᠢ ᠴᠢᠨ ᠪᠦᠭᠦ ᠤᠯᠤᠰ ᠤᠨ | ᠡᠮᠡᠭᠲᠡᠶᠢᠴᠦᠳ ᠤᠨ ᠬᠤᠯᠪᠤᠭ᠎ᠠ ᠶᠢᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠢ ᠲᠥᠯᠥᠭᠡᠯᠡᠨ ᠳᠤᠮᠳᠠᠳᠤ | ᠤᠯᠤᠰ ᠤᠨ ᠡᠮᠡᠭᠲᠡᠶᠢᠴᠦᠳ ᠤᠨ ᠠᠷᠪᠠᠨ ᠭᠤᠷᠪᠠᠳᠤᠭᠠᠷ ᠶᠡᠭᠡ ᠬᠤᠷᠠᠯ ᠤᠨ ᠬᠤᠯᠪᠣᠭᠳᠠᠯ ᠪᠦᠬᠦᠢ ᠪᠠᠶᠢᠳᠠᠯ ᠪᠠ | ᠲᠠᠷᠠᠭᠠᠴᠢ ᠶᠢᠨ ᠠᠯᠬᠤᠮ ᠤᠨ ᠠᠵᠢᠯ ᠤᠨ ᠪᠣᠳᠣᠯᠬᠢᠯᠠᠯ ᠢᠶᠠᠨ ᠬᠠᠷᠢᠭᠤ ᠮᠡᠳᠡᠭᠦᠯᠪᠡ᠃ ᠪᠦᠭᠦ ᠤᠯᠤᠰ ᠤᠨ | ᠡᠮᠡᠭᠲᠡᠶᠢᠴᠦᠳ ᠤᠨ ᠬᠤᠯᠪᠤᠭ᠎ᠠ ᠶᠢᠨ ᠳᠡᠳ᠋ ᠲᠡᠷᠢᠭᠦᠯᠡᠭᠴᠢ ᠬᠤᠸᠠᠩ ᠰᠢᠶᠣᠣ ᠸᠧᠢ᠂ ᠮᠧᠩ ᠮᠠᠨ᠂ ᠸᠠᠩ ᠶᠠ ᠫᠢᠩ | ᠦᠭᠡ ᠬᠡᠯᠡᠪᠡ᠃ | ᠱᠢ ᠲᠠᠢ ᠹᠧᠩ᠂ ᠯᠢ ᠭᠠᠨ ᠵᠢᠶᠧ᠂ ᠯᠢ ᠱᠥ ᠯᠧᠢ᠂ ᠴᠧᠨ ᠸᠧᠨ ᠴᠢᠩ᠂ ᠯᠢᠦ ᠶᠢᠨ ᠭᠦᠸᠧ | ᠶᠠᠷᠢᠯᠴᠠᠯᠭ᠎ᠠ ᠳᠤ ᠣᠷᠣᠯᠴᠠᠵᠠᠢ᠃ |