︽ᠭᠤᠤᠯ ᠪᠣᠯᠬᠤ ᠣᠶᠢᠵᠢᠭᠤᠯᠤᠯᠲᠠ ᠶᠢᠨ ᠮᠣᠳᠣᠨ ᠤ ᠦᠷ᠎ᠡ ᠴᠢᠬᠢ ᠶᠢᠨ ᠶᠠᠰᠤ ᠴᠢᠨᠠᠷ ᠤᠨ ᠲᠠᠰ︾᠎ ᠢ ᠨᠡᠶᠢᠲᠡᠯᠡᠨ ᠬᠡᠷᠡᠭᠵᠢᠭᠦᠯᠵᠦ ᠡᠯᠡᠰᠦ ᠶᠢ ᠰᠡᠷᠭᠡᠶᠢᠯᠡᠨ ᠵᠠᠰᠠᠬᠤ ︽ᠭᠤᠷᠪᠠᠨ ᠶᠡᠭᠡ ᠳᠠᠶᠢᠯᠠᠯᠳᠤᠭᠠᠨ︾᠎ ᠤ ᠢᠯᠠᠯᠲᠠ ᠶᠢ ᠤᠯᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2023/11/2
          ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠦᠷ᠎ᠡ ᠴᠢᠬᠢ ᠶᠢᠨ ᠶᠡᠷᠦᠩᠬᠡᠶ ᠥᠷᠲᠡᠭᠡ ᠶᠢᠨ ᠲᠤᠭᠤᠷᠪᠢᠵᠤ ᠵᠠᠰᠠᠪᠤᠷᠢ ᠣᠷᠣᠭᠤᠯᠤᠭᠰᠠᠨ ︽ᠭᠤᠤᠯ ᠪᠣᠯᠬᠤ ᠣᠶᠢᠵᠢᠭᠤᠯᠤᠯᠲᠠ ᠶᠢᠨ ᠦᠷ᠎ᠡ ᠴᠢᠬᠢ ᠶᠢᠨ ᠶᠠᠰᠤ ᠴᠢᠨᠠᠷ ᠢ ᠲᠠᠰ ᠬᠤᠪᠢᠶᠠᠬᠤ︾ ︵DB 15 / T 374—2023︶ ᠣᠷᠣᠨ ᠨᠤᠲᠤᠭ ᠤᠨ ᠪᠠᠷᠢᠮᠵᠢᠶ᠎ᠠ ᠶᠢ ᠨᠡᠶᠢᠲᠡᠯᠡᠨ ᠬᠡᠷᠡᠭᠵᠢᠬᠦᠯᠪᠡ᠃ ᠲᠣᠰ ᠤᠳᠠᠭ᠎ᠠ ᠵᠠᠰᠠᠪᠤᠷᠢ ᠣᠷᠣᠭᠤᠯᠬᠤ ᠳᠤ ︽ᠪᠠᠷᠢᠮᠵᠢᠶᠠᠵᠢᠭᠤᠯᠬᠤ ᠠᠵᠢᠯ ᠤᠨ ᠵᠢᠯᠣᠭᠤᠳᠬᠤ ᠲᠦᠷᠢᠮ︾ ︵GB / T 1.1 - 2020︶᠎ ᠤᠨ ︽ᠪᠠᠷᠢᠮᠵᠢᠶᠠᠵᠢᠭᠤᠯᠬᠤ ᠪᠢᠴᠢᠭ ᠮᠠᠲ᠋ᠧᠷᠢᠶᠠᠯ ᠤᠨ ᠪᠦᠲᠦᠴᠡ ᠪᠠ ᠲᠤᠭᠤᠷᠪᠢᠬᠤ ᠲᠦᠷᠢᠮ︾᠎ ᠤᠨ ᠶᠣᠰᠣᠭᠠᠷ ᠬᠡᠷᠡᠭᠵᠢᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯ ᠪᠣᠯᠬᠤ ᠣᠶᠢᠵᠢᠭᠤᠯᠤᠯᠲᠠ ᠶᠢᠨ ᠦᠷ᠎ᠡ ᠴᠢᠬᠢ ᠶᠢᠨ ᠶᠠᠰᠤ ᠴᠢᠨᠠᠷ ᠢ ᠲᠠᠰ ᠬᠤᠪᠢᠶᠠᠬᠤ︾ ︵DB 15 / 374—2002︶᠎ ᠶᠢ ᠤᠷᠤᠯᠠᠭᠤᠯᠤᠨ᠎ᠠ᠃       ᠲᠣᠰ ᠤᠳᠠᠭ᠎ᠠ ᠵᠠᠰᠠᠪᠤᠷᠢ ᠣᠷᠣᠭᠤᠯᠬᠤ ᠳᠠᠭᠠᠨ ᠲᠤᠰᠬᠠᠶ ᠮᠡᠷᠭᠡᠵᠢᠯ ᠤᠨ ᠨᠡᠷ᠎ᠡ ᠲᠣᠮᠢᠶ᠎ᠠ ᠪᠠ ᠲᠣᠮᠢᠶᠠᠯᠠᠯ ᠢ ᠵᠢᠷᠤᠮᠵᠢᠭᠤᠯᠵᠤ᠂ ᠪᠠᠶᠢᠴᠠᠭᠠᠨ ᠰᠢᠯᠭᠠᠬᠤ ᠭᠦᠢᠴᠡᠳᠬᠡᠯ ᠲᠤᠭ᠎ᠠ ᠪᠠ ᠪᠠᠶᠢᠴᠠᠭᠠᠨ ᠰᠢᠯᠭᠠᠬᠤ ᠠᠭᠤᠯᠭ᠎ᠠ ᠶᠢ ᠨᠠᠷᠢᠯᠢᠬᠵᠢᠭᠤᠯᠤᠨ᠂ ᠵᠠᠭ ᠮᠣᠳᠣ᠂ ᠮᠣᠩᠭᠤᠯ ᠴᠠᠷᠠᠰᠤ᠂ ᠲᠠᠩᠭᠤᠳ ᠬᠠᠷᠮᠠᠭ᠂ ᠮᠦᠩᠬᠡ ᠬᠠᠷᠠᠭᠠᠨ᠎ᠠ᠂ ᠵᠡᠷᠯᠢᠭ ᠴᠢᠪᠠᠭ᠎ᠠ᠂ ᠬᠤᠰᠢᠭ᠎ᠠ ᠶᠢᠨ ᠮᠣᠳᠣ ᠵᠡᠷᠭᠡ 6 ᠲᠦᠷᠦᠯ ᠤᠨ ᠭᠤᠤᠯ ᠪᠣᠯᠬᠤ ᠣᠶᠢᠵᠢᠭᠤᠯᠤᠯᠲᠠ ᠶᠢᠨ ᠴᠢᠬᠢ ᠮᠣᠳᠣᠨ ᠤ ᠶᠠᠰᠤ ᠴᠢᠨᠠᠷ ᠤᠨ ᠭᠦᠢᠴᠡᠳᠬᠡᠯ ᠲᠤᠭ᠎ᠠ ᠶᠢᠨ ᠳᠡᠰ ᠢ ᠨᠡᠮᠡᠵᠦ᠂ ᠶᠠᠰᠤ ᠴᠢᠨᠠᠷ ᠤᠨ ᠭᠦᠢᠴᠡᠳᠬᠡᠯ ᠲᠤᠭ᠎ᠠ ᠶᠢᠨ ᠳᠡᠰ ᠤᠨ ᠯᠠᠪᠯᠠᠯᠲᠠ ᠶᠢᠨ ᠮᠣᠳᠣᠨ ᠤ ᠲᠥᠷᠥᠯ 36 ᠪᠠᠶᠢᠭᠰᠠᠨ ᠠᠴᠠ ᠪᠠᠨ 42 ᠪᠣᠯᠵᠣ ᠨᠡᠮᠡᠭᠳᠡᠨ᠂ ᠪᠥᠬᠦ ᠣᠷᠣᠨ ᠤ ᠭᠤᠤᠯ ᠪᠣᠯᠬᠤ ᠣᠶᠢᠵᠢᠭᠤᠯᠤᠯᠲᠠ  ᠴᠢᠬᠢ ᠮᠣᠳᠣᠨ ᠤ ᠶᠠᠰᠤ ᠴᠢᠨᠠᠷ ᠤᠨ ᠲᠠᠰ ᠬᠤᠪᠢᠶᠠᠬᠤ ᠪᠠᠷᠢᠮᠵᠢᠶ᠎ᠠ ᠶᠢ ᠦᠨᠳᠦᠰᠦᠨ ᠳᠡᠭᠡᠨ ᠬᠦᠢᠴᠡᠳᠭᠡᠬᠦ ᠳᠤ ᠦᠨᠳᠦᠰᠦᠯᠡᠯ ᠬᠠᠩᠭᠠᠪᠠ᠃       ᠲᠤᠰ ᠪᠠᠷᠢᠮᠵᠢᠶ᠎ᠠ ᠶᠢ ᠨᠡᠶᠢᠲᠡᠯᠡᠨ ᠬᠡᠷᠡᠭᠵᠢᠭᠦᠯᠦᠭᠰᠡᠨ ᠨᠢ᠂ ᠮᠠᠨ ᠤ ᠣᠷᠣᠨ ᠤ ᠣᠶᠢᠵᠢᠭᠤᠯᠤᠯᠲᠠ ᠶᠢᠨ ᠴᠢᠬᠢ ᠮᠣᠳᠣᠨ ᠤ ᠶᠠᠰᠤ ᠴᠢᠨᠠᠷ ᠢ ᠦᠨᠡᠯᠡᠬᠦ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠥᠷᠭᠡᠨ ᠣᠯᠠᠨ ᠠᠵᠢᠯᠯᠠᠭᠰᠠᠳ ᠤᠨ ᠴᠢᠬᠢ ᠮᠣᠳᠣᠨ ᠤ ᠶᠠᠰᠤ ᠴᠢᠨᠠᠷ ᠢ ᠬᠢᠨᠠᠨ ᠬᠠᠮᠢᠶᠠᠷᠬᠤ᠂ ᠦᠢᠯᠡᠳᠪᠦᠷᠢᠯᠡᠯ ᠠᠷᠠᠯᠵᠢᠶᠠᠨ ᠤ ᠭᠦᠢᠯᠭᠡᠭᠡᠨ ᠵᠢᠴᠢ ᠣᠶᠢᠵᠢᠭᠤᠯᠤᠯᠲᠠ ᠶᠢᠨ ᠠᠵᠢᠯᠯᠠᠭᠠᠨ ᠤ ᠵᠢᠷᠤᠭ ᠲᠥᠯᠥᠪᠯᠡᠭᠡ᠂ ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠢᠨᠵᠧᠨᠧᠷᠢᠩ ᠢ ᠰᠢᠯᠭᠠᠨ ᠠᠪᠬᠤ ᠵᠡᠷᠭᠡ ᠡᠯ᠎ᠡ ᠲᠠᠯ᠎ᠠ ᠶᠢᠨ ᠠᠵᠢᠯ ᠳᠤ ᠯᠠᠪᠯᠠᠯᠲᠠ ᠪᠠ ᠦᠨᠳᠦᠰᠦᠯᠡᠯ ᠬᠠᠩᠭᠠᠵᠤ᠂ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ︽ᠭᠤᠷᠪᠠᠨ ᠶᠡᠭᠡ ᠳᠠᠶᠢᠯᠠᠯᠳᠤᠭᠠᠨ︾᠎ ᠤ ᠢᠯᠠᠯᠲᠠ ᠶᠢ ᠣᠯᠬᠤ ᠪᠠ ︽ᠭᠤᠷᠪᠠᠨ ᠤᠮᠠᠷᠠᠲᠤ︾ ᠵᠡᠷᠭᠡ ᠭᠤᠣᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号