ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠢ ᠰᠢᠮᠳᠠᠭᠤᠯᠤᠨ ᠪᠠᠶᠢᠴᠠᠭᠠᠬᠤ ᠪᠠᠲᠤᠯᠠᠭ᠎ᠠ ᠶᠢᠨ ᠲᠥᠪ ᠠᠴᠠ ᠪᠥᠬᠦ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠪᠠᠶᠢᠴᠠᠭᠠᠨ ᠰᠢᠯᠭᠠᠬᠤ ᠵᠢᠴᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠪᠣᠯᠪᠠᠰᠤᠷᠠᠭᠤᠯᠤᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2023/11/24
     ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠤᠷᠤᠯᠴᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠢᠯᠭᠠᠬᠤ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠂ ᠪᠥᠬᠦ ᠣᠷᠣᠨ ᠤ ᠣᠶ ᠰᠢᠭᠤᠶ ᠨᠤᠲᠤᠭ ᠪᠡᠯᠴᠢᠭᠡᠷ ᠢ ᠰᠢᠮᠳᠠᠭᠤᠯᠤᠨ ᠪᠠᠶᠢᠴᠠᠭᠠᠬᠤ ᠠᠵᠢᠯ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠶᠢᠨ ᠲᠤᠰᠠᠳᠠ᠂ 11 ᠰᠠᠷ᠎ᠠ ᠶᠢᠨ 23᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠢ ᠰᠢᠮᠳᠠᠭᠤᠯᠤᠨ ᠪᠠᠶᠢᠴᠠᠭᠠᠬᠤ ᠪᠠᠲᠤᠯᠠᠭ᠎ᠠ ᠶᠢᠨ ᠲᠥᠪ ᠨᠢ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠪᠠᠷᠠᠭᠤᠨ ᠬᠤᠶᠢᠲᠤ ᠣᠷᠣᠨ ᠤ  ᠪᠠᠶᠢᠴᠠᠭᠠᠨ ᠲᠦᠯᠦᠪᠵᠢᠬᠦᠯᠬᠦ ᠵᠢᠷᠤᠭ ᠲᠥᠯᠥᠪᠯᠡᠭᠡ ᠶᠢᠨ ᠬᠦᠷᠢᠶᠡᠯᠡᠩ ᠲᠠᠢ ᠬᠠᠮᠲᠤᠷᠠᠨ᠂ ᠪᠥᠬᠦ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠪᠠᠶᠢᠴᠠᠭᠠᠨ ᠰᠢᠯᠭᠠᠬᠤ ᠵᠢᠴᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠪᠣᠯᠪᠠᠰᠤᠷᠠᠭᠤᠯᠤᠯ ᠤᠨ ᠠᠩᠭᠢ ᠶᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠴᠧᠨ ᠶᠦᠩ ᠴᠢᠤᠸᠠᠨ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠳᠠᠶᠢᠴᠢᠯᠠᠯᠲᠠ ᠶᠢᠨ ᠶᠠᠷᠢᠶ᠎ᠠ ᠲᠠᠯᠪᠢᠵᠠᠶ᠃
9.png
      ᠳᠡᠳ᠋ ᠲᠣᠪᠴᠢᠶᠠᠨ ᠳᠠᠷᠤᠭ᠎ᠠ ᠴᠧᠨ ᠶᠦᠩ ᠴᠢᠤᠸᠠᠨ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠰᠠᠶᠢᠲᠤᠷ  ᠬᠦᠢᠴᠡᠳᠬᠡᠵᠦ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠰᠠᠶᠢᠲᠤᠷ ᠰᠤᠷᠤᠯᠴᠠᠨ ᠬᠡᠷᠡᠭᠯᠡᠵᠦ᠂ ᠣᠶ ᠰᠢᠭᠤᠶ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠵᠤ᠂ ᠨᠤᠲᠤᠭ ᠪᠡᠯᠴᠢᠭᠡᠷ ᠤᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯ ᠢ ᠪᠡᠶᠡᠯᠡᠭᠦᠯᠬᠦ ᠪᠠ ᠬᠠᠤᠯᠢ ᠲᠣᠭᠲᠠᠭᠠᠯ ᠠᠴᠠ ᠵᠥᠷᠢᠴᠡᠨ ᠣᠶ ᠰᠢᠭᠤᠶ ᠶᠢᠨ ᠴᠡᠴᠡᠷᠯᠢᠭ ᠢ ᠡᠵᠡᠯᠡᠵᠦ ᠠᠮᠢ ᠠᠬᠤᠶ ᠶᠢ ᠡᠪᠳᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠳ᠋ᠤᠭᠠᠷ ᠢ ᠬᠠᠰᠤᠬᠤ ᠶᠢ ᠠᠬᠢᠭᠤᠯᠵᠤ᠂ ᠪᠠᠶᠢᠩᠭᠤ ᠶᠢᠨ ᠲᠦᠷᠢᠮ ᠢ ᠰᠠᠶᠢᠲᠤᠷ ᠪᠠᠶᠢᠭᠤᠯᠵᠤ᠂ ᠡᠳᠦᠷ ᠲᠤᠲᠤᠮ ᠤᠨ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠰᠢᠨᠵᠢᠯᠡᠬᠦ ᠤᠬᠠᠭᠠᠨᠴᠢ ᠠᠷᠭ᠎ᠠ ᠪᠠᠷ᠂ ᠣᠶ ᠰᠢᠭᠤᠶ ᠪᠠ ᠨᠤᠲᠤᠭ ᠪᠡᠯᠴᠢᠭᠡᠷ ᠤᠨ ᠠᠮᠢ ᠠᠬᠤᠶ ᠶᠢ ᠰᠠᠶᠢᠲᠤᠷ ᠬᠠᠮᠠᠭᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠰᠢᠶᠠᠭᠰᠠᠨ ᠬᠤᠶᠠᠷ ᠶᠡᠭᠡ ᠶᠠᠪᠤᠳᠠᠯ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ ᠭᠡᠵᠡᠶ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠰᠢᠮᠳᠠᠭᠤᠯᠤᠨ ᠪᠠᠶᠢᠴᠠᠭᠠᠬᠤ ᠪᠠᠲᠤᠯᠠᠭ᠎ᠠ ᠶᠢᠨ ᠲᠥᠪ ᠤᠨ ᠡᠷᠬᠢᠯᠡᠭᠴᠢ ᠰᠦ ᠰᠢ ᠹᠦ᠋ ᠬᠤᠷᠠᠯ ᠢ ᠡᠷᠭᠢᠯᠡᠵᠦ᠂ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠪᠠᠷᠠᠭᠤᠨ ᠬᠤᠶᠢᠲᠤ ᠣᠷᠣᠨ ᠢ ᠪᠠᠶᠢᠴᠠᠭᠠᠨ ᠲᠥᠯᠥᠪᠵᠢᠭᠦᠯᠬᠦ ᠬᠦᠷᠢᠶᠡᠯᠡᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠭᠠᠵᠠᠷ ᠤᠨ ᠳᠠᠷᠤᠭ᠎ᠠ ᠸᠠᠩ ᠵᠧᠤ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠵᠡᠶ᠃
W020231123612869617371.png
      ᠪᠥᠬᠦ ᠣᠷᠣᠨ ᠤ ᠡᠯ᠎ᠡ ᠠᠶᠢᠮᠠᠭ ᠬᠤᠲᠠ᠂ ᠬᠤᠰᠢᠭᠤ ᠰᠢᠶᠠᠨ ᠬᠤᠶᠠᠷ ᠱᠠᠲᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠥᠪᠥᠷ ᠮᠣᠩᠭᠤᠯ ᠤᠨ ᠣᠶ ᠰᠢᠭᠤᠶ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠬᠠᠮᠢᠶ᠎ᠠ ᠪᠥᠬᠦᠶ ᠠᠵᠢᠯᠲᠠᠨ ᠵᠢᠴᠢ ᠰᠢᠮᠳᠠᠭᠤᠯᠤᠨ ᠪᠠᠶᠢᠴᠠᠭᠠᠬᠤ ᠪᠠᠲᠤᠯᠠᠭ᠎ᠠ ᠶᠢᠨ ᠲᠥᠪ ᠤᠨ ᠪᠥᠬᠦ ᠺᠠᠳ᠋ᠷ ᠠᠵᠢᠯᠲᠠᠨ ᠠᠵᠢᠯᠴᠢᠨ ᠨᠡᠶᠢᠲᠡ 180 ᠭᠠᠷᠤᠶ ᠬᠥᠮᠦᠨ ᠲᠣᠰ ᠤᠳᠠᠭᠠᠨ ᠤ ᠪᠤᠯᠪᠠᠰᠤᠷᠠᠭᠤᠯᠤᠯ ᠳᠤ ᠣᠷᠣᠯᠴᠠᠵᠠᠶ᠃ ᠪᠣᠯᠪᠠᠰᠤᠷᠠᠭᠤᠯᠤᠯ ᠤᠨ ᠴᠢᠭᠯᠡᠭᠦᠯᠦᠯᠲᠦ ᠴᠢᠨᠠᠷ ᠪᠠ ᠪᠣᠳᠠᠲᠤ ᠦᠷ᠎ᠡ ᠪᠦᠲᠦᠮᠵᠢᠲᠦ ᠴᠢᠨᠠᠷ ᠢ ᠪᠠᠲᠤᠯᠠᠬᠤ ᠶᠢᠨ ᠲᠤᠰᠠᠳᠠ᠂ ᠣᠶ ᠰᠢᠭᠤᠶ ᠨᠤᠲᠤᠭ ᠪᠡᠯᠴᠢᠭᠡᠷ ᠤᠨ ᠬᠦᠷᠢᠶᠡᠨ ᠳᠠᠬᠢ ᠲᠤᠰᠬᠠᠶ ᠮᠡᠷᠭᠡᠵᠢᠯᠲᠡᠨ ᠡᠷᠳᠡᠮᠲᠡᠨ ᠵᠢᠴᠢ ᠠᠵᠢᠯᠲᠠᠨ ᠢ ᠤᠷᠢᠵᠤ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠪᠠᠶᠢᠴᠠᠭᠠᠨ ᠰᠢᠯᠭᠠᠬᠤ ᠠᠵᠢᠯ ᠤᠨ ᠰᠢᠰᠲ᠋ᠧᠮ ᠪᠠ GIS ᠰᠢᠰᠲ᠋ᠧᠮ ᠤᠨ ᠬᠡᠷᠡᠭᠯᠡᠯᠲᠡ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠢᠨᠠᠨ ᠵᠥᠪᠰᠢᠶᠡᠷᠡᠬᠦ᠂ ᠬᠠᠮᠠᠭᠠᠯᠠᠬᠤ ᠪᠠ ᠬᠠᠮᠢᠶᠠᠷᠬᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠠᠰ ᠳᠠᠷᠠᠭᠠᠯᠠᠯ ᠪᠠ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠣᠶ ᠰᠢᠭᠤᠶ ᠨᠤᠲᠤᠭ ᠪᠡᠯᠴᠢᠭᠡᠷ ᠤᠨ ᠵᠢᠷᠤᠭ  ᠤᠨ ᠲᠣᠯᠪᠤ ᠶᠢ ᠰᠢᠮᠳᠠᠭᠤᠯᠤᠨ ᠪᠠᠶᠢᠴᠠᠭᠠᠬᠤ ᠵᠡᠷᠭᠡ ᠠᠭᠤᠯᠭ᠎ᠠ ᠶᠢ ᠭᠤᠤᠯᠳᠠᠯᠭ᠎ᠠ ᠲᠠᠢ ᠪᠠᠷ ᠪᠣᠳᠠᠲᠠᠶ ᠵᠢᠱᠢᠶ᠎ᠡ ᠲᠠᠢ ᠤᠶᠠᠯᠳᠤᠭᠤᠯᠤᠨ ᠭᠦᠨᠵᠡᠭᠡᠶ ᠨᠠᠷᠢᠨ ᠲᠠᠶᠢᠯᠪᠤᠷᠢᠯᠠᠵᠤ᠂ ᠣᠶ ᠰᠢᠭᠤᠶ ᠨᠤᠲᠤᠭ ᠪᠡᠯᠴᠢᠭᠡᠷ ᠤᠨ ᠠᠵᠢᠯᠲᠠᠳ ᠲᠤ ︽ᠶᠠᠭᠤᠨ ᠳᠤ᠂ ᠬᠡᠷᠬᠢᠨ ᠬᠢᠬᠦ᠂ ᠬᠡᠷᠬᠢᠨ ᠬᠢᠬᠦ︾ ᠵᠡᠷᠭᠡ ᠪᠣᠳᠠᠲᠠᠶ ᠠᠰᠠᠭᠤᠳᠠᠯ ᠢ ᠰᠢᠢᠳᠪᠦᠷᠢᠯᠡᠵᠦ ᠦᠭᠴᠡᠢ᠃
W020231123612869639243.png
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号