| ᠥᠪᠥᠷ ᠮᠣᠩᠭᠤᠯ ᠤᠨ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢᠨ ᠰᠢᠰᠲ᠋ᠧᠮ ᠤᠨ | ᠲᠣᠭᠠᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠤᠨ ᠲᠥᠷᠥᠯ ᠵᠦᠢᠯ ᠤᠨ | ᠪᠣᠯᠪᠠᠰᠤᠷᠠᠭᠤᠯᠤᠯ ᠤᠨ ᠲᠥᠯᠥᠪᠯᠡᠭᠡ ᠶᠢ ᠦᠨᠳᠦᠰᠦᠯᠡᠨ᠂ 11 ᠰᠠᠷ᠎ᠠ ᠶᠢᠨ 15 ᠤ ᠡᠳᠦᠷ ᠠᠴᠠ ᠡᠬᠢᠯᠡᠨ᠂ | ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠲᠤᠰᠬᠠᠶ | ᠮᠡᠷᠭᠡᠵᠢᠯ ᠤᠨ ᠪᠦᠯᠬᠦᠮ ᠢ ᠵᠣᠬᠢᠶᠠᠨ ᠪᠠᠶᠢᠭᠤᠯᠵᠤ ᠬᠢᠩᠭᠠᠨ ᠠᠶᠢᠮᠠᠭ ᠲᠤ ᠲᠤᠬᠠᠶᠢᠯᠠᠭᠰᠠᠨ ᠠᠵᠢᠯ ᠤᠨ | ᠪᠣᠯᠪᠠᠰᠤᠷᠠᠭᠤᠯᠤᠯ ᠥᠷᠨᠢᠭᠦᠯᠵᠦ᠂ ᠠᠶᠢᠮᠠᠭ ᠬᠤᠰᠢᠭᠤ ᠰᠢᠶᠠᠩ ᠭᠤᠷᠪᠠᠨ ᠱᠠᠲᠤᠨ ᠤ ᠣᠶ ᠰᠢᠭᠤᠶ ᠨᠤᠲᠤᠭ | ᠪᠡᠯᠴᠢᠭᠡᠷ ᠤᠨ ᠳᠠᠷᠤᠭ᠎ᠠ ᠶᠢᠨ ᠲᠦᠷᠢᠮ ᠤᠨ ᠠᠯᠪᠠᠨ ᠬᠡᠷ᠂ ᠡᠤ ᠴᠠ ᠭᠸᠤ᠂ ᠪᠠᠶ ᠯᠠᠩ ᠣᠶ ᠰᠢᠭᠤᠶ ᠶᠢᠨ | ᠲᠣᠪᠴᠢᠶ᠎ᠠ ᠶᠢᠨ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠠᠯᠪᠠᠨ ᠬᠡᠷ᠂ ᠡᠯ᠎ᠡ ᠬᠤᠰᠢᠭᠤ ᠰᠢᠶᠠᠨ | ᠬᠤᠲᠠ ᠶᠢᠨ ᠬᠠᠷᠢᠶ᠎ᠠ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠵᠡᠷᠭᠡ ᠬᠠᠮᠢᠶ᠎ᠠ ᠪᠥᠬᠦᠶ ᠰᠠᠯᠠᠭ᠎ᠠ | ᠮᠥᠴᠢᠷ ᠤᠨ 130 ᠭᠠᠷᠤᠶ ᠬᠥᠮᠦᠨ ᠪᠣᠯᠪᠠᠰᠤᠷᠠᠭᠤᠯᠤᠯ ᠳᠤ ᠣᠷᠣᠯᠴᠠᠪᠠ᠃ ᠪᠣᠯᠪᠠᠰᠤᠷᠠᠭᠤᠯᠤᠯ ᠨᠢ ︽ | ᠴᠢᠳᠠᠮᠵᠢ ᠶᠢᠨ ᠲᠠᠶᠢᠯᠤᠮᠵᠢ + ᠪᠣᠳᠠᠲᠠᠶ ᠠᠵᠢᠯᠯᠠᠭᠠᠨ ᠤ ᠦᠵᠡᠭᠦᠯᠦᠯᠭᠡ + ᠲᠤᠬᠠᠶ ᠶᠢᠨ ᠲᠠᠯᠠᠪᠠᠶ ᠶᠢᠨ | ᠠᠰᠠᠭᠤᠯᠳᠠ ᠶᠢ ᠬᠠᠷᠢᠭᠤᠯᠬᠤ︾ ᠬᠡᠯᠪᠡᠷᠢ ᠪᠠᠷ ᠶᠠᠪᠤᠭᠳᠠᠵᠤ᠂ ᠲᠠᠪᠴᠠᠩ ᠤᠨ ︽ᠤᠢ ᠰᠢᠭᠤᠢ ᠶᠢᠨ ᠳᠠᠷᠤᠭ᠎ᠠ ᠶᠢᠨ | ᠵᠢᠯᠣᠭᠤᠳᠬᠤ ᠥᠷᠥᠭᠡ︾᠂ ︽ᠤᠢ ᠰᠢᠭᠤᠢ ᠶᠢᠨ ᠳᠠᠷᠤᠭ᠎ᠠ ᠶᠢᠨ ᠲᠦᠷᠢᠮ ᠤᠨ ᠶᠡᠷᠦᠩᠬᠡᠶᠢᠯᠡᠭᠰᠡᠨ | ᠬᠠᠮᠢᠶᠠᠷᠤᠯᠲᠠ ᠶᠢᠨ ᠲᠠᠪᠴᠠᠩ︾᠂ ︽ᠤᠢ ᠰᠢᠭᠤᠢ ᠶᠢᠨ ᠳᠠᠷᠤᠭ᠎ᠠ ᠶᠢᠨ ᠲᠦᠷᠢᠮ ᠤᠨ APP︾᠂ ︽ᠣᠯᠠᠨ | ᠨᠡᠶᠢᠲᠡ ᠶᠢᠨ ᠬᠢᠨᠠᠯᠲᠠ ᠲᠠᠯᠪᠢᠬᠤ ᠵᠢᠵᠢᠭ ᠫᠷᠤᠭ᠍ᠷᠠᠮ︾᠂ ︽ᠲᠣᠭᠤᠷᠢᠨ ᠬᠠᠮᠠᠭᠠᠯᠠᠵᠤ ᠬᠢᠨᠠᠨ ᠬᠠᠮᠢᠶᠠᠷᠬᠤ APP︾ | ᠵᠡᠷᠭᠡ ᠰᠢᠰᠲ᠋ᠧᠮ ᠤᠨ ᠵᠥᠭᠡᠯᠡᠨ ᠲᠣᠨᠤᠭ ᠤᠨ ᠴᠢᠳᠠᠮᠵᠢ ᠶᠢᠨ ᠦᠢᠯᠡᠳᠦᠯ ᠪᠠ ᠬᠡᠷᠡᠭᠯᠡᠬᠦ ᠠᠷᠭ᠎ᠠ ᠶᠢ ᠨᠠᠷᠢᠨ | ᠲᠠᠨᠢᠯᠴᠠᠭᠤᠯᠵᠤ᠂ ᠲᠠᠪᠴᠠᠩ ᠳᠠᠬᠢ ︽ᠬᠠᠷᠢᠭᠤᠴᠠᠯᠭ᠎ᠠ ᠶᠢᠨ ᠣᠷᠣᠨ᠂ ᠲᠤᠭ᠎ᠠ ᠪᠦᠷᠢᠳᠬᠡᠯ᠂ ᠤᠢ ᠰᠢᠭᠤᠢ ᠶᠢᠨ | ᠳᠠᠷᠤᠭ᠎ᠠ ᠶᠢᠨ ᠲᠣᠭᠤᠷᠢᠨ ᠪᠠᠶᠢᠴᠠᠭᠠᠯᠲᠠ᠂ ᠰᠢᠮᠳᠠᠭᠤᠯᠤᠨ ᠪᠠᠶᠢᠴᠠᠭᠠᠵᠤ ᠬᠦᠢᠴᠡᠳᠭᠡᠭᠦᠯᠬᠦ᠂ ᠰᠠᠨᠠᠭᠤᠯᠤᠮᠵᠢ ᠶᠢᠨ | ᠬᠠᠭᠤᠳᠠᠰᠤ︾ ᠵᠡᠷᠭᠡ ᠪᠤᠯᠤᠩ ᠤᠨ ᠪᠣᠳᠠᠲᠠᠶ ᠠᠵᠢᠯᠯᠠᠬᠤ ᠠᠷᠭ᠎ᠠ ᠶᠢ ᠭᠤᠤᠯᠳᠠᠯᠭ᠎ᠠ ᠲᠠᠢ ᠲᠠᠶᠢᠯᠪᠤᠷᠢᠯᠠᠵᠤ᠂ | ᠲᠠᠪᠴᠠᠩ ᠤᠨ ᠬᠡᠷᠡᠭᠯᠡᠬᠦ ᠶᠠᠪᠤᠴᠠ ᠳᠤ ᠢᠯᠡᠷᠡᠭᠰᠡᠨ ᠬᠦᠴᠢᠷ ᠠᠰᠠᠭᠤᠳᠠᠯ ᠤᠨ ᠲᠤᠬᠠᠶ ᠰᠤᠳᠤᠯᠤᠨ ᠶᠠᠷᠢᠯᠴᠠᠪᠠ᠃ | ᠮᠡᠳᠡᠭᠡ ᠵᠠᠩᠬᠢ ᠶᠢᠨ ᠲᠠᠪᠴᠠᠩ ᠠᠵᠢᠯᠯᠠᠭᠰᠠᠨ ᠤ ᠳᠠᠷᠠᠭ᠎ᠠ᠂ ᠣᠶ ᠰᠢᠭᠤᠢ ᠶᠢᠨ ᠳᠠᠷᠤᠭ᠎ᠠ ᠶᠢᠨ ᠲᠦᠷᠢᠮ ᠤᠨ | ᠬᠠᠷᠢᠭᠤᠴᠠᠯᠭ᠎ᠠ ᠶᠢ ᠪᠦᠲᠦᠮᠵᠢᠲᠡᠶ ᠪᠡᠶᠡᠯᠡᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢᠨ ᠡᠬᠢ | ᠪᠠᠶᠠᠯᠢᠭ ᠪᠠ ᠬᠠᠮᠢᠶᠠᠷᠤᠯᠲᠠ ᠶᠢᠨ ᠮᠡᠳᠡᠭᠡ ᠵᠠᠩᠭᠢ ᠶᠢ ᠪᠤᠳᠠᠳᠠᠢ ᠨᠠᠶᠢᠳᠠᠪᠤᠷᠢᠵᠢᠭᠤᠯᠵᠤ᠂ ᠣᠶ ᠰᠢᠭᠤᠢ ᠶᠢᠨ | ᠳᠠᠷᠤᠭ᠎ᠠ ᠶᠢᠨ ᠲᠦᠷᠢᠮ ᠤᠨ ᠠᠵᠢᠯ ᠤᠨ ᠣᠶᠤᠨᠴᠢᠯᠠᠭᠰᠠᠨ᠂ ᠨᠠᠷᠢᠯᠢᠬᠵᠢᠭᠤᠯᠤᠭᠰᠠᠨ ᠲᠦᠪᠰᠢᠨ ᠢ ᠪᠦᠲᠦᠮᠵᠢᠲᠡᠶ | ᠳᠡᠭᠡᠭᠰᠢᠯᠡᠭᠦᠯᠵᠦ ᠴᠢᠳᠠᠨ᠎ᠠ᠃ |