ᠥᠪᠡᠷᠲᠡᠭᠡᠨ ᠵᠠᠰᠠᠬᠤ ᠣᠷᠣᠨ ᠤ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠥᠪᠥᠷ ᠮᠣᠩᠭᠤᠯ ᠤᠨ ᠬᠤᠪᠢᠶᠠᠷᠢ ᠬᠥᠮᠥᠷᠭᠡ ᠶᠢᠨ ᠲᠥᠷᠥᠯ ᠵᠦᠢᠯ ᠤᠨ ᠪᠠᠷᠢᠯᠭ᠎ᠠ ᠶᠢᠨ ᠲᠤᠬᠠᠶ ᠶᠢᠨ ᠲᠠᠯᠠᠪᠠᠢ ᠳᠤ ᠠᠶᠤᠯ ᠦᠭᠡᠢ ᠦᠢᠯᠡᠳᠪᠦᠷᠢᠯᠡᠯ ᠤᠨ ᠪᠠᠶᠢᠴᠠᠭᠠᠯᠲᠠ ᠬᠢᠪᠠ
ᠨᠡᠶᠢᠲᠡᠯᠡᠭᠰᠡᠨ ᠴᠠᠭ᠄
2023/11/13
      ᠲᠣᠪᠴᠢᠶ᠎ᠠ ᠶᠢᠨ ᠭᠤᠤᠯ ᠤᠳᠤᠷᠢᠳᠤᠯᠭ᠎ᠠ ᠶᠢᠨ ᠵᠢᠭᠠᠪᠤᠷᠢ ᠪᠠᠷ᠂ 11 ᠰᠠᠷ᠎ᠠ ᠶᠢᠨ 11᠎ ᠤ ᠡᠳᠦᠷ ᠤᠨ ᠦᠳᠡ ᠶᠢᠨ ᠡᠮᠦᠨ᠎ᠡ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠭᠠᠯ ᠰᠡᠷᠭᠡᠶᠢᠯᠡᠬᠦ ᠬᠤᠶᠠᠳᠤᠭᠠᠷ ᠭᠠᠵᠠᠷ ᠤᠨ ᠳᠠᠷᠤᠭ᠎ᠠ ᠢᠦᠶ ᠰᠢᠶᠤᠤ ᠵᠢᠶᠦ᠋ᠨ ᠦᠷ᠎ᠡ ᠴᠢᠬᠢ ᠶᠢᠨ ᠶᠡᠷᠦᠩᠬᠡᠶ ᠥᠷᠲᠡᠭᠡ ᠶᠢᠨ ᠦᠷᠳᠡᠭᠡᠨ ᠳᠠᠷᠤᠭ᠎ᠠ ᠯᠢ ᠭᠦᠸᠧ ᠵᠢᠶᠦ᠋ᠨ ᠤ ᠪᠠᠷ᠎ᠠ ᠪᠣᠯᠣᠯᠭ᠎ᠠ ᠪᠠᠷ᠂ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠦᠷ᠎ᠡ ᠶᠢᠨ ᠡᠬᠢ ᠪᠠᠶᠠᠯᠢᠭ ᠤᠨ ᠲᠦᠬᠦᠭᠡᠷᠦᠮᠵᠢ ᠶᠢ ᠬᠠᠳᠠᠭᠠᠯᠠᠬᠤ ᠬᠥᠮᠥᠷᠭᠡ ᠶᠢᠨ ᠥᠪᠥᠷ ᠮᠣᠩᠭᠤᠯ ᠤᠨ ᠬᠤᠪᠢᠶᠠᠷᠢ ᠬᠥᠮᠥᠷᠭᠡ ᠶᠢᠨ ᠲᠥᠷᠥᠯ ᠵᠦᠢᠯ ᠤᠨ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ ᠠᠶᠤᠯ ᠥᠬᠡᠶ ᠦᠢᠯᠡᠳᠪᠦᠷᠢᠯᠡᠯ ᠤᠨ ᠪᠠᠶᠢᠴᠠᠭᠠᠯᠲᠠ ᠬᠢᠪᠠ᠃
W020231107641133227665.jpg
      ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠪᠦᠲᠦᠭᠡᠨ ᠪᠠᠶᠢᠭᠤᠯᠬᠤ ᠨᠢᠭᠡᠴᠡ ᠶᠢᠨ ᠠᠵᠢᠯᠯᠠᠬᠤ ᠲᠣᠭᠤᠷᠢᠭ᠂ ᠪᠠᠷᠢᠯᠭ᠎ᠠ ᠪᠠᠷᠢᠬᠤ ᠨᠢᠭᠡᠴᠡ ᠶᠢᠨ ᠠᠮᠢᠳᠤᠷᠠᠯ ᠤᠨ ᠲᠣᠭᠤᠷᠢᠭ ᠪᠣᠯᠤᠨ ᠪᠠᠷᠢᠯᠭ᠎ᠠ ᠶᠢᠨ ᠠᠵᠢᠯ ᠤᠨ ᠲᠤᠬᠠᠶ ᠶᠢᠨ ᠲᠠᠯᠠᠪᠠᠶ ᠳᠤ ᠪᠠᠶᠢᠴᠠᠭᠠᠯᠲᠠ ᠬᠢᠵᠦ᠂ ᠤᠰᠤ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠭᠠᠯ ᠬᠡᠷᠡᠭᠯᠡᠬᠦ ᠠᠮᠤᠷ ᠲᠦᠪᠰᠢᠨ ᠳᠤ ᠭᠤᠣᠯᠳᠠᠯᠭ᠎ᠠ ᠲᠠᠢ ᠪᠠᠶᠢᠴᠠᠭᠠᠯᠲᠠ ᠬᠢᠵᠦ᠂ ᠪᠠᠶᠢᠴᠠᠭᠠᠬᠤ ᠶᠠᠪᠤᠴᠠ ᠳᠤ ᠪᠦᠲᠦᠭᠡᠨ ᠪᠠᠶᠢᠭᠤᠯᠬᠤ ᠨᠢᠭᠡᠴᠡ᠂ ᠬᠢᠨᠠᠨ ᠬᠠᠮᠢᠶᠠᠷᠬᠤ ᠨᠢᠭᠡᠴᠡ ᠪᠣᠯᠤᠨ ᠪᠠᠷᠢᠯᠭ᠎ᠠ ᠶᠢᠨ ᠨᠢᠭᠡᠴᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠶᠤᠯ ᠦᠭᠡᠶ ᠶᠢᠨ ᠬᠠᠮᠢᠶᠠᠷᠤᠯᠲᠠ ᠪᠣᠯᠤᠨ ᠶᠠᠰᠤ ᠴᠢᠨᠠᠷ ᠤᠨ ᠠᠬᠢᠴᠠ ᠶᠢᠨ ᠬᠠᠮᠢᠶᠠᠷᠤᠯᠲᠠ ᠵᠡᠷᠭᠡ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃      ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠳᠠᠭᠤᠰᠤᠭᠰᠠᠨ ᠤ ᠲᠠᠷᠠᠭ᠎ᠠ᠂ ᠪᠠᠶᠢᠴᠠᠭᠠᠬᠤ ᠳᠤᠭᠤᠶᠢᠯᠠᠩ ᠨᠢ ᠪᠥᠳᠥᠭᠡᠨ ᠪᠠᠶᠢᠭᠤᠯᠬᠤ ᠨᠢᠭᠡᠴᠡ᠂ ᠬᠢᠨᠠᠨ ᠬᠠᠮᠢᠶᠠᠷᠬᠤ ᠨᠢᠭᠡᠴᠡ᠂ ᠪᠠᠷᠢᠯᠭ᠎ᠠ ᠪᠠᠷᠢᠬᠤ ᠨᠢᠭᠡᠴᠡ ᠶᠢᠨ ᠲᠥᠯᠥᠭᠡᠯᠡᠭᠴᠢ ᠲᠠᠢ ᠶᠠᠷᠢᠯᠴᠠᠬᠤ ᠬᠤᠷᠠᠯ ᠬᠢᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠳᠠᠬᠢᠨᠲᠠ ᠪᠠᠶᠢᠷᠢᠯᠠᠭᠤᠯᠤᠯᠲᠠ ᠬᠢᠵᠦ᠂ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠳᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠪᠠ᠃ ᠢᠦᠶ ᠰᠢᠶᠤᠤ ᠵᠢᠶᠦ᠋ᠨ ᠭᠠᠵᠠᠷ ᠤᠨ ᠳᠠᠷᠤᠭ᠎ᠠ ᠴᠢᠬᠤᠯᠠᠴᠢᠯᠠᠭᠰᠠᠨ ᠨᠢ᠂ ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭ᠎ᠠ ᠠᠳᠬᠤᠬᠤ ᠬᠡᠷᠡᠭᠳᠡᠢ᠃ ᠥᠪᠥᠷ ᠮᠣᠩᠭᠤᠯ ᠤᠨ ᠬᠤᠪᠢᠶᠠᠷᠢ ᠬᠥᠮᠥᠷᠭᠡ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ᠳᠡᠭᠡᠳᠦ ᠱᠠᠲᠤᠨ ᠠᠴᠠ ᠳᠤᠤᠷᠠᠳᠤ ᠱᠠᠲᠤ ᠬᠦᠷᠲᠡᠯ᠎ᠡ ᠴᠥᠮ ᠣᠨᠴᠠᠭᠠᠶᠢᠯᠠᠨ ᠠᠩᠬᠠᠷᠴᠤ ᠪᠠᠶᠢᠨ᠎ᠠ᠂ ᠪᠥᠲᠥᠭᠡᠨ ᠪᠠᠶᠢᠭᠤᠯᠤᠯᠲᠠ ᠳᠤ ᠣᠷᠣᠯᠴᠠᠭᠰᠠᠨ ᠡᠯ᠎ᠡ ᠲᠠᠯ᠎ᠠ ᠶᠢᠨ ᠬᠢᠨ ᠡᠷᠬᠡᠪᠰᠢ ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠠᠶᠤᠯ ᠥᠬᠡᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠠᠶᠤᠯ ᠥᠬᠡᠶ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠠᠳᠡᠯ ᠭᠠᠷᠬᠤ ᠥᠬᠡᠶ ᠪᠠᠶᠢᠬᠤ ᠶᠢ ᠪᠠᠲᠤᠯᠠᠬᠤ ᠬᠡᠷᠡᠭᠲᠡᠶ᠃ ᠢᠦᠶ ᠰᠢᠶᠤᠤ ᠵᠢᠶᠦ᠋ᠨ ᠭᠠᠵᠠᠷ ᠤᠨ ᠳᠠᠷᠤᠭ᠎ᠠ ᠵᠢᠭᠠᠵᠤ ᠭᠠᠷᠭᠠᠭᠰᠠᠨ ᠨᠢ᠂ ᠣᠳᠣᠬᠢ ᠱᠠᠲᠤᠨ ᠤ ᠪᠠᠷᠢᠯᠭ᠎ᠠ ᠶᠢᠨ ᠬᠠᠮᠤᠭ ᠤᠨ ᠶᠡᠭᠡ ᠳᠠᠯᠳᠠ ᠬᠡᠮ ᠪᠣᠯ ᠴᠠᠬᠢᠯᠭᠠᠨ ᠬᠡᠷᠡᠭᠯᠡᠬᠦ ᠪᠠ ᠭᠠᠯ ᠬᠡᠷᠡᠭᠯᠡᠬᠦ ᠶᠢᠨ ᠠᠮᠤᠷ ᠲᠦᠪᠰᠢᠨ ᠪᠣᠯᠤᠨ᠎ᠠ᠂ ᠲᠤᠰᠬᠠᠶ ᠬᠥᠮᠦᠨ ᠳᠣᠭᠢᠷᠠᠭᠤᠯᠤᠨ ᠠᠮᠤᠷ ᠲᠦᠪᠰᠢᠨ ᠤ ᠲᠣᠭᠤᠷᠢᠨ ᠪᠠᠶᠢᠴᠠᠭᠠᠯᠲᠠ ᠬᠢᠯᠭᠡᠵᠦ᠂ ᠵᠠᠩᠭᠢᠯᠠᠭ᠎ᠠ ᠶᠢᠨ ᠪᠠᠶᠢᠷᠢᠨ ᠳᠤ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠨᠥᠬᠦᠪᠥᠷᠢᠯᠡᠬᠦ ᠶᠢᠨ ᠬᠠᠮᠲᠤ ᠳᠠᠷᠦ᠋ᠢᠬᠠᠨ ᠬᠦᠷᠢᠶᠡᠨ ᠳᠣᠲᠣᠷᠠᠬᠢ ᠪᠤᠵᠠᠷ ᠡᠪᠡᠰᠦ ᠶᠢ ᠴᠡᠪᠡᠷᠯᠡᠵᠦ᠂ ᠠᠯᠢᠪᠠ ᠠᠮᠤᠷ ᠲᠦᠪᠰᠢᠨ ᠤ ᠳᠠᠯᠳᠠ ᠬᠡᠮ ᠢ ᠠᠷᠢᠯᠭᠠᠬᠤ ᠬᠡᠷᠡᠭᠲᠡᠶ᠃
W020231113341988326140.jpg
      ᠡᠴᠦᠰ ᠲᠤ᠂ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢᠨ ᠨᠢᠭᠡᠴᠡ ᠪᠠ ᠬᠢᠨᠠᠨ ᠬᠠᠮᠢᠶᠠᠷᠬᠤ ᠨᠢᠭᠡᠴᠡ ᠶᠢᠨ ᠲᠥᠯᠥᠭᠡᠯᠡᠭᠴᠢ ᠲᠣᠰ ᠲᠣᠰ ᠰᠠᠨᠠᠯ ᠳᠤᠷᠠᠳᠴᠤ᠂ ᠪᠠᠶᠢᠴᠠᠭᠠᠬᠤ ᠳᠤᠭᠤᠶᠢᠯᠠᠩ ᠤᠨ ᠳᠤᠷᠠᠳᠤᠭᠰᠠᠨ ᠰᠠᠨᠠᠯ ᠪᠠ ᠰᠠᠨᠠᠭᠤᠯᠭ᠎ᠠ ᠶᠢ ᠰᠠᠨᠠᠯ ᠨᠢᠭᠡᠲᠡᠶ ᠵᠥᠪᠰᠢᠶᠡᠷᠡᠭᠰᠡᠨ ᠪᠥᠭᠡᠳ ᠪᠠᠷᠢᠯᠭ᠎ᠠ ᠪᠠᠷᠢᠬᠤ ᠨᠢᠭᠡᠴᠡ ᠶᠢ ᠳᠠᠷᠤᠶ ᠲᠦᠷᠭᠡᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠨ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠪᠠᠨ ᠴᠢᠩᠭᠠᠳᠬᠠᠵᠤ᠂ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠳᠤᠤᠷ᠎ᠠ ᠡᠯ᠎ᠡ ᠵᠦᠢᠯ ᠤᠨ ᠠᠵᠢᠯ ᠢᠶᠠᠨ ᠡᠮᠬᠢ ᠵᠢᠷᠤᠮ ᠲᠠᠢ ᠥᠷᠨᠢᠭᠦᠯᠬᠦ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号