ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︽ᠾᠧᠰᠢ ᠶᠢᠨ ᠬᠤᠩᠭᠢᠯ — ᠲᠠᠺᠯᠢᠮᠠᠺᠠᠨ ᠡᠯᠡᠰᠦᠨ ᠴᠥᠯ ᠤᠨ ᠵᠠᠬ᠎ᠠ ᠶᠢ ᠬᠤᠷᠢᠭᠯᠠᠬᠤ ᠳᠠᠶᠢᠯᠠᠯᠳᠤᠭᠠᠨ︾᠎ ᠢ ᠡᠬᠢᠯᠡᠭᠦᠯᠬᠦ ᠲᠤᠬᠠᠢ ᠶᠢᠨ ᠲᠠᠯᠠᠪᠠᠢ ᠶᠢᠨ ᠠᠬᠢᠭᠤᠯᠬᠤ ᠬᠤᠷᠠᠯ ᠬᠤᠷᠠᠯᠳᠤᠭᠤᠯᠪᠠ ᠳᠠᠶᠢᠴᠢᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2023/11/3
      11 ᠳ᠋ᠦ᠋ᠭᠡᠷ ᠰᠠᠷ᠎ᠠ ᠶᠢᠨ 1᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠾᠧᠰᠢ ᠶᠢᠨ ᠬᠤᠩᠭᠢᠯ — ᠲᠠᠺᠯᠢᠮᠠᠺᠠᠨ ᠡᠯᠡᠰᠦᠨ ᠴᠥᠯ ᠤᠨ ᠵᠠᠬ᠎ᠠ ᠶᠢ ᠬᠤᠷᠢᠭᠯᠠᠬᠤ ᠳᠠᠶᠢᠯᠠᠯᠳᠤᠭᠠᠨ︾᠎ ᠤ ᠲᠤᠬᠠᠢ ᠶᠢᠨ ᠲᠠᠯᠠᠪᠠᠢ ᠶᠢᠨ ᠠᠬᠢᠭᠤᠯᠬᠤ ᠬᠤᠷᠠᠯ ᠵᠢᠴᠢ ᠠᠯᠠᠱᠠ ᠠᠶᠢᠮᠠᠭ ᠤᠨ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠲᠤᠯᠤᠭᠠᠨ ᠶᠡᠭᠡ ᠳᠠᠶᠢᠯᠠᠯᠳᠤᠭᠠᠨ ᠤ ᠪᠥᠬᠦ ᠲᠠᠯ᠎ᠠ ᠪᠠᠷ ᠠᠵᠢᠯ ᠡᠬᠢᠯᠡᠭᠦᠯᠦᠨ ᠲᠠᠩᠭᠠᠷᠢᠭᠯᠠᠬᠤ ᠬᠤᠷᠠᠯ ᠠᠯᠠᠱᠠ ᠪᠠᠷᠠᠭᠤᠨ ᠬᠤᠰᠢᠭᠤᠨ ᠳᠤ ᠶᠠᠪᠤᠭᠳᠠᠪᠠ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠶᠢᠴᠢᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠠᠢ᠃      ᠠᠯᠠᠱᠠ ᠠᠶᠢᠮᠠᠭ ᠨᠢ ᠬᠠᠳᠤᠨ ᠭᠤᠣᠯ ᠤᠨ ᠶᠡᠭᠡ ᠲᠣᠬᠤᠢ ᠶᠢᠨ ᠰᠢᠪᠲᠤᠯᠤᠯᠲᠠ ᠶᠢᠨ ᠳᠠᠶᠢᠯᠠᠯᠳᠤᠭᠠᠨ ᠤ ᠬᠡᠰᠡᠭ ᠪᠠ ᠾᠧᠰᠢ ᠶᠢᠨ ᠬᠤᠩᠭᠢᠯ — ᠲᠠᠺᠯᠢᠮᠠᠺᠠᠨ ᠡᠯᠡᠰᠦᠨ ᠴᠦᠯ ᠤᠨ ᠵᠠᠬ᠎ᠠ ᠶᠢ ᠬᠤᠷᠢᠭᠯᠠᠬᠤ ᠳᠠᠶᠢᠯᠠᠯᠳᠤᠭᠠᠨ ᠤ ᠬᠡᠰᠡᠭ ᠲᠤ ᠬᠠᠷᠢᠶᠠᠯᠠᠭᠳᠠᠬᠤ ᠪᠥᠭᠡᠳ ᠤᠯᠤᠰ ᠤᠨ ᠲᠡᠰ ᠤᠨ 2 ᠲᠦᠰᠦᠯ ᠪᠠ ᠥᠪᠡᠷᠲᠡᠭᠡᠨ ᠵᠠᠰᠠᠬᠤ ᠣᠷᠣᠨ ᠤ ᠲᠡᠰ ᠤᠨ 7 ᠲᠦᠰᠦᠯ ᠢ ᠲᠥᠯᠥᠪᠯᠡᠨ ᠬᠡᠷᠡᠭᠵᠢᠭᠦᠯᠵᠦ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ 7 ᠶᠡᠭᠡ ᠳᠠᠶᠢᠯᠠᠯᠳᠤᠭᠠᠨ ᠢ ᠰᠠᠶᠢᠲᠤᠷ ᠬᠢᠬᠦ ᠪᠠᠷ ᠪᠠᠶᠢᠷᠢᠯᠠᠭᠤᠯᠤᠨ᠂ ︽ᠤᠮᠠᠷᠠᠲᠤ ᠶᠢᠨ ᠭᠤᠷᠪᠠᠨ ᠣᠷᠣᠨ︾᠎ ᠤ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠭᠤᠣᠯᠳᠠᠯᠭ᠎ᠠ ᠲᠠᠢ ᠡᠭᠦᠷᠭᠡ 1660 ᠲᠦᠮᠡᠨ ᠮᠦ ᠶᠢ ᠵᠠᠰᠠᠬᠤ ᠪᠠᠷ ᠲᠥᠯᠥᠪᠯᠡᠵᠡᠢ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号