ᠥᠪᠡᠷᠲᠡᠭᠡᠨ ᠵᠠᠰᠠᠬᠤ ᠣᠷᠣᠨ ᠤ ᠤᠯᠠᠭᠠᠨᠪᠤᠬ᠎ᠠ ᠶᠢᠨ ᠡᠯᠡᠰᠦ ᠮᠠᠩᠬ᠎ᠠ ᠶᠢ ᠶᠡᠷᠤᠩᠬᠡᠶᠢᠯᠡᠨ ᠵᠠᠰᠠᠬᠤ ᠢᠨᠵᠧᠨᠧᠷᠢᠩ ᠰᠢᠯᠢᠳᠡᠭ ᠨᠡᠶᠢᠳᠡᠯᠢᠭ ᠬᠡᠷᠡᠭ ᠤᠨ ᠵᠢᠱᠢᠶ᠎ᠡ ᠪᠠᠷ ᠰᠤᠩᠭᠤᠭᠳᠠᠪᠠ
ᠨᠡᠶᠢᠲᠡᠯᠡᠭᠰᠡᠨ ᠴᠠᠭ᠄
2023/11/16
      ᠲᠦᠷᠦᠭᠦᠭᠡᠡ ᠶᠠᠪᠤᠬᠳᠠᠬᠰᠠᠨ ᠤᠯᠤᠰ ᠤᠨ ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ ᠪᠦᠷᠢᠳᠦ ᠨᠤᠳᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠵᠠᠰᠠᠨ ᠰᠡᠷᠭᠦᠭᠡᠬᠦ ᠢᠨᠵᠧᠨᠧᠷᠢᠩ ᠢ ᠠᠬᠢᠭᠤᠯᠬᠤ ᠬᠤᠷᠠᠯ ᠲᠡᠭᠡᠷ᠎ᠠ᠂ ᠠᠭᠤᠯᠠ ᠤᠰᠤᠨ ᠤ ᠢᠨᠵᠧᠨᠧᠷᠢᠩ ᠤᠨ ᠲᠦᠷᠦᠭᠦᠦ ᠪᠦᠯᠦᠭ ᠤᠨ 15 ᠰᠢᠯᠢᠳᠡᠭ ᠨᠡᠶᠢᠳᠡᠯᠢᠭ ᠬᠡᠷᠡᠭ ᠤᠨ ᠵᠢᠱᠢᠶ᠎ᠡ ᠶᠢ ᠨᠡᠶᠢᠳᠡᠯᠡᠪᠡ᠃ ᠡᠭᠦᠨ ᠳᠤ ᠥᠪᠡᠷᠲᠡᠭᠡᠨ ᠵᠠᠰᠠᠬᠤ ᠤᠷᠤᠨ ᠤ ᠤᠯᠠᠭᠠᠨᠪᠤᠬ᠎ᠠ ᠶᠢᠨ ᠡᠯᠡᠰᠦ ᠮᠠᠩᠬ᠎ᠠ ᠶᠢ ᠶᠡᠷᠤᠩᠬᠡᠶᠢᠯᠡᠨ ᠵᠠᠰᠠᠬᠤ ᠢᠨᠵᠧᠨᠧᠷᠢᠩ ᠨᠢ ᠰᠢᠯᠢᠳᠡᠭ ᠨᠡᠶᠢᠳᠡᠯᠢᠭ ᠬᠡᠷᠡᠭ ᠤᠨ ᠵᠢᠱᠢᠶ᠎ᠡ ᠪᠠᠷ ᠰᠤᠩᠭᠤᠭᠳᠠᠭᠰᠠᠨ ᠪᠠᠶᠢᠨ᠎ᠠ᠃      ᠪᠠᠶᠠᠨᠨᠠᠭᠤᠷ ᠬᠤᠲᠠ ᠶᠢᠨ ᠬᠢᠯᠢ ᠲᠠᠬᠢ ᠤᠯᠠᠭᠠᠨᠪᠤᠬ᠎ᠠ ᠶᠢᠨ ᠡᠯᠡᠰᠦᠨ ᠴᠥᠯ ᠨᠢ ᠤᠯᠠᠭᠠᠨᠰᠤᠬᠠᠢ ᠨᠠᠭᠤᠷ ᠤᠨ ᠰᠠᠪᠠ ᠭᠠᠵᠠᠷ ᠤᠨ ᠳᠡᠭᠡᠳᠦ ᠤᠷᠤᠰᠬᠠᠯ ᠤᠨ ᠤᠷᠤᠨ ᠳᠤ ᠪᠠᠶᠢᠷᠢᠯᠠᠵᠤ᠂ ᠬᠠᠲᠤᠨ ᠭᠤᠣᠯ ᠤᠨ ᠰᠠᠪᠠ ᠭᠠᠵᠠᠷ ᠤᠨ ᠣᠷᠭᠠᠨᠢᠭ ᠪᠦᠷᠢᠯᠳᠦᠭᠦᠨ ᠬᠡᠰᠡᠭ ᠪᠣᠯᠬᠤ ᠪᠥᠭᠡᠳ ᠮᠠᠨ ᠤ ᠤᠯᠤᠰ ᠤᠨ ᠨᠠᠢᠮᠠᠨ ᠶᠡᠭᠡ ᠡᠯᠡᠰᠦᠨ ᠴᠥᠯ ᠤᠨ ᠨᠢᠭᠡ ᠪᠣᠯᠣᠨ᠎ᠠ᠃ ᠤᠯᠠᠭᠠᠨᠪᠤᠬ᠎ᠠ ᠶᠢᠨ ᠡᠯᠡᠰᠦ ᠮᠠᠩᠬ᠎ᠠ ᠶᠢ ᠶᠡᠷᠤᠩᠬᠡᠶᠢᠯᠡᠨ ᠵᠠᠰᠠᠬᠤ ᠢᠨᠵᠧᠨᠧᠷᠢᠩ ᠪᠣᠯ ᠤᠯᠠᠭᠠᠨᠰᠤᠬᠠᠢ ᠶᠢᠨ ᠰᠠᠪᠠ ᠭᠠᠵᠠᠷ ᠤᠨ ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ ᠪᠦᠷᠢᠳᠦ ᠨᠤᠳᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠵᠤ ᠰᠡᠷᠭᠦᠭᠡᠬᠦ ᠲᠤᠷᠰᠢᠯᠳᠠ ᠶᠢᠨ ᠢᠨᠵᠧᠨᠧᠷᠢᠩ ᠤᠨ ᠲᠤᠯᠤᠭᠠᠨ ᠶᠡᠭᠡ ᠲᠦᠷᠦᠯ ᠤᠨ ᠢᠨᠵᠧᠨᠧᠷᠢᠩ ᠤᠨ ᠨᠢᠭᠡ ᠪᠠᠶᠢᠵᠤ᠂ ᠡᠯᠡᠰᠦ ᠶᠢ ᠰᠡᠷᠬᠡᠶᠢᠯᠡᠨ ᠡᠯᠡᠰᠦ ᠶᠢ ᠵᠠᠰᠠᠬᠤ ᠵᠢᠱᠢᠶ᠎ᠡ ᠦᠵᠡᠭᠦᠯᠬᠦ ᠢᠨᠵᠧᠨᠧᠷᠢᠩ ᠪᠣᠯᠣᠨ ᠠᠮᠢ ᠠᠬᠤᠢ ᠶᠢ ᠰᠡᠷᠭᠦᠭᠡᠬᠦ ᠵᠢᠱᠢᠶ᠎ᠡ ᠦᠵᠡᠭᠦᠯᠬᠦ ᠢᠨᠵᠧᠨᠧᠷᠢᠩ ᠭᠡᠵᠦ ᠬᠤᠶᠠᠷ ᠬᠡᠰᠡᠭ ᠲᠤ ᠬᠤᠪᠢᠶᠠᠨ᠎ᠠ᠃ ᠲᠥᠷᠥᠯ ᠵᠦᠢᠯ ᠤᠨ ᠤᠷᠤᠨ ᠨᠢ ᠭᠤᠣᠯᠳᠠᠭᠤ ᠤᠯᠠᠭᠠᠨᠪᠤᠬ᠎ᠠ ᠶᠢᠨ ᠡᠯᠡᠰᠦᠨ ᠴᠥᠯ ᠤᠨ ᠯᠢᠦ ᠭᠤᠸᠠᠢ ᠱᠠ ᠲᠸᠤ ᠪᠠᠶᠢᠷᠢᠯᠠᠵᠤ᠂ ᠵᠡᠭᠦᠨ ᠡᠮᠦᠨᠡᠭᠦᠷ ᠢᠶᠠᠨ ᠬᠠᠳᠤᠨ ᠭᠤᠤᠯ ᠤᠨ ᠪᠠᠷᠠᠭᠤᠨ ᠡᠷᠬᠢ ᠲᠠᠢ ᠵᠠᠬ᠎ᠠ ᠨᠡᠶᠢᠯᠡᠵᠤ᠂  ᠵᠠᠰᠠᠯᠲᠠ ᠶᠢᠨ ᠶᠡᠷᠦᠩᠬᠡᠢ ᠲᠠᠯᠠᠪᠠᠶ ᠨᠢ 7 ᠲᠦᠮᠡᠨ ᠮᠦ᠂ ᠲᠥᠷᠥᠯ ᠵᠦᠢᠯ ᠤᠨ ᠶᠡᠷᠦᠩᠬᠡᠢ ᠪᠡᠯᠡ ᠤᠷᠤᠭᠤᠯᠤᠯᠲᠠ ᠨᠢ 6.43  ᠳ᠋ᠤᠩᠰᠢᠭᠤᠷ ᠲᠥᠭᠦᠷᠢᠭ ᠪᠣᠯᠣᠨ᠎ᠠ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠳᠡᠮᠵᠢᠨ᠂ ᠤᠯᠠᠭᠠᠨᠪᠤᠬ᠎ᠠ ᠶᠢᠨ ᠬᠦᠨᠳᠦ ᠨᠣᠴᠢᠲᠠᠢ ᠡᠯᠡᠰᠤᠷᠬᠡᠭᠵᠢᠭᠰᠡᠨ ᠤᠷᠤᠨ ᠤ ᠡᠯᠡᠰᠦᠨ ᠴᠥᠯ ᠳᠠᠬᠢ ᠡᠵᠡᠯᠡᠬᠦ ᠬᠠᠷᠢᠴᠠᠯ ᠨᠢ 2017 ᠣᠨ ᠤ 23.7%  ᠪᠠᠶᠢᠭᠰᠠᠨ ᠠᠴᠠ 21.8% ᠪᠤᠯᠭᠠᠨ ᠪᠠᠭᠤᠷᠠᠭᠤᠯᠵᠤ᠂ ᠠᠮᠢ ᠠᠬᠤᠢ ᠶᠢᠨ ᠣᠷᠴᠢᠨ ᠨᠥᠬᠦᠴᠡᠯ ᠢᠯᠡᠳᠲᠡ ᠰᠠᠶᠢᠵᠢᠷᠠᠪᠠ᠃ ᠡᠭᠦᠨ ᠤ ᠬᠠᠮᠲᠤ᠂ ᠴᠠᠭᠠᠨ ᠭᠤᠶᠣᠣ ᠲᠠᠷᠢᠬᠤ ᠶᠢ ᠬᠡᠷᠡᠭᠵᠢᠭᠦᠯᠬᠦ ᠶᠢ ᠳᠠᠭᠠᠯᠳᠤᠨ᠂ ᠡᠯᠡᠰᠦᠨ ᠤ ᠠᠵᠤ ᠦᠢᠯᠡᠰ ᠤᠨ ᠭᠦᠭᠵᠢᠯᠲᠡ ᠶᠢ ᠪᠤᠵᠠᠭᠠᠶᠢᠷᠠᠭᠤᠯᠤᠭᠰᠠᠨ ᠮᠥᠷᠲᠡᠭᠡᠨ ᠪᠠᠰᠠ ᠠᠷᠠᠳ ᠤᠯᠠᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠪᠦᠲᠦᠮᠵᠢᠲᠡᠶ ᠳᠠᠶᠢᠴᠢᠯᠠᠵᠤ᠂ ᠤᠯᠠᠭᠠᠨᠪᠤᠬ᠎ᠠ ᠶᠢᠨ ᠡᠯᠡᠰᠦᠷᠬᠡᠭ ᠤᠷᠤᠨ ᠳᠤ ᠠᠮᠢ ᠠᠬᠤᠢ ᠶᠢᠨ ᠵᠠᠰᠠᠯᠲᠠ ᠶᠢᠨ ᠠᠵᠤ ᠦᠢᠯᠡᠰᠵᠢᠯᠲᠡ᠂ ᠠᠵᠤ ᠦᠢᠯᠡᠰ ᠤᠨ ᠭᠦᠭᠵᠢᠯᠲᠡ ᠶᠢᠨ ᠠᠮᠢ ᠠᠬᠤᠶᠢᠵᠢᠯᠲᠠ ᠶᠢᠨ ᠪᠦᠲᠦᠮᠵᠢᠲᠡᠶ ᠠᠷᠭ᠎ᠠ ᠵᠠᠮ ᠶᠢ ᠬᠠᠶᠢᠨ ᠰᠦᠪᠡᠭᠴᠢᠯᠡᠵᠦ ᠭᠠᠷᠭᠠᠭᠰᠠᠨ ᠪᠠᠶᠢᠨ᠎ᠠ᠃      ᠤᠶᠢᠯᠭᠠᠭᠰᠠᠨ ᠢᠶᠠᠷ᠂ ᠳᠠᠷᠠᠭᠠᠴᠢ ᠪᠠᠷ ᠥᠪᠡᠷᠲᠡᠭᠡᠨ ᠵᠠᠰᠠᠬᠤ ᠤᠷᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠬᠢᠨ ︽ᠪᠦᠬᠦᠯᠢ ᠴᠤᠭᠴᠠ ᠪᠠᠷ ᠲᠥᠯᠥᠪᠵᠢᠭᠦᠯᠬᠦ᠂ ᠶᠡᠷᠦᠩᠬᠡᠢ ᠳᠤᠨᠢ ᠵᠢᠷᠤᠭᠯᠠᠨ ᠲᠥᠯᠥᠪᠯᠡᠬᠦ᠂ ᠬᠤᠭᠤᠴᠠᠭ᠎ᠠ ᠬᠤᠪᠢᠶᠠᠨ ᠪᠠᠶᠢᠷᠢᠯᠠᠭᠤᠯᠬᠤ᠂ ᠬᠡᠰᠡᠭ ᠬᠤᠪᠢᠶᠠᠨ ᠬᠡᠷᠡᠭᠵᠢᠭᠦᠯᠬᠦ︾ ᠰᠡᠳᠭᠢᠴᠡ ᠶᠣᠰᠣᠭᠠᠷ᠂ ᠥᠪᠡᠷᠲᠡᠭᠡᠨ ᠵᠠᠰᠠᠬᠤ ᠤᠷᠤᠨ ᠤ ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ ᠪᠦᠷᠢᠳᠤ ᠨᠤᠳᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠵᠠᠰᠠᠨ ᠰᠡᠷᠭᠦᠬᠡᠬᠦ ᠶᠢ ᠨᠢᠭᠡᠳᠦᠯᠲᠡᠢ ᠲᠥᠯᠥᠪᠯᠡᠨ ᠠᠬᠢᠭᠤᠯᠬᠤ ᠪᠤᠯᠤᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号