ᠰᠤᠯᠤᠩᠭᠤᠰ ᠶᠠᠩ ᠯᠢ  ︵ᠠᠯᠢᠮ᠎ᠠ ᠶᠢᠨ ᠡᠭᠦᠯᠳᠡᠷ︶
ᠨᠡᠶᠢᠲᠡᠯᠡᠭᠰᠡᠨ ᠴᠠᠭ᠄
2023/11/10
     ᠮᠤᠳᠤᠨ ᠤ ᠮᠠᠯᠠᠭᠠᠶᠢᠷᠠᠯ ᠨᠢ ᠦᠷᠭᠡᠨ ᠱᠤᠷᠤᠯᠵᠢᠨ ᠬᠡᠯᠪᠡᠷᠢᠳᠠᠢ᠂ ᠰᠠᠯᠠᠭ᠎ᠠ ᠮᠦᠴᠢᠷ ᠤᠨ ᠤᠷᠭᠤᠯᠳᠠ ᠨᠢ ᠡᠭᠴᠡ ᠰᠢᠯᠤᠭᠤᠨ ᠪᠠᠶᠢᠳᠠᠭ᠃ ᠵᠢᠵᠢᠭ ᠰᠠᠯᠠᠭ᠎ᠠ ᠨᠠᠮᠠᠭ᠎ᠠ ᠨᠢ ᠦᠰᠦᠷᠬᠡᠭ ᠪᠢᠰᠢ᠂ ᠬᠢᠯᠦᠭᠡᠷ᠂ ᠬᠠᠯᠢᠰᠤᠨ ᠰᠦᠪᠡ ᠎ ᠨᠢ ᠢᠯᠡ ᠲᠤᠳᠤᠷᠬᠠᠢ᠃ ᠨᠠᠪᠴᠢ ᠨᠢ ᠵᠢᠵᠢᠭ᠂ ᠦᠨᠳᠡᠭᠡᠯᠢᠭ ᠬᠡᠯᠪᠡᠷᠢᠳᠠᠢ᠂ ᠬᠢᠯᠪᠠᠭ᠎ᠠ ᠲᠠᠢ᠂ ᠨᠠᠪᠴᠢᠨ ᠪᠠᠷᠢᠭᠤᠯ ᠎ ᠨᠢ ᠨᠠᠷᠢᠬᠠᠨ ᠤᠷᠲᠤ ᠪᠠᠶᠢᠳᠠᠭ᠃     ᠰᠤᠯᠤᠩᠭᠤᠰ ᠶᠠᠩ ᠯᠢ ᠶᠢᠨ ᠬᠠᠮᠤᠭ ᠲᠤᠪᠤᠶᠢᠭᠰᠠᠨ ᠰᠠᠶᠢᠨ ᠲᠠᠯ᠎ᠠ ᠪᠤᠯ ᠡᠯᠪᠡᠭ ᠬᠤᠷᠢᠶᠠᠯᠳᠠ ᠲᠠᠢ ᠪᠦᠭᠡᠳ ᠵᠢᠮᠢᠰ ᠰᠠᠭᠤᠬᠤ ᠬᠤᠭᠤᠴᠠᠭ᠎ᠠ ᠨᠢ ᠤᠷᠲᠤ ᠪᠠᠶᠢᠳᠠᠭ᠃ ᠦᠷ᠎ᠡ ᠵᠢᠮᠢᠰ ᠨᠢ ᠪᠦᠭᠡᠷᠡᠩᠬᠡᠢ ᠬᠡᠯᠪᠡᠷᠢᠳᠠᠢ᠃ ᠦᠩᠭᠡ ᠨᠢ ᠨᠤᠭᠤᠭᠠᠪᠲᠤᠷ᠂ ᠨᠠᠷᠠᠨ ᠲᠠᠯ᠎ᠠ ᠨᠢ ᠤᠯᠠᠭᠠᠨ ᠰᠤᠳᠠᠰᠤ ᠲᠠᠢ᠃ ᠵᠢᠮᠢᠰ ᠤᠨ ᠬᠠᠯᠢᠰᠤ ᠨᠢ ᠨᠢᠮᠭᠡᠨ ᠪᠦᠭᠡᠳ ᠬᠢᠯᠦᠭᠡᠷ᠂ ᠵᠢᠮᠢᠰ ᠤᠨ ᠮᠢᠬ᠎ᠠ ᠨᠢ ᠵᠤᠵᠠᠭᠠᠯᠢᠭ᠂ ᠴᠢᠯᠠᠭᠤᠨ ᠡᠰ ᠴᠦᠬᠡᠨ᠂ ᠰᠢᠬᠢᠷᠯᠢᠭ ᠠᠮᠳᠠᠳᠠᠢ᠂ ᠰᠢᠭᠦᠰᠦ ᠡᠯᠪᠡᠭ᠂ ᠦᠷ᠎ᠡ ᠵᠢᠮᠢᠰ ᠢ ᠲᠡᠭᠦᠵᠦ ᠠᠪᠤᠭᠰᠠᠨ ᠤ ᠰᠡᠭᠦᠯᠡᠷ ᠰᠡᠭᠦᠯᠴᠢ ᠶᠢᠨ ᠪᠤᠯᠪᠠᠰᠤᠷᠠᠯᠲᠠ ᠶᠢ ᠦᠩᠭᠡᠷᠡᠪᠡᠯ ᠤᠯᠠᠮ ᠠᠮᠳᠠᠯᠢᠭ ᠪᠤᠯᠳᠠᠭ᠃ ᠴᠢᠨᠠᠷ ᠨᠢ ᠰᠢᠯᠢᠳᠡᠭ ᠰᠠᠶᠢᠨ ᠶᠤᠮ᠃ ᠳᠤᠬᠢᠷᠠᠯᠴᠠᠬᠤ ᠴᠢᠨᠠᠷ ᠨᠢ ᠴᠢᠩᠭ᠎ᠠ᠂ ᠬᠦᠢᠲᠡᠨ ᠳᠤ ᠲᠡᠰᠪᠦᠷᠢᠳᠠᠢ ᠪᠦᠭᠡᠳ ᠬᠢᠷᠠᠭᠤ ᠶᠢ ᠳᠠᠭᠠᠭᠠᠨ᠎ᠠ᠃ ᠵᠦᠪᠬᠡᠨ ᠬᠠᠳᠠᠭᠠᠯᠠᠯᠳᠠ ᠳᠤ ᠲᠡᠰᠪᠦᠷᠢ ᠦᠭᠡᠢ᠃ ᠲᠤᠯᠠᠭᠠᠨ ᠪᠦᠯᠢᠶᠠᠨ᠂ ᠪᠠᠭ᠎ᠠ ᠠᠭᠤᠷ ᠠᠮᠢᠰᠬᠤᠯ ᠰᠠᠶᠢᠲᠠᠢ ᠬᠦᠷᠢᠶ᠎ᠠ ᠬᠠᠰᠢᠶᠠᠨ ᠳᠤ ᠪᠤᠶᠢᠵᠢᠭᠤᠯᠪᠠᠯ ᠶᠡᠭᠡ ᠳᠤᠬᠢᠷᠠᠨ᠎ᠠ᠃ ᠮᠦᠨᠴᠤ ᠠᠯᠮᠤᠷᠠᠳᠯᠢᠭ ᠎ ᠯᠤᠭ᠎ᠠ  ᠬᠠᠷᠢᠯᠴᠠᠨ ᠲᠤᠭᠤᠰᠤ ᠬᠦᠷᠲᠡᠭᠡᠳᠡᠭ᠃     ︽ᠵᠢᠮᠢᠰ ᠤᠨ ᠮᠤᠳᠤ ᠢᠳᠡᠰᠢᠨ ᠨᠤᠭᠤᠭ᠎ᠠ ᠲᠠᠷᠢᠵᠦ ᠡᠵᠡᠩᠨᠡᠬᠦ ᠮᠡᠷᠭᠡᠵᠢᠯ︾  ᠭᠡᠬᠦ ᠨᠤᠮ ᠠᠴᠠ ᠪᠠᠭᠤᠯᠭᠠᠪᠠ᠃
 
ᠢᠷᠡᠯᠲᠡ᠄ ︽ᠵᠢᠮᠢᠰ ᠤᠨ ᠮᠤᠳᠤ ᠢᠳᠡᠰᠢᠨ ᠨᠤᠭᠤᠭ᠎ᠠ ᠲᠠᠷᠢᠵᠦ ᠡᠵᠡᠩᠨᠡᠬᠦ ᠮᠡᠷᠭᠡᠵᠢᠯ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号