ᠤᠶᠢᠷ᠎ᠡ ᠳᠤ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ | ᠬᠦᠷᠢᠶᠡᠯᠡᠩ ᠤᠨ ᠨᠡᠭᠦᠷᠡᠰᠦᠳᠦ᠋ᠷᠦᠭᠴᠢ ᠬᠤᠷᠠᠮᠳᠤᠭᠤᠯᠬᠤ ᠰᠤᠳᠤᠯᠭᠠᠨ ᠤ ᠭᠠᠵᠠᠷ ᠤᠨ ᠳᠠᠭᠠᠭᠠᠴᠢᠯᠠᠭᠰᠠᠨ ︽ | ᠪᠠᠶᠠᠨᠬᠤᠸᠠ ᠵᠠᠳᠠᠭᠠᠶ ᠠᠭᠤᠷᠬᠠᠶ ᠶᠢᠨ ᠰᠢᠷᠤᠢ ᠭᠠᠳᠠᠭᠰᠢᠯᠠᠭᠤᠯᠬᠤ ᠲᠠᠯᠠᠪᠠᠶ ᠶᠢᠨ ᠨᠡᠭᠦᠷᠡᠰᠦᠳᠦ᠋ᠷᠦᠭᠴᠢ | ᠬᠤᠷᠠᠮᠳᠤᠭᠤᠯᠬᠤ ᠤᠶᠢᠵᠢᠭᠤᠯᠤᠯᠲᠠ ᠬᠢᠬᠡᠳ ᠠᠮᠢ ᠠᠬᠤᠶ ᠶᠢᠨ ᠰᠡᠷᠭᠦᠭᠡᠯᠲᠡ ᠶᠢ ᠨᠢᠭᠡ ᠴᠤᠭᠴᠠᠵᠢᠭᠤᠯᠬᠤ | ᠰᠤᠳᠤᠯᠭᠠᠨ ᠪᠠ ᠵᠢᠱᠢᠶ᠎ᠡ ᠦᠵᠡᠭᠦᠯᠬᠦ︾ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠲᠥᠷᠥᠯ | ᠵᠦᠢᠯ ᠬᠠᠮᠢᠶ᠎ᠠ ᠪᠦᠬᠦᠢ ᠰᠢᠯᠭᠠᠨ ᠠᠪᠬᠤ ᠠᠵᠢᠯ ᠢᠶᠠᠨ ᠲᠠᠭᠤᠰᠬᠠᠪᠠ᠃ ᠵᠢᠱᠢᠯᠲᠡ ᠪᠠᠷ ᠡᠨᠡ ᠨᠢ 30 ᠵᠢᠯ ᠤᠨ | ᠬᠤᠭᠤᠴᠠᠭᠠᠨ ᠳᠤ ᠲᠤᠮᠳᠠᠴᠢ ᠪᠠᠷ ᠵᠢᠯ ᠪᠦᠷᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠬᠡᠮᠵᠢᠶ᠎ᠡ ᠨᠢ 750.5 | ᠲᠣᠨ ᠨᠡᠭᠦᠷᠡᠰᠦᠳᠦ᠋ᠷᠦᠭᠴᠢ ᠶᠢᠨ ᠳᠠᠪᠬᠤᠷ ᠢᠰᠦᠯ ᠲᠠᠢ ᠲᠠᠩᠴᠡᠬᠦ ᠪᠤᠯᠤᠨ᠎ᠠ᠃ | ᠮᠠᠨ ᠤ ᠤᠯᠤᠰ ᠪᠣᠯ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠦᠢᠯᠡᠳᠪᠦᠷᠢᠯᠡᠬᠦ ᠪᠠ | ᠬᠤᠷᠤᠭᠳᠠᠭᠤᠯᠬᠤ ᠲᠤᠮᠤ ᠤᠯᠤᠰ ᠮᠥᠨ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠡᠳᠦᠷᠬᠡᠢ ᠶᠡᠭᠡ | ᠨᠡᠭᠡᠭᠡᠨ ᠠᠰᠢᠭᠯᠠᠭᠰᠠᠨ ᠠᠴᠠ ᠪᠤᠯᠵᠤ ᠤᠤᠯ ᠤᠨ ᠡᠪᠡᠰᠤᠳᠤ ᠭᠠᠵᠠᠷ᠂ ᠤᠶᠢᠲᠤ ᠭᠠᠵᠠᠷ ᠵᠡᠷᠭᠡ ᠠᠯᠢ ᠤᠯᠠᠨ | ᠨᠡᠭᠦᠷᠡᠰᠦᠳᠦ᠋ᠷᠦᠭᠴᠢ ᠶᠢ ᠶᠡᠭᠡ ᠪᠠᠷ ᠰᠢᠩᠭᠡᠭᠡᠨᠠᠪᠴᠦ ᠳᠡᠶᠢᠯᠬᠦ ᠭᠠᠵᠠᠷ ᠤᠨ ᠨᠡᠭᠦᠷᠡᠰᠦᠳᠦ᠋ᠷᠦᠭᠴᠢ ᠶᠢ | ᠳᠤᠭᠲᠠᠪᠦᠷᠢᠵᠢᠭᠤᠯᠬᠤ ᠴᠢᠳᠠᠪᠤᠷᠢ ᠶᠢ ᠪᠠᠭᠤᠷᠠᠭᠤᠯᠤᠭᠰᠠᠨ ᠪᠤᠶᠤ ᠠᠯᠳᠠᠭᠤᠯᠤᠭᠰᠠᠨ ᠪᠠᠶᠢᠨ᠎ᠠ᠃ ᠮᠠᠨ ᠤ ᠤᠯᠤᠰ ᠤᠨ | ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠤᠨ ᠡᠬᠢᠯᠡᠭᠦᠯᠦᠭᠰᠡᠨ ᠠᠩᠬᠠᠳᠠᠭᠴᠢ ᠠᠮᠢ ᠠᠬᠤᠶ ᠶᠢ ᠰᠡᠷᠭᠦᠭᠡᠬᠦ | ᠨᠡᠭᠦᠷᠡᠰᠦᠳᠦ᠋ᠷᠦᠭᠴᠢ ᠬᠤᠷᠠᠮᠳᠤᠭᠤᠯᠬᠤ ᠲᠥᠷᠥᠯ ᠵᠤᠶᠢᠯ ᠪᠤᠯᠤᠭᠰᠠᠨ ᠤ ᠬᠤᠪᠢ ᠳᠤ ︽ᠪᠠᠶᠠᠨᠬᠤᠸᠠ ᠵᠠᠳᠠᠭᠠᠶ | ᠠᠭᠤᠷᠬᠠᠶ ᠶᠢᠨ ᠰᠢᠷᠤᠢ ᠭᠠᠳᠠᠭᠰᠢᠯᠠᠭᠤᠯᠬᠤ ᠲᠠᠯᠠᠪᠠᠶ ᠶᠢᠨ ᠨᠡᠭᠦᠷᠡᠰᠦᠳᠦ᠋ᠷᠦᠭᠴᠢ ᠬᠤᠷᠠᠮᠳᠤᠭᠤᠯᠬᠤ | ᠤᠶᠢᠵᠢᠭᠤᠯᠤᠯᠳᠠ ᠬᠢᠭᠡᠳ ᠠᠮᠢ ᠠᠬᠤᠶ ᠶᠢᠨ ᠰᠡᠷᠬᠦᠬᠡᠯᠳᠡ ᠶᠢ ᠨᠢᠭᠡ ᠴᠤᠭᠴᠠᠵᠢᠭᠤᠯᠤᠭᠰᠠᠨ ᠰᠤᠳᠤᠯᠭᠠᠨ ᠪᠠ | ᠵᠢᠱᠢᠶ᠎ᠡ ᠦᠵᠡᠭᠦᠯᠬᠦ︾ ᠲᠥᠷᠥᠯ ᠵᠤᠶᠢᠯ ᠨᠢ ᠠᠭᠤᠷᠬᠠᠶ ᠶᠢᠨ ᠣᠷᠣᠨ ᠤ ᠠᠮᠢ ᠠᠬᠤᠶ ᠶᠢ ᠰᠡᠷᠬᠦᠬᠡᠵᠤ | ᠨᠡᠭᠦᠷᠡᠰᠦᠳᠦ᠋ᠷᠦᠭᠴᠢ ᠶᠢ ᠲᠤᠭᠳᠠᠪᠤᠷᠢᠵᠢᠭᠤᠯᠬᠤ ᠪᠠ ᠨᠡᠭᠦᠷᠡᠰᠦᠳᠦ᠋ᠷᠦᠭᠴᠢ ᠬᠤᠷᠠᠮᠳᠤᠭᠤᠯᠬᠤ ᠬᠡᠮᠵᠢᠶ᠎ᠠ ᠶᠢ | ᠨᠡᠮᠡᠭᠳᠡᠭᠦᠯᠬᠦ ᠳᠤ ᠲᠡᠷᠡ ᠬᠡᠪ ᠢᠶᠠᠷ ᠨᠢ ᠳᠡᠯᠭᠡᠷᠡᠭᠦᠯᠵᠦ ᠪᠣᠯᠬᠤ ᠮᠡᠷᠭᠡᠵᠢᠯ ᠤᠨ ᠵᠠᠭᠪᠤᠷ ᠢ ᠬᠠᠩᠭᠠᠵᠠᠢ᠃ | ᠠᠭᠤᠷ ᠠᠮᠢᠰᠬᠤᠯ ᠤᠨ ᠬᠤᠪᠢᠷᠠᠯᠲᠠ ᠪᠣᠯ ᠣᠳᠣᠬᠠᠨ ᠳᠤ ᠬᠥᠮᠦᠨ ᠲᠥᠷᠥᠯᠬᠢᠲᠡᠨ ᠳᠤ ᠲᠤᠯᠭᠠᠷᠠᠵᠤ ᠪᠠᠶᠢᠭ᠎ᠠ | ᠪᠦᠬᠦ ᠪᠥᠮᠪᠥᠷᠴᠡᠭ ᠤᠨ ᠴᠢᠨᠠᠷᠲᠠᠢ ᠬᠦᠨᠳᠦ ᠴᠢᠬᠤᠯᠠ ᠰᠢᠯᠭᠠᠯᠳᠠ ᠪᠤᠯᠤᠨ᠎ᠠ᠃ ᠡᠨᠧᠷᠭᠢ ᠠᠷᠪᠢᠯᠠᠨ ᠪᠣᠬᠢᠷᠲᠤᠯ | ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠨᠡᠭᠦᠷᠡᠰᠦᠳᠦ᠋ᠷᠦᠭᠴᠢ ᠶᠢ ᠲᠤᠭᠳᠠᠪᠤᠷᠢᠵᠢᠭᠤᠯᠬᠤ | ᠨᠡᠭᠦᠷᠡᠰᠦᠳᠦ᠋ᠷᠦᠭᠴᠢ ᠬᠤᠷᠠᠮᠳᠤᠭᠤᠯᠬᠤ ᠬᠡᠮᠵᠢᠶ᠎ᠡ ᠶᠢ ᠨᠡᠮᠡᠭᠳᠡᠭᠦᠯᠬᠦ ᠨᠢ ᠨᠢᠭᠡᠨᠲᠡ ᠪᠦᠬᠦ ᠪᠥᠮᠪᠥᠷᠴᠡᠭ ᠤᠨ ᠠᠭᠤᠷ | ᠠᠮᠢᠰᠬᠤᠯ ᠤᠨ ᠬᠤᠪᠢᠷᠠᠯᠲᠠ ᠶᠢᠨ ᠠᠰᠠᠭᠤᠳᠠᠯ ᠢ ᠠᠷᠭᠠᠴᠠᠭᠠᠬᠤ ᠡᠯ᠎ᠡ ᠤᠯᠤᠰ ᠤᠨ ᠬᠠᠮᠲᠤ ᠶᠢᠨ ᠲᠠᠨᠢᠯᠲᠠ | ᠪᠤᠯᠤᠭᠰᠠᠨ ᠶᠤᠮ᠃ | ᠥᠪᠥᠷ ᠮᠣᠩᠭᠤᠯ ᠤᠨ ᠭᠠᠵᠠᠷ ᠵᠦᠶ ᠶᠢᠨ ᠪᠠᠶᠢᠷᠢᠯᠠᠯ᠂ ᠭᠠᠵᠠᠷ ᠤᠨ ᠭᠠᠳᠠᠷᠭᠤ ᠪᠠ ᠠᠭᠤᠷ ᠠᠮᠢᠰᠬᠤᠯ ᠤᠨ | ᠨᠦᠬᠦᠴᠡᠯ ᠨᠢ ᠥᠷᠭᠡᠨ ᠠᠭᠤᠳᠠᠮ ᠲᠠᠯ᠎ᠠ ᠨᠤᠲᠤᠭ᠂ ᠡᠩ ᠥᠷᠭᠡᠨ ᠣᠶ ᠰᠢᠭᠤᠢ᠂ ᠨᠡᠯᠦᠭᠡᠷ ᠶᠡᠭᠡ ᠡᠯᠡᠰᠦᠨ ᠴᠥᠯ | ᠪᠠ ᠣᠯᠠᠨ ᠶᠠᠩᠵᠤ ᠶᠢᠨ ᠨᠤᠭᠤ ᠭᠠᠵᠠᠷ ᠤᠨ ᠠᠮᠢ ᠠᠬᠤᠶ ᠶᠢᠨ ᠰᠢᠰᠲ᠋ᠧᠮ ᠢ ᠪᠦᠷᠢᠯᠳᠤᠬᠦᠯᠦᠨ᠂ ᠥᠪᠡᠷᠮᠢᠴᠡ | ᠣᠨᠴᠠᠯᠢᠭ ᠲᠠᠢ ᠠᠮᠢᠲᠠᠨ ᠤᠷᠭᠤᠮᠠᠯ ᠤᠨ ᠲᠥᠷᠥᠯ ᠢ ᠪᠤᠶᠢᠵᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠬᠠᠮᠤᠭ | ᠤᠨ ᠶᠡᠭᠡ ᠠᠮᠢ ᠠᠬᠤᠶ ᠶᠢᠨ ᠰᠢᠰᠲ᠋ᠧᠮ ᠤᠨ ᠨᠡᠭᠦᠷᠡᠰᠦᠳᠦ᠋ᠷᠦᠭᠴᠢ ᠶᠢᠨ ᠬᠥᠮᠥᠷᠭᠡ ᠶᠢ ᠪᠣᠶ ᠪᠣᠯᠭᠠᠪᠠ᠃ | ᠲᠥᠰᠦᠭᠡᠯᠡᠭᠰᠡᠨ ᠢᠶᠠᠷ ᠪᠥᠬᠦ ᠣᠷᠣᠨ ᠤ ᠤᠶᠢᠲᠤ ᠭᠠᠵᠠᠷ᠂ ᠡᠪᠡᠰᠤᠳᠤ ᠭᠠᠵᠠᠷ᠂ ᠨᠤᠭᠤ ᠭᠠᠵᠠᠷ ᠤᠨ | ᠨᠡᠭᠦᠷᠡᠰᠦᠳᠦ᠋ᠷᠦᠭᠴᠢ ᠶᠢᠨ ᠶᠡᠷᠦᠩᠬᠡᠶ ᠬᠠᠳᠠᠭᠠᠯᠠᠭᠳᠠᠴᠠ 105.49 ᠳ᠋ᠦᠩᠰᠢᠭᠤᠷ ᠲᠣᠨ ᠪᠠᠶᠢᠵᠤ᠂ ᠪᠥᠬᠦ ᠤᠯᠤᠰ | ᠤᠨ ᠤᠶᠢᠲᠤ ᠭᠠᠵᠠᠷ᠂ ᠡᠪᠡᠰᠤᠳᠤ ᠭᠠᠵᠠᠷ᠂ ᠨᠤᠭᠤ ᠭᠠᠵᠠᠷ ᠤᠨ ᠨᠡᠭᠦᠷᠡᠰᠦᠳᠦ᠋ᠷᠦᠭᠴᠢ ᠶᠢᠨ ᠬᠠᠳᠠᠭᠠᠯᠠᠭᠳᠠᠴᠠ ᠶᠢᠨ | 11.91% ᠶᠢ ᠡᠵᠡᠯᠡᠵᠦ᠂ ᠪᠥᠬᠦ ᠤᠯᠤᠰ ᠲᠤ ᠲᠡᠳ᠋ᠯᠡᠵᠤ ᠪᠠᠢᠨ᠎ᠠ᠃ 2020 ᠣᠨ ᠳᠤ ᠪᠥᠬᠦ ᠣᠷᠣᠨ ᠤ ᠤᠶᠢᠲᠤ | ᠭᠠᠵᠠᠷ᠂ ᠡᠪᠡᠰᠤᠳᠤ ᠭᠠᠵᠠᠷ᠂ ᠨᠤᠭᠤ ᠭᠠᠵᠠᠷ ᠤᠨ ᠨᠡᠭᠦᠷᠡᠰᠦᠳᠦ᠋ᠷᠦᠭᠴᠢ ᠶᠢᠨ ᠬᠤᠷᠠᠮᠳᠤᠭᠤᠯᠭ᠎ᠠ ᠶᠢᠨ ᠬᠡᠮᠵᠢᠶ᠎ᠡ 1. | 19 ᠳ᠋ᠦᠩᠰᠢᠭᠤᠷ ᠲᠣᠨ ᠪᠠᠢᠵᠤ᠂ ᠪᠥᠬᠦ ᠤᠯᠤᠰ ᠤᠨ ᠤᠶᠢᠲᠤ ᠭᠠᠵᠠᠷ᠂ ᠡᠪᠡᠰᠤᠳᠤ ᠭᠠᠵᠠᠷ᠂ ᠨᠤᠭᠤ ᠭᠠᠵᠠᠷ ᠤᠨ | ᠨᠡᠭᠦᠷᠡᠰᠦᠳᠦ᠋ᠷᠦᠭᠴᠢ ᠶᠢᠨ ᠬᠤᠷᠠᠮᠳᠤᠭᠤᠯᠭ᠎ᠠ ᠶᠢᠨ ᠬᠡᠮᠵᠢᠶ᠎ᠡ ᠶᠢᠨ 9.44% ᠶᠢ ᠡᠵᠡᠯᠡᠵᠦ᠂ ᠪᠥᠬᠦ ᠤᠯᠤᠰ ᠤᠨ | ᠲᠡᠷᠢᠭᠦᠨ ᠳᠤ ᠣᠷᠣᠪᠠ᠃ ᠡᠯᠪᠡᠭ ᠪᠠᠶᠠᠯᠢᠭ ᠨᠡᠭᠦᠷᠡᠰᠦᠳᠦ᠋ᠷᠦᠭᠴᠢ ᠶᠢᠨ ᠬᠠᠳᠠᠭᠠᠯᠠᠭᠳᠠᠴᠠ ᠪᠣᠯᠤᠨ | ᠨᠡᠭᠦᠷᠡᠰᠦᠳᠦ᠋ᠷᠦᠭᠴᠢ ᠶᠢᠨ ᠬᠤᠷᠠᠮᠳᠤᠭᠤᠯᠭ᠎ᠠ ᠨᠢ ᠥᠪᠥᠷ ᠮᠣᠩᠭᠤᠯ ᠤᠨ ᠨᠡᠭᠦᠷᠡᠰᠦᠳᠦ᠋ᠷᠦᠭᠴᠢ ᠬᠤᠷᠠᠮᠳᠤᠭᠤᠯᠬᠤ | ᠠᠵᠤ ᠠᠬᠤᠶ ᠶᠢ ᠬᠦᠭᠵᠢᠭᠦᠯᠬᠦ᠂ ︽ᠬᠤᠤᠰ ᠨᠡᠭᠦᠷᠡᠰᠦᠳᠦ᠋ᠷᠦᠭᠴᠢ︾ ᠶᠢᠨ ᠬᠠᠷᠠᠯᠲᠠ ᠶᠢ ᠪᠡᠶᠡᠯᠡᠭᠦᠯᠬᠦ ᠳᠤ ᠪᠠᠲᠤ | ᠰᠠᠭᠤᠷᠢ ᠶᠢ ᠲᠠᠯᠪᠢᠵᠤ ᠦᠭᠴᠡᠢ᠃ | ᠮᠠᠨ ᠤ ᠤᠯᠤᠰ ᠤᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠪᠤᠯᠤᠭᠰᠠᠨ ᠤ | ᠬᠤᠪᠢ ᠳᠤ ᠥᠪᠥᠷ ᠮᠣᠩᠭᠤᠯ ︽ᠬᠤᠤᠰ ᠨᠡᠭᠦᠷᠡᠰᠦᠳᠦ᠋ᠷᠦᠭᠴᠢ︾ ᠶᠢᠨ ᠬᠠᠷᠠᠯᠲᠠ ᠶᠢ ᠤᠨᠢᠯᠠᠨ ᠪᠤᠬᠢᠷᠳᠤᠯ ᠦᠬᠡᠢ | ᠬᠦᠭᠵᠢᠯᠳᠡ ᠪᠠᠷ ᠰᠠᠭᠤᠷᠢ ᠪᠣᠯᠭᠠᠨ ᠨᠡᠭᠦᠷᠡᠰᠦᠳᠦ᠋ᠷᠦᠭᠴᠢ ᠶᠢᠨ ᠬᠤᠷᠠᠮᠳᠤᠭᠤᠯᠭ᠎ᠠ ᠶᠢ ᠨᠡᠮᠡᠭᠳᠡᠬᠦᠯᠵᠤ᠂ ᠪᠥᠬᠦ ᠤᠯᠤᠰ | ᠤᠨ ᠬᠠᠮᠤᠭ ᠤᠨ ᠲᠤᠭᠳᠠᠭᠤᠨ ᠠᠮᠢ ᠠᠬᠤᠶ ᠶᠢᠨ ᠨᠡᠭᠦᠷᠡᠰᠦᠳᠦ᠋ᠷᠦᠭᠴᠢ ᠬᠤᠷᠠᠮᠳᠤᠭᠤᠯᠬᠤ ᠬᠠᠩᠭᠠᠯᠭ᠎ᠠ ᠶᠢᠨ | ᠰᠠᠭᠤᠷᠢᠨ ᠢ ᠴᠢᠷᠮᠠᠶᠢᠨ ᠪᠠᠶᠢᠭᠤᠯᠵᠤ ᠪᠠᠶᠢᠨ᠎ᠠ᠃ | ᠨᠡᠭᠦᠷᠡᠰᠦᠳᠦ᠋ᠷᠦᠭᠴᠢ ᠶᠢ ᠲᠤᠭᠲᠠᠪᠤᠷᠢᠵᠢᠭᠤᠯᠤᠨ᠎ᠠ — ︽ᠭᠤᠷᠪᠠᠨ ᠣᠷᠣᠨ ᠭᠤᠷᠪᠠᠨ ᠱᠤᠭᠤᠮ︾ ᠢ | ᠴᠢᠩᠭ᠎ᠠ ᠰᠠᠬᠢᠵᠤ᠂ ᠪᠠᠶᠢᠭᠠᠯᠢ ᠶᠢᠨ ᠣᠶ᠂ ᠨᠡᠶᠢᠲᠡ ᠶᠢᠨ ᠠᠰᠠᠷᠠᠮᠵᠢ ᠶᠢᠨ ᠣᠶ ᠶᠢ ᠬᠤᠳᠠᠯᠳᠤᠭᠠᠨ ᠤ ᠴᠢᠨᠠᠷᠲᠠᠶ ᠪᠠᠷ | ᠤᠭᠲᠤᠯᠬᠤ ᠶᠢ ᠪᠥᠬᠦ ᠲᠠᠯ᠎ᠠ ᠪᠠᠷ ᠵᠤᠭᠰᠤᠭᠠᠨ᠂ ᠪᠠᠶᠢᠭᠠᠯᠢ ᠶᠢᠨ ᠨᠤᠳᠤᠭ ᠪᠡᠯᠴᠢᠭᠡᠷ ᠢ ᠪᠥᠬᠦ ᠲᠠᠯ᠎ᠠ ᠪᠠᠷ | ᠬᠠᠮᠠᠭᠠᠯᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠨ ᠪᠡᠯᠴᠢᠭᠡᠷ ᠢ ᠰᠡᠷᠭᠦᠭᠡᠬᠦ᠂ ᠮᠠᠯ ᠪᠡᠯᠴᠢᠭᠡᠷ ᠢ ᠲᠡᠩᠴᠡᠭᠦᠷᠢᠲᠡᠶ | ᠪᠠᠶᠢᠯᠭᠠᠬᠤ ᠶᠢ ᠴᠢᠩᠭ᠎ᠠ ᠨᠠᠶᠢᠳᠠᠪᠤᠷᠢᠵᠢᠭᠤᠯᠵᠤ᠂ ᠣᠲᠣ ᠶᠢᠨ ᠪᠠᠶᠢᠭ᠎ᠠ ᠣᠶ ᠰᠢᠭᠤᠢ᠂ ᠨᠤᠲᠤᠭ ᠪᠡᠯᠴᠢᠭᠡᠷ᠂ ᠨᠤᠭᠤ | ᠭᠠᠵᠠᠷ᠂ ᠲᠠᠷᠢᠶᠠᠨ ᠭᠠᠵᠠᠷ ᠵᠡᠷᠭᠡ ᠴᠢᠬᠤᠯᠠ ᠠᠮᠢ ᠠᠬᠤᠶ ᠶᠢᠨ ᠣᠷᠣᠨ ᠵᠠᠶ ᠶᠢᠨ ᠨᠡᠭᠦᠷᠡᠰᠦᠳᠦ᠋ᠷᠦᠭᠴᠢ ᠶᠢ | ᠳᠤᠭᠲᠠᠪᠦᠷᠢᠵᠢᠭᠤᠯᠬᠤ ᠦᠢᠯᠡᠳᠤᠯ ᠢ ᠲᠤᠭᠲᠠᠪᠤᠷᠢᠵᠢᠭᠤᠯᠤᠨ᠎ᠠ᠃ ᠣᠶ ᠰᠢᠭᠤᠢ ᠨᠤᠲᠤᠭ ᠪᠡᠯᠴᠢᠭᠡᠷ ᠢ ᠡᠪᠳᠡᠵᠦ | ᠨᠤᠭᠤ ᠭᠠᠵᠠᠷ ᠢ ᠡᠪᠳᠡᠬᠦ ᠵᠡᠷᠭᠡ ᠡᠯ᠎ᠡ ᠲᠥᠷᠥᠯ ᠤᠨ ᠲᠤᠭᠳᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭ᠌ᠰᠡᠨ | ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠦᠭᠴᠦ᠂ ᠭᠠᠵᠠᠷ ᠰᠢᠷᠤᠢ ᠶᠢ ᠵᠦᠶ ᠵᠣᠬᠢᠰ ᠥᠬᠡᠶ ᠪᠠᠷ ᠠᠰᠢᠭᠯᠠᠬᠤ᠂ | ᠭᠠᠵᠠᠷ ᠰᠢᠷᠤᠢ ᠶᠢ ᠡᠪᠳᠡᠬᠦ ᠵᠡᠷᠭᠡ ᠠᠵᠢᠯᠯᠠᠭ᠎ᠠ ᠠᠴᠠ ᠪᠤᠯᠤᠭᠰᠠᠨ ᠨᠡᠭᠦᠷᠡᠰᠦᠳᠦ᠋ᠷᠦᠭᠴᠢ ᠶᠢᠨ | ᠭᠠᠳᠠᠭᠰᠢᠯᠠᠭᠤᠯᠤᠯᠲᠠ ᠶᠢ ᠬᠦᠴᠦᠯᠡᠨ ᠪᠠᠭᠠᠰᠬᠠᠵᠦ᠂ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠢᠯᠡᠬᠦ | ᠪᠠ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠨ᠂ ᠨᠡᠭᠦᠷᠡᠰᠦᠳᠦ᠋ᠷᠦᠭᠴᠢ ᠶᠢᠨ | ᠬᠥᠮᠥᠷᠭᠡ ᠶᠢᠨ ᠬᠤᠬᠢᠷᠠᠯ ᠢ ᠦᠨᠡᠨ ᠬᠦ ᠪᠠᠭᠠᠰᠬᠠᠨ᠎ᠠ᠃ | ᠨᠡᠭᠦᠷᠡᠰᠦᠳᠦ᠋ᠷᠦᠭᠴᠢ ᠶᠢᠨ ᠬᠤᠷᠠᠮᠳᠤᠭᠤᠯᠭ᠎ᠠ ᠶᠢ ᠨᠡᠮᠡᠭᠳᠡᠬᠦᠯᠤᠨ᠎ᠡ — ︽ᠤᠮᠠᠷᠠᠲᠤ ᠶᠢᠨ ᠭᠤᠷᠪᠠᠨ | ᠤᠷᠤᠨ︾ ᠵᠡᠷᠭᠡ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢ ᠬᠠᠮᠠᠭᠠᠯᠠᠵᠤ ᠰᠡᠷᠬᠦᠬᠡᠬᠦ ᠢᠨᠵᠧᠨᠧᠷᠢᠩ ᠳᠤ | ᠲᠦᠰᠢᠭᠯᠡᠨ ᠤᠯᠤᠰ ᠤᠨ ᠨᠤᠲᠤᠭ ᠳᠡᠪᠢᠰᠭᠡᠷ ᠤᠨ ᠨᠣᠭᠤᠭᠠᠷᠠᠭᠤᠯᠤᠯᠲᠠ ᠶᠢ ᠶᠡᠭᠡ ᠬᠡᠪᠴᠢᠶ᠎ᠡ ᠪᠠᠷ ᠠᠬᠢᠭᠤᠯᠤᠨ᠂ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ ᠪᠠᠶᠢᠭᠠᠯᠢ ᠶᠢᠨ | ᠬᠠᠮᠠᠭᠠᠯᠠᠯᠲᠠ ᠶᠢᠨ ᠭᠠᠵᠠᠷ ᠤᠨ ᠪᠦᠳᠦᠭᠡᠨ ᠪᠠᠢᠭᠤᠯᠤᠯᠲᠠ ᠶᠢᠨ ᠢᠨᠵᠧᠨᠧᠷᠢᠩ᠂ ᠨᠤᠭᠤ ᠭᠠᠵᠠᠷ ᠪᠣᠯᠤᠨ ᠬᠡᠭᠡᠷ᠎ᠡ ᠶᠢᠨ | ᠠᠮᠢᠳᠠᠨ ᠤᠷᠭᠤᠮᠠᠯ ᠢ ᠬᠠᠮᠠᠭᠠᠯᠠᠬᠤ ᠢᠨᠵᠧᠨᠧᠷᠢᠩ ᠢ ᠠᠬᠢᠭᠤᠯᠵᠤ᠂ ︽ᠭᠤᠷᠪᠠᠨ ᠨᠠᠭᠤᠷ︾ ᠪᠣᠯᠤᠨ ᠴᠠᠭᠠᠨᠨᠠᠭᠤᠷ | ᠵᠡᠷᠭᠡ ᠴᠢᠬᠤᠯᠠ ᠨᠠᠭᠤᠷ ᠴᠥᠭᠦᠷᠥᠮ᠂ ᠨᠤᠭᠤ ᠭᠠᠵᠠᠷ ᠤᠨ ᠠᠮᠢ ᠠᠬᠤᠢ ᠶᠢ ᠰᠡᠷᠭᠦᠭᠡᠬᠦ ᠢᠨᠵᠧᠨᠧᠷᠢᠩ ᠢ | ᠦᠷᠭᠦᠯᠵᠢᠯᠡᠨ ᠴᠢᠩᠭᠠᠳᠬᠠᠵᠤ᠂ ᠨᠡᠭᠦᠷᠡᠰᠦᠳᠦ᠋ᠷᠦᠭᠴᠢ ᠬᠤᠷᠠᠮᠳᠤᠭᠤᠯᠬᠤ ᠬᠡᠮᠵᠢᠶ᠎ᠡ ᠶᠢ ᠦᠷᠭᠦᠯᠵᠢᠯᠡᠨ | ᠳᠡᠭᠡᠭᠰᠢᠯᠡᠭᠦᠯᠦᠨ᠎ᠡ᠃ | ᠨᠡᠭᠦᠷᠡᠰᠦᠳᠦ᠋ᠷᠦᠭᠴᠢ ᠶᠢ ᠲᠤᠭᠲᠠᠪᠤᠷᠢᠵᠢᠭᠤᠯᠤᠨ ᠨᠡᠭᠦᠷᠡᠰᠦᠳᠦ᠋ᠷᠦᠭᠴᠢ ᠬᠤᠷᠠᠮᠳᠤᠭᠤᠯᠬᠤ ᠶᠢ | ᠨᠡᠮᠡᠭᠳᠡᠭᠦᠯᠬᠦ ᠶᠢᠨ ᠬᠠᠮᠲᠤ ᠥᠪᠥᠷ ᠮᠣᠩᠭᠤᠯ ᠪᠠᠰᠠ ᠨᠡᠭᠦᠷᠡᠰᠦᠳᠦ᠋ᠷᠦᠭᠴᠢ ᠬᠤᠷᠠᠮᠳᠤᠭᠤᠯᠬᠤ ᠲᠦᠷᠢᠮ ᠢ ᠬᠦᠴᠦᠯᠡᠨ | ᠪᠦᠷᠢᠨᠰᠢᠭᠦᠯᠦᠨ ᠲᠡᠭᠦᠯᠳᠡᠷᠵᠢᠭᠦᠯᠵᠦ᠂ ᠨᠡᠭᠦᠷᠡᠰᠦᠳᠦ᠋ᠷᠦᠭᠴᠢ ᠬᠤᠷᠠᠮᠳᠤᠭᠤᠯᠬᠤ ᠲᠥᠷᠥᠯ ᠵᠤᠶᠢᠯ ᠢ ᠨᠡᠭᠡᠭᠡᠨ | ᠭᠦᠭᠵᠢᠭᠦᠯᠵᠦ ᠨᠥᠭᠡᠴᠡᠯᠡᠬᠦ ᠪᠠ ᠠᠷᠠᠯᠵᠢᠶᠠᠯᠠᠬᠤ ᠶᠢ ᠠᠬᠢᠭᠤᠯᠵᠤ᠂ ᠠᠮᠢ ᠠᠬᠤᠶ ᠶᠢᠨ ᠦᠢᠯᠡᠳᠭᠦᠨ ᠤ ᠥᠷᠲᠡᠭ ᠢ | ᠪᠡᠶᠡᠯᠡᠭᠦᠯᠬᠦ ᠠᠷᠭ᠎ᠠ ᠵᠠᠮ ᠢ ᠰᠦᠪᠡᠭᠴᠢᠯᠡᠵᠦ ᠪᠠᠶᠢᠨ᠎ᠠ᠃ ᠦᠪᠤᠷ ᠮᠤᠩᠭᠤᠯ ᠤᠨ ᠣᠶ ᠰᠢᠭᠤᠢ ᠶᠢᠨ ᠠᠵᠤ | ᠦᠢᠯᠡᠳᠪᠦᠷᠢ ᠶᠢᠨ ᠪᠦᠯᠦᠭᠯᠡᠯ ᠪᠣᠯᠤᠨ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠵᠥᠪᠳᠡᠯᠴᠡᠬᠡᠷ | ᠲᠤᠭᠳᠠᠭᠰᠠᠨ ᠠᠷᠠᠯᠵᠢᠶᠠᠨ ᠤ ᠭᠤᠪᠢᠭᠤᠯᠭ᠎ᠠ ᠶᠢᠨ ᠬᠡᠮᠵᠢᠶ᠎ᠡ 50 ᠲᠦᠮᠡᠨ ᠲᠣᠨ᠂ ᠠᠷᠠᠯᠵᠢᠶᠠᠨ ᠤ ᠵᠣᠭᠤᠰ ᠤᠨ | ᠲᠤᠭ᠎ᠠ 1500 ᠲᠦᠮᠡᠨ ᠲᠥᠭᠦᠷᠢᠭ ᠬᠦᠷᠴᠠᠢ ; ᠬᠥᠯᠥᠨ ᠪᠤᠶᠢᠷ ᠤᠨ ᠣᠶ ᠰᠢᠭᠤᠢ ᠶᠢᠨ ᠪᠦᠯᠦᠭᠯᠡᠯ ᠺᠣᠮᠫᠠᠨᠢ | ᠪᠤᠯᠤᠨ ᠬᠤᠸᠠ ᠨᠸᠡᠭ ᠤᠨ ᠢᠮᠢᠨ ᠨᠡᠭᠦᠷᠡᠰᠦ ᠴᠠᠬᠢᠯᠭᠠᠨ ᠤ ᠺᠣᠮᠫᠠᠨᠢ ᠲᠠᠢ ᠵᠥᠪᠳᠡᠯᠴᠡᠬᠡᠷ ᠲᠤᠭᠳᠠᠨ 12 ᠲᠦᠮᠡᠨ | ᠲᠣᠨ ᠤ ᠨᠡᠭᠦᠷᠡᠰᠦᠳᠦ᠋ᠷᠦᠭᠴᠢ ᠶᠢᠨ ᠬᠤᠷᠠᠮᠳᠤᠭᠤᠯᠭ᠎ᠠ ᠶᠢ ᠠᠷᠠᠯᠵᠢᠶᠠᠯᠠᠵᠤ᠂ ᠠᠷᠠᠯᠵᠢᠶᠡᠨ ᠤ ᠵᠣᠭᠤᠰ ᠤᠨ ᠲᠤᠭ᠎ᠠ ᠨᠢ | 750 ᠲᠦᠮᠡᠨ ᠲᠥᠭᠦᠷᠢᠭ ᠬᠦᠷᠪᠡ ; ᠬᠢᠩᠭᠠᠨ ᠠᠶᠢᠮᠠᠭ ᠤᠨ ᠲᠦᠴᠢᠦᠸᠠᠨ ᠰᠢᠶᠠᠨ ᠪᠣᠯᠤᠨ ᠬᠤᠸᠠ ᠨᠧᠩ | ᠥᠪᠥᠷ ᠮᠣᠩᠭᠤᠯ ᠤᠨ ᠵᠡᠭᠦᠨ ᠬᠡᠰᠡᠭ ᠤᠨ ᠡᠨᠧᠷᠭᠢ ᠶᠢᠨ ᠺᠣᠮᠫᠠᠨᠢ ᠪᠥᠬᠦ ᠣᠷᠣᠨ ᠤ ᠠᠩᠬᠠᠳᠠᠭᠴᠢ CCER ᠣᠶ | ᠰᠢᠭᠤᠢ ᠶᠢᠨ ᠨᠡᠭᠦᠷᠡᠰᠦᠳᠦ᠋ᠷᠦᠭᠴᠢ ᠬᠤᠷᠠᠮᠳᠤᠭᠤᠯᠬᠤ ᠬᠤᠭᠤᠴᠠᠭᠠᠲᠤ ᠪᠠᠷᠠᠭᠠᠨ ᠤ ᠬᠡᠯᠪᠡᠷᠢ ᠶᠢᠨ ᠠᠷᠠᠯᠵᠢᠶ᠎ᠠ ᠶᠢ | ᠪᠡᠶᠡᠯᠡᠭᠦᠯᠵᠦ᠂ ᠠᠷᠠᠯᠵᠢᠶᠠᠯᠠᠬᠤ ᠨᠡᠭᠦᠷᠡᠰᠦᠳᠦ᠋ᠷᠦᠭᠴᠢ ᠶᠢᠨ ᠬᠤᠷᠠᠮᠳᠤᠭᠤᠯᠭ᠎ᠠ ᠨᠢ 1.8 ᠲᠦᠮᠡᠨ ᠲᠣᠨ ᠪᠠᠶᠢᠵᠤ᠂ | ᠠᠷᠠᠯᠵᠢᠶᠠᠨ ᠤ ᠵᠣᠭᠤᠰ ᠤᠨ ᠲᠤᠭ᠎ᠠ ᠨᠢ 100 ᠲᠦᠮᠡᠨ ᠲᠥᠭᠦᠷᠢᠭ ᠲᠤ ᠬᠦᠷᠦᠭᠰᠡᠨ ᠪᠠᠶᠢᠨ᠎ᠠ ᠁ ᠡᠨᠡ | ᠵᠢᠯ ᠠᠴᠠ ᠨᠠᠭᠠᠰᠢ ᠪᠥᠬᠦ ᠣᠷᠣᠨ ᠳᠤ ᠣᠶ ᠰᠢᠭᠤᠢ ᠨᠤᠲᠤᠭ ᠪᠡᠯᠴᠢᠭᠡᠷ ᠤᠨ ᠨᠡᠭᠦᠷᠡᠰᠦᠳᠦ᠋ᠷᠦᠭᠴᠢ ᠬᠤᠷᠠᠮᠳᠤᠭᠤᠯᠬᠤ | 17 ᠲᠥᠷᠥᠯ ᠵᠤᠶᠢᠯ ᠢ ᠨᠡᠭᠡᠭᠡᠨ ᠭᠦᠭᠵᠢᠭᠦᠯᠵᠦ᠂ ᠨᠡᠭᠦᠷᠡᠰᠦᠳᠦ᠋ᠷᠦᠭᠴᠢ ᠬᠤᠷᠠᠮᠳᠤᠭᠤᠯᠬᠤ ᠠᠷᠠᠯᠵᠢᠶᠠᠨ ᠤ | ᠨᠡᠭᠦᠷᠡᠰᠦᠳᠦ᠋ᠷᠦᠭᠴᠢ ᠶᠢᠨ ᠬᠤᠷᠠᠮᠳᠤᠭᠤᠯᠭ᠎ᠠ ᠨᠢ 79.5 ᠲᠦᠮᠡᠨ ᠲᠣᠨ᠂ ᠠᠷᠠᠯᠵᠢᠶᠠᠨ ᠤ ᠵᠣᠭᠤᠰ ᠤᠨ ᠲᠤᠭ᠎ᠠ ᠨᠢ | 2645.5 ᠲᠦᠮᠡᠨ ᠲᠥᠭᠦᠷᠢᠭ ᠲᠤ ᠬᠦᠷᠴᠠᠢ᠃ | ᠲᠠᠷᠠᠭᠠᠴᠢ ᠶᠢᠨ ᠠᠯᠬᠤᠮ ᠳᠤ ᠮᠠᠨ ᠤ ᠤᠷᠤᠨ ᠤᠯᠤᠰ ᠤᠨ ︽ᠤᠮᠠᠷᠠᠲᠤ ᠶᠢᠨ ᠭᠤᠷᠪᠠᠨ ᠤᠷᠤᠨ︾ ᠤ | ᠢᠨᠵᠧᠨᠧᠷᠢᠩ ᠤᠨ ᠪᠣᠭᠤᠮᠲᠠ ᠰᠢᠪᠳᠤᠯᠬᠤ ᠳᠠᠶᠢᠯᠠᠯᠳᠤᠭᠠᠨ ᠵᠢᠴᠢ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠶ | ᠳᠠᠢᠯᠠᠯᠳᠤᠭᠠᠨ ᠢ ᠰᠠᠶᠢᠳᠤᠷ ᠬᠢᠬᠦ ᠴᠢᠬᠤᠯᠠ ᠶᠡᠭᠡ ᠠᠵᠠ ᠲᠣᠬᠢᠶᠠᠯ ᠢ ᠠᠳᠬᠤᠨ ᠨᠡᠭᠦᠷᠡᠰᠦᠳᠦ᠋ᠷᠦᠭᠴᠢ | ᠬᠤᠷᠠᠮᠳᠤᠭᠤᠯᠬᠤ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠬᠦ ᠪᠠ ᠭᠤᠤᠯᠳᠠᠯᠭ᠎ᠠ ᠲᠠᠢ ᠠᠮᠢ ᠠᠬᠤᠶ ᠶᠢᠨ ᠰᠢᠰᠲ᠋ᠧᠮ | ᠢ ᠬᠠᠮᠠᠭᠠᠯᠠᠨ ᠰᠡᠷᠭᠦᠭᠡᠬᠦ ᠶᠢ ᠵᠡᠷᠭᠡ ᠪᠠᠷ ᠠᠬᠢᠭᠤᠯᠵᠤ᠂ 2030 ᠣᠨ ᠪᠣᠯᠬᠤ ᠳᠤ 8700 ᠲᠦᠮᠡᠨ ᠮᠥ ᠭᠠᠵᠠᠷ ᠢ | ᠤᠶᠢᠵᠢᠭᠤᠯᠵᠤ ᠡᠪᠡᠰᠦ ᠳᠠᠷᠢᠬᠤ ᠡᠭᠦᠷᠭᠡ ᠶᠢ ᠪᠡᠶᠡᠯᠡᠭᠦᠯᠤᠨ᠂ 14500 ᠲᠦᠮᠡᠨ ᠮᠥ ᠣᠶ ᠰᠢᠭᠤᠢ ᠨᠤᠲᠤᠭ | ᠪᠡᠯᠴᠢᠬᠡᠷ ᠤᠨ ᠶᠠᠰᠤ ᠴᠢᠨᠠᠷ ᠢ ᠪᠠᠬᠢᠵᠢᠭᠦᠯᠦᠨ ᠳᠡᠭᠡᠭᠰᠢᠯᠡᠭᠦᠯᠵᠦ᠂ 6200 ᠲᠦᠮᠡᠨ ᠮᠥ ᠡᠯᠡᠰᠦᠷᠬᠡᠭᠵᠢᠭᠰᠡᠨ ᠭᠠᠵᠠᠷ | ᠢ ᠵᠠᠰᠠᠵᠤ᠂ ᠣᠶ ᠰᠢᠭᠤᠢ ᠨᠤᠲᠤᠭ ᠪᠡᠯᠴᠢᠭᠡᠷ ᠤᠨ ︽ ᠨᠡᠭᠦᠷᠡᠰᠦᠳᠦ᠋ᠷᠦᠭᠴᠢ ᠶᠢᠨ ᠬᠥᠮᠥᠷᠭᠡ︾ ᠶᠢ | ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠪᠥᠬᠦ ᠤᠯᠤᠰ ᠤᠨ ᠬᠠᠮᠤᠭ ᠤᠨ ᠲᠤᠭᠲᠠᠭᠤᠨ ᠠᠮᠢ ᠠᠬᠤᠶ ᠶᠢᠨ | ᠨᠡᠭᠦᠷᠡᠰᠦᠳᠦ᠋ᠷᠦᠭᠴᠢ ᠬᠤᠷᠠᠮᠳᠤᠭᠤᠯᠬᠤ ᠬᠠᠩᠭᠠᠯᠭ᠎ᠠ ᠶᠢᠨ ᠰᠠᠭᠤᠷᠢᠨ ᠢ ᠴᠤᠭᠴᠠᠯᠠᠬᠤ ᠪᠤᠯᠤᠨ᠎ᠠ᠃ |