ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 31 ᠤ ᠴᠠᠭᠢᠯᠭᠠᠨ ᠮᠡᠳᠡᠭᠡ ᠲᠥᠪ ᠤᠨ ᠮᠥᠩᠭᠦᠨ | ᠭᠦᠢᠯᠭᠡᠭᠡᠨ ᠤ ᠠᠵᠢᠯ ᠤᠨ ᠬᠤᠷᠠᠯ 10 ᠰᠠᠷ᠎ᠠ ᠶᠢᠨ 30 ᠠᠴᠠ 31 ᠤ ᠡᠳᠦᠷ ᠪᠤᠯᠲᠠᠯ᠎ᠠ ᠪᠡᠭᠡᠵᠢᠩ ᠳᠤ ᠶᠠᠪᠤᠭᠳᠠᠪᠠ᠃ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ | ᠲᠠᠯᠪᠢᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ | ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ ᠬᠤᠷᠠᠯ ᠳᠤ | ᠣᠷᠣᠯᠴᠠᠪᠠ᠃ | | | | | ᠰᠢ ᠶᠢᠨ ᠫᠢᠩ ᠴᠢᠬᠤᠯᠠ ᠶᠠᠷᠢᠶᠠᠨ ᠳᠠᠭᠠᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ | ᠮᠥᠩᠭᠦᠨ ᠭᠦᠢᠯᠭᠡᠭᠡᠨ ᠤ ᠠᠵᠢᠯ ᠢ ᠳ᠋ᠦᠩᠨᠡᠵᠦ᠂ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠳᠤ | ᠲᠤᠯᠭᠠᠷᠠᠵᠤ ᠪᠠᠶᠢᠭ᠎ᠠ ᠪᠠᠶᠢᠳᠠᠯ ᠢ ᠵᠠᠳᠠᠯᠵᠤ᠂ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠮᠥᠩᠭᠦᠨ | ᠭᠦᠢᠯᠭᠡᠭᠡᠨ ᠤ ᠠᠵᠢᠯ ᠢ ᠪᠠᠶᠢᠷᠢᠯᠠᠭᠤᠯᠪᠠ᠃ ᠯᠢ ᠴᠢᠶᠠᠩ ᠮᠥᠩᠭᠦᠨ ᠭᠦᠢᠯᠭᠡᠭᠡᠨ ᠤ ᠠᠵᠢᠯ ᠢ ᠰᠠᠶᠢᠲᠤᠷ ᠬᠢᠬᠦ ᠲᠤᠬᠠᠢ | ᠪᠣᠳᠠᠲᠠᠢ ᠪᠠᠶᠢᠷᠢᠯᠠᠭᠤᠯᠤᠯᠲᠠ ᠬᠢᠵᠡᠢ᠃ | ᠬᠤᠷᠠᠯ ᠠᠴᠠ᠂ ᠮᠥᠩᠭᠦᠨ ᠭᠦᠢᠯᠭᠡᠭᠡ ᠪᠣᠯ ᠤᠯᠤᠰ ᠠᠷᠠᠳ ᠤᠨ ᠠᠵᠤ ᠠᠬᠤᠢ ᠶᠢᠨ ᠠᠮᠢᠨ ᠰᠤᠳᠠᠰᠤ ᠮᠥᠨ᠂ | ᠤᠯᠤᠰ ᠤᠨ ᠭᠤᠣᠯᠯᠠᠬᠤ ᠥᠷᠢᠰᠦᠯᠳᠦᠬᠦ ᠬᠦᠴᠦᠨ ᠤ ᠴᠢᠬᠤᠯᠠ ᠪᠦᠷᠢᠯᠳᠦᠭᠦᠨ ᠬᠡᠰᠡᠭ ᠮᠥᠨ᠂ ᠮᠥᠩᠭᠦᠨ | ᠭᠦᠢᠯᠭᠡᠭᠡᠨ ᠤ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠵᠤ᠂ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ | ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠰᠢᠯᠢᠳᠡᠭᠵᠢᠭᠦᠯᠵᠦ᠂ ᠠᠶᠤᠯ ᠲᠦᠭᠰᠢᠭᠦᠷᠢ ᠶᠢ | ᠰᠡᠷᠭᠡᠶᠢᠯᠡᠨ ᠠᠷᠢᠯᠭᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠬᠥᠭᠵᠢᠯᠲᠡ ᠶᠢᠨ | ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠮᠠᠨ ᠤ ᠤᠯᠤᠰ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ | ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ | ᠪᠦᠭᠦ ᠲᠠᠯ᠎ᠠ ᠪᠠᠷ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ | ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠮᠥᠩᠭᠦᠨ ᠭᠦᠢᠯᠭᠡᠭᠡᠨ ᠤ ᠰᠢᠰᠲ᠋ᠧᠮ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠶᠢ ᠬᠦᠴᠦᠲᠡᠢ ᠲᠤᠯᠭᠠᠭᠤᠷᠢᠯᠠᠵᠤ᠂ ᠬᠦᠨᠳᠦ ᠶᠡᠭᠡ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ | ᠲᠣᠭᠲᠠᠭᠰᠠᠨ ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠬᠦ᠂ ᠨᠢᠭᠡᠳᠦᠭᠡᠷ ᠵᠠᠭᠤᠨ | ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠨᠠᠮ ᠤᠨ ᠲᠥᠪ | ᠬᠤᠷᠢᠶ᠎ᠠ ᠮᠠᠷᠺᠰ ᠤᠨ ᠦᠵᠡᠯ ᠤᠨ ᠮᠥᠩᠭᠦᠨ ᠭᠦᠢᠯᠭᠡᠭᠡᠨ ᠤ ᠤᠨᠤᠯ ᠢ ᠤᠳᠤ ᠦᠶ᠎ᠡ ᠶᠢᠨ ᠳᠤᠮᠳᠠᠳᠤ ᠤᠯᠤᠰ ᠤᠨ | ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠵᠤ | ᠂ ᠰᠢᠨ᠎ᠡ ᠴᠠᠭ ᠦᠶ᠎ᠡ ᠶᠢᠨ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠢᠮ᠎ᠡ ᠶᠣᠰᠣ ᠶᠢ ᠴᠢᠷᠮᠠᠶᠢᠨ ᠡᠵᠡᠮᠳᠡᠵᠦ᠂ | ᠮᠠᠨ ᠤ ᠤᠯᠤᠰ ᠤᠨ ᠮᠥᠩᠭᠦᠨ ᠭᠦᠢᠯᠭᠡᠭᠡᠨ ᠤ ᠦᠢᠯᠡᠰ ᠤᠨ ᠦᠢᠯᠡᠳᠦᠯᠭᠡ ᠶᠢᠨ ᠰᠢᠨ᠎ᠡ ᠡᠭᠦᠳᠦᠯᠲᠡ᠂ ᠤᠨᠤᠯ ᠤᠨ | ᠰᠢᠨ᠎ᠡ ᠡᠭᠦᠳᠦᠯᠲᠡ᠂ ᠳᠦᠷᠢᠮ ᠤᠨ ᠰᠢᠨ᠎ᠡ ᠡᠭᠦᠳᠦᠯᠲᠡ ᠶᠢ ᠦᠷᠭᠦᠯᠵᠢᠯᠡᠨ ᠠᠬᠢᠭᠤᠯᠵᠤ᠂ ᠳᠤᠮᠳᠠᠳᠤ ᠤᠯᠤᠰ ᠤᠨ | ᠣᠨᠴᠠᠯᠢᠭ ᠲᠠᠢ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠠᠮ ᠢ ᠴᠢᠷᠮᠠᠶᠢᠨ ᠨᠡᠭᠡᠭᠡᠵᠦ᠂ ᠡᠷᠬᠡᠪᠰᠢ ᠮᠥᠩᠭᠦᠨ | ᠭᠦᠢᠯᠭᠡᠭᠡᠨ ᠤ ᠠᠵᠢᠯ ᠳᠠᠬᠢ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ | ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠤᠯᠭᠠᠬᠰᠠᠨ ᠥᠷᠲᠡᠭ ᠤᠨ ᠬᠠᠨᠳᠤᠰᠢ ᠶᠢ ᠪᠠᠷᠢᠮᠲᠠᠯᠠᠵᠤ᠂ ᠮᠥᠩᠭᠦᠨ | ᠭᠦᠢᠯᠭᠡᠭᠡ ᠪᠠᠷ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠶᠢ ᠦᠨᠳᠦᠰᠦᠨ ᠵᠣᠷᠢᠯᠲᠠ ᠪᠤᠯᠭᠠᠬᠤ ᠶᠢ | ᠪᠠᠷᠢᠮᠲᠠᠯᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠮᠥᠩᠭᠦᠨ ᠭᠦᠢᠯᠭᠡᠭᠡᠨ ᠤ ᠠᠵᠢᠯ ᠤᠨ | ᠥᠨᠢᠳᠡ ᠶᠢᠨ ᠭᠤᠣᠯ ᠰᠡᠳᠦᠪ ᠪᠤᠯᠭᠠᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ ᠵᠠᠮ ᠢᠶᠠᠷ | ᠮᠥᠩᠭᠦᠨ ᠭᠦᠢᠯᠭᠡᠭᠡᠨ ᠤ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠵᠤ᠂ ᠮᠥᠩᠭᠦᠨ | ᠭᠦᠢᠯᠭᠡᠭᠡᠨ ᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ | ᠪᠠᠷᠢᠮᠲᠠᠯᠠᠵᠤ᠂ ᠮᠥᠩᠭᠦᠨ ᠭᠦᠢᠯᠭᠡᠭᠡᠨ ᠤ ᠨᠡᠭᠡᠭᠡᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠶᠢ | ᠪᠠᠷᠢᠮᠲᠠᠯᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ | ᠪᠠᠷᠢᠮᠲᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠡᠳᠡᠭᠡᠷ ᠦᠢᠯᠡᠳᠦᠯᠭᠡ ᠶᠢᠨ ᠦᠷ᠎ᠡ ᠪᠦᠲᠦᠭᠡᠯ᠂ ᠤᠨᠤᠯ ᠤᠨ ᠦᠷ᠎ᠡ | ᠪᠦᠲᠦᠭᠡᠯ ᠭᠢᠯᠪᠡᠷ ᠪᠤᠰᠤ ᠪᠠᠷ ᠢᠷᠡᠵᠡᠢ᠃ ᠡᠭᠦᠨ ᠤ ᠬᠠᠮᠲᠤ᠂ ᠮᠥᠩᠭᠦᠨ ᠭᠦᠢᠯᠭᠡᠭᠡᠨ ᠤ ᠬᠦᠷᠢᠶᠡᠨ ᠳᠠᠬᠢ ᠡᠯ᠎ᠡ | ᠵᠦᠢᠯ ᠤᠨ ᠵᠥᠷᠢᠴᠡᠯ ᠪᠠ ᠠᠰᠠᠭᠤᠳᠠᠯ ᠬᠠᠷᠢᠯᠴᠠᠨ ᠰᠣᠯᠪᠢᠴᠠᠵᠤ᠂ ᠬᠠᠷᠢᠯᠴᠠᠨ ᠨᠥᠯᠥᠭᠡᠯᠡᠵᠦ᠂ ᠵᠠᠷᠢᠮ ᠨᠢ ᠪᠠᠰᠠ | ᠮᠠᠰᠢ ᠲᠣᠪᠤᠶᠢᠮ᠎ᠠ ᠪᠠᠶᠢᠵᠤ᠂ ᠠᠵᠤ ᠠᠬᠤᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢᠨ ᠲᠠᠯᠳᠠ ᠭᠡᠮ ᠮᠥᠨ | ᠯᠡ ᠨᠡᠯᠢᠶᠡᠳ ᠤᠯᠠᠨ ᠪᠠᠶᠢᠵᠤ᠂ ᠮᠥᠩᠭᠦᠨ ᠭᠦᠢᠯᠭᠡᠭᠡ ᠪᠠᠷ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ | ᠶᠠᠰᠤ ᠴᠢᠨᠠᠷ ᠦᠷ᠎ᠡ ᠠᠰᠢᠭ ᠥᠨᠳᠥᠷ ᠪᠢᠰᠢ᠂ ᠮᠥᠩᠭᠦᠨ ᠭᠦᠢᠯᠭᠡᠭᠡᠨ ᠤ ᠡᠮᠬᠢ ᠵᠠᠮᠪᠠᠷᠠᠭ᠎ᠠ ᠦᠭᠡᠢ ᠪᠠᠶᠢᠳᠠᠯ ᠪᠠ | ᠢᠯᠵᠠᠷᠠᠯ ᠤᠨ ᠠᠰᠠᠭᠤᠳᠠᠯ ᠣᠯᠠᠨᠲᠠ ᠬᠤᠷᠢᠭᠯᠠᠭᠰᠠᠨ ᠴᠤ ᠵᠣᠭᠰᠣᠰᠢ ᠦᠭᠡᠢ ᠪᠠᠶᠢᠵᠤ᠂ ᠮᠥᠩᠭᠦᠨ ᠭᠦᠢᠯᠭᠡᠭᠡᠨ ᠤ | ᠬᠢᠨᠠᠯᠲᠠ ᠬᠠᠮᠢᠶᠠᠷᠤᠯᠲᠠ ᠪᠠ ᠵᠠᠰᠠᠯᠲᠠ ᠶᠢᠨ ᠴᠢᠳᠠᠪᠤᠷᠢ ᠪᠠᠭᠤᠷᠠᠢ ᠪᠠᠶᠢᠬᠤ ᠶᠢ ᠰᠡᠷᠭᠡᠭ ᠢᠶᠠᠷ ᠣᠯᠵᠤ ᠬᠠᠷᠠᠬᠤ | ᠬᠡᠷᠡᠭᠲᠡᠢ᠃ ᠮᠥᠩᠭᠦᠨ ᠭᠦᠢᠯᠭᠡᠭᠡᠨ ᠤ ᠰᠢᠰᠲ᠋ᠧᠮ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ | ᠳᠡᠭᠡᠭᠰᠢᠯᠡᠭᠦᠯᠵᠦ᠂ ᠬᠡᠬᠦᠳᠡᠭ ᠴᠡᠭᠡᠵᠢᠨ ᠳᠡᠭᠡᠨ ︽ᠤᠯᠤᠰ ᠤᠨ ᠶᠡᠭᠡ ᠶᠠᠪᠤᠳᠠᠯ︾ ᠢ ᠪᠠᠭᠲᠠᠭᠠᠵᠤ᠂ ᠬᠠᠷᠢᠭᠤᠴᠠᠯᠭ᠎ᠠ | ᠡᠭᠦᠷᠭᠡᠯᠡᠯ ᠢᠶᠠᠨ ᠴᠢᠩᠭᠠᠳᠬᠠᠵᠤ᠂ ᠡᠳᠡᠭᠡᠷ ᠠᠰᠠᠭᠤᠳᠠᠯ ᠢ ᠵᠣᠷᠢᠭ ᠰᠢᠭᠤᠳᠤᠨ ᠦᠨᠳᠦᠰᠦᠨ ᠠᠴᠠ ᠨᠢ | ᠰᠢᠢᠳᠪᠦᠷᠢᠯᠡᠵᠦ᠂ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠪᠠᠷ ᠤᠯᠤᠰ ᠢᠶᠠᠨ ᠬᠦᠴᠦᠷᠬᠡᠭᠵᠢᠭᠦᠯᠬᠦ | ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠬᠦᠴᠦᠨ ᠨᠡᠮᠡᠷᠢᠯᠡᠬᠦ | ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠣᠳᠣᠬᠠᠨ ᠪᠠ ᠬᠤᠶᠢᠰᠢᠳᠠ ᠶᠢᠨ ᠬᠡᠰᠡᠭ ᠬᠤᠭᠤᠴᠠᠭᠠᠨ ᠳᠤ᠂ ᠮᠥᠩᠭᠦᠨ ᠭᠦᠢᠯᠭᠡᠭᠡᠨ ᠤ | ᠠᠵᠢᠯ ᠢ ᠰᠠᠶᠢᠲᠤᠷ ᠬᠢᠬᠦ ᠳᠤ ᠡᠷᠬᠡᠪᠰᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ | ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ | ᠣᠨᠣᠪᠴᠢᠲᠠᠶ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠮᠥᠩᠭᠦᠨ ᠭᠦᠢᠯᠭᠡᠭᠡᠨ ᠤ ᠠᠵᠢᠯ ᠤᠨ ᠤᠯᠤᠰ ᠲᠥᠷᠥᠴᠢ | ᠴᠢᠨᠠᠷ᠂ ᠠᠷᠠᠳᠴᠢ ᠴᠢᠨᠠᠷ ᠢ ᠭᠦᠨᠵᠡᠭᠡᠢ ᠡᠵᠡᠮᠳᠡᠵᠦ᠂ ᠮᠥᠩᠭᠦᠨ ᠭᠦᠢᠯᠭᠡᠭᠡᠨ ᠤ ᠬᠦᠴᠦᠷᠬᠡᠭ ᠤᠯᠤᠰ ᠢ ᠲᠦᠷᠭᠡᠳᠬᠡᠨ | ᠪᠠᠶᠢᠭᠤᠯᠬᠤ ᠪᠠᠷ ᠬᠠᠷᠠᠯᠲᠠ ᠪᠠᠨ ᠪᠤᠯᠭᠠᠵᠤ᠂ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠪᠠᠷ ᠭᠤᠣᠯ ᠰᠡᠳᠦᠪ ᠪᠤᠯᠭᠠᠵᠤ᠂ ᠮᠥᠩᠭᠦᠨ ᠭᠦᠢᠯᠭᠡᠭᠡᠨ ᠤ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠤᠯᠭᠠᠵᠤ᠂ ᠮᠥᠩᠭᠦᠨ | ᠭᠦᠢᠯᠭᠡᠭᠡᠨ ᠤ ᠡᠩᠨᠡᠭᠡᠨ ᠤ ᠴᠡᠪᠡᠷ ᠴᠢᠨᠠᠷ᠂ ᠲᠤᠰᠬᠠᠢ ᠮᠡᠷᠭᠡᠵᠢᠯ ᠤᠨ ᠴᠢᠨᠠᠷ᠂ ᠳᠠᠶᠢᠴᠢᠨ ᠬᠦᠴᠦᠨ ᠢᠶᠠᠷ ᠴᠢᠬᠤᠯᠠ | ᠲᠤᠯᠭᠠᠭᠤᠷᠢᠯᠠᠯ ᠪᠤᠯᠭᠠᠵᠤ᠂ ᠬᠢᠨᠠᠯᠲᠠ ᠬᠠᠮᠢᠶᠠᠷᠤᠯᠲᠠ ᠶᠢ ᠪᠦᠭᠦ ᠲᠠᠯ᠎ᠠ ᠪᠠᠷ ᠴᠢᠩᠭᠠᠳᠬᠠᠬᠤ᠂ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠷ ᠭᠤᠣᠯᠳᠠᠯᠭ᠎ᠠ ᠪᠤᠯᠭᠠᠵᠤ᠂ ᠲᠣᠭᠲᠠᠭᠤᠨ ᠤ ᠳᠤᠮᠳᠠ ᠤᠷᠤᠭᠰᠢᠯᠠᠨ | ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ | ᠲᠥᠯᠥᠪᠵᠢᠭᠦᠯᠵᠦ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ | ᠬᠤᠷᠢᠭ᠎ᠠ ᠱᠤᠭᠤᠮ ᠢ ᠪᠠᠲᠤ ᠰᠠᠬᠢᠵᠤ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ | ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠤᠳᠤ | ᠦᠶ᠎ᠡ ᠶᠢᠨ ᠮᠥᠩᠭᠦᠨ ᠭᠦᠢᠯᠭᠡᠭᠡᠨ ᠤ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠠᠵᠤ ᠠᠬᠤᠢ ᠨᠡᠶᠢᠭᠡᠮ ᠤᠨ | ᠬᠥᠭᠵᠢᠯᠲᠡ ᠪᠣᠯᠣᠨ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠮᠥᠩᠭᠦᠨ ᠭᠦᠢᠯᠭᠡᠭᠡᠨ ᠤ | ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠵᠤ᠂ ᠰᠢᠨ᠎ᠡ ᠴᠠᠭ ᠦᠶ᠎ᠡ ᠶᠢᠨ ᠮᠥᠩᠭᠦᠨ ᠭᠦᠢᠯᠭᠡᠭᠡᠨ ᠤ ᠠᠵᠢᠯ ᠤᠨ | ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠴᠢᠨᠠᠷ ᠰᠠᠶᠢᠲᠠᠢ ᠬᠥᠭᠵᠢᠯᠲᠡ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ | ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠡᠷᠢᠭᠦᠨ ᠴᠢᠬᠤᠯᠠ ᠡᠭᠦᠷᠭᠡ ᠮᠥᠨ᠂ ᠮᠥᠩᠭᠦᠨ ᠭᠦᠢᠯᠭᠡᠭᠡ ᠨᠢ ᠠᠵᠤ | ᠠᠬᠤᠢ ᠨᠡᠶᠢᠭᠡᠮ ᠤᠨ ᠬᠥᠭᠵᠢᠯᠲᠡ ᠳᠤ ᠴᠢᠨᠠᠷ ᠰᠠᠶᠢᠲᠠᠢ ᠦᠢᠯᠡᠴᠢᠯᠡᠭᠡ ᠬᠠᠩᠭᠠᠬᠤ ᠬᠡᠷᠡᠭᠲᠡᠢ᠃ ᠵᠣᠭᠤᠰᠤᠨ ᠤ | ᠮᠥᠩᠭᠦᠨ ᠭᠦᠢᠯᠭᠡᠭᠡᠨ ᠤ ᠰᠠᠶᠢᠨ ᠰᠠᠶᠢᠬᠠᠨ ᠣᠷᠴᠢᠨ ᠨᠥᠬᠦᠴᠡᠯ ᠢ ᠬᠦᠴᠦᠯᠡᠨ ᠪᠤᠢ ᠪᠤᠯᠭᠠᠵᠤ᠂ ᠴᠢᠬᠤᠯᠠ ᠶᠡᠭᠡ | ᠪᠠᠶᠢᠯᠳᠤᠬᠤ ᠪᠣᠳᠣᠯᠭ᠎ᠠ᠂ ᠭᠤᠣᠯᠳᠠᠯᠭ᠎ᠠ ᠲᠠᠢ ᠬᠦᠷᠢᠶ᠎ᠡ ᠪᠠ ᠪᠠᠭᠤᠷᠠᠢ ᠭᠤᠭᠴᠤᠭ᠎ᠠ ᠳᠠᠬᠢ ᠰᠢᠯᠢᠳᠡᠭ ᠮᠥᠩᠭᠦᠨ | ᠭᠦᠢᠯᠭᠡᠭᠡᠨ ᠤ ᠦᠢᠯᠡᠴᠢᠯᠡᠭᠡ ᠶᠢ ᠦᠨᠡᠨ ᠬᠦ ᠴᠢᠩᠭᠠᠳᠬᠠᠬᠤ ᠬᠡᠷᠡᠭᠲᠡᠢ᠃ ᠵᠣᠭᠤᠰᠤᠨ ᠤ ᠲᠦᠷᠦ ᠶᠢᠨ ᠪᠣᠳᠣᠯᠭ᠎ᠠ ᠶᠢᠨ | ᠲᠣᠭᠲᠠᠭᠤᠨ ᠴᠢᠨᠠᠷ ᠢ ᠢᠮᠠᠭᠲᠠ ᠪᠠᠲᠤᠯᠠᠵᠤ᠂ ᠦᠶᠡᠯᠡᠬᠦ ᠬᠤᠭᠤᠴᠠᠭ᠎ᠠ ᠪᠠ ᠦᠶᠡᠯᠡᠯ ᠥᠭᠰᠥᠬᠦ ᠬᠤᠭᠤᠴᠠᠭ᠎ᠠ ᠶᠢᠨ | ᠲᠣᠬᠢᠷᠠᠭᠤᠯᠤᠯᠲᠠ ᠶᠢ ᠰᠠᠶᠢᠲᠤᠷ ᠬᠢᠬᠦ ᠶᠢ ᠨᠡᠩ ᠴᠢᠬᠤᠯᠠᠴᠢᠯᠠᠵᠤ᠂ ᠵᠣᠭᠤᠰᠤᠨ ᠤ ᠲᠦᠷᠦ ᠶᠢᠨ ᠪᠣᠳᠣᠯᠭ᠎ᠠ ᠶᠢᠨ | ᠪᠠᠭᠠᠵᠢ ᠶᠢᠨ ᠬᠠᠶᠢᠷᠴᠠᠭ ᠢ ᠲᠡᠭᠦᠯᠳᠡᠷᠵᠢᠭᠦᠯᠬᠦ ᠬᠡᠷᠡᠭᠲᠡᠢ᠃ ᠪᠡᠯᠡ ᠮᠥᠩᠭᠦ ᠶᠢᠨ ᠬᠠᠩᠭᠠᠯᠭ᠎ᠠ ᠶᠢᠨ ᠪᠦᠲᠦᠴᠡ ᠶᠢ | ᠰᠢᠯᠢᠳᠡᠭᠵᠢᠭᠦᠯᠵᠦ᠂ ᠨᠡᠩ ᠤᠯᠠᠨ ᠮᠥᠩᠭᠦᠨ ᠭᠦᠢᠯᠭᠡᠭᠡᠨ ᠤ ᠡᠬᠢ ᠪᠠᠶᠠᠯᠢᠭ ᠢ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠤᠨ ᠰᠢᠨ᠎ᠡ ᠡᠭᠦᠳᠦᠯᠲᠡ᠂ ᠲᠡᠷᠢᠭᠦᠨ ᠤ ᠦᠢᠯᠡᠳᠬᠦ ᠦᠢᠯᠡᠰ᠂ ᠪᠣᠬᠢᠷᠳᠤᠯ ᠦᠭᠡᠢ ᠬᠥᠭᠵᠢᠯᠲᠡ ᠶᠢ | ᠠᠬᠢᠭᠤᠯᠬᠤ ᠪᠠ ᠳᠤᠮᠳᠠ ᠪᠠᠭ᠎ᠠ ᠵᠢᠵᠢᠭ ᠠᠵᠤ ᠠᠬᠤᠶᠢᠯᠠᠯ ᠳᠤ ᠬᠡᠷᠡᠭᠯᠡᠵᠦ᠂ ᠰᠢᠨ᠎ᠡ ᠶᠢ ᠡᠭᠦᠳᠬᠦ ᠪᠠᠷ | ᠬᠥᠭᠵᠢᠯᠲᠡ ᠶᠢᠨ ᠬᠥᠳᠡᠯᠭᠡᠭᠦᠷ ᠪᠤᠯᠭᠠᠬᠤ ᠪᠠᠶᠢᠯᠳᠤᠬᠤ ᠪᠣᠳᠣᠯᠭ᠎ᠠ᠂ ᠣᠷᠣᠨ ᠪᠦᠰᠡ ᠶᠢᠨ ᠵᠣᠬᠢᠴᠠᠩᠭᠤᠢ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠶᠡᠭᠡ ᠪᠠᠷ ᠲᠡᠮᠵᠢᠵᠦ᠂ ᠤᠯᠤᠰ ᠤᠨ ᠠᠮᠤ ᠪᠤᠳᠠᠭ᠎ᠠ | ᠪᠠ ᠡᠨᠧᠷᠭᠢ ᠶᠢᠨ ᠠᠮᠤᠷ ᠲᠦᠪᠰᠢᠨ ᠵᠡᠷᠭᠡ ᠶᠢ ᠦᠨᠡᠨ ᠬᠦ ᠪᠠᠲᠤᠯᠠᠬᠤ ᠬᠡᠷᠡᠭᠲᠡᠢ᠃ ᠦᠷ᠎ᠡ ᠠᠰᠢᠭ ᠪᠠᠭᠠᠲᠠᠢ | ᠡᠵᠡᠯᠡᠭᠳᠡᠭᠡᠳ ᠪᠠᠶᠢᠭ᠎ᠠ ᠮᠥᠩᠭᠦᠨ ᠭᠦᠢᠯᠭᠡᠭᠡᠨ ᠤ ᠡᠬᠢ ᠪᠠᠶᠠᠯᠢᠭ ᠢ ᠠᠮᠢᠳᠤᠯᠢᠭᠵᠢᠭᠤᠯᠵᠤ᠂ ᠪᠡᠯᠡ ᠮᠥᠩᠭᠦ ᠶᠢᠨ | ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ | ᠮᠥᠩᠭᠦᠨ ᠭᠦᠢᠯᠭᠡᠭᠡ᠂ ᠪᠣᠬᠢᠷᠳᠤᠯ ᠦᠭᠡᠢ ᠮᠥᠩᠭᠦᠨ ᠭᠦᠢᠯᠭᠡᠭᠡ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ᠂ | ᠨᠠᠰᠤᠵᠢᠯ ᠤᠨ ᠠᠰᠠᠷᠠᠮᠵᠢ ᠶᠢᠨ ᠮᠥᠩᠭᠦᠨ ᠭᠦᠢᠯᠭᠡᠭᠡ᠂ ᠲᠣᠭᠠᠴᠢᠯᠠᠭᠰᠠᠨ ᠮᠥᠩᠭᠦᠨ ᠭᠦᠢᠯᠭᠡᠭᠡ ᠵᠡᠷᠭᠡ ᠲᠠᠪᠤᠨ ᠶᠡᠭᠡ | ᠠᠵᠢᠯ ᠢ ᠰᠠᠶᠢᠲᠤᠷ ᠬᠢᠬᠦ ᠬᠡᠷᠡᠭᠲᠡᠢ᠃ ᠤᠳᠤ ᠦᠶ᠎ᠡ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠ ᠵᠠᠬ᠎ᠠ | ᠳᠡᠯᠭᠡᠭᠦᠷ ᠤᠨ ᠰᠢᠰᠲ᠋ᠧᠮ ᠢ ᠬᠦᠴᠦᠯᠡᠨ ᠪᠠᠶᠢᠭᠤᠯᠵᠤ᠂ ᠪᠡᠯᠡ ᠮᠥᠩᠭᠦ ᠶᠢᠨ ᠪᠣᠳᠠᠲᠤ ᠴᠣᠭᠴᠠ ᠶᠢᠨ ᠠᠵᠤ ᠠᠬᠤᠢ ᠳᠤ | ᠣᠷᠣᠬᠤ ᠠᠷᠭ᠎ᠠ ᠵᠠᠮ ᠢ ᠨᠡᠪᠲᠡᠷᠡᠭᠦᠯᠬᠦ ᠬᠡᠷᠡᠭᠲᠡᠢ᠃ ᠪᠡᠯᠡ ᠮᠥᠩᠭᠦ ᠴᠤᠭᠯᠠᠭᠤᠯᠬᠤ ᠪᠦᠲᠦᠴᠡ ᠶᠢ ᠰᠢᠯᠢᠳᠡᠭᠵᠢᠭᠦᠯᠦᠨ᠂ | ᠬᠥᠷᠥᠩᠭᠡ ᠶᠢᠨ ᠵᠠᠬ᠎ᠠ ᠳᠡᠯᠭᠡᠭᠦᠷ ᠤᠨ ᠵᠠᠩᠭᠢᠯᠠᠭ᠎ᠠ ᠶᠢᠨ ᠴᠢᠳᠠᠮᠵᠢ ᠶᠢ ᠨᠠᠩ ᠰᠠᠶᠢᠲᠤᠷ ᠪᠠᠳᠠᠷᠠᠭᠤᠯᠵᠤ᠂ ᠰᠲ᠋ᠣᠺ | ᠲᠠᠷᠬᠠᠭᠠᠬᠤ ᠶᠢᠨ ᠳᠠᠩᠰᠠᠯᠠᠭᠤᠯᠬᠤ ᠳᠦᠷᠢᠮ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠂ ᠣᠯᠠᠨ | ᠡᠰᠢᠵᠢᠭᠰᠡᠨ ᠰᠲ᠋ᠣᠺ ᠤᠨ ᠡᠷᠬᠡ ᠶᠢᠨ ᠪᠡᠯᠡ ᠲᠣᠬᠢᠷᠠᠭᠤᠯᠭ᠎ᠠ ᠶᠢ ᠬᠥᠭᠵᠢᠭᠦᠯᠵᠦ᠂ ᠵᠠᠬ᠎ᠠ ᠳᠡᠯᠭᠡᠭᠦᠷ ᠲᠤ ᠭᠠᠷᠤᠭᠰᠠᠨ | ᠺᠤᠮᠫᠠᠨᠢ ᠶᠢᠨ ᠶᠠᠰᠤ ᠴᠢᠨᠠᠷ ᠢ ᠶᠡᠭᠡ ᠪᠠᠷ ᠳᠡᠭᠡᠭᠰᠢᠯᠡᠭᠦᠯᠦᠨ᠂ ᠲᠡᠷᠢᠭᠦᠨ ᠤ ᠪᠡᠯᠡ ᠣᠷᠣᠭᠤᠯᠤᠯᠲᠠ ᠶᠢᠨ ᠪᠠᠩᠬᠢ ᠪᠠ | ᠪᠡᠯᠡ ᠣᠷᠣᠭᠤᠯᠤᠯᠲᠠ ᠶᠢᠨ ᠪᠠᠶᠢᠭᠤᠯᠤᠮᠵᠢ ᠶᠢ ᠪᠤᠶᠢᠵᠢᠭᠤᠯᠬᠤ ᠬᠡᠷᠡᠭᠲᠡᠢ᠃ ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ | ᠳᠡᠯᠭᠡᠭᠦᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠪᠠᠶᠢᠭᠤᠯᠤᠮᠵᠢ ᠶᠢᠨ ᠪᠠᠶᠢᠷᠢ | ᠲᠣᠭᠲᠠᠭᠠᠯᠲᠠ ᠶᠢ ᠲᠡᠭᠦᠯᠳᠡᠷᠵᠢᠭᠦᠯᠵᠦ᠂ ᠤᠯᠤᠰ ᠤᠨ ᠥᠮᠴᠢᠯᠡᠯ ᠤᠨ ᠲᠣᠮᠣ ᠭᠡᠯᠪᠡᠷᠢ ᠶᠢᠨ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢ ᠰᠢᠯᠢᠳᠡᠭᠵᠢᠭᠦᠯᠦᠨ ᠬᠦᠴᠦᠷᠬᠡᠭᠵᠢᠭᠦᠯᠬᠦ᠂ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ | ᠭᠤᠣᠯ ᠬᠦᠴᠦᠨ ᠴᠡᠷᠢᠭ ᠪᠤᠯᠬᠤ ᠪᠠ ᠮᠥᠩᠭᠦᠨ ᠭᠦᠢᠯᠭᠡᠭᠡᠨ ᠤ ᠲᠣᠭᠲᠠᠭᠤᠨ ᠪᠠᠶᠢᠳᠠᠯ ᠢ ᠬᠠᠮᠠᠭᠠᠯᠠᠬᠤ | ᠲᠣᠭᠲᠠᠪᠤᠷᠢᠵᠢᠭᠤᠯᠤᠭᠴᠢ ᠪᠤᠯᠬᠤ ᠶᠢ ᠲᠡᠮᠵᠢᠵᠤ᠂ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠪᠠᠷᠢᠮᠵᠢᠶ᠎ᠠ ᠪᠠ ᠬᠢᠨᠠᠨ ᠬᠠᠮᠢᠶᠠᠷᠬᠤ ᠱᠠᠭᠠᠷᠳᠠᠯᠭ᠎ᠠ ᠶᠢ ᠴᠢᠩᠳᠠᠯᠠᠵᠤ᠂ | ᠲᠤᠬᠠᠢ ᠶᠢᠨ ᠭᠠᠵᠠᠷ ᠲᠠᠭᠠᠨ ᠰᠠᠭᠤᠷᠢᠯᠠᠨ ᠣᠨᠴᠠᠯᠢᠭᠲᠤ ᠡᠵᠡᠩᠨᠡᠯᠲᠡ ᠶᠢ ᠥᠷᠨᠢᠭᠦᠯᠵᠦ᠂ ᠲᠦᠷᠦ ᠶᠢᠨ | ᠪᠣᠳᠣᠯᠭ᠎ᠠ ᠶᠢᠨ ᠴᠢᠨᠠᠷᠲᠠᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠭᠦᠷᠭᠡ ᠴᠢᠳᠠᠪᠬᠢ ᠶᠢᠨ ᠪᠠᠶᠢᠷᠢ | ᠲᠣᠭᠲᠠᠭᠠᠯᠲᠠ ᠶᠢ ᠴᠢᠩᠭᠠᠳᠬᠠᠵᠤ᠂ ᠳᠠᠭᠠᠳᠬᠠᠯ ᠤᠨ ᠦᠢᠯᠡᠰ ᠤᠨ ᠠᠵᠤ ᠠᠬᠤᠢ ᠪᠠ ᠨᠡᠶᠢᠭᠡᠮ ᠤᠨ | ᠲᠣᠭᠲᠠᠪᠤᠷᠢᠵᠢᠭᠤᠯᠤᠭᠴᠢ ᠶᠢᠨ ᠴᠢᠳᠠᠮᠵᠢ ᠶᠢ ᠪᠠᠳᠠᠷᠠᠭᠤᠯᠬᠤ ᠬᠡᠷᠡᠭᠲᠡᠢ᠃ ᠵᠠᠬ᠎ᠠ ᠳᠡᠯᠭᠡᠭᠦᠷ ᠤᠨ ᠳᠦᠷᠢᠮ ᠢ | ᠴᠢᠩᠳᠠᠯᠠᠵᠤ᠂ ᠳᠦᠷᠢᠮ ᠨᠢᠭᠡᠳᠦᠯᠲᠡᠢ᠂ ᠬᠢᠨᠠᠯᠲᠠ ᠬᠠᠮᠢᠶᠠᠷᠤᠯᠲᠠ ᠬᠠᠮᠵᠢᠯᠴᠠᠭᠰᠠᠨ ᠮᠥᠩᠭᠦᠨ ᠭᠦᠢᠯᠭᠡᠭᠡᠨ ᠤ ᠵᠠᠬ᠎ᠠ | ᠳᠡᠯᠭᠡᠭᠦᠷ ᠢ ᠪᠠᠶᠢᠭᠤᠯᠵᠤ᠂ ᠤᠷᠲᠤ ᠬᠤᠭᠤᠴᠠᠭᠠᠨ ᠤ ᠬᠥᠷᠥᠩᠭᠡ ᠶᠢᠨ ᠪᠦᠷᠢᠯᠳᠦᠯ ᠢ ᠠᠬᠢᠭᠤᠯᠬᠤ ᠬᠡᠷᠡᠭᠲᠡᠢ᠃ | ᠬᠠᠤᠯᠢ ᠶᠢᠨ ᠡᠷᠬᠡᠲᠡᠨ ᠤ ᠵᠠᠰᠠᠯᠲᠠ ᠶᠢ ᠪᠦᠷᠢᠨᠰᠢᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠣᠲᠣ ᠦᠶ᠎ᠡ ᠶᠢᠨ | ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠦᠨ᠂ ᠤᠯᠤᠰ ᠤᠨ ᠥᠮᠴᠢᠯᠡᠯ ᠤᠨ | ᠮᠥᠩᠭᠦᠨ ᠭᠦᠢᠯᠭᠡᠭᠡᠨ ᠤ ᠬᠥᠷᠥᠩᠭᠡ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠪᠠᠩᠬᠢ ᠶᠢᠨ ᠬᠥᠷᠥᠩᠭᠡ | ᠮᠥᠩᠭᠦ ᠶᠢ ᠨᠥᠬᠦᠪᠦᠷᠢᠯᠡᠬᠦ ᠠᠷᠭ᠎ᠠ ᠵᠠᠮ ᠢ ᠥᠷᠭᠡᠳᠬᠡᠨ᠂ ᠠᠵᠤ ᠦᠢᠯᠡᠰ ᠪᠠ ᠮᠥᠩᠭᠦᠨ ᠭᠦᠢᠯᠭᠡᠭᠡᠨ ᠤ | ᠲᠦᠭᠰᠢᠭᠦᠷᠢ ᠶᠢ ᠲᠤᠰᠠᠭᠠᠷᠯᠠᠬᠤ ᠶᠢ ᠰᠠᠶᠢᠲᠤᠷ ᠬᠢᠬᠦ ᠬᠡᠷᠡᠭᠲᠡᠢ᠃ ᠮᠥᠩᠭᠦᠨ ᠭᠦᠢᠯᠭᠡᠭᠡᠨ ᠤ ᠥᠨᠳᠥᠷ ᠲᠦᠪᠰᠢᠨ | ᠪᠦᠬᠦᠢ ᠨᠡᠭᠡᠭᠡᠯᠲᠡ ᠶᠢ ᠬᠦᠴᠦᠯᠡᠨ ᠠᠬᠢᠭᠤᠯᠵᠤ᠂ ᠤᠯᠤᠰ ᠤᠨ ᠮᠥᠩᠭᠦᠨ ᠭᠦᠢᠯᠭᠡᠭᠡ ᠪᠠ ᠠᠵᠤ ᠠᠬᠤᠢ ᠶᠢᠨ ᠠᠮᠤᠷ | ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ ︽ᠣᠷᠣᠭᠤᠯᠵᠤ ᠠᠪᠴᠢᠷᠠᠬᠤ︾ ᠪᠠ ︽ᠭᠠᠳᠠᠭᠰᠢ ᠭᠠᠷᠭᠠᠬᠤ︾ | ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠮᠥᠩᠭᠦᠨ ᠭᠦᠢᠯᠭᠡᠭᠡᠨ ᠤ ᠬᠦᠷᠢᠶᠡᠨ ᠳᠠᠬᠢ ᠳᠦᠷᠢᠮ ᠤᠨ | ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠨ᠂ ᠬᠢᠯᠢ ᠠᠯᠤᠰᠯᠠᠨ ᠪᠡᠯᠡ ᠣᠷᠣᠭᠤᠯᠬᠤ ᠪᠡᠯᠡ ᠮᠥᠩᠭᠦ | ᠴᠤᠭᠯᠠᠭᠤᠯᠬᠤ ᠳᠥᠭᠦᠮᠴᠢᠯᠡᠯᠲᠡ ᠶᠢ ᠳᠡᠭᠡᠭᠰᠢᠯᠡᠭᠦᠯᠵᠦ᠂ ᠨᠡᠩ ᠣᠯᠠᠨ ᠭᠠᠳᠠᠭᠠᠳᠤ ᠪᠡᠯᠡ ᠶᠢᠨ ᠮᠥᠩᠭᠦᠨ | ᠭᠦᠢᠯᠭᠡᠭᠡᠨ ᠤ ᠪᠠᠶᠢᠭᠤᠯᠤᠮᠵᠢ ᠪᠠ ᠤᠷᠲᠤ ᠬᠤᠭᠤᠴᠠᠭᠠᠨ ᠤ ᠬᠥᠷᠥᠩᠭᠡ ᠶᠢ ᠲᠠᠲᠠᠵᠤ ᠳᠤᠮᠳᠠᠳᠤ ᠤᠯᠤᠰ ᠲᠤ | ᠢᠷᠡᠭᠦᠯᠦᠨ ᠠᠵᠢᠯ ᠦᠢᠯᠡᠰ ᠢᠶᠠᠨ ᠬᠥᠭᠵᠢᠭᠦᠯᠬᠦ ᠬᠡᠷᠡᠭᠲᠡᠢ᠃ ᠱᠠᠩᠬᠠᠢ ᠶᠢᠨ ᠤᠯᠠᠨ ᠤᠯᠤᠰ ᠤᠨ ᠮᠥᠩᠭᠦᠨ | ᠭᠦᠢᠯᠭᠡᠭᠡᠨ ᠤ ᠲᠥᠪ ᠤᠨ ᠥᠷᠢᠰᠦᠯᠳᠦᠬᠦ ᠬᠦᠴᠦᠨ ᠪᠠ ᠨᠥᠯᠥᠭᠡᠯᠡᠬᠦ ᠬᠦᠴᠦᠨ ᠢ ᠴᠢᠩᠭᠠᠳᠬᠠᠵᠤ᠂ ᠰᠢᠶᠠᠩᠭᠠᠩ ᠤᠨ | ᠤᠯᠠᠨ ᠤᠯᠤᠰ ᠤᠨ ᠮᠥᠩᠭᠦᠨ ᠭᠦᠢᠯᠭᠡᠭᠡᠨ ᠤ ᠲᠥᠪ ᠤᠨ ᠪᠠᠶᠢᠷᠢ ᠰᠠᠭᠤᠷᠢ ᠶᠢ ᠪᠠᠬᠢᠵᠢᠭᠦᠯᠦᠨ ᠳᠡᠭᠡᠭᠰᠢᠯᠡᠭᠦᠯᠭᠦ | ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ | ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠬᠤ ᠬᠡᠷᠡᠭᠲᠡᠢ᠃ ᠮᠥᠩᠭᠦᠨ | ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠪᠦᠲᠦᠮᠵᠢᠲᠦ ᠴᠢᠨᠠᠷ ᠢ ᠦᠨᠡᠨ ᠬᠦ ᠳᠡᠭᠡᠭᠰᠢᠯᠡᠭᠦᠯᠵᠦ᠂ ᠪᠤᠢ ᠪᠦᠬᠦᠢ | ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠬᠠᠤᠯᠢ ᠶᠣᠰᠣᠭᠠᠷ ᠬᠢᠨᠠᠯᠲᠠ ᠬᠠᠮᠢᠶᠠᠷᠤᠯᠲᠠ ᠳᠤ ᠣᠷᠣᠭᠤᠯᠵᠤ᠂ | ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ᠂ ᠠᠵᠢᠯᠯᠠᠭᠠᠨ ᠤ ᠬᠢᠨᠠᠯᠲᠠ ᠬᠠᠮᠢᠶᠠᠷᠤᠯᠲᠠ᠂ ᠴᠢᠳᠠᠮᠵᠢ ᠶᠢᠨ ᠬᠢᠨᠠᠯᠲᠠ | ᠬᠠᠮᠢᠶᠠᠷᠤᠯᠲᠠ᠂ ᠲᠤᠭᠤᠰᠢᠲᠠᠢ ᠬᠢᠨᠠᠨ ᠬᠠᠮᠢᠶᠠᠷᠤᠯᠲᠠ᠂ ᠳᠠᠭᠠᠭᠠᠮᠠᠭᠠᠢ ᠬᠢᠨᠠᠯᠲᠠ ᠬᠠᠮᠢᠶᠠᠷᠤᠯᠲᠠ ᠶᠢ ᠪᠦᠭᠦ ᠲᠠᠯ᠎ᠠ ᠪᠠᠷ | ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠥᠯᠥ ᠪᠠᠶᠢᠬᠤ ᠪᠠ ᠪᠠᠯᠠᠢ ᠣᠷᠣᠨ ᠢ ᠠᠷᠢᠯᠭᠠᠨ᠂ ᠬᠠᠤᠯᠢ ᠶᠢ ᠴᠢᠩᠭ᠎ᠠ | ᠬᠡᠷᠡᠭᠵᠢᠭᠦᠯᠵᠦ᠂ ᠵᠣᠷᠢᠭᠲᠠᠢ ᠪᠠᠷ ᠬᠤᠷᠴᠠ ᠰᠡᠯᠡᠮ᠎ᠡ ᠭᠠᠷᠭᠠᠨ᠂ ᠬᠠᠤᠯᠢ ᠪᠤᠰᠤ ᠮᠥᠩᠭᠦᠨ ᠭᠦᠢᠯᠭᠡᠭᠡᠨ ᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ᠳᠤᠮᠳᠠ ᠵᠢᠵᠢᠭ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠠᠶᠤᠯ ᠲᠦᠭᠰᠢᠭᠦᠷᠢ ᠶᠢ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃ ᠣᠷᠣᠨ ᠨᠤᠲᠤᠭ ᠤᠨ | ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠣᠷᠳᠣ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠲᠠᠢ ᠵᠣᠬᠢᠴᠠᠭᠰᠠᠨ ᠵᠠᠰᠠᠭ ᠤᠨ ᠣᠷᠳᠣᠨ ᠤ ᠥᠷᠢ | ᠥᠭᠴᠡᠭᠡ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠲᠥᠪ ᠤᠨ ᠪᠠ ᠣᠷᠣᠨ ᠨᠤᠲᠤᠭ ᠤᠨ ᠵᠠᠰᠠᠭ ᠤᠨ | ᠣᠷᠳᠣᠨ ᠤ ᠥᠷᠢ ᠥᠭᠴᠡᠭᠡ ᠶᠢᠨ ᠪᠦᠲᠦᠴᠡ ᠶᠢ ᠰᠢᠯᠢᠳᠡᠭᠵᠢᠭᠦᠯᠬᠦ ᠬᠡᠷᠡᠭᠲᠡᠢ᠃ ᠮᠥᠩᠭᠦᠨ ᠭᠦᠢᠯᠭᠡᠭᠡ ᠬᠢᠭᠡᠳ ᠭᠡᠷ | ᠭᠠᠵᠠᠷ ᠤᠨ ᠬᠥᠷᠥᠩᠭᠡ ᠶᠢᠨ ᠰᠠᠶᠢᠨ ᠣᠷᠴᠢᠯ ᠢ ᠠᠬᠢᠭᠤᠯᠵᠤ᠂ ᠭᠡᠷ ᠭᠠᠵᠠᠷ ᠤᠨ ᠬᠥᠷᠥᠩᠭᠡ ᠶᠢᠨ ᠠᠵᠤ | ᠠᠬᠤᠶᠢᠯᠠᠯ ᠤᠨ ᠭᠤᠣᠯ ᠴᠣᠭᠴᠠ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ ᠪᠠ ᠪᠡᠯᠡ ᠮᠥᠩᠭᠦ ᠶᠢᠨ ᠬᠢᠨᠠᠯᠲᠠ | ᠬᠠᠮᠢᠶᠠᠷᠤᠯᠲᠠ ᠶᠢ ᠪᠦᠷᠢᠨᠰᠢᠭᠦᠯᠵᠦ᠂ ᠭᠡᠷ ᠭᠠᠵᠠᠷ ᠤᠨ ᠬᠥᠷᠥᠩᠭᠡ ᠶᠢᠨ ᠮᠥᠩᠭᠦᠨ ᠭᠦᠢᠯᠭᠡᠭᠡᠨ ᠤ ᠬᠤᠷᠸ᠎ᠠ | ᠲᠠᠯ᠎ᠠ ᠶᠢᠨ ᠬᠢᠨᠠᠭᠤᠷ ᠪᠣᠯᠭᠤᠮᠵᠢᠲᠠᠢ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠠᠳᠠᠯᠢ ᠪᠤᠰᠤ ᠥᠮᠴᠢᠯᠡᠯ ᠤᠨ ᠭᠡᠷ | ᠭᠠᠵᠠᠷ ᠤᠨ ᠬᠥᠷᠥᠩᠭᠡ ᠶᠢᠨ ᠠᠵᠤ ᠠᠬᠤᠶᠢᠯᠠᠯ ᠤᠨ ᠵᠦᠢ ᠵᠣᠬᠢᠰᠲᠠᠢ ᠪᠡᠯᠡ ᠲᠣᠬᠢᠷᠠᠭᠤᠯᠬᠤ ᠬᠡᠷᠡᠭᠴᠡᠭᠡ ᠶᠢ ᠨᠢᠭᠡ ᠯᠡ | ᠠᠳᠠᠯᠢ ᠪᠠᠷ ᠬᠠᠩᠭᠠᠵᠤ᠂ ᠬᠤᠳᠠ ᠶᠢᠨ ᠪᠠᠶᠢᠳᠠᠯ ᠳᠤ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ ᠲᠦᠷᠦ ᠶᠢᠨ | ᠪᠣᠳᠣᠯᠭ᠎ᠠ ᠶᠢᠨ ᠪᠠᠭᠠᠵᠢ ᠶᠢᠨ ᠬᠠᠶᠢᠷᠴᠠᠭ ᠢ ᠰᠠᠶᠢᠲᠤᠷ ᠬᠡᠷᠡᠭᠯᠡᠨ᠂ ᠬᠠᠳᠠᠨ ᠴᠢᠨᠠᠷᠲᠠᠢ ᠪᠠ ᠰᠠᠶᠢᠵᠢᠷᠠᠭᠤᠯᠬᠤ | ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢ ᠨᠡᠩ ᠰᠠᠶᠢᠲᠤᠷ ᠲᠡᠮᠵᠢᠵᠤ᠂ ᠪᠠᠲᠤᠯᠠᠭ᠎ᠠ ᠶᠢᠨ ᠴᠢᠨᠠᠷᠲᠠᠢ ᠣᠷᠣᠨ | ᠰᠠᠭᠤᠴᠠ ᠵᠡᠷᠭᠡ ︽ᠭᠤᠷᠪᠠᠨ ᠶᠡᠭᠡ ᠢᠨᠵᠧᠨᠧᠷᠢᠩ︾ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠭᠡᠷ | ᠭᠠᠵᠠᠷ ᠤᠨ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠪᠠᠶᠢᠭᠤᠯᠬᠤ ᠬᠡᠷᠡᠭᠲᠡᠢ᠃ ᠮᠥᠩᠭᠦᠨ ᠭᠦᠢᠯᠭᠡᠭᠡᠨ ᠤ | ᠵᠠᠬ᠎ᠠ ᠳᠡᠯᠭᠡᠭᠦᠷ ᠤᠨ ᠲᠣᠭᠲᠠᠭᠤᠨ ᠠᠵᠢᠯᠯᠠᠭᠠᠨ ᠢ ᠬᠠᠮᠠᠭᠠᠯᠠᠵᠤ᠂ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ | ᠲᠠᠷᠬᠠᠭᠠᠬᠤ ᠪᠠ ᠠᠷᠠᠯᠵᠢᠶᠠᠯᠠᠬᠤ ᠠᠵᠢᠯᠯᠠᠭ᠎ᠠ ᠶᠢ ᠵᠢᠷᠤᠮᠵᠢᠭᠤᠯᠵᠤ᠂ ᠵᠢᠱᠢᠯᠲᠡ ᠶᠢ ᠵᠦᠢ ᠵᠣᠬᠢᠰᠲᠠᠢ ᠪᠠᠷ ᠬᠥᠲᠥᠯᠥᠨ | ᠵᠢᠯᠤᠭᠤᠳᠴᠤ᠂ ᠠᠶᠤᠯ ᠲᠦᠭᠰᠢᠭᠦᠷᠢ ᠶᠢᠨ ᠣᠷᠣᠨ ᠪᠦᠰᠡ ᠠᠯᠤᠰᠯᠠᠨ᠂ ᠵᠠᠬ᠎ᠠ ᠳᠡᠯᠭᠡᠭᠦᠷ ᠠᠯᠤᠰᠯᠠᠨ᠂ ᠬᠢᠯᠢ | ᠠᠯᠤᠰᠯᠠᠨ ᠳᠠᠮᠵᠢᠭᠤᠯᠤᠨ ᠶᠠᠪᠤᠭᠳᠠᠭᠤᠯᠬᠤ ᠶᠢ ᠰᠡᠷᠭᠡᠶᠢᠯᠡᠬᠦ ᠬᠡᠷᠡᠭᠲᠡᠢ᠃ ᠭᠠᠳᠠᠭᠠᠳᠤ ᠭᠤᠪᠢᠭᠤᠯᠭ᠎ᠠ ᠶᠢᠨ ᠵᠠᠬ᠎ᠠ | ᠳᠡᠯᠭᠡᠭᠦᠷ ᠤᠨ ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠤᠨ ᠵᠣᠭᠤᠰᠤᠨ ᠤ ᠭᠤᠪᠢᠭᠤᠯᠭ᠎ᠠ ᠶᠢᠨ ᠨᠤᠷᠮ᠎ᠠ ᠶᠢᠨ | ᠵᠦᠢ ᠵᠣᠬᠢᠰᠲᠠᠢ ᠪᠥᠭᠡᠳ ᠲᠡᠩᠴᠡᠭᠦᠷᠢᠲᠡᠢ ᠲᠦᠪᠰᠢᠨ ᠳᠤ ᠦᠨᠳᠦᠰᠦᠨ ᠳᠡᠭᠡᠨ ᠲᠣᠭᠲᠠᠭᠤᠨ ᠪᠠᠶᠢᠬᠤ ᠶᠢ ᠪᠠᠲᠤᠯᠠᠬᠤ | ᠬᠡᠷᠡᠭᠲᠡᠢ᠃ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠳᠤ᠂ ᠡᠷᠬᠡ ᠪᠠ | ᠬᠠᠷᠢᠭᠤᠴᠠᠯᠭ᠎ᠠ ᠶᠢᠨ ᠬᠠᠷᠢᠴᠠᠭ᠎ᠠ ᠶᠢ ᠰᠠᠶᠢᠲᠤᠷ ᠡᠵᠡᠮᠳᠡᠵᠦ᠂ ᠡᠷᠬᠡ ᠬᠠᠷᠢᠭᠤᠴᠠᠯᠭ᠎ᠠ ᠨᠢᠭᠡᠳᠦᠯᠲᠡᠢ᠂ ᠤᠷᠮᠠᠰᠢᠭᠤᠯᠵᠤ | ᠬᠢᠵᠠᠭᠠᠷᠯᠠᠬᠤ ᠬᠠᠷᠢᠯᠴᠠᠨ ᠵᠣᠬᠢᠴᠠᠭᠰᠠᠨ ᠠᠶᠤᠯ ᠲᠦᠭᠰᠢᠭᠦᠷᠢ ᠶᠢ ᠰᠢᠢᠳᠪᠦᠷᠢᠯᠡᠬᠦ ᠬᠠᠷᠢᠭᠤᠴᠠᠯᠭ᠎ᠠ ᠶᠢᠨ | ᠲᠣᠭᠲᠠᠴᠠ ᠶᠢ ᠪᠦᠷᠢᠨᠰᠢᠭᠦᠯᠬᠦ ᠭᠡᠷᠡᠭᠲᠡᠢ ; ᠲᠦᠷᠭᠡᠨ ᠪᠠ ᠲᠣᠭᠲᠠᠭᠤᠨ ᠪᠠᠶᠢᠯᠭᠠᠬᠤ ᠶᠢᠨ ᠬᠠᠷᠢᠴᠠᠭ᠎ᠠ ᠶᠢ ᠰᠠᠶᠢᠲᠤᠷ | ᠡᠵᠡᠮᠳᠡᠵᠦ᠂ ᠶᠡᠭᠡ ᠲᠠᠯ᠎ᠠ ᠶᠢ ᠲᠣᠭᠲᠠᠭᠤᠨ ᠪᠠᠶᠢᠯᠭᠠᠬᠤ ᠤᠷᠢᠲᠠᠯ ᠳᠣᠣᠷ᠎ᠠ ᠲᠣᠬᠢᠷᠠᠮᠵᠢᠲᠠᠢ ᠴᠠᠭ ᠲᠣᠬᠢᠷᠠᠮᠵᠢᠲᠠᠢ | ᠬᠡᠮᠵᠢᠶ᠎ᠡ ᠳᠤ ᠦᠷ᠎ᠡ ᠪᠦᠲᠦᠮᠵᠢ ᠭᠠᠷᠭᠠᠵᠤ᠂ ᠠᠶᠤᠯ ᠲᠦᠭᠰᠢᠭᠦᠷᠢ ᠶᠢ ᠯᠠᠪᠳᠠᠭᠤᠨ ᠪᠠᠲᠤᠲᠠᠢ ᠪᠥᠭᠡᠳ ᠲᠣᠬᠢᠲᠠᠢ | ᠨᠠᠮᠳᠠᠭᠠᠵᠤ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠪᠠ ᠢᠯᠵᠠᠷᠠᠯ ᠤᠨ ᠦᠢᠯᠡ ᠠᠵᠢᠯᠯᠠᠭ᠎ᠠ ᠶᠢ ᠡᠷᠡᠰ | ᠵᠠᠯᠬᠠᠭᠠᠨ ᠰᠢᠢᠳᠬᠡᠵᠦ᠂ ᠶᠣᠰᠣ ᠮᠣᠷᠠᠯ ᠤᠨ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠬᠦ ᠭᠡᠷᠡᠭᠲᠡᠢ ; ᠠᠶᠤᠯ | ᠲᠦᠭᠰᠢᠭᠦᠷᠢ ᠶᠢ ᠡᠷᠲᠡ ᠢᠯᠭᠠᠨ ᠲᠠᠨᠢᠵᠤ᠂ ᠡᠷᠲᠡ ᠤᠷᠢᠳᠴᠢᠯᠠᠨ ᠰᠡᠷᠡᠮᠵᠢᠯᠡᠭᠦᠯᠵᠦ᠂ ᠡᠷᠲᠡ ᠢᠯᠡᠷᠡᠭᠦᠯᠵᠦ᠂ ᠡᠷᠲᠡ | ᠰᠢᠢᠳᠪᠦᠷᠢᠯᠡᠵᠦ᠂ ᠬᠠᠲᠠᠭᠤ ᠬᠢᠵᠠᠭᠠᠷᠯᠠᠯ ᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠡᠷᠲᠡ | ᠵᠠᠯᠠᠷᠠᠭᠤᠯᠬᠤ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠮᠥᠩᠭᠦᠨ ᠭᠦᠢᠯᠭᠡᠭᠡᠨ ᠤ ᠠᠵᠢᠯ ᠳᠠᠬᠢ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ | ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠬᠤ ᠪᠣᠯ ᠮᠥᠩᠭᠦᠨ ᠭᠦᠢᠯᠭᠡᠭᠡᠨ ᠤ ᠠᠵᠢᠯ ᠢ ᠰᠠᠶᠢᠲᠤᠷ ᠬᠢᠬᠦ ᠶᠢᠨ | ᠦᠨᠳᠦᠰᠦᠨ ᠪᠠᠲᠤᠯᠠᠭ᠎ᠠ ᠮᠥᠨ᠃ ᠨᠠᠮ ᠠᠴᠠ ᠮᠥᠩᠭᠦᠨ ᠭᠦᠢᠯᠭᠡᠭᠡᠨ ᠤ ᠠᠵᠢᠯ ᠢ ᠤᠳᠤᠷᠢᠳᠬᠤ ᠪᠠᠶᠢᠭᠤᠯᠤᠮᠵᠢ | ᠲᠣᠭᠲᠠᠴᠠ ᠶᠢ ᠲᠡᠭᠦᠯᠳᠡᠷᠵᠢᠭᠦᠯᠵᠦ᠂ ᠲᠥᠪ ᠤᠨ ᠮᠥᠩᠭᠦᠨ ᠭᠦᠢᠯᠭᠡᠭᠡᠨ ᠤ ᠬᠤᠷᠢᠶ᠎ᠠ ᠶᠢᠨ ᠦᠢᠯᠡᠳᠦᠯ ᠢ ᠰᠠᠶᠢᠲᠤᠷ | ᠪᠠᠳᠠᠷᠠᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠣᠭᠤᠮᠲᠠ ᠶᠢ ᠰᠠᠶᠢᠲᠤᠷ ᠠᠳᠬᠤᠬᠤ ᠬᠡᠷᠡᠭᠲᠡᠢ᠃ | ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠢᠶ᠎ᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠮᠥᠩᠭᠦᠨ | ᠭᠦᠢᠯᠭᠡᠭᠡᠨ ᠤ ᠰᠢᠰᠲ᠋ᠧᠮ ᠤᠨ ᠨᠠᠮ ᠤᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠬᠤ ᠬᠡᠷᠡᠭᠲᠡᠢ᠃ ᠣᠷᠣᠨ | ᠨᠤᠲᠤᠭ ᠤᠨ ᠨᠠᠮ ᠤᠨ ᠬᠤᠷᠢᠶ᠎ᠠ ᠶᠢᠨ ᠮᠥᠩᠭᠦᠨ ᠭᠦᠢᠯᠭᠡᠭᠡᠨ ᠤ ᠬᠤᠷᠢᠶ᠎ᠠ ᠪᠠ ᠮᠥᠩᠭᠦᠨ ᠭᠦᠢᠯᠭᠡᠭᠡᠨ ᠤ ᠠᠵᠢᠯ ᠤᠨ | ᠵᠥᠪᠯᠡᠯ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠬᠠᠷᠢᠶ᠎ᠠ ᠣᠷᠣᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ | ᠬᠡᠷᠡᠭᠲᠡᠢ᠃ ᠤᠯᠤᠰ ᠲᠦᠷᠦ ᠶᠢᠨ ᠲᠠᠯ᠎ᠠ ᠪᠠᠷ ᠴᠠᠭᠠᠷᠠᠭᠰᠠᠨ᠂ ᠡᠷᠳᠡᠮ ᠴᠢᠳᠠᠪᠤᠷᠢ ᠶᠢᠨ ᠲᠠᠯ᠎ᠠ ᠪᠠᠷ ᠰᠢᠯᠭᠠᠷᠠᠭᠰᠠᠨ᠂ | ᠣᠪᠣᠷ ᠰᠤᠷᠲᠠᠯ ᠤᠨ ᠲᠠᠯ᠎ᠠ ᠪᠠᠷ ᠪᠠᠲᠤ ᠴᠢᠩᠭ᠎ᠠ ᠪᠠᠶᠢᠬᠤ ᠪᠠᠷᠢᠮᠵᠢᠶ᠎ᠠ ᠶᠢ ᠪᠠᠷᠢᠮᠲᠠᠯᠠᠵᠤ᠂ ᠦᠨᠡᠨᠴᠢ ᠰᠢᠳᠤᠷᠭᠤ | ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠮᠥᠩᠭᠦᠨ | ᠭᠦᠢᠯᠭᠡᠭᠡᠨ ᠤ ᠺᠠᠳ᠋ᠷ ᠤᠨ ᠴᠢᠳᠠᠪᠤᠷᠢᠲᠠᠨ ᠤ ᠡᠩᠨᠡᠭᠡ ᠶᠢ ᠳᠠᠪᠲᠠᠨ ᠪᠤᠯᠪᠠᠰᠤᠷᠠᠭᠤᠯᠬᠤ ᠬᠡᠷᠡᠭᠲᠡᠢ᠃ ᠮᠥᠩᠭᠦᠨ | ᠭᠦᠢᠯᠭᠡᠭᠡᠨ ᠤ ᠰᠢᠰᠲ᠋ᠧᠮ ᠳᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠶᠡᠭᠡ ᠪᠠᠷ ᠪᠠᠳᠠᠷᠠᠭᠤᠯᠵᠤ᠂ | ᠦᠨᠡᠨᠴᠢ ᠢᠲᠡᠭᠡᠮᠵᠢᠲᠡᠢ ᠪᠠᠶᠢᠬᠤ᠂ ᠴᠢᠬᠡᠴᠢ ᠵᠢᠷᠤᠮ ᠢᠶᠠᠷ ᠠᠰᠢᠭ ᠣᠯᠬᠤ᠂ ᠯᠠᠪᠳᠠᠭᠤᠨ ᠪᠣᠯᠭᠤᠮᠵᠢᠲᠠᠢ ᠪᠠᠶᠢᠬᠤ᠂ | ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ᠂ ᠬᠠᠤᠯᠢ ᠲᠣᠭᠲᠠᠭᠠᠯ ᠢ ᠵᠢᠷᠤᠮᠯᠠᠬᠤ ᠶᠢ ᠪᠠᠷᠢᠮᠲᠠᠯᠠᠬᠤ ᠬᠡᠷᠡᠭᠲᠡᠢ᠃ | ᠮᠥᠩᠭᠦᠨ ᠭᠦᠢᠯᠭᠡᠭᠡᠨ ᠤ ᠬᠠᠤᠯᠢᠵᠢᠯ ᠤᠨ ᠪᠠᠶᠢᠭᠤᠯᠤᠯᠲᠠ ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠤ | ᠭᠤᠣᠯᠳᠠᠯᠭ᠎ᠠ ᠲᠠᠢ ᠬᠦᠷᠢᠶ᠎ᠡ ᠪᠣᠯᠣᠨ ᠰᠢᠨ᠎ᠡ ᠪᠠᠷ ᠮᠠᠨᠳᠤᠭᠰᠠᠨ ᠬᠦᠷᠢᠶᠡᠨ ᠤ ᠬᠠᠤᠯᠢ ᠲᠣᠭᠲᠠᠭᠠᠯᠲᠠ ᠶᠢ ᠴᠠᠭ | ᠲᠤᠬᠠᠢ ᠳᠤᠨᠢ ᠠᠬᠢᠭᠤᠯᠵᠤ᠂ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢ ᠬᠠᠮᠠᠭᠠᠯᠠᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠮᠥᠩᠭᠦᠨ ᠭᠦᠢᠯᠭᠡᠭᠡᠨ ᠤ | ᠦᠢᠯᠡᠰ ᠤᠨ ᠬᠥᠭᠵᠢᠯᠲᠡ ᠶᠢᠨ ᠠᠯᠢ ᠣᠯᠠᠨ ᠴᠢᠬᠤᠯᠠ ᠶᠡᠭᠡ ᠣᠨᠣᠯ ᠤᠨ ᠪᠠ ᠦᠢᠯᠡᠳᠦᠯᠭᠡ ᠶᠢᠨ ᠠᠰᠠᠭᠤᠳᠠᠯ ᠢ | ᠰᠢᠨᠵᠢᠯᠡᠬᠦ ᠤᠬᠠᠭᠠᠨᠴᠢ ᠪᠠᠷ ᠬᠠᠷᠢᠭᠤᠯᠵᠤ᠂ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭᠠᠨ ᠤ ᠴᠢᠬᠤᠯᠠ | ᠪᠦᠷᠢᠯᠳᠦᠭᠦᠨ ᠬᠡᠰᠡᠭ ᠮᠥᠨ᠂ ᠮᠥᠩᠭᠦᠨ ᠭᠦᠢᠯᠭᠡᠭᠡᠨ ᠤ ᠠᠰᠠᠭᠤᠳᠠᠯ ᠤᠨ ᠲᠤᠬᠠᠢ ᠮᠠᠷᠺᠰ ᠤᠨ ᠦᠵᠡᠯ ᠤᠨ ᠤᠯᠤᠰ | ᠲᠥᠷᠥ ᠠᠵᠤ ᠠᠬᠤᠢ ᠶᠢᠨ ᠤᠬᠠᠭᠠᠨ ᠤ ᠴᠢᠬᠤᠯᠠ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠮᠥᠨ᠂ ᠡᠨᠡ ᠨᠢ | ᠰᠢᠨ᠎ᠡ ᠴᠠᠭ ᠦᠶ᠎ᠡ ᠰᠢᠨ᠎ᠡ ᠠᠶᠠᠨ ᠳᠤ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ | ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠬᠠᠩᠭᠠᠭᠰᠠᠨ ᠪᠠᠶᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠤᠨ ᠬᠢᠨ ᠭᠦᠨᠵᠡᠭᠡᠢ ᠰᠤᠷᠤᠯᠴᠠᠨ ᠣᠶᠢᠯᠠᠭᠠᠵᠤ᠂ ᠤᠬᠠᠮᠰᠠᠷ ᠠᠴᠠ ᠪᠠᠨ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠬᠡᠷᠡᠭᠲᠡᠢ᠃ ᠮᠥᠩᠭᠦᠨ ᠭᠦᠢᠯᠭᠡᠭᠡᠨ ᠤ ᠬᠤᠷᠸ᠎ᠠ ᠡᠵᠡᠮᠳᠡᠯ ᠲᠣᠬᠢᠷᠠᠭᠤᠯᠭ᠎ᠠ ᠶᠢ | ᠲᠡᠭᠦᠯᠳᠡᠷᠵᠢᠭᠦᠯᠵᠦ᠂ ᠵᠣᠭᠤᠰᠤᠨ ᠤ ᠢᠲᠡᠭᠡᠮᠵᠢᠲᠦ ᠵᠢᠭᠡᠯᠡᠯᠭᠡ ᠶᠢᠨ ᠬᠠᠩᠭᠠᠯᠭ᠎ᠠ ᠬᠡᠷᠡᠭᠴᠡᠭᠡ ᠶᠢᠨ ᠵᠢᠮ᠎ᠡ ᠶᠣᠰᠣ ᠪᠠ | ᠰᠢᠨ᠎ᠡ ᠣᠨᠴᠠᠯᠢᠭ ᠢ ᠣᠨᠣᠪᠴᠢᠲᠠᠢ ᠡᠵᠡᠮᠳᠡᠵᠦ᠂ ᠵᠣᠭᠤᠰᠤᠨ ᠤ ᠬᠠᠩᠭᠠᠯᠭ᠎ᠠ ᠶᠢᠨ ᠶᠡᠷᠦᠩᠬᠡᠢ ᠬᠡᠮᠵᠢᠶ᠎ᠡ ᠪᠠ | ᠪᠦᠲᠦᠴᠡ ᠶᠢᠨ ᠳᠠᠪᠬᠤᠷ ᠲᠣᠬᠢᠷᠠᠭᠤᠯᠤᠯᠲᠠ ᠶᠢ ᠴᠢᠩᠭᠠᠳᠬᠠᠬᠤ ᠬᠡᠷᠡᠭᠲᠡᠢ᠃ ᠮᠥᠩᠭᠦᠨ ᠭᠦᠢᠯᠭᠡᠭᠡᠨ ᠤ ᠴᠢᠨᠠᠷ | ᠰᠠᠶᠢᠲᠠᠢ ᠦᠢᠯᠡᠴᠢᠯᠡᠭᠡ ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠤ ᠥᠨᠳᠥᠷ ᠲᠦᠪᠰᠢᠨ ᠪᠦᠬᠦᠢ ᠨᠡᠭᠡᠭᠡᠯᠲᠡ ᠶᠢ | ᠥᠷᠭᠡᠳᠬᠡᠨ᠂ ︽ᠭᠠᠳᠠᠭᠰᠢ ᠭᠠᠷᠭᠠᠬᠤ︾ ᠪᠠ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠳᠤ | ᠰᠠᠶᠢᠲᠤᠷ ᠦᠢᠯᠡᠴᠢᠯᠡᠵᠦ᠂ ᠠᠷᠠᠳ ᠤᠨ ᠵᠣᠭᠤᠰ ᠤᠨ ᠳᠡᠯᠡᠬᠡᠶᠢᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠬᠤ | ᠬᠡᠷᠡᠭᠲᠡᠢ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠵᠦ᠂ ᠬᠢᠨᠠᠯᠲᠠ | ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ | ᠪᠠᠶᠢᠭᠤᠯᠤᠨ ᠪᠦᠷᠢᠨᠰᠢᠭᠦᠯᠵᠦ᠂ ᠭᠤᠣᠯᠳᠠᠯᠭ᠎ᠠ ᠲᠠᠢ ᠬᠦᠷᠢᠶᠡᠨ ᠳᠠᠬᠢ ᠮᠥᠩᠭᠦᠨ ᠭᠦᠢᠯᠭᠡᠭᠡᠨ ᠤ ᠠᠶᠤᠯ | ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠬᠤ ᠬᠡᠷᠡᠭᠲᠡᠢ᠃ ᠣᠳᠣᠬᠠᠨ ᠤ ᠮᠥᠩᠭᠦᠨ ᠭᠦᠢᠯᠭᠡᠭᠡᠨ ᠤ | ᠬᠦᠷᠢᠶᠡᠨ ᠳᠠᠬᠢ ᠭᠤᠣᠯᠳᠠᠯᠭ᠎ᠠ ᠲᠠᠢ ᠠᠵᠢᠯ ᠢ ᠬᠦᠴᠦᠯᠡᠨ ᠰᠠᠶᠢᠲᠤᠷ ᠬᠢᠵᠦ᠂ ᠲᠦᠷᠦ ᠶᠢᠨ ᠪᠣᠳᠣᠯᠭ᠎ᠠ ᠶᠢ | ᠬᠡᠷᠡᠭᠵᠢᠭᠦᠯᠬᠦ ᠪᠠ ᠠᠵᠢᠯ ᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠭᠦᠢᠯᠭᠡᠭᠡᠨ ᠤ ᠵᠣᠬᠢᠰᠲᠠᠢ ᠪᠥᠭᠡᠳ | ᠭᠦᠢᠴᠡᠳ ᠪᠠᠶᠢᠬᠤ᠂ ᠪᠡᠯᠡ ᠮᠥᠩᠭᠦ ᠴᠤᠭᠯᠠᠭᠤᠯᠬᠤ ᠥᠪᠡᠷ ᠤᠨ ᠦᠷᠳᠡᠭ ᠢ ᠦᠷᠭᠦᠯᠵᠢᠯᠡᠨ ᠪᠠᠭᠤᠷᠠᠭᠤᠯᠬᠤ ᠶᠢ | ᠪᠠᠲᠤᠯᠠᠵᠤ᠂ ᠬᠥᠷᠥᠩᠭᠡ ᠶᠢᠨ ᠵᠠᠬ᠎ᠠ ᠳᠡᠯᠭᠡᠭᠦᠷ ᠢ ᠬᠥᠭᠵᠢᠭᠡᠵᠦ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠶᠢ ᠨᠡᠩ | ᠰᠠᠶᠢᠲᠤᠷ ᠲᠡᠮᠵᠢᠵᠤ᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ ᠶᠢ ᠠᠬᠢᠭᠤᠯᠵᠤ᠂ | ᠰᠢᠨ᠎ᠡ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ᠂ ᠰᠢᠨ᠎ᠡ ᠤᠷᠤᠯᠳᠤᠭᠠᠨ ᠤ ᠵᠠᠮ᠂ ᠰᠢᠨ᠎ᠡ ᠵᠠᠬ᠎ᠠ ᠳᠡᠯᠭᠡᠭᠦᠷ ᠲᠤ | ᠦᠵᠡᠭᠦᠯᠭᠦ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠳᠬᠠᠵᠤ᠂ ᠰᠢᠨ᠎ᠡ ᠬᠥᠳᠡᠯᠭᠡᠬᠦ ᠬᠦᠴᠦᠨ ᠰᠢᠨ᠎ᠡ | ᠳᠠᠪᠠᠭᠤᠯᠢᠭ ᠢ ᠲᠦᠷᠭᠡᠨ ᠪᠤᠶᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠢᠯᠠᠩᠭᠤᠶ᠎ᠠ ᠮᠥᠩᠭᠦᠨ ᠭᠦᠢᠯᠭᠡᠭᠡᠨ ᠤ | ᠰᠢᠰᠲ᠋ᠧᠮ ᠤᠨ ᠬᠢᠨ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠳᠡᠭᠡᠷ᠎ᠡ ᠴᠢᠨᠠᠭᠰᠢᠳᠠ ᠨᠢᠭᠡᠳᠬᠡᠵᠦ᠂ ᠬᠠᠷᠠᠯᠲᠠ ᠪᠠᠷ ᠤᠳᠤᠷᠢᠳᠤᠮᠵᠢ ᠪᠤᠯᠭᠠᠬᠤ᠂ | ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠮᠥᠩᠭᠦᠨ ᠭᠦᠢᠯᠭᠡᠭᠡᠨ ᠤ ᠠᠵᠢᠯ ᠳᠠᠬᠢ ᠨᠠᠮ ᠤᠨ | ᠤᠳᠤᠷᠢᠳᠤᠯᠭ᠎ᠠ ᠶᠢ ᠪᠦᠭᠦ ᠲᠠᠯ᠎ᠠ ᠪᠠᠷ ᠴᠢᠩᠭᠠᠳᠬᠠᠵᠤ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ | ᠴᠢᠩᠭᠠᠳᠬᠠᠬᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠮᠥᠩᠭᠦᠨ | ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢ ᠯᠠᠪᠳᠠᠭᠤᠨ | ᠪᠠᠲᠤᠲᠠᠢ ᠰᠠᠶᠢᠲᠤᠷ ᠬᠢᠵᠦ᠂ ᠮᠥᠩᠭᠦᠨ ᠭᠦᠢᠯᠭᠡᠭᠡᠨ ᠤ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠵᠤ᠂ | ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠤᠭᠤᠰᠢᠯᠠᠭᠤᠯᠬᠤ ᠶᠢ ᠰᠠᠶᠢᠲᠤᠷ ᠠᠳᠬᠤᠵᠤ᠂ ᠮᠥᠩᠭᠦᠨ | ᠭᠦᠢᠯᠭᠡᠭᠡᠨ ᠤ ᠺᠠᠳ᠋ᠷ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠤᠨ | ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠾᠧ ᠯᠢ ᠹᠧᠩ ᠳ᠋ᠦᠩᠨᠡᠯᠲᠡ ᠶᠢᠨ ᠶᠠᠷᠢᠶ᠎ᠠ ᠲᠠᠯᠪᠢᠪᠠ᠃ ᠳᠤᠮᠳᠠᠳᠤ ᠤᠯᠤᠰ ᠤᠨ ᠠᠷᠠᠳ ᠤᠨ ᠪᠠᠩᠬᠢ᠂ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ᠂ ᠳᠤᠮᠳᠠᠳᠤ ᠤᠯᠤᠰ ᠤᠨ ᠦᠨᠡᠲᠦ | ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠪᠡᠭᠡᠵᠢᠩ ᠬᠤᠲᠠ᠂ ᠯᠢᠶᠣᠤᠨᠢᠩ ᠮᠤᠵᠢ᠂ ᠬᠤᠪᠧᠢ ᠮᠤᠵᠢ᠂ | ᠰᠧᠴᠤᠸᠠᠨ ᠮᠤᠵᠢ ᠶᠢᠨ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠦᠭᠡ ᠬᠡᠯᠡᠵᠡᠢ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠱᠦᠵᠢ | ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠦᠷᠦ ᠶᠢᠨ ᠶᠠᠪᠤᠳᠠᠯ ᠤᠨ ᠭᠡᠰᠢᠭᠦᠨ᠂ | ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ | ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃ | | | | | ᠲᠥᠪ ᠤᠨ ᠮᠥᠩᠭᠦᠨ ᠭᠦᠢᠯᠭᠡᠭᠡᠨ ᠤ ᠬᠤᠷᠢᠶ᠎ᠠ ᠶᠢᠨ ᠭᠡᠰᠢᠭᠦᠨ᠂ ᠡᠯ᠎ᠡ ᠮᠤᠵᠢ ᠣᠷᠣᠨ ᠬᠤᠲᠠ ᠪᠣᠯᠣᠨ | ᠲᠤᠰᠠᠭᠠᠷ ᠲᠥᠯᠥᠪᠯᠡᠭᠡᠲᠦ ᠬᠤᠲᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ᠂ | ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ | ᠠᠷᠠᠳ ᠤᠨ ᠪᠦᠯᠭᠦᠮ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ | ᠰᠠᠯᠠᠭ᠎ᠠ ᠮᠥᠴᠢᠷ᠂ ᠲᠥᠪ ᠠᠴᠠ ᠬᠠᠮᠢᠶᠠᠷᠴᠤ ᠪᠠᠶᠢᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠬᠡᠰᠡᠭ ᠠᠵᠤ | ᠠᠬᠤᠶᠢᠯᠠᠯ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ |