ᠡᠬᠢ ᠪᠠᠶᠠᠯᠢᠭ ᠤᠨ ᠭᠠᠵᠠᠷ 2024 ᠣᠨ ᠤ ᠠᠷᠠᠳ ᠨᠡᠶᠢᠲᠡ ᠶᠢᠨ ᠦᠮᠴᠢᠯᠡᠯᠲᠦ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠪᠠᠶᠢᠴᠠᠭᠠᠬᠤ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2023/11/23
       2024 ᠣᠨ ᠤ ᠠᠷᠠᠳ ᠨᠡᠶᠢᠲᠡ ᠶᠢᠨ ᠦᠮᠴᠢᠯᠡᠯᠲᠦ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠪᠠᠶᠢᠴᠠᠭᠠᠬᠤ ᠠᠵᠢᠯ ᠢ ᠤᠷᠢᠳᠴᠢᠯᠠᠨ ᠲᠥᠯᠥᠪᠵᠢᠭᠦᠯᠵᠦ᠂ ᠲᠦᠷᠭᠡᠳᠬᠡᠨ ᠠᠬᠢᠭᠤᠯᠵᠤ᠂ ᠬᠥᠬᠡᠬᠤᠲᠠ᠂ ᠣᠷᠳᠣᠰ ᠬᠤᠲᠠ᠂ ᠤᠯᠠᠭᠠᠨᠴᠠᠪ ᠬᠤᠲᠠ ᠪᠣᠯᠤᠨ ᠤᠯᠠᠭᠠᠨᠬᠠᠳᠠ ᠬᠤᠲᠠ ᠵᠡᠷᠭᠡ 4 ᠠᠶᠢᠮᠠᠭ ᠬᠤᠲᠠ ᠶᠢᠨ ᠣᠶ ᠰᠢᠭᠤᠶ᠂ ᠨᠤᠲᠤᠭ ᠪᠡᠯᠴᠢᠭᠡᠷ᠂ᠴᠢᠭᠢᠭᠯᠢᠭ ᠭᠠᠵᠠᠷ ᠵᠡᠷᠭᠡ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠪᠠᠶᠢᠳᠠᠯ ᠢ ᠲᠣᠳᠣᠷᠬᠠᠶ ᠣᠶᠢᠯᠠᠭᠠᠵᠤ᠂ ᠣᠨ ᠤ ᠦᠷ᠎ᠡ ᠪ᠊ ᠪᠦᠲᠦᠮᠵᠢ ᠶᠢ ᠴᠠᠭ ᠲᠤᠬᠠᠶ ᠳᠤᠨᠢ ᠰᠢᠨᠡᠳᠬᠡᠬᠦ ᠶᠢᠨ ᠲᠥᠯᠥᠭᠡ᠂ 11 ᠰᠠᠷ᠎ᠠ ᠶᠢᠨ 22᠎ ᠤᠨ ᠡᠳᠦᠷ᠂ ᠮᠠᠨ ᠤ ᠲᠣᠪᠴᠢᠶ᠎ᠠ ᠶᠢᠨ ᠣᠶ ᠰᠢᠭᠤᠶ ᠨᠤᠲᠤᠭ ᠪᠡᠯᠴᠢᠭᠡᠷ ᠢ ᠬᠢᠨᠠᠨ ᠬᠡᠮᠵᠢᠬᠦ ᠲᠥᠯᠥᠪᠵᠢᠭᠦᠯᠭᠡ ᠶᠢᠨ ᠬᠦᠷᠢᠶᠡᠯᠡᠩ ᠪᠣᠯᠤᠨ ᠣᠶ ᠰᠢᠭᠤᠶ ᠨᠤᠲᠤᠭ ᠪᠡᠯᠴᠢᠭᠡᠷ ᠢ ᠬᠢᠨᠠᠨ ᠬᠡᠮᠵᠢᠬᠦ ᠲᠥᠯᠥᠪᠵᠢᠭᠦᠯᠭᠡ ᠶᠢᠨ  ᠬᠤᠶᠠᠳᠤᠭᠠᠷ ᠬᠦᠷᠢᠶᠡᠯᠡᠩ ᠲᠠᠢ ᠬᠠᠮᠲᠤᠷᠠᠨ ᠶᠠᠷᠢᠯᠴᠠᠬᠤ ᠬᠤᠷᠠᠯ ᠬᠢᠵᠦ᠂ 2024 ᠣᠨ ᠤ ᠠᠷᠠᠳ ᠨᠡᠶᠢᠲᠡ ᠶᠢᠨ ᠦᠮᠴᠢᠯᠡᠯᠲᠦ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠪᠠᠶᠢᠴᠠᠭᠠᠬᠤ ᠠᠵᠢᠯ ᠢ ᠲᠤᠰᠬᠠᠶ ᠰᠡᠳᠦᠪ ᠢᠶᠠᠷ ᠰᠤᠳᠤᠯᠤᠨ ᠪᠠᠶᠢᠷᠢᠯᠠᠭᠤᠯᠪᠠ᠃       ᠬᠤᠷᠠᠯ ᠳᠡᠭᠡᠷ᠎ᠡ ︽ᠠᠷᠠᠳ ᠨᠡᠶᠢᠲᠡ ᠶᠢᠨ ᠦᠮᠴᠢᠯᠡᠯᠲᠦ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ   ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠮᠡᠳᠡᠭᠳᠡᠯ ︾ ︵ᠥᠪᠥᠷ ᠪᠠᠶᠢᠭᠠᠯᠢ ᠶᠢᠨ ᠡᠬᠢ ᠪᠠᠶᠠᠯᠢᠭ ᠲᠠᠷᠬᠠᠭᠠᠭᠰᠠᠨ 〔2023〕61  ᠳ᠋ᠦ᠋ᠭᠡᠷ ᠲᠣᠭᠠᠲᠤ︶᠎ ᠳᠤ ᠲᠠᠶᠢᠯᠤᠮᠵᠢ ᠬᠢᠵᠦ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠮᠠᠨ ᠤ ᠲᠣᠪᠴᠢᠶ᠎ᠠ ᠳᠤ ᠬᠤᠯᠪᠣᠭᠳᠠᠬᠤ ᠪᠣᠳᠠᠲᠠᠶ ᠠᠵᠢᠯ ᠢ ᠤᠯᠠᠮ ᠨᠢᠭᠡ ᠠᠯᠬᠤᠮ ᠲᠣᠳᠣᠷᠬᠠᠶᠢᠯᠠᠪᠠ᠃ ᠬᠤᠷᠠᠯ ᠠᠴᠠ ᠡᠳ᠋ ᠬᠥᠷᠥᠩᠭᠡ ᠶᠢ ᠪᠠᠶᠢᠴᠠᠭᠠᠬᠤ ᠠᠵᠢᠯ ᠤᠨ ︽ᠶᠠᠭᠤ ᠬᠢᠬᠦ᠂ ᠶᠠᠭᠠᠬᠢᠵᠤ ᠬᠢᠬᠦ᠂ ᠬᠡᠨ ᠬᠢᠬᠦ︾ ᠲᠤᠬᠠᠶ ᠶᠠᠷᠢᠯᠴᠠᠵᠤ᠂ ᠬᠤᠷᠠᠯ ᠳᠤ ᠣᠷᠣᠯᠴᠠᠭᠰᠠᠨ ᠮᠡᠷᠭᠡᠵᠢᠯ ᠤᠨ ᠭᠤᠤᠯᠯᠠᠭᠴᠢ ᠬᠦᠴᠦᠨ ᠤ ᠠᠵᠢᠯ ᠤᠨ ᠲᠠᠰ ᠳᠠᠷᠠᠭᠠᠯᠠᠯ ᠢ ᠰᠢᠯᠢᠳᠡᠭᠵᠢᠭᠦᠯᠬᠦ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠰᠠᠨᠠᠯ ᠰᠠᠨᠠᠭᠤᠯᠭ᠎ᠠ ᠳᠤᠷᠠᠳᠪᠠ᠃       ᠬᠤᠷᠠᠯ ᠠᠴᠠ ᠭᠤᠷᠪᠠᠨ ᠲᠠᠯ᠎ᠠ ᠶᠢᠨ ᠪᠠᠶᠢᠴᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃ ᠨᠢᠭᠡ ᠳᠤ ᠥᠪᠡᠷᠲᠡᠭᠡᠨ ᠵᠠᠰᠠᠬᠤ ᠣᠷᠣᠨ ᠤ ᠣᠶᠢᠲᠤ ᠭᠠᠵᠠᠷ᠂ ᠡᠪᠡᠰᠦ ᠪᠡᠯᠴᠢᠭᠡᠷ᠂  ᠴᠢᠭᠢᠭᠯᠢᠭ ᠭᠠᠵᠠᠷ ᠢ ᠪᠠᠶᠢᠴᠠᠭᠠᠬᠤ ᠮᠡᠷᠭᠡᠵᠢᠯ ᠤᠨ ᠲᠥᠰᠦᠯ ᠢ ᠨᠠᠶᠢᠷᠠᠭᠤᠯᠤᠨ ᠵᠣᠬᠢᠶᠠᠵᠤ᠂ ᠪᠣᠳᠠᠲᠠᠶ ᠠᠵᠢᠯ ᠤᠨ ᠡᠭᠦᠷᠭᠡ᠂ ᠲᠠᠰ ᠳᠠᠷᠠᠭᠠᠯᠠᠯ ᠪᠠ ᠠᠷᠭ᠎ᠠ ᠶᠢ ᠲᠣᠭᠲᠠᠭᠠᠨ᠂ ᠪᠠᠶᠢᠴᠠᠭᠠᠬᠤ ᠠᠵᠢᠯ ᠢ ᠰᠠᠶᠢᠲᠤᠷ ᠬᠢᠬᠦ ᠳᠤ ᠮᠡᠷᠭᠡᠵᠢᠯ ᠤᠨ ᠪᠠᠷᠢᠮᠵᠢᠶ᠎ᠠ ᠬᠠᠩᠭᠠᠨ᠎ᠠ︔ ᠬᠤᠶᠠᠷ ᠲᠤ ᠠᠷᠠᠳ ᠨᠡᠶᠢᠲᠡ ᠶᠢᠨ ᠦᠮᠴᠢᠯᠡᠯᠲᠦ ᠣᠶ ᠰᠢᠭᠤᠶ᠂ ᠨᠤᠲᠤᠭ ᠪᠡᠯᠴᠢᠭᠡᠷ ᠪᠠ ᠴᠢᠭᠢᠭᠯᠢᠭ ᠭᠠᠵᠠᠷ ᠤᠨ ᠡᠬᠢ ᠪᠠᠶᠠᠯᠢᠭ ᠡᠳ᠋ ᠬᠥᠷᠥᠩᠭᠡ ᠶᠢ ᠪᠠᠶᠢᠴᠠᠭᠠᠬᠤ ᠮᠡᠷᠭᠡᠵᠢᠯ ᠤᠨ ᠪᠣᠯᠪᠠᠰᠤᠷᠠᠭᠤᠯᠤᠯ ᠢ ᠲᠦᠷᠭᠡᠬᠡᠨ ᠥᠷᠨᠢᠭᠦᠯᠵᠦ᠂ ᠲᠣᠰ ᠤᠳᠠᠭᠠᠨ ᠤ ᠡᠬᠢ ᠪᠠᠶᠠᠯᠢᠭ ᠡᠳ᠋ ᠬᠥᠷᠥᠩᠭᠡ ᠶᠢ ᠪᠠᠶᠢᠴᠠᠭᠠᠬᠤ ᠠᠵᠢᠯ ᠥᠷᠨᠢᠭᠦᠯᠦᠭᠰᠡᠨ 4 ᠠᠶᠢᠮᠠᠭ ᠬᠤᠲᠠ᠂ 41 ᠬᠤᠰᠢᠭᠤ ᠰᠢᠶᠠᠨ ︵ᠬᠤᠲᠠ᠂ ᠲᠣᠭᠤᠷᠢᠭ︶᠎ ᠤ ᠮᠡᠷᠭᠡᠵᠢᠯ ᠤᠨ ᠲᠥᠰᠦᠯ ᠶᠣᠰᠣᠭᠠᠷ ᠡᠯ᠎ᠡ ᠵᠦᠢᠯ ᠤᠨ ᠰᠠᠭᠤᠷᠢ ᠠᠵᠢᠯ ᠢᠶᠠᠨ ᠪᠡᠶᠡᠯᠡᠭᠦᠯᠬᠦ ᠶᠢ ᠵᠢᠯᠣᠭᠤᠳᠤᠨ᠎ᠠ︔ ᠭᠤᠷᠪᠠ ᠳᠤ᠂ ᠬᠠᠶᠢᠨ ᠪᠠᠶᠢᠴᠠᠭᠠᠬᠤ ᠶᠢ ᠭᠦᠨᠵᠡᠭᠡᠶᠢᠷᠡᠭᠦᠯᠬᠦ ᠶᠢ ᠰᠦᠪᠡᠭᠴᠢᠯᠡᠵᠦ᠂ ᠥᠮᠴᠢᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠭᠤᠤᠯ ᠴᠣᠭᠴᠠ ᠶᠢᠨ ᠪᠠᠶᠢᠳᠠᠯ ᠪᠠ ᠬᠡᠷᠡᠭᠯᠡᠬᠦ ᠡᠷᠬᠡ ᠶᠢᠨ ᠪᠠᠶᠢᠳᠠᠯ᠂ ᠬᠠᠮᠠᠭᠠᠯᠠᠬᠤ ᠪᠠ ᠠᠰᠢᠭᠯᠠᠬᠤ ᠵᠢᠴᠢ ᠡᠷᠬᠡ ᠠᠰᠢᠭ ᠤᠨ ᠬᠠᠮᠢᠶᠠᠷᠤᠯᠲᠠ ᠵᠡᠷᠭᠡ ᠠᠭᠤᠯᠭ᠎ᠠ ᠶᠢᠨ ᠲᠣᠭᠤᠷᠢᠨ ᠳᠤ ᠬᠠᠶᠢᠨ ᠰᠦᠪᠡᠭᠴᠢᠯᠡᠵᠦ᠂ ᠲᠤᠷᠰᠢᠯᠲᠠ ᠶᠢᠨ ᠴᠢᠭ ᠤᠨ ᠭᠠᠵᠠᠷ ᠣᠷᠣᠨ ᠳᠤ ᠠᠷᠠᠳ ᠨᠡᠶᠢᠲᠡ ᠶᠢᠨ ᠦᠮᠴᠢᠯᠡᠯᠲᠦ ᠭᠠᠵᠠᠷ ᠰᠢᠷᠣᠶ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠠᠶᠢᠨ ᠪᠠᠶᠢᠴᠠᠭᠠᠯᠲᠠ ᠶᠢ ᠭᠦᠨᠵᠡᠭᠡᠶ ᠥᠷᠨᠢᠭᠦᠯᠦᠨ᠎ᠡ᠃       ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠠᠢ ᠬᠠᠮᠵᠢᠯᠴᠠᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠨᠠᠷᠢᠯᠢᠬᠵᠢᠭᠤᠯᠵᠤ᠂ ᠳᠡᠭᠡᠳᠦ ᠳᠤᠤᠷᠠᠳᠤ ᠱᠠᠲᠤᠨ ᠤ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠨ᠂ 2024 ᠣᠨ ᠤ ᠠᠷᠠᠳ ᠨᠡᠶᠢᠲᠡ ᠶᠢᠨ ᠦᠮᠴᠢᠯᠡᠯᠲᠦ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠪᠠᠶᠢᠴᠠᠭᠠᠬᠤ ᠡᠯ᠎ᠡ ᠵᠦᠢᠯ ᠤᠨ ᠠᠵᠢᠯ ᠢ ᠠᠬᠢᠴᠠ ᠶᠢᠨ ᠲᠦᠯᠦᠪᠯᠡᠭᠡ ᠶᠣᠰᠣᠭᠠᠷ ᠪᠡᠶᠡᠯᠡᠭᠦᠯᠦᠨ᠎ᠡ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号