| ᠡᠯ᠎ᠡ ᠠᠶᠢᠮᠠᠭ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ | ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ᠄ | ᠤᠢ ᠰᠢᠭᠤᠢ ᠨᠤᠲᠤᠭ ᠪᠡᠯᠴᠢᠭᠡᠷ ᠤᠨ ᠦᠷ᠎ᠡ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠠᠵᠢᠯ ᠤᠨ | ᠳᠤᠮᠳᠠᠬᠢ ᠪᠠ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢᠨ ᠲᠤᠰᠠᠳᠠ᠂ ᠬᠢᠨᠠᠯᠲᠠ | ᠬᠠᠮᠢᠶᠠᠷᠤᠯᠲᠠ ᠶᠢᠨ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠬᠢᠨᠠᠨ ᠬᠠᠮᠢᠶᠠᠷᠬᠤ ᠬᠦᠴᠦᠨ ᠴᠢᠳᠠᠪᠤᠷᠢ ᠶᠢ | ᠳᠡᠭᠡᠭᠰᠢᠯᠡᠭᠦᠯᠵᠦ᠂ ᠰᠤᠭᠤᠴᠢᠨ ᠪᠠᠶᠢᠴᠠᠭᠠᠯᠲᠠ ᠶᠢ ᠵᠢᠷᠤᠮᠵᠢᠭᠤᠯᠵᠤ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠦᠷ᠎ᠡ ᠶᠢᠨ ᠬᠠᠤᠯᠢ︾ ︽ᠰᠤᠭᠤᠴᠢᠨ ᠪᠠᠶᠢᠴᠠᠭᠠᠯᠳᠠ ᠶᠢᠨ ᠵᠢᠷᠤᠮᠵᠢᠯ ᠤᠨ ᠠᠵᠢᠯ ᠤᠨ ᠳᠤᠮᠳᠠᠬᠢ ᠪᠠ | ᠳᠠᠷᠠᠭᠠᠬᠢ ᠬᠢᠨᠠᠯᠲᠠ ᠬᠠᠮᠢᠶᠠᠷᠤᠯᠲᠠ ᠶᠢ ᠳᠡᠯᠭᠡᠷᠡᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ | ᠲᠢᠩᠬᠢᠮ ᠤᠨ ᠮᠡᠳᠡᠭᠳᠡᠯ︾ ︵ᠲᠥᠷᠥ ᠲᠠᠷᠬᠠᠭᠠᠭᠰᠠᠨ ᠠᠯᠪᠠᠨ〔 2015〕58 ᠳ᠋ᠤᠭᠠᠷ ᠲᠣᠭᠠᠲᠤ︶ ᠵᠢᠴᠢ ︽ | ᠣᠶ ᠮᠣᠳᠣᠨ ᠤ ᠦᠷ᠎ᠡ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠤᠨ ᠬᠠᠮᠢᠶᠠᠷᠤᠯᠲᠠ ᠶᠢᠨ ᠠᠷᠭ᠎ᠠ︾ | ︵ᠤᠯᠤᠰ ᠤᠨ ᠣᠶ ᠰᠢᠭᠤᠶ ᠶᠢᠨ ᠲᠣᠪᠴᠢᠶ᠎ᠠ ᠶᠢᠨ ᠵᠠᠷᠯᠢᠭ 40 ᠳ᠋ᠦ᠋ᠭᠡᠷ ᠲᠣᠭᠠᠲᠤ︶ ᠶᠢᠨ ᠬᠤᠯᠪᠣᠭᠳᠠᠯ ᠪᠦᠬᠦᠢ | ᠲᠣᠭᠲᠠᠭᠠᠯ ᠢ ᠦᠨᠳᠦᠰᠦᠯᠡᠨ᠂ ᠮᠠᠨ ᠤ ᠣᠷᠣᠨ ᠤ ᠣᠳᠣᠬᠠᠨ ᠤ ᠤᠢ ᠰᠢᠭᠤᠢ ᠨᠤᠲᠤᠭ ᠪᠡᠯᠴᠢᠭᠡᠷ ᠤᠨ ᠦᠷ᠎ᠡ | ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠠᠵᠢᠯ ᠤᠨ ᠣᠳᠣᠬᠢ ᠪᠠᠶᠢᠳᠠᠯ ᠲᠠᠢ ᠤᠶᠠᠯᠳᠤᠭᠤᠯᠤᠨ᠎ᠠ᠂ ᠮᠠᠨ ᠤ | ᠲᠣᠪᠴᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ | ᠲᠣᠪᠴᠢᠶ᠎ᠠ ᠶᠢᠨ ᠤᠢ ᠰᠢᠭᠤᠢ ᠨᠤᠲᠤᠭ ᠪᠡᠯᠴᠢᠭᠡᠷ ᠤᠨ ᠦᠷ᠎ᠡ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ | ᠰᠤᠭᠤᠴᠢᠨ ᠪᠠᠶᠢᠴᠠᠭᠠᠬᠤ ᠠᠵᠢᠯ ᠤᠨ ᠨᠠᠷᠢᠨ ᠲᠦᠷᠢᠮ︾ ᠢ ᠰᠤᠳᠤᠯᠤᠨ ᠲᠣᠭᠲᠠᠭᠠᠪᠠ᠂ ᠡᠳᠦᠭᠡ ᠳᠠᠷᠤᠮᠠᠯᠯᠠᠨ | ᠶᠠᠪᠤᠭᠤᠯᠤᠯ᠎ᠠ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ | 2021 ᠣᠨ ᠤ 11 ᠰᠠᠷ᠎ᠠ ᠶᠢᠨ 11 ᠤ ᠡᠳᠦᠷ | | | ᠤᠢ ᠰᠢᠭᠤᠢ ᠨᠤᠲᠤᠭ ᠪᠡᠯᠴᠢᠭᠡᠷ ᠤᠨ ᠦᠷ᠎ᠡ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠰᠤᠭᠤᠴᠢᠨ | ᠪᠠᠶᠢᠴᠠᠭᠠᠬᠤ ᠠᠵᠢᠯ ᠤᠨ ᠨᠠᠷᠢᠨ ᠳᠦᠷᠢᠮ | ᠨᠢᠭᠡᠳᠦᠭᠡᠷ ᠵᠤᠷᠪᠤᠰ ᠤᠢ ᠰᠢᠭᠤᠢ ᠨᠤᠲᠤᠭ ᠪᠡᠯᠴᠢᠭᠡᠷ ᠤᠨ ᠦᠷ᠎ᠡ ᠦᠢᠯᠡᠳᠪᠦᠷᠢᠯᠡᠵᠦ ᠡᠵᠡᠩᠨᠡᠬᠦ | ᠵᠥᠪᠰᠢᠶᠡᠷᠡᠯ ᠤᠨ ᠠᠵᠢᠯ ᠤᠨ ᠶᠠᠪᠤᠳᠠᠯ ᠤᠨ ᠳᠤᠮᠳᠠᠬᠢ ᠪᠠ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠦᠷ᠎ᠡ ᠶᠢᠨ ᠬᠠᠤᠯᠢ︾ ︽ᠰᠤᠭᠤᠴᠢᠨ ᠪᠠᠶᠢᠴᠠᠭᠠᠬᠤ ᠵᠢᠷᠤᠮᠵᠢᠯ ᠤᠨ ᠠᠵᠢᠯ ᠤᠨ ᠳᠤᠮᠳᠠᠬᠢ ᠪᠠ | ᠳᠠᠷᠠᠭᠠᠬᠢ ᠬᠢᠨᠠᠯᠲᠠ ᠬᠠᠮᠢᠶᠠᠷᠤᠯᠲᠠ ᠶᠢ ᠳᠡᠯᠭᠡᠷᠡᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ | ᠲᠢᠩᠬᠢᠮ ᠤᠨ ᠮᠡᠳᠡᠭᠳᠡᠯ︾ ︵ᠲᠥᠷᠥ ᠲᠠᠷᠬᠠᠭᠠᠭᠰᠠᠨ ᠠᠯᠪᠠᠨ 〔2015〕58 ᠳ᠋ᠤᠭᠠᠷ ᠲᠣᠭᠠᠲᠤ︶ ᠵᠢᠴᠢ ︽ | ᠤᠢ ᠮᠤᠳᠤᠨ ᠤ ᠦᠷ᠎ᠡ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠤᠨ ᠬᠠᠮᠢᠶᠠᠷᠤᠯᠲᠠ ᠶᠢᠨ ᠠᠷᠭ᠎ᠠ︾ | ︵ᠤᠯᠤᠰ ᠤᠨ ᠣᠶ ᠰᠢᠭᠤᠶ ᠶᠢᠨ ᠲᠣᠪᠴᠢᠶ᠎ᠠ ᠶᠢᠨ ᠵᠠᠷᠯᠢᠭ 40 ᠳ᠋ᠦ᠋ᠭᠡᠷ ᠲᠣᠭᠠᠲᠤ︶ ᠵᠡᠷᠭᠡ ᠶᠢ ᠦᠨᠳᠦᠰᠦᠯᠡᠨ᠂ | ᠲᠣᠰ ᠨᠠᠷᠢᠨ ᠲᠦᠷᠢᠮ ᠢ ᠲᠣᠭᠲᠠᠭᠠᠪᠠ᠃ | ᠬᠤᠶᠠᠳᠤᠭᠠᠷ ᠵᠤᠷᠪᠤᠰ ᠲᠣᠰ ᠨᠠᠷᠢᠨ ᠲᠦᠷᠢᠮ ᠳᠤ ᠬᠡᠯᠡᠵᠦ ᠪᠠᠶᠢᠭ᠎ᠠ ᠤᠢ ᠰᠢᠭᠤᠢ ᠨᠤᠲᠤᠭ ᠪᠡᠯᠴᠢᠭᠡᠷ ᠤᠨ | ᠦᠷ᠎ᠡ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠰᠤᠭᠤᠴᠢᠨ ᠪᠠᠶᠢᠴᠠᠭᠠᠬᠤ ᠭᠡᠳᠡᠭ ᠨᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠢᠨᠠᠨ ᠵᠥᠪᠰᠢᠶᠡᠷᠡᠭᠰᠡᠨ | ᠤᠢ ᠰᠢᠭᠤᠢ ᠨᠤᠲᠤᠭ ᠪᠡᠯᠴᠢᠭᠡᠷ ᠤᠨ ᠦᠷ᠎ᠡ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠨᠢᠭᠡᠴᠡ ︵ᠡᠭᠦᠨ ᠳᠤ᠄ | ᠣᠶ ᠮᠣᠳᠣᠨ ᠤ ᠦᠷ᠎ᠡ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠨᠢᠭᠡᠴᠡ᠂ ᠡᠪᠡᠰᠦᠨ ᠦᠷ᠎ᠡ | ᠦᠢᠯᠡᠳᠪᠦᠷᠢᠯᠡᠬᠦ ᠵᠥᠪᠰᠢᠶᠡᠷᠡᠯ ᠤᠨ ᠨᠢᠭᠡᠴᠡ᠂ ᠡᠪᠡᠰᠦᠨ ᠦᠷ᠎ᠡ ᠡᠵᠡᠩᠨᠡᠬᠦ ᠵᠥᠪᠰᠢᠶᠡᠷᠡᠯ ᠤᠨ ᠨᠢᠭᠡᠴᠡ ᠪᠠᠭᠲᠠᠨ᠎ᠠ᠂ | ᠳᠣᠷᠣᠭᠰᠢ ︽ᠵᠥᠪᠰᠢᠶᠡᠷᠡᠭᠳᠡᠬᠦ ᠨᠢᠭᠡᠴᠡ︾ ᠭᠡᠵᠦ ᠲᠣᠪᠴᠢᠯᠠᠨ᠎ᠠ︶ ᠪᠠᠷ ᠳᠡᠮᠵᠢᠨ ᠶᠠᠪᠤᠳᠠᠯ ᠤᠨ ᠲᠤᠮᠳᠠᠬᠢ ᠪᠠ | ᠳᠠᠷᠠᠭᠠᠬᠢ ᠬᠢᠨᠠᠯᠲᠠ ᠲᠠᠯᠪᠢᠵᠤ ᠪᠠᠶᠢᠴᠠᠭᠠᠬᠤ ᠠᠵᠢᠯᠯᠠᠭ᠎ᠠ ᠶᠢ ᠵᠢᠭᠠᠵᠤ ᠪᠣᠶ᠃ | ᠭᠤᠷᠪᠠᠳᠤᠭᠠᠷ ᠵᠤᠷᠪᠤᠰ ᠰᠤᠭᠤᠴᠢᠨ ᠪᠠᠶᠢᠴᠠᠭᠠᠬᠤ ᠠᠵᠢᠯ ᠤᠨ ᠪᠥᠬᠦ ᠶᠠᠪᠤᠴᠠ ᠨᠢ ᠬᠠᠤᠯᠢ ᠴᠠᠭᠠᠵᠠ᠂ | ᠬᠠᠤᠯᠢ ᠲᠣᠭᠲᠠᠭᠠᠯ ᠳᠤ ᠨᠡᠶᠢᠴᠡᠵᠦ᠂ ᠶᠠᠪᠤᠳᠠᠯ ᠤᠨ ᠳᠤᠮᠳᠠᠬᠢ ᠪᠠ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠬᠠᠤᠯᠢ | ᠶᠣᠰᠣᠭᠠᠷ ᠡᠮᠬᠢ ᠵᠢᠷᠤᠮ ᠲᠠᠢ ᠶᠠᠪᠤᠭᠳᠠᠬᠤ᠂ ᠰᠤᠭᠤᠴᠢᠨ ᠪᠠᠶᠢᠴᠠᠭᠠᠬᠤ ᠠᠵᠢᠯ ᠤᠨ ᠡᠷᠬᠡ ᠲᠡᠭᠰᠢ ᠲᠥᠪ ᠭᠤᠤᠯᠴᠢ | ᠪᠠᠶᠢᠬᠤ ᠶᠢ ᠦᠨᠡᠨᠬᠦ ᠪᠠᠲᠤᠯᠠᠨ᠎ᠠ᠃ | ᠳᠥᠷᠪᠡᠳᠦᠭᠡᠷ ᠵᠤᠷᠪᠤᠰ ᠰᠤᠭᠤᠴᠢᠨ ᠪᠠᠶᠢᠴᠠᠭᠠᠬᠤ ᠠᠵᠢᠯ ᠤᠨ ᠦᠨᠳᠦᠰᠦ ᠪᠠᠷᠢᠮᠲᠠ᠂ ᠳᠡᠰ ᠳᠠᠷᠠᠭᠠᠯᠠᠯ᠂ | ᠠᠭᠤᠯᠭ᠎ᠠ᠂ ᠬᠠᠤᠯᠢ ᠴᠠᠭᠠᠵᠠ ᠶᠢᠨ ᠬᠠᠷᠢᠭᠤᠴᠠᠯᠭ᠎ᠠ᠂ ᠰᠢᠢᠳᠪᠦᠷᠢᠯᠡᠭᠰᠡᠨ ᠦᠷ᠎ᠡ ᠳ᠋ᠦᠩ ᠪᠠ ᠬᠢᠨᠠᠯᠲᠠ ᠲᠠᠯᠪᠢᠭᠰᠠᠨ | ᠠᠷᠭ᠎ᠠ ᠮᠠᠶ᠋ᠢᠭ ᠵᠡᠷᠭᠡ ᠶᠢ ᠪᠦᠬᠦ ᠨᠡᠶᠢᠭᠡᠮ ᠳᠤ ᠢᠯᠡ ᠪᠤᠯᠭᠠᠨ᠎ᠠ᠂ ᠬᠠᠤᠯᠢ ᠶᠣᠰᠣᠭᠠᠷ ᠨᠢᠭᠤᠴᠠ ᠶᠢ ᠬᠠᠮᠠᠭᠠᠯᠠᠬᠤ | ᠴᠢᠬᠤᠯᠠᠲᠠᠶ ᠮᠡᠳᠡᠭᠡ ᠵᠠᠩᠭᠢ ᠡᠭᠦᠨ ᠳᠤ ᠪᠠᠭᠲᠠᠬᠤ ᠦᠭᠡᠶ᠃ | ᠲᠠᠪᠤᠳᠤᠭᠠᠷ ᠵᠤᠷᠪᠤᠰ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ | ᠪᠡᠯᠴᠢᠭᠡᠷ ᠤᠨ ᠲᠣᠪᠴᠢᠶ᠎ᠠ ᠨᠢ ᠤᠢ ᠰᠢᠭᠤᠢ ᠨᠤᠲᠤᠭ ᠪᠡᠯᠴᠢᠭᠡᠷ ᠤᠨ ᠦᠷ᠎ᠡ ᠦᠢᠯᠡᠳᠪᠦᠷᠢᠯᠡᠵᠦ ᠡᠵᠡᠩᠨᠡᠬᠦ | ᠵᠥᠪᠰᠢᠶᠡᠷᠡᠯ ᠤᠨ ᠰᠤᠭᠤᠴᠢᠨ ᠪᠠᠶᠢᠴᠠᠭᠠᠬᠤ ᠠᠵᠢᠯ ᠢ ᠬᠠᠷᠢᠭᠤᠴᠠᠬᠤ ᠶᠢᠨ ᠬᠠᠮᠲᠤ ᠬᠢᠨᠠᠯᠲᠠ ᠲᠠᠯᠪᠢᠨ᠎ᠠ᠃ | ᠰᠤᠭᠤᠴᠢᠨ ᠪᠠᠶᠢᠴᠠᠭᠠᠭᠳᠠᠭᠰᠠᠨ ᠨᠢᠭᠡᠴᠡ ᠪᠣᠯᠤᠨ ᠪᠠᠶᠢᠴᠠᠭᠠᠬᠤ ᠠᠵᠢᠯᠲᠠᠨ ᠰᠤᠭᠤᠴᠢᠨ ᠠᠪᠤᠭᠰᠠᠨ ᠪᠠᠶᠢᠬᠤ | ᠬᠡᠷᠡᠭᠲᠡᠶ᠃ | ᠵᠢᠷᠭᠤᠳᠤᠭᠠᠷ ᠵᠤᠷᠪᠤᠰ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ | ᠪᠡᠯᠴᠢᠭᠡᠷ ᠤᠨ ᠲᠣᠪᠴᠢᠶ᠎ᠠ ᠨᠢ ᠵᠥᠪᠰᠢᠶᠡᠷᠡᠭᠳᠡᠭᠰᠡᠨ ᠨᠢᠭᠡᠴᠡ ᠶᠢᠨ ᠨᠡᠷᠡᠰ ᠤᠨ ᠬᠥᠮᠥᠷᠭᠡ ᠶᠢ ᠪᠠᠶᠢᠭᠤᠯᠵᠤ᠂ | ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠦᠨ᠎ᠡ᠃ | ᠳᠣᠯᠣᠳᠤᠭᠠᠷ ᠵᠤᠷᠪᠤᠰ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ | ᠪᠡᠯᠴᠢᠭᠡᠷ ᠤᠨ ᠲᠣᠪᠴᠢᠶ᠎ᠠ ᠨᠢ ᠤᠢ ᠰᠢᠭᠤᠢ ᠨᠤᠲᠤᠭ ᠪᠡᠯᠴᠢᠭᠡᠷ ᠤᠨ ᠦᠷ᠎ᠡ ᠦᠢᠯᠡᠳᠪᠦᠷᠢᠯᠡᠵᠦ ᠡᠵᠡᠩᠨᠡᠬᠦ | ᠵᠥᠪᠰᠢᠶᠡᠷᠡᠯ ᠤᠨ ᠰᠤᠭᠤᠴᠢᠨ ᠪᠠᠶᠢᠴᠠᠭᠠᠬᠤ ᠠᠵᠢᠯᠲᠠᠨ ᠤ ᠨᠡᠷᠡᠰ ᠤᠨ ᠬᠥᠮᠥᠷᠭᠡ ᠶᠢ ᠪᠠᠶᠢᠭᠤᠯᠬᠤ ᠬᠡᠷᠡᠭᠲᠡᠶ᠃ | ᠨᠡᠷᠡᠰ ᠤᠨ ᠬᠥᠮᠥᠷᠭᠡ ᠶᠢᠨ ᠠᠵᠢᠯᠲᠠᠨ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ | ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠮᠢᠶ᠎ᠠ ᠪᠥᠬᠦᠶ ᠮᠡᠷᠭᠡᠵᠢᠯ ᠪᠠ ᠬᠠᠮᠢᠶᠠᠷᠤᠯᠲᠠ ᠶᠢᠨ ᠠᠵᠢᠯᠲᠠᠨ ᠢᠶᠠᠷ | ᠪᠦᠷᠢᠯᠳᠦᠨ᠎ᠡ᠃ ᠪᠠᠶᠢᠴᠠᠭᠠᠬᠤ ᠠᠵᠢᠯᠲᠠᠨ ᠤ ᠨᠡᠷᠡᠰ ᠤᠨ ᠬᠥᠮᠥᠷᠭᠡ ᠳᠤ ᠪᠠᠶᠢᠴᠠᠭᠠᠬᠤ ᠠᠵᠢᠯᠲᠠᠨ ᠤ ᠦᠨᠳᠦᠰᠦᠨ | ᠪᠠᠶᠢᠳᠠᠯ᠂ ᠲᠤᠰᠬᠠᠶ ᠮᠡᠷᠭᠡᠵᠢᠯ᠂ ᠪᠠᠶᠢᠴᠠᠭᠠᠯᠳᠠ ᠶᠢᠨ ᠮᠡᠳᠡᠭᠡ ᠵᠠᠩᠭᠢ ᠵᠡᠷᠭᠡ ᠶᠢ ᠲᠡᠮᠳᠡᠭᠯᠡᠨ ᠣᠷᠣᠭᠤᠯᠵᠤ᠂ | ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠶ᠃ | ᠨᠠᠢᠮᠠᠳᠤᠭᠠᠷ ᠵᠤᠷᠪᠤᠰ ᠰᠤᠭᠤᠴᠢᠨ ᠪᠠᠶᠢᠴᠠᠭᠠᠬᠤ ᠠᠵᠢᠯ ᠢ ᠥᠷᠨᠢᠭᠦᠯᠬᠦ ᠳᠤ ᠵᠥᠪᠰᠢᠶᠡᠷᠡᠭᠳᠡᠬᠦ ᠨᠢᠭᠡᠴᠡ ᠶᠢᠨ | ᠨᠡᠷᠡᠰ ᠤᠨ ᠬᠥᠮᠥᠷᠭᠡ᠂ ᠪᠠᠶᠢᠴᠠᠭᠠᠬᠤ ᠠᠵᠢᠯᠲᠠᠨ ᠤ ᠨᠡᠷᠡᠰ ᠤᠨ ᠬᠥᠮᠥᠷᠭᠡ ᠠᠴᠠ ᠰᠤᠭᠤᠴᠢᠨ ᠪᠠᠶᠢᠴᠠᠭᠠᠭᠳᠠᠭᠰᠠᠨ | ᠨᠢᠭᠡᠴᠡ ᠪᠠ ᠪᠠᠶᠢᠴᠠᠭᠠᠬᠤ ᠠᠵᠢᠯᠲᠠᠨ ᠢ ᠰᠤᠭᠤᠴᠢᠨ ᠠᠪᠬᠤ ᠬᠡᠷᠡᠭᠲᠡᠶ᠂ ᠪᠠᠶᠢᠴᠠᠭᠠᠬᠤ ᠳᠤᠭᠤᠶᠢᠯᠠᠩ ᠨᠢ ᠡᠷᠬᠡᠪᠰᠢ | 2 ᠠᠴᠠ ᠳᠡᠭᠡᠭᠰᠢ ᠪᠠᠶᠢᠴᠠᠭᠠᠬᠤ ᠠᠵᠢᠯᠲᠠᠨ ᠢᠶᠠᠷ ᠪᠦᠷᠢᠯᠳᠦᠬᠦ ᠬᠡᠷᠡᠭᠲᠡᠶ᠃ ᠰᠤᠭᠤᠴᠢᠨ ᠭᠠᠷᠭᠠᠭᠰᠠᠨ ᠤ ᠳᠠᠷᠠᠭ᠎ᠠ 7 | ᠡᠳᠦᠷ ᠤᠨ ᠳᠣᠲᠣᠷ᠎ᠠ ᠰᠤᠭᠤᠴᠢᠨ ᠪᠠᠶᠢᠴᠠᠭᠠᠬᠤ ᠠᠵᠢᠯ ᠢ ᠬᠡᠷᠡᠭᠵᠢᠭᠦᠯᠦᠭᠰᠡᠨ ᠦᠭᠡᠶ ᠪᠣᠯ ᠰᠤᠭᠤᠴᠢᠨ ᠠᠪᠤᠭᠰᠠᠨ | ᠦᠷ᠎ᠡ ᠳ᠋ᠦᠩ ᠨᠢ ᠠᠶᠠᠨᠳᠠᠭᠠᠨ ᠬᠦᠴᠦᠨ ᠦᠭᠡᠶ ᠪᠣᠯᠵᠤ᠂ ᠳᠠᠬᠢᠵᠤ ᠰᠤᠩᠭᠤᠨ ᠠᠪᠬᠤ ᠴᠢᠬᠤᠯᠠ ᠲᠠᠢ ᠪᠣᠯᠤᠨ᠎ᠠ᠃ | ᠶᠢᠰᠦᠳᠦᠭᠡᠷ ᠵᠤᠷᠪᠤᠰ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ | ᠪᠡᠯᠴᠢᠭᠡᠷ ᠤᠨ ᠲᠣᠪᠴᠢᠶ᠎ᠠ ᠨᠢ ᠰᠤᠭᠤᠴᠢᠨ ᠪᠠᠶᠢᠴᠠᠭᠠᠬᠤ ᠠᠵᠢᠯ ᠢ ᠵᠢᠯ ᠪᠦᠷᠢ ᠠᠳᠠᠭ ᠲᠠᠭᠠᠨ ᠨᠢᠭᠡ ᠤᠳᠠᠭ᠎ᠠ | ᠥᠷᠨᠢᠭᠦᠯᠵᠦ᠂ ᠰᠤᠭᠤᠴᠢᠨ ᠪᠠᠶᠢᠴᠠᠭᠠᠬᠤ ᠬᠠᠷᠢᠴᠠᠯ ᠢ ᠰᠤᠭᠤᠴᠢᠨ ᠪᠠᠶᠢᠴᠠᠭᠠᠭᠳᠠᠬᠤ ᠨᠢᠭᠡᠴᠡ ᠶᠢᠨ 3 % ᠠᠴᠠ | ᠳᠤᠤᠷ᠎ᠠ ᠪᠠᠶᠢᠯᠭᠠᠵᠤ ᠪᠣᠯᠬᠤ ᠥᠬᠡᠶ᠃ ᠰᠤᠭᠤᠴᠢᠨ ᠪᠠᠶᠢᠴᠠᠭᠠᠬᠤ ᠠᠵᠢᠯ ᠪᠠ ᠳᠠᠷᠠᠭ᠎ᠠ ᠨᠢᠭᠡ ᠵᠢᠯ ᠤᠨ ᠰᠤᠭᠤᠴᠢᠨ | ᠪᠠᠶᠢᠴᠠᠭᠠᠬᠤ ᠲᠥᠯᠥᠪᠯᠡᠭᠡ ᠶᠢ ᠵᠢᠯ ᠪᠦᠷᠢ ᠶᠢᠨ 11 ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠬᠦ ᠬᠡᠷᠡᠭᠲᠡᠶ᠃ | ᠡᠩ ᠤᠨ ᠵᠢᠯ ᠳᠤ᠂ ᠵᠠᠷᠴᠢᠮ ᠳᠡᠭᠡᠷ᠎ᠡ ᠪᠠᠨ ᠠᠳᠠᠯᠢ ᠨᠢᠭᠡᠨ ᠰᠤᠭᠤᠴᠢᠨ ᠪᠠᠶᠢᠴᠠᠭᠠᠭᠳᠠᠬᠤ ᠨᠢᠭᠡᠴᠡ ᠳᠤ | ᠠᠳᠠᠯᠢ ᠨᠢᠭᠡᠨ ᠰᠤᠭᠤᠴᠢᠨ ᠪᠠᠶᠢᠴᠠᠭᠠᠭᠰᠠᠨ ᠠᠭᠤᠯᠭ᠎ᠠ ᠠᠴᠠ ᠪᠣᠯᠵᠤ ᠳᠠᠪᠬᠤᠷᠳᠠᠭᠤᠯᠤᠨ ᠪᠠᠶᠢᠴᠠᠭᠠᠯᠲᠠ ᠬᠢᠵᠦ | ᠪᠣᠯᠬᠤ ᠥᠬᠡᠶ᠃ | ᠠᠷᠪᠠᠳᠤᠭᠠᠷ ᠵᠤᠷᠪᠤᠰ ᠵᠠᠭᠠᠯᠳᠤᠵᠤ ᠢᠯᠡᠴᠢᠯᠡᠨ ᠮᠡᠳᠡᠭᠦᠯᠬᠦ᠂ ᠳᠡᠭᠡᠳᠦ ᠱᠠᠲᠤᠨ ᠤ ᠪᠠᠶᠢᠭᠤᠯᠭ᠎ᠠ ᠠᠴᠠ | ᠲᠤᠰᠢᠶᠠᠨ ᠬᠦᠢᠴᠡᠳᠭᠡᠯᠭᠡᠬᠦ ᠪᠤᠶᠤ ᠬᠠᠤᠯᠢ ᠬᠡᠷᠡᠭᠵᠢᠭᠦᠯᠬᠦ ᠲᠤᠰᠬᠠᠶ ᠠᠵᠢᠯᠯᠠᠭ᠎ᠠ ᠥᠷᠨᠢᠭᠦᠯᠬᠦ ᠵᠡᠷᠭᠡ ᠬᠢᠨᠠᠯᠲᠠ | ᠬᠠᠮᠢᠶᠠᠷᠤᠯᠲᠠ ᠶᠢᠨ ᠠᠵᠢᠯ ᠤᠨ ᠬᠡᠷᠡᠭᠴᠡᠭᠡ ᠠᠴᠠ ᠪᠣᠯᠵᠣ᠂ ᠰᠤᠭᠤᠴᠢᠨ ᠪᠠᠶᠢᠴᠠᠭᠠᠬᠤ ᠲᠥᠯᠥᠪᠯᠡᠭᠡ ᠵᠡᠷᠭᠡ ᠳᠤ | ᠬᠢᠵᠠᠭᠠᠷᠯᠠᠭᠳᠠᠬᠤ ᠥᠬᠡᠶ ᠪᠠᠶᠢᠵᠤ ᠪᠣᠯᠤᠨ᠎ᠠ᠃ | ᠠᠷᠪᠠᠨ ᠨᠢᠭᠡᠳᠦᠭᠡᠷ ᠵᠤᠷᠪᠤᠰ ᠰᠤᠭᠤᠴᠢᠨ ᠪᠠᠶᠢᠴᠠᠭᠠᠬᠤ ᠠᠵᠢᠯ ᠢ ᠬᠡᠷᠡᠭᠵᠢᠭᠦᠯᠬᠦ ᠠᠴᠠ ᠡᠮᠦᠨ᠎ᠡ ᠰᠤᠭᠤᠴᠢᠨ | ᠪᠠᠶᠢᠴᠠᠭᠠᠭᠳᠠᠵᠤ ᠪᠠᠶᠢᠭ᠎ᠠ ᠨᠢᠭᠡᠴᠡ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ | ᠨᠤᠲᠤᠭ ᠪᠡᠯᠴᠢᠭᠡᠷ ᠤᠨ ᠲᠣᠪᠴᠢᠶ᠎ᠠ ᠶᠢᠨ ᠰᠤᠭᠤᠴᠢᠨ ᠪᠠᠶᠢᠴᠠᠭᠠᠬᠤ ᠮᠡᠳᠡᠭᠳᠡᠯ ᠤᠨ ᠪᠢᠴᠢᠭ︾ ᠭᠠᠷᠭᠠᠨ ᠥᠭᠴᠦ᠂ | 3 ᠡᠳᠦᠷ ᠤᠨ ᠡᠮᠦᠨ᠎ᠡ ᠪᠠᠶᠢᠴᠠᠭᠠᠭᠳᠠᠵᠤ ᠪᠠᠶᠢᠭ᠎ᠠ ᠨᠢᠭᠡᠴᠡ ᠳᠤ ᠮᠡᠳᠡᠭᠳᠡᠬᠦ ᠬᠡᠷᠡᠭᠲᠡᠶ᠃ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠰᠤᠭᠤᠴᠢᠨ | ᠪᠠᠶᠢᠴᠠᠭᠠᠬᠤ ᠮᠡᠳᠡᠭᠳᠡᠯ ᠤᠨ ᠪᠢᠴᠢᠭ︾ ᠲᠤ ᠰᠤᠭᠤᠴᠢᠨ ᠪᠠᠶᠢᠴᠠᠭᠠᠬᠤ ᠦᠨᠳᠦᠰᠦᠯᠡᠯ᠂ ᠰᠤᠭᠤᠴᠢᠨ ᠪᠠᠶᠢᠴᠠᠭᠠᠬᠤ | ᠴᠠᠭ᠂ ᠰᠤᠭᠤᠴᠢᠨ ᠪᠠᠶᠢᠴᠠᠭᠠᠬᠤ ᠠᠭᠤᠯᠭ᠎ᠠ᠂ ᠰᠤᠭᠤᠴᠢᠨ ᠪᠠᠶᠢᠴᠠᠭᠠᠬᠤ ᠠᠷᠭ᠎ᠠ ᠮᠠᠶ᠋ᠢᠭ ᠵᠡᠷᠭᠡ ᠶᠢ ᠪᠠᠭᠲᠠᠭᠠᠬᠤ | ᠬᠡᠷᠡᠭᠲᠡᠶ᠃ | ᠠᠷᠪᠠᠨ ᠬᠤᠶᠠᠳᠤᠭᠠᠷ ᠵᠤᠷᠪᠤᠰ ᠵᠥᠪᠰᠢᠶᠡᠷᠡᠭᠳᠡᠬᠦ ᠨᠢᠭᠡᠴᠢ ᠶᠢ ᠪᠠᠶᠢᠴᠠᠭᠠᠬᠤ ᠠᠭᠤᠯᠭ᠎ᠠ ᠳᠤ᠄ ︵ᠨᠢᠭᠡ︶ | ᠣᠳᠣ ᠶᠢᠨ ᠪᠠᠶᠢᠭ᠎ᠠ ᠬᠢᠷᠢ ᠬᠡᠮ᠂ ᠨᠥᠬᠦᠴᠡᠯ ᠨᠢ ᠤᠯᠤᠰ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠤᠢ ᠰᠢᠭᠤᠢ ᠨᠤᠲᠤᠭ ᠪᠡᠯᠴᠢᠭᠡᠷ ᠤᠨ ᠦᠷ᠎ᠡ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ | ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠡᠰᠡᠬᠦ︔ ︵ᠬᠤᠶᠠᠷ ︶ ᠵᠠᠰᠠᠭ ᠵᠠᠬᠢᠷᠭᠠᠨ ᠤ ᠵᠥᠪᠰᠢᠶᠡᠷᠡᠯ ᠤᠨ | ᠳᠠᠩᠰᠠᠯᠠᠯᠲᠠ ᠶᠢᠨ ᠬᠡᠪᠴᠢᠶ᠎ᠡ᠂ ᠠᠷᠭ᠎ᠠ ᠮᠠᠶ᠋ᠢᠭ᠂ ᠬᠦᠴᠦᠨ ᠲᠠᠢ ᠬᠤᠭᠤᠴᠠᠭ᠎ᠠ ᠪᠠ ᠦᠢᠯᠡᠳᠪᠦᠷᠢᠯᠡᠯ | ᠡᠵᠡᠩᠨᠡᠯᠲᠡ ᠶᠢᠨ ᠲᠥᠷᠦᠯ ᠵᠦᠢᠯ ᠵᠡᠷᠭᠡ ᠶᠣᠰᠣᠭᠠᠷ ᠣᠢ ᠰᠢᠭᠤᠢ ᠨᠤᠲᠤᠭ ᠪᠡᠯᠴᠢᠭᠡᠷ ᠤᠨ ᠦᠷ᠎ᠡ ᠦᠢᠯᠡᠳᠪᠦᠷᠢᠯᠡᠵᠦ | ᠡᠵᠡᠩᠨᠡᠬᠦ ᠠᠵᠢᠯᠯᠠᠭ᠎ᠠ ᠬᠢᠭᠰᠡᠨ ᠡᠰᠡᠬᠦ︔ ︵ᠭᠤᠷᠪᠠ︶ ᠣᠢ ᠰᠢᠭᠤᠢ ᠨᠤᠲᠤᠭ ᠪᠡᠯᠴᠢᠭᠡᠷ ᠤᠨ ᠦᠷ᠎ᠡ ᠶᠢᠨ | ᠦᠢᠯᠡᠳᠪᠦᠷᠢᠯᠡᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠳᠠᠩᠰᠠᠯᠠᠯ᠂ ᠲᠠᠩᠰᠠ ᠡᠪᠬᠡᠮᠡᠯ ᠵᠡᠷᠭᠡ ᠲᠦᠷᠢᠮ | ᠪᠠᠶᠢᠭᠤᠯᠤᠭᠰᠠᠨ ᠪᠠ ᠬᠡᠷᠡᠭᠵᠢᠭᠦᠯᠦᠭᠰᠡᠨ ᠪᠠᠶᠢᠳᠠᠯ︔ ︵ᠳᠥᠷᠪᠡ︶ ᠪᠣᠭᠤᠳᠠᠯ᠂ ᠲᠡᠮᠳᠡᠭ᠂ ᠵᠠᠷ ᠮᠡᠳᠡᠭᠡ ᠶᠢ | ᠬᠡᠷᠡᠭᠵᠢᠭᠦᠯᠦᠭᠰᠡᠨ ᠪᠠᠶᠢᠳᠠᠯ︔ ︵ᠲᠠᠪᠤ︶ ᠦᠢᠯᠡᠳᠪᠦᠷᠢᠯᠡᠵᠦ ᠡᠵᠡᠩᠨᠡᠵᠦ ᠪᠠᠶᠢᠭ᠎ᠠ ᠣᠢ ᠰᠢᠭᠤᠢ ᠨᠤᠲᠤᠭ | ᠪᠡᠯᠴᠢᠭᠡᠷ ᠤᠨ ᠦᠷ᠎ᠡ ᠶᠢᠨ ᠶᠠᠰᠤ ᠴᠢᠨᠠᠷ ᠤᠨ ᠪᠠᠶᠢᠳᠠᠯ︔ ︵ᠵᠢᠷᠭᠤᠭ᠎ᠠ ︶ ᠬᠠᠤᠯᠢ ᠠᠴᠠ ᠵᠥᠷᠢᠴᠡᠭᠰᠡᠨ ᠪᠤᠶᠤ | ᠰᠢᠳᠬᠡᠨ ᠲᠣᠷᠭᠠᠭᠳᠠᠭᠰᠠᠨ ᠲᠡᠮᠳᠡᠭᠯᠡᠯ ᠲᠠᠢ ᠡᠰᠡᠬᠦ︔ ︵ᠲᠤᠯᠤᠭ᠎ᠠ︶ ᠤᠯᠤᠰ ᠤᠨ ᠬᠠᠤᠯᠢ ᠴᠠᠭᠠᠵᠠ᠂ ᠬᠠᠤᠯᠢ | ᠲᠣᠭᠲᠠᠭᠠᠯ᠂ ᠲᠦᠷᠦ ᠶᠢᠨ ᠪᠤᠳᠤᠯᠭ᠎ᠠ ᠶᠢ ᠵᠢᠷᠤᠮᠯᠠᠭᠰᠠᠨ ᠪᠤᠰᠤᠳ ᠪᠠᠶᠢᠳᠠᠯ᠃ | | ᠠᠷᠪᠠᠨ ᠭᠤᠷᠪᠠᠳᠤᠭᠠᠷ ᠵᠤᠷᠪᠤᠰ ᠪᠠᠶᠢᠴᠠᠭᠠᠬᠤ ᠠᠵᠢᠯᠲᠠᠨ ᠰᠤᠭᠤᠴᠢᠨ ᠪᠠᠶᠢᠴᠠᠭᠠᠬᠤ ᠶᠠᠪᠤᠴᠠ ᠳᠤ | ᠰᠤᠭᠤᠴᠢᠨ ᠪᠠᠶᠢᠴᠠᠭᠠᠭᠰᠠᠨ ᠲᠡᠮᠳᠡᠭᠯᠡᠯ ᠤᠨ ᠬᠦᠰᠦᠨᠦᠭᠲᠦ ᠶᠢ ᠲᠠᠭᠯᠠᠵᠤ᠂ ᠪᠠᠶᠢᠴᠠᠭᠠᠭᠰᠠᠨ ᠪᠠᠶᠢᠳᠠᠯ ᠢᠶᠠᠨ ᠦᠨᠡᠨ | ᠪᠣᠳᠠᠲᠠᠶ ᠪᠠᠷ ᠲᠡᠮᠳᠡᠭᠯᠡᠬᠦ ᠶᠢᠨ ᠬᠠᠮᠲᠤ ᠭᠠᠷ ᠤᠨ ᠥᠰᠥᠭ ᠵᠢᠷᠤᠬᠤ ᠬᠡᠷᠡᠭᠲᠡᠶ᠃ ᠰᠤᠭᠤᠴᠢᠨ ᠪᠠᠶᠢᠴᠠᠭᠠᠬᠤ | ᠲᠡᠮᠳᠡᠭᠯᠡᠯ ᠤᠨ ᠬᠦᠰᠦᠨᠦᠭᠲᠦ ᠶᠢ ᠰᠤᠭᠤᠴᠢᠨ ᠪᠠᠶᠢᠴᠠᠭᠠᠭᠳᠠᠬᠤ ᠨᠢᠭᠡᠴᠡ ᠶᠢᠨ ᠬᠠᠷᠢᠭᠤᠴᠠᠯᠭᠠᠲᠠᠨ ᠭᠠᠷ ᠤᠨ ᠦᠰᠦᠭ | ᠵᠢᠷᠤᠬᠤ ᠶᠢᠨ ᠬᠠᠮᠲᠤ᠂ ᠪᠠᠶᠢᠭᠤᠯᠭ᠎ᠠ ᠶᠢᠨ ᠲᠠᠮᠠᠭ᠎ᠠ ᠳᠠᠷᠤᠵᠤ ᠨᠤᠲᠠᠯᠠᠬᠤ ᠬᠡᠷᠡᠭᠲᠡᠶ︔ ᠭᠠᠷ ᠤᠨ ᠥᠰᠥᠭ ᠵᠢᠷᠤᠵᠤ | ᠲᠠᠮᠠᠭ᠎ᠠ ᠳᠠᠷᠤᠬᠤ ᠶᠢᠨ ᠠᠷᠭ᠎ᠠ ᠥᠬᠡᠶ ᠪᠠᠶᠢᠪᠠᠯ᠂ ᠪᠠᠶᠢᠴᠠᠭᠠᠬᠤ ᠠᠵᠢᠯᠲᠠᠨ ᠰᠢᠯᠲᠠᠭᠠᠨ ᠢ ᠲᠣᠳᠣᠷᠬᠠᠶᠢᠯᠠᠬᠤ ᠶᠢᠨ | ᠬᠠᠮᠲᠤ᠂ ᠬᠤᠯᠪᠣᠭᠳᠠᠯ ᠪᠥᠬᠦᠶ ᠬᠥᠮᠦᠰ ᠢ ᠤᠷᠢᠵᠤ ᠲᠤᠬᠠᠶ ᠶᠢᠨ ᠲᠠᠯᠠᠪᠤᠷ ᠲᠤ ᠭᠡᠷᠡᠴᠢᠯᠡᠭᠦᠯᠬᠦ ᠬᠡᠷᠡᠭᠲᠡᠶ᠃ | ᠰᠣᠩᠭᠤᠨ ᠪᠠᠶᠢᠴᠠᠭᠠᠬᠤ ᠳᠠᠭᠠᠨ ᠳᠠᠭᠤ ᠰᠢᠩᠭᠡᠭᠡᠬᠦ᠂ ᠳᠦᠷᠰᠦ ᠰᠢᠩᠭᠡᠭᠡᠬᠦ ᠪᠤᠶᠤ ᠰᠡᠭᠦᠳᠡᠷᠯᠡᠬᠦ ᠵᠡᠷᠭᠡ ᠠᠷᠭ᠎ᠠ | ᠮᠠᠶ᠋ᠢᠭ ᠢᠶᠠᠷ ᠰᠣᠩᠭᠤᠨ ᠪᠠᠶᠢᠴᠠᠭᠠᠭᠰᠠᠨ ᠶᠠᠪᠤᠴᠠ ᠶᠢ ᠲᠡᠮᠳᠡᠭᠯᠡᠬᠦ ᠬᠡᠷᠡᠭᠲᠡᠢ᠃ ᠰᠤᠭᠤᠴᠢᠨ ᠪᠠᠶᠢᠴᠠᠭᠠᠬᠤ ᠠᠵᠢᠯ ᠤᠨ | ᠳᠤᠮᠳᠠ ᠬᠡᠷᠡᠭᠴᠡᠭᠡ ᠪᠠᠨ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ | ᠨᠤᠲᠤᠭ ᠪᠡᠯᠴᠢᠭᠡᠷ ᠤᠨ ᠲᠣᠪᠴᠢᠶ᠎ᠠ ᠠᠴᠠ ᠬᠠᠤᠯᠢ ᠶᠣᠰᠣᠭᠠᠷ ᠭᠤᠷᠪᠠᠳᠠᠬᠢ ᠡᠲᠡᠭᠡᠳ ᠲᠤ ᠨᠠᠶᠢᠳᠠᠵᠤ ᠰᠢᠯᠭᠠᠨ | ᠪᠠᠶᠢᠴᠠᠭᠠᠬᠤ᠂ ᠪᠠᠶᠢᠴᠠᠭᠠᠨ ᠰᠢᠨᠵᠢᠬᠦ᠂ ᠬᠢᠨᠠᠨ ᠲᠣᠭᠲᠠᠭᠠᠬᠤ ᠵᠡᠷᠭᠡ ᠠᠵᠢᠯ ᠢ ᠥᠷᠨᠢᠭᠦᠯᠬᠦ ᠶᠢᠨ ᠬᠠᠮᠲᠤ ᠬᠠᠮᠢᠶ᠎ᠠ | ᠪᠥᠬᠦᠶ ᠵᠠᠷᠤᠳᠠᠯ ᠢ ᠡᠭᠦᠷᠭᠡᠯᠡᠭᠦᠯᠵᠦ ᠪᠣᠯᠤᠨ᠎ᠠ᠃ | ᠠᠷᠪᠠᠨ ᠳᠥᠷᠪᠡᠳᠦᠭᠡᠷ ᠵᠤᠷᠪᠤᠰ ᠰᠤᠭᠤᠴᠢᠨ ᠪᠠᠶᠢᠴᠠᠭᠠᠬᠤ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ | ᠰᠤᠭᠤᠴᠢᠨ ᠪᠠᠶᠢᠴᠠᠭᠠᠭᠰᠠᠨ ᠶᠠᠪᠤᠴᠠ᠂ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠵᠡᠷᠭᠡ ᠠᠭᠤᠯᠭ᠎ᠠ ᠶᠢ | ᠪᠠᠭᠲᠠᠭᠠᠭᠰᠠᠨ ᠰᠤᠭᠤᠴᠢᠨ ᠪᠠᠶᠢᠴᠠᠭᠠᠭᠰᠠᠨ ᠠᠵᠢᠯ ᠤᠨ ᠮᠡᠳᠡᠭᠦᠯᠦᠯᠲᠡ ᠶᠢ 20 ᠠᠵᠢᠯᠯᠠᠬᠤ ᠡᠳᠦᠷ ᠤᠨ ᠳᠣᠲᠣᠷ᠎ᠠ | ᠪᠣᠶ ᠪᠣᠯᠭᠠᠬᠤ ᠶᠢᠨ ᠬᠠᠮᠲᠤ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢ ᠰᠤᠭᠤᠴᠢᠨ ᠪᠠᠶᠢᠴᠠᠭᠠᠭᠳᠠᠭᠰᠠᠨ | ᠨᠢᠭᠡᠴᠡ ᠳᠤ ᠴᠠᠭ ᠲᠤᠬᠠᠶ ᠳᠤᠨᠢ ᠮᠡᠳᠡᠭᠳᠡᠬᠦ ᠬᠡᠷᠡᠭᠲᠡᠶ᠃ ᠬᠠᠤᠯᠢ ᠶᠣᠰᠣᠭᠠᠷ ᠨᠢᠭᠤᠴᠠ ᠶᠢ ᠬᠠᠮᠠᠭᠠᠯᠠᠬᠤ | ᠴᠢᠬᠤᠯᠠ ᠲᠠᠢ ᠮᠡᠳᠡᠭᠡ ᠵᠠᠩᠭᠢ ᠶᠢ ᠭᠠᠷᠭᠠᠪᠠᠯ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ ᠰᠤᠭᠤᠴᠢᠨ | ᠪᠠᠶᠢᠴᠠᠭᠠᠭᠰᠠᠨ ᠦᠷ᠎ᠡ ᠳ᠋ᠦᠩ ᠢ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠬᠠᠭᠤᠯᠪᠤᠷᠢᠯᠠᠨ ᠬᠦᠷᠭᠡᠬᠦ ᠪᠠ | ᠨᠡᠶᠢᠭᠡᠮ ᠳᠤ ᠢᠯᠡ ᠪᠤᠯᠭᠠᠬᠤ ᠬᠡᠷᠡᠭᠲᠡᠶ᠃ | ᠠᠷᠪᠠᠨ ᠲᠠᠪᠤᠳᠤᠭᠠᠷ ᠵᠤᠷᠪᠤᠰ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ | ᠨᠤᠲᠤᠭ ᠪᠡᠯᠴᠢᠭᠡᠷ ᠤᠨ ᠲᠣᠪᠴᠢᠶ᠎ᠠ ᠠᠴᠠ ᠵᠥᠪᠰᠢᠶᠡᠷᠡᠭᠳᠡᠬᠦ ᠨᠢᠭᠡᠴᠡ ᠶᠢᠨ ᠲᠦᠭᠰᠢᠭᠦᠷᠢ ᠶᠡᠬᠡᠲᠡᠶ ᠵᠠᠬ᠎ᠠ | ᠳᠡᠯᠭᠡᠭᠦᠷ ᠤᠨ ᠭᠤᠤᠯ ᠴᠣᠭᠴᠠ ᠶᠢᠨ ᠨᠡᠷᠡᠰ ᠤᠨ ᠵᠢᠭᠰᠠᠭᠠᠯᠲᠠ ᠶᠢ ᠪᠠᠶᠢᠭᠤᠯᠵᠤ᠂ ᠰᠤᠭᠤᠴᠢᠨ ᠪᠠᠶᠢᠴᠠᠭᠠᠭᠰᠠᠨ | ᠦᠷ᠎ᠡ ᠳ᠋ᠦᠩ ᠢ ᠦᠨᠳᠦᠰᠦᠯᠡᠨ᠂ ᠬᠠᠭᠤᠷᠮᠠᠭ᠂ ᠴᠢᠨᠰᠠᠭ᠎ᠠ ᠮᠠᠭᠤᠲᠠᠢ ᠦᠷ᠎ᠡ ᠦᠢᠯᠡᠳᠪᠦᠷᠢᠯᠡᠵᠦ ᠡᠵᠡᠩᠨᠡᠭᠰᠡᠨ ᠵᠢᠴᠢ | ᠮᠡᠬᠡᠯᠡᠬᠦ᠂ ᠬᠡᠭᠡᠯᠢ ᠲᠦᠯᠬᠢᠬᠦ ᠵᠡᠷᠭᠡ ᠲᠥᠪ ᠪᠤᠰᠤ ᠠᠷᠭ᠎ᠠ ᠪᠠᠷᠢᠯ ᠢᠶᠠᠷ ᠤᠢ ᠰᠢᠭᠤᠢ ᠨᠤᠲᠤᠭ ᠪᠡᠯᠴᠢᠭᠡᠷ ᠤᠨ ᠦᠷ᠎ᠡ | ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠢ ᠣᠯᠤᠭᠰᠠᠨ ᠨᠢᠭᠡᠴᠡ ᠶᠢ ᠲᠦᠭᠰᠢᠭᠦᠷᠢ ᠶᠡᠬᠡᠲᠡᠶ ᠵᠠᠬ᠎ᠠ ᠳᠡᠯᠭᠡᠭᠦᠷ ᠤᠨ | ᠭᠤᠤᠯ ᠴᠣᠭᠴᠠ ᠶᠢᠨ ᠨᠡᠷᠡᠰ ᠤᠨ ᠵᠢᠭᠰᠠᠭᠠᠯᠲᠠ ᠳᠤ ᠣᠷᠣᠭᠤᠯᠬᠤ ᠶᠢᠨ ᠬᠠᠮᠲᠤ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠠᠯᠪᠠᠨ ᠰᠦᠯᠵᠢᠶᠡᠨ | ᠳᠡᠭᠡᠷ᠎ᠡ ᠨᠡᠶᠢᠲᠡᠯᠡᠨ᠎ᠡ᠃ ᠲᠤᠰ ᠨᠡᠷᠡᠰ ᠤᠨ ᠵᠢᠭᠰᠠᠭᠠᠯᠲᠠ ᠳᠤ ᠣᠷᠣᠭᠤᠯᠤᠭᠰᠠᠨ ᠨᠢᠭᠡᠴᠡ ᠶᠢ ᠪᠠᠶᠢᠴᠠᠭᠠᠬᠤ | ᠡᠷᠴᠢᠮ ᠢᠶᠠᠨ ᠴᠢᠩᠭᠠᠷᠠᠭᠤᠯᠵᠤ ᠪᠣᠯᠤᠨ᠎ᠠ᠃ | ᠠᠷᠪᠠᠨ ᠵᠢᠷᠭᠤᠳᠤᠭᠠᠷ ᠵᠤᠷᠪᠤᠰ ᠰ᠊ ᠰᠤᠭᠤᠴᠢᠨ ᠪᠠᠶᠢᠴᠠᠭᠠᠭᠳᠠᠭᠰᠠᠨ ᠨᠢᠭᠡᠴᠡ ᠰᠤᠭᠤᠴᠢᠨ ᠪᠠᠶᠢᠴᠠᠭᠠᠭᠰᠠᠨ | ᠦᠷ᠎ᠡ ᠳ᠋ᠦᠩ ᠳᠤ ᠣᠨᠳᠣᠣ ᠰᠠᠨᠠᠯ ᠲᠠᠢ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ | ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠳᠠᠬᠢᠨ ᠪᠠᠶᠢᠴᠠᠭᠠᠯᠭᠠᠬᠤ ᠪᠠᠷ ᠭᠤᠶᠤᠴᠢᠯᠠᠵᠤ ᠪᠣᠯᠤᠨ᠎ᠠ᠃ | ᠠᠷᠪᠠᠨ ᠳᠣᠯᠣᠳᠤᠭᠠᠷ ᠵᠤᠷᠪᠤᠰ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ | ᠨᠤᠲᠤᠭ ᠪᠡᠯᠴᠢᠭᠡᠷ ᠤᠨ ᠲᠣᠪᠴᠢᠶ᠎ᠠ ᠨᠢ ᠲᠠᠬᠢᠨ ᠪᠠᠶᠢᠴᠠᠭᠠᠯᠭᠠᠬᠤ ᠭᠤᠶᠤᠴᠢᠯᠠᠯ ᠢ ᠣᠯᠤᠭᠰᠠᠨ ᠤ ᠳᠠᠷᠠᠭ᠎ᠠ ᠳᠠᠬᠢᠨ | ᠪᠠᠶᠢᠴᠠᠭᠠᠬᠤ ᠶᠢᠨ ᠬᠠᠮᠲᠤ 20 ᠠᠵᠢᠯᠯᠠᠬᠤ ᠡᠳᠦᠷ ᠤᠨ ᠳᠣᠲᠣᠷ᠎ᠠ ᠪᠢᠴᠢᠭᠯᠡᠭᠰᠡᠨ ᠬᠠᠷᠢᠭᠤᠯᠲᠠ ᠥᠭᠬᠦ ᠬᠡᠷᠡᠭᠲᠡᠶ᠃ | ᠳᠠᠬᠢᠨ ᠪᠠᠶᠢᠴᠠᠭᠠᠬᠤ ᠳᠠᠭᠠᠨ ᠪᠠᠶᠢᠴᠠᠭᠠᠬᠤ ᠠᠵᠢᠯᠲᠠᠨ ᠤ ᠨᠡᠷᠡᠰ ᠤᠨ ᠬᠥᠮᠥᠷᠭᠡ ᠠᠴᠠ ᠪᠠᠶᠢᠴᠠᠭᠠᠬᠤ ᠠᠵᠢᠯᠲᠠᠨ ᠢ | ᠰᠤᠭᠤᠴᠢᠨ ᠠᠪᠴᠤ᠂ ᠪᠢᠴᠢᠭ ᠢᠶᠠᠷ ᠬᠢᠨᠠᠨ ᠪᠠᠶᠢᠴᠠᠭᠠᠵᠤ᠂ ᠴᠢᠬᠤᠯᠠ ᠲᠠᠢ ᠦᠶ᠎ᠡ ᠳᠤ ᠲᠤᠬᠠᠶ ᠶᠢᠨ ᠲᠠᠯᠠᠪᠠᠶ ᠳᠤ | ᠪᠠᠶᠢᠴᠠᠭᠠᠵᠤ ᠪᠣᠯᠤᠨ᠎ᠠ᠃ ᠬᠡᠷᠪᠡ ᠪᠠᠶᠢᠳᠠᠯ ᠨᠢ ᠦᠨᠡᠨ ᠪᠣᠳᠠᠲᠠᠶ ᠪᠠᠶᠢᠪᠠᠯ᠂ ᠬᠠᠮᠢᠶ᠎ᠠ ᠪᠥᠬᠦᠶ ᠬᠢᠨᠠᠨ ᠵᠥᠪᠰᠢᠶᠡᠷᠡᠬᠦ | ᠲᠠᠰ ᠳᠠᠷᠠᠭᠠᠯᠠᠯ ᠢ ᠬᠦᠢᠴᠡᠳᠬᠡᠭᠰᠡᠨ ᠤ ᠳᠠᠷᠠᠭ᠎ᠠ ᠵᠠᠯᠠᠷᠠᠭᠤᠯᠬᠤ ᠬᠡᠷᠡᠭᠲᠡᠶ᠃ ᠵᠠᠷᠴᠢᠮ ᠳᠡᠭᠡᠷ᠎ᠡ ᠪᠠᠨ ᠨᠢᠭᠡᠳᠦᠭᠡᠷ | ᠤᠳᠠᠭ᠎ᠠ ᠪᠠᠶᠢᠴᠠᠭᠠᠬᠤ ᠠᠵᠢᠯᠲᠠᠨ ᠳᠠᠬᠢᠨ ᠪᠠᠶᠢᠴᠠᠭᠠᠬᠤ ᠠᠵᠢᠯ ᠳᠤ ᠣᠷᠣᠯᠴᠠᠬᠤ ᠥᠬᠡᠶ᠃ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠨᠢ ᠳᠠᠬᠢᠨ ᠪᠠᠶᠢᠴᠠᠭᠠᠭᠰᠠᠨ | ᠳ᠋ᠦᠩᠨᠡᠯᠲᠡ ᠳᠤ ᠳᠠᠬᠢᠨ ᠪᠠᠶᠢᠴᠠᠭᠠᠯᠭᠠᠬᠤ ᠭᠤᠶᠤᠴᠢᠯᠠᠯ ᠢ ᠳᠠᠭᠢᠵᠤ ᠬᠦᠯᠢᠶᠡᠬᠦ ᠥᠬᠡᠶ᠃ | ᠠᠷᠪᠠᠨ ᠨᠠᠢᠮᠠᠳᠤᠭᠠᠷ ᠵᠤᠷᠪᠤᠰ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ | ᠨᠤᠲᠤᠭ ᠪᠡᠯᠴᠢᠭᠡᠷ ᠤᠨ ᠲᠣᠪᠴᠢᠶ᠎ᠠ ᠨᠢ ᠣᠶ ᠰᠢᠭᠤᠶ ᠨᠤᠲᠤᠭ ᠪᠡᠯᠴᠢᠭᠡᠷ ᠤᠨ ᠦᠷ᠎ᠡ ᠶᠢᠨ ᠦᠢᠯᠡᠳᠪᠦᠷᠢᠯᠡᠯ | ᠡᠵᠡᠩᠨᠡᠯᠲᠡ ᠶᠢᠨ ᠵᠥᠪᠰᠢᠶᠡᠷᠡᠯ ᠤᠨ ᠰᠤᠭᠤᠴᠢᠨ ᠪᠠᠶᠢᠴᠠᠭᠠᠭᠰᠠᠨ ᠲᠠᠩᠰᠠ ᠡᠪᠬᠡᠮᠡᠯ ᠢ ᠣᠨ ᠢᠶᠠᠷ ᠠᠩᠭᠢᠯᠠᠨ | ᠪᠠᠶᠢᠭᠤᠯᠵᠤ᠂ ᠲᠠᠩᠰᠠ ᠡᠪᠬᠡᠮᠡᠯ ᠳᠤ ᠬᠠᠮᠢᠶ᠎ᠠ ᠪᠥᠬᠦᠶ ᠪᠢᠴᠢᠭ ᠮᠠᠲ᠋ᠧᠷᠢᠶᠠᠯ᠂ ᠰᠤᠭᠤᠴᠢᠨ ᠪᠠᠶᠢᠴᠠᠭᠠᠭᠰᠠᠨ | ᠲᠡᠮᠳᠡᠭᠯᠡᠯ ᠤᠨ ᠬᠦᠰᠦᠨᠦᠭᠲᠦ᠂ ᠰᠤᠭᠤᠴᠢᠨ ᠪᠠᠶᠢᠴᠠᠭᠠᠭᠰᠠᠨ ᠠᠵᠢᠯ ᠤᠨ ᠮᠡᠳᠡᠭᠦᠯᠦᠯᠲᠡ ᠪᠠ ᠲᠠᠭᠤ ᠳᠦᠷᠰᠦ | ᠰᠢᠩᠭᠡᠭᠡᠯᠲᠡ ᠶᠢᠨ ᠮᠠᠲ᠋ᠧᠷᠢᠶᠠᠯ ᠵᠡᠷᠭᠡ ᠶᠢ ᠪᠠᠭᠲᠠᠭᠠᠬᠤ ᠬᠡᠷᠡᠭᠲᠡᠶ᠃ | ᠠᠷᠪᠠ ᠶᠢᠰᠦᠳᠦᠭᠡᠷ ᠵᠤᠷᠪᠤᠰ ᠰᠤᠭᠤᠴᠢᠨ ᠪᠠᠶᠢᠴᠠᠭᠠᠬᠤ ᠳᠤᠮᠳᠠ ᠰᠤᠭᠤᠴᠢᠨ ᠪᠠᠶᠢᠴᠠᠭᠠᠭᠳᠠᠭᠰᠠᠨ | ᠨᠢᠭᠡᠴᠡ ᠳᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠷ᠎ᠡ ᠶᠢᠨ ᠬᠠᠤᠯᠢ︾ ᠵᠢᠴᠢ ᠬᠤᠯᠪᠣᠭᠳᠠᠯ | ᠪᠦᠬᠦᠢ ᠬᠠᠤᠯᠢ ᠲᠣᠭᠲᠠᠭᠠᠯ ᠳᠦᠷᠢᠮ ᠲᠣᠭᠲᠠᠭᠠᠯ ᠠᠴᠠ ᠵᠥᠷᠢᠴᠡᠭᠰᠡᠨ ᠪᠠᠶᠢᠳᠠᠯ ᠪᠠᠶᠢᠬᠤ ᠶᠢ ᠣᠯᠵᠤ ᠮᠡᠳᠡᠪᠡᠯ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠰᠢᠯᠵᠢᠭᠦᠯᠦᠨ ᠲᠤᠰᠢᠶᠠᠬᠤ ᠬᠡᠷᠡᠭᠲᠡᠶ᠃ | ᠬᠤᠷᠢᠳᠤᠭᠠᠷ ᠵᠤᠷᠪᠤᠰ ᠵᠥᠪᠰᠢᠶᠡᠷᠡᠭᠳᠡᠭᠰᠡᠨ ᠨᠢᠭᠡᠴᠡ ᠨᠢ ᠰᠤᠭᠤᠴᠢᠨ ᠪᠠᠶᠢᠴᠠᠭᠠᠬᠤ ᠶᠢ ᠬᠦᠯᠢᠶᠡᠬᠦ ᠬᠡᠷᠡᠭᠲᠡᠶ᠃ | ᠰᠤᠭᠤᠴᠢᠨ ᠪᠠᠶᠢᠴᠠᠭᠠᠬᠤ ᠶᠠᠪᠤᠴᠠ ᠳᠤ ᠰᠤᠭᠤᠴᠢᠨ ᠪᠠᠶᠢᠴᠠᠭᠠᠭᠳᠠᠭᠰᠠᠨ ᠨᠢᠭᠡᠴᠡ ᠬᠠᠮᠵᠢᠯᠴᠠᠬᠤ ᠦᠭᠡᠶ ᠪᠣᠯ | ᠲᠡᠭᠦᠨ ᠳᠤ ᠬᠠᠤᠯᠢ ᠪᠠᠷ ᠲᠣᠭᠲᠠᠭᠠᠭᠰᠠᠨ ᠡᠭᠦᠷᠭᠡ ᠪᠠᠨ ᠭᠦᠢᠴᠡᠳᠬᠡᠬᠦ ᠶᠢ ᠮᠡᠳᠡᠭᠳᠡᠬᠦ ᠬᠡᠷᠡᠭᠲᠡᠶ᠃ ᠪᠠᠶᠢᠴᠠᠭᠠᠬᠤ | ᠠᠵᠢᠯᠲᠠᠨ ᠤ ᠬᠠᠤᠯᠢ ᠶᠣᠰᠣᠭᠠᠷ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠶᠢ ᠲᠡᠪᠴᠢᠬᠦ ᠪᠠ ᠬᠠᠷᠰᠢᠯᠠᠪᠠᠯ᠂ ᠬᠠᠮᠢᠶ᠎ᠠ | ᠪᠦᠬᠦᠢ ᠭᠡᠷᠡᠴᠢ ᠪᠠᠷᠢᠮᠲᠠ ᠶᠢ ᠰᠠᠶᠢᠲᠤᠷ ᠲᠡᠮᠳᠡᠭᠯᠡᠬᠦ ᠪᠠ ᠦᠯᠡᠳᠡᠭᠡᠨ ᠠᠪᠴᠤ᠂ ᠪᠣᠳᠠᠲᠠᠶ ᠪᠠᠶᠢᠳᠠᠯ ᠢ ᠨᠢ | ᠦᠨᠳᠦᠰᠦᠯᠡᠨ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠷ᠎ᠡ ᠶᠢᠨ ᠬᠠᠤᠯᠢ︾ ᠶᠢᠨ ᠨᠠᠶᠠᠨ | ᠨᠠᠢᠮᠠᠳᠤᠭᠠᠷ ᠵᠦᠢᠯ ᠤᠨ ᠲᠣᠭᠲᠠᠭᠠᠯ ᠶᠣᠰᠣᠭᠠᠷ ᠬᠠᠮᠢᠶ᠎ᠠ ᠪᠦᠬᠦᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ | ᠨᠡᠬᠡᠮᠵᠢᠯᠡᠬᠦ ᠬᠡᠷᠡᠭᠲᠡᠶ᠃ ᠰᠤᠭᠤᠴᠢᠨ ᠪᠠᠶᠢᠴᠠᠭᠠᠭᠳᠠᠭᠰᠠᠨ ᠨᠢᠭᠡᠴᠡ ᠳᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ | ᠬᠠᠮᠵᠢᠯᠴᠠᠬᠤ ᠦᠭᠡᠶ ᠪᠠᠷ ᠦᠵᠡᠨ᠎ᠡ᠃ ︵ᠨᠢᠭᠡ︶ ᠪᠠᠶᠢᠴᠠᠭᠠᠬᠤ ᠠᠵᠢᠯᠳᠠᠨ ᠤ ᠦᠢᠯᠡᠳᠪᠦᠷᠢᠯᠡᠯ ᠡᠵᠡᠩᠨᠡᠯᠲᠡ ᠶᠢᠨ | ᠲᠠᠯᠠᠪᠤᠷ ᠲᠤ ᠣᠷᠣᠵᠤ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠬᠢᠬᠦ ᠶᠢ ᠲᠡᠪᠴᠢᠭᠰᠡᠨ︔ ︵ᠬᠤᠶᠠᠷ︶ | ᠪᠠᠶᠢᠴᠠᠭᠠᠬᠤ ᠠᠵᠢᠯᠳᠡᠠ ᠤ ᠦᠷ᠎ᠡ ᠶᠢ ᠦᠯᠢᠭᠡᠷ ᠠᠪᠴᠤ ᠰᠢᠯᠭᠠᠬᠤ᠂ ᠲᠤᠷᠰᠢᠬᠤ ᠪᠤᠶᠤ ᠰᠢᠯᠭᠠᠨ ᠪᠠᠶᠢᠴᠠᠭᠠᠬᠤ ᠶᠢ | ᠲᠡᠪᠴᠢᠭᠰᠡᠨ︔ ︵ᠭᠤᠷᠪᠠ︶ ᠪᠠᠶᠢᠴᠠᠭᠠᠬᠤ ᠠᠵᠢᠯᠳᠠᠨ ᠤ ᠬᠤᠯᠪᠣᠭᠳᠠᠯ ᠪᠦᠬᠦᠢ ᠭᠡᠷ᠎ᠡ᠂ ᠪᠠᠷᠢᠮᠲᠠ᠂ ᠲᠠᠩᠰᠠ ᠬᠠᠷ᠎ᠠ | ᠂ ᠦᠢᠯᠡᠳᠪᠦᠷᠢᠯᠡᠯ ᠡᠵᠡᠩᠨᠡᠯᠲᠡ ᠶᠢᠨ ᠲᠠᠩᠰᠠ ᠡᠪᠬᠡᠮᠡᠯ ᠵᠢᠴᠢ ᠪᠤᠰᠤᠳ ᠬᠤᠯᠪᠣᠭᠳᠠᠯ ᠪᠦᠬᠦᠢ ᠮᠠᠲ᠋ᠧᠷᠢᠶᠠᠯ ᠢ | ᠪᠠᠶᠢᠴᠠᠭᠠᠨ ᠦᠵᠡᠬᠦ᠂ ᠪᠠᠭᠤᠯᠭᠠᠨ ᠠᠪᠬᠤ ᠶᠢ ᠲᠡᠪᠴᠢᠭᠰᠡᠨ᠂ ᠡᠰᠡᠬᠦᠯ᠎ᠡ ᠬᠤᠯᠪᠣᠭᠳᠠᠯ ᠪᠦᠬᠦᠢ ᠮᠠᠲ᠋ᠧᠷᠢᠶᠠᠯ ᠢ ᠦᠨᠡᠨ | ᠮᠥᠨ ᠢᠶᠠᠷ ᠨᠢ ᠬᠠᠩᠭᠠᠭᠰᠠᠨ ᠦᠭᠡᠢ︔ ︵ᠲᠦᠷᠪᠡ︶ ᠰᠣᠩᠭᠤᠨ ᠪᠠᠶᠢᠴᠠᠭᠠᠬᠤ ᠠᠵᠢᠯ ᠤᠨ ᠬᠡᠪ ᠢᠶᠠᠷ | ᠶᠠᠪᠤᠭᠳᠠᠬᠤ ᠶᠢ ᠬᠠᠷᠰᠢᠯᠠᠭᠰᠠᠨ᠂ ᠬᠠᠷᠰᠢᠯᠠᠭᠰᠠᠨ ᠪᠤᠰᠤᠳ ᠪᠠᠶᠢᠳᠠᠯ᠃ | ᠬᠤᠷᠢᠨ ᠨᠢᠭᠡᠳᠦᠭᠡᠷ ᠵᠤᠷᠪᠤᠰ ᠰᠤᠭᠤᠴᠢᠨ ᠪᠠᠶᠢᠴᠠᠭᠠᠬᠤ ᠳᠤ ᠣᠷᠣᠯᠴᠠᠭᠰᠠᠨ ᠬᠤᠯᠪᠣᠭᠳᠠᠯ ᠪᠥᠬᠦᠶ ᠬᠥᠮᠦᠰ | ᠳᠣᠭᠢᠷᠠᠭᠤᠯᠤᠭᠰᠠᠨ ᠦᠷ᠎ᠡ ᠳ᠋ᠦᠩ ᠤᠨ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠬᠤ ᠬᠡᠷᠡᠭᠲᠡᠶ᠃ ᠪᠠᠶᠢᠴᠠᠭᠠᠯᠲᠠ | ᠬᠢᠬᠦ ᠠᠴᠠ ᠡᠮᠦᠨ᠎ᠡ ᠳᠣᠭᠢᠷᠠᠭᠤᠯᠤᠭᠰᠠᠨ ᠮᠡᠳᠡᠭᠡ ᠵᠠᠩᠭᠢ ᠶᠢ ᠨᠡᠶᠢᠭᠡᠮ ᠪᠠ ᠰᠤᠭᠤᠴᠢᠨ ᠪᠠᠶᠢᠴᠠᠭᠠᠭᠳᠠᠭᠰᠠᠨ | ᠨᠢᠭᠡᠴᠡ ᠳᠤ ᠢᠯᠡ ᠪᠣᠯᠭᠠᠬᠤ ᠥᠬᠡᠶ᠃ | ᠬᠤᠷᠢᠨ ᠬᠤᠶᠠᠳᠤᠭᠠᠷ ᠵᠤᠷᠪᠤᠰ ᠪᠠᠶᠢᠴᠠᠭᠠᠬᠤ ᠠᠵᠢᠯᠳᠠᠨ ᠨᠢ ᠰᠣᠩᠭᠤᠨ ᠪᠠᠶᠢᠴᠠᠭᠠᠭᠳᠠᠭᠰᠠᠨ ᠨᠢᠭᠡᠴᠡ ᠯᠦᠭᠡ | ᠠᠰᠢᠭ ᠬᠤᠣᠷ ᠤᠨ ᠬᠠᠷᠢᠴᠠᠭ᠎ᠠ ᠲᠠᠢ ᠪᠠᠶᠢᠪᠠᠯ᠂ ᠬᠠᠤᠯᠢ ᠶᠣᠰᠣᠭᠠᠷ ᠵᠠᠶᠢᠯᠠᠰᠬᠢᠭᠰᠠᠨ ᠪᠠᠶᠢᠬᠤ ᠬᠡᠷᠡᠭᠲᠡᠢ᠃ | ᠬᠤᠷᠢᠨ ᠭᠤᠷᠪᠠᠳᠤᠭᠠᠷ ᠵᠤᠷᠪᠤᠰ ᠲᠤᠰ ᠨᠠᠷᠢᠨ ᠳᠦᠷᠢᠮ ᠤᠨ ᠵᠢᠷᠭᠤᠳᠤᠭᠠᠷ ᠵᠤᠷᠪᠤᠰ᠂ ᠳᠣᠯᠣᠳᠤᠭᠠᠷ | ᠵᠤᠷᠪᠤᠰ ᠲᠤ ᠲᠣᠭᠲᠠᠭᠠᠭᠰᠠᠨ ᠵᠥᠪᠰᠢᠶᠡᠷᠡᠭᠳᠡᠬᠦ ᠨᠢᠭᠡᠴᠡ ᠶᠢᠨ ᠨᠡᠷᠡᠰ ᠤᠨ ᠬᠥᠮᠥᠷᠭᠡ᠂ ᠪᠠᠶᠢᠴᠠᠭᠠᠬᠤ ᠠᠵᠢᠯᠲᠠᠨ ᠤ | ᠨᠡᠷᠡᠰ ᠤᠨ ᠬᠥᠮᠥᠷᠭᠡ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ | ᠪᠡᠯᠴᠢᠭᠡᠷ ᠤᠨ ᠲᠣᠪᠴᠢᠶ᠎ᠠ ᠠᠴᠠ ᠨᠡᠶᠢᠲᠡᠯᠡᠨ᠎ᠡ᠃ | ᠬᠤᠷᠢᠨ ᠳᠥᠷᠪᠡᠳᠦᠭᠡᠷ ᠵᠤᠷᠪᠤᠰ ᠲᠤᠰ ᠨᠠᠷᠢᠨ ᠳᠦᠷᠢᠮ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ | ᠬᠤᠷᠢᠨ ᠲᠠᠪᠤᠳᠤᠭᠠᠷ ᠵᠤᠷᠪᠤᠰ ᠲᠤᠰ ᠨᠠᠷᠢᠨ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ | ᠬᠦᠴᠦᠨ ᠲᠠᠢ ᠬᠤᠭᠤᠴᠠᠭ᠎ᠠ ᠨᠢ ᠲᠠᠪᠤᠨ ᠵᠢᠯ ᠪᠣᠯᠤᠨ᠎ᠠ᠃ | |