ᠥᠪᠥᠷ ᠮᠣᠩᠭᠤᠯ ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ ᠳᠠᠶᠢᠯᠠᠯᠳᠤᠭᠠᠨ ᠢ ᠠᠬᠢᠭᠤᠯᠬᠤ ᠲᠤᠬᠠᠶ ᠪᠠᠶᠢᠷᠢᠯᠠᠭᠤᠯᠤᠯᠲᠠ ᠬᠢᠪᠠ
ᠨᠡᠶᠢᠲᠡᠯᠡᠭᠰᠡᠨ ᠴᠠᠭ᠄
2023/11/6
     10 ᠳ᠋ᠤᠭᠠᠷ ᠰᠠᠷ᠎ᠠ ᠶᠢᠨ 23᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ ᠲᠡᠶᠢᠨ ᠤ ᠲᠤᠬᠠᠶ ᠶᠢᠨ ᠲᠠᠯᠠᠪᠠᠶ ᠶᠢᠨ ᠠᠬᠢᠭᠤᠯᠬᠤ ᠬᠤᠷᠠᠯ ᠲᠦᠩᠯᠢᠶᠣᠤ ᠬᠤᠲᠠ ᠳᠤ ᠬᠤᠷᠠᠯᠳᠤᠪᠠ᠃ ᠡᠨᠡ ᠤᠳᠠᠭ᠎ᠠ ᠶᠢᠨ ᠬᠤᠷᠠᠯ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠣᠷᠣᠨ ᠤ ᠭᠤᠣᠯᠳᠠᠯᠭ᠎ᠠ ᠲᠠᠢ ᠠᠵᠢᠯ ᠤᠨ ᠬᠤᠷᠠᠯ ᠤᠨ ︽ᠭᠤᠷᠪᠠᠨ ᠤᠮᠠᠷᠠᠲᠤ︾᠎ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠠᠩᠬᠠᠳᠤᠭᠠᠷ ᠤᠳᠠᠭ᠎ᠠ  ᠡᠷᠬᠢᠯᠡᠭᠰᠡᠨ ᠲᠤᠬᠠᠢ ᠶᠢᠨ ᠲᠠᠯᠠᠪᠠᠢ ᠶᠢᠨ ᠠᠬᠢᠭᠤᠯᠬᠤ ᠬᠤᠷᠠᠯ ᠪᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠶᠢᠴᠢᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠵᠤᠷᠭᠠᠨ ᠤ ᠳᠠᠷᠤᠭ᠎ᠠ ᠯᠢ ᠶᠦᠩ ᠵᠢᠶᠦ᠋ᠨ᠂ ᠥᠪᠥᠷ ᠮᠣᠩᠭᠤᠯ ᠳᠤ ᠰᠠᠭᠤᠭ᠎ᠠ ᠲᠤᠰᠬᠠᠶ ᠲᠤᠰᠢᠶᠠᠯᠲᠠᠨ ᠤ ᠠᠯᠪᠠᠨ ᠬᠡᠷ ᠤᠨ  ᠯᠢ ᠶᠠᠨ ᠬᠤᠸᠠ ᠬᠤᠷᠠᠯ ᠳᠤ ᠣᠷᠣᠯᠴᠠᠨ ᠵᠢᠭᠠᠨ ᠵᠢᠯᠣᠭᠤᠳᠴᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠲᠤᠪᠴᠢᠶᠠᠨ ᠳᠠᠷᠤᠭ᠎ᠠ ᠸᠠᠩ ᠵᠣᠣ ᠱᠧᠩ ᠬᠤᠷᠠᠯ ᠢ ᠡᠷᠭᠢᠯᠡᠪᠡ᠃      ᠲᠦᠩᠯᠢᠶᠣᠤ ᠬᠤᠲᠠ᠂ ᠤᠯᠠᠭᠠᠨᠬᠠᠳᠠ ᠬᠤᠲᠠ᠂ ᠬᠢᠩᠭᠠᠨ ᠠᠶᠢᠮᠠᠭ ᠶᠢᠨ ᠬᠢᠨ ᠣᠶᠢᠷ᠎ᠠ ᠶᠢᠨ ᠬᠤᠭᠤᠴᠠᠭᠠᠨ ᠤ ᠠᠵᠢᠯ ᠤᠨ ᠠᠬᠢᠴᠠ ᠶᠢᠨ ᠪᠠᠶᠢᠳᠠᠯ ᠢᠶᠠᠨ ᠲᠠᠨᠢᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ᠂ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ᠂ ᠲᠤᠰᠬᠠᠶ ᠮᠡᠷᠭᠡᠵᠢᠯᠲᠡᠳ ᠰᠠᠨᠠᠯ ᠢᠶᠠᠨ ᠰᠣᠯᠢᠯᠴᠠᠬᠤ ᠦᠭᠡ ᠬᠡᠯᠡᠪᠡ᠃      ᠬᠤᠷᠴᠢᠨ ᠤ ᠡᠯᠡᠰᠦᠷᠬᠡᠭ ᠭᠠᠵᠠᠷ ᠪᠣᠯ ᠪᠡᠭᠡᠵᠢᠩ ᠠᠴᠠ ᠬᠠᠮᠤᠭ ᠤᠨ ᠣᠶᠢᠷ᠎ᠠ ᠪᠠᠶᠢᠭ᠎ᠠ ᠡᠯᠡᠰᠦᠨ ᠰᠢᠭᠤᠷᠭ᠎ᠠ ᠵᠢᠨ‌ᠡᠬᠢ ᠶᠢᠨ ᠨᠢᠭᠡ ᠪᠣᠯᠤᠨ᠎ᠠ᠂ ᠥᠪᠥᠷ ᠮᠣᠩᠭᠤᠯ ᠤᠨ 3 ᠠᠶᠢᠮᠠᠭ ᠬᠤᠲᠠ ᠶᠢᠨ 18 ᠬᠤᠰᠢᠭᠤ ᠰᠢᠶᠠᠨ ᠲᠣᠭᠤᠷᠢᠭ ᠲᠤ ᠬᠤᠯᠪᠣᠭᠳᠠᠵᠤ᠂ ᠣᠷᠣᠨ ᠤ ᠳᠣᠲᠣᠷᠠᠬᠢ ᠲᠠᠷᠬᠠᠯᠲᠠ ᠶᠢᠨ ᠲᠠᠯᠠᠪᠠᠶ ᠨᠢ 8596 ᠲᠦᠮᠡᠨ ᠮᠥ ᠪᠠᠶᠢᠵᠤ᠂ ᠪᠥᠬᠦ ᠤᠯᠤᠰ ᠤᠨ ᠲᠠᠷᠬᠠᠯᠲᠠ ᠶᠢᠨ ᠲᠠᠯᠠᠪᠠᠶ ᠶᠢᠨ 96 . 9 %᠎ ᠶᠢ ᠡᠵᠡᠯᠡᠵᠦ ᠪᠠᠶᠢᠨ᠎ᠠ᠃ ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ ᠳᠠᠶᠢᠯᠠᠯᠳᠤᠭᠠᠨ ᠢ ᠰᠠᠶᠢᠲᠤᠷ ᠬᠢᠬᠦ ᠭᠤᠤᠯ ᠲᠡᠶᠢᠨ ᠤ ᠲᠠᠯᠠᠪᠤᠷ ᠪᠣᠯᠤᠭᠰᠠᠨ ᠤ ᠬᠤᠪᠢ ᠳᠤ᠂ ᠥᠪᠥᠷ ᠮᠣᠩᠭᠤᠯ ᠭᠤᠤᠯ ᠬᠦᠴᠦᠨ ᠪᠣᠯᠵᠣ᠂ ᠶᠡᠭᠡ ᠳᠠᠶᠢᠯᠠᠯᠳᠤᠭᠠᠨ ᠤ ᠰᠥᠰᠥ ᠵᠣᠷᠢᠭ ᠪᠠ ᠬᠡᠪ ᠠᠴᠠ ᠳᠠᠪᠠᠭᠰᠠᠨ ᠡᠷᠴᠢᠮ ᠢᠶᠠᠷ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠭᠤᠤᠯᠳᠠᠯᠭ᠎ᠠ ᠲᠠᠢ ᠢᠨᠵᠧᠨᠧᠷᠢᠩ ᠢ ᠠᠬᠢᠭᠤᠯᠵᠤ᠂ ᠣᠷᠣᠨ ᠪᠦᠰᠡ ᠶᠢᠨ ᠵᠠᠰᠠᠵᠤ ᠪᠣᠯᠬᠤ ᠡᠯᠡᠰᠦᠷᠬᠡᠭᠵᠢᠭᠰᠡᠨ ᠭᠠᠵᠠᠷ ᠰᠢᠷᠣᠶ ᠶᠢ ᠰᠡᠷᠭᠦᠭᠡᠨ ᠵᠠᠰᠠᠬᠤ ᠶᠢ ᠪᠡᠶᠡᠯᠡᠭᠦᠯᠵᠦ᠂ ᠥᠩᠭᠡᠷᠡᠭᠰᠡᠨ ᠤ ᠪᠠᠶᠢᠭᠠᠯᠢ ᠶᠢᠨ ᠦᠵᠡᠮᠵᠢ ᠶᠢ ᠰᠡᠷᠭᠦᠭᠡᠵᠦ᠂ ᠬᠤᠷᠴᠢᠨ ᠤ ᠡᠯᠡᠰᠦᠷᠬᠡᠭ ᠭᠠᠵᠠᠷ ᠢ ᠪᠡᠭᠡᠵᠢᠩ ᠤᠨ ︽ᠰᠠᠯᠬᠢ ᠡᠯᠡᠰᠦᠨ ᠤ ᠡᠬᠢ︾ ᠪᠠᠶᠢᠭᠰᠠᠨ ᠠᠴᠠ ︽ᠬᠤᠶᠢᠲᠤ ᠴᠡᠴᠡᠷᠯᠢᠭ︾ ᠪᠣᠯᠭᠠᠨ ᠬᠤᠪᠢᠷᠠᠭᠤᠯᠬᠤ ᠪᠠᠷ ᠴᠢᠷᠮᠠᠶᠢᠨ᠎ᠠ᠃ ᠡᠨᠡ ᠤᠳᠠᠭ᠎ᠠ ᠶᠢᠨ ᠬᠤᠷᠠᠯ ᠳᠤ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ ᠢ ᠰᠠᠶᠢᠲᠤᠷ ᠬᠢᠬᠦ ᠳᠤ ᠪᠣᠳᠠᠲᠠᠢ ᠪᠠᠶᠢᠷᠢᠯᠠᠭᠤᠯᠤᠯᠲᠠ ᠬᠢᠵᠦ᠂ ︽ᠴᠠᠭ ᠤᠨ ᠬᠦᠰᠦᠨᠦᠭᠲᠦ︾ ︽ᠡᠭᠦᠷᠭᠡ ᠶᠢᠨ ᠪᠢᠴᠢᠭ︾ ︽ᠪᠠᠶᠢᠯᠳᠤᠭᠠᠨ ᠤ ᠵᠢᠷᠤᠭ︾᠎ ᠢ ᠲᠣᠳᠣᠷᠬᠠᠶᠢᠯᠠᠪᠠ᠃ ᠲᠣᠰ ᠬᠡᠰᠡᠭ ᠲᠣᠭᠤᠷᠢᠭ ᠨᠢ ᠡᠯᠡᠰᠦᠨ ᠰᠢᠭᠤᠷᠭ᠎ᠠ ᠪᠡᠭᠡᠵᠢᠩ ᠶᠢ ᠰᠦᠷᠳᠡᠬᠦᠯᠬᠦ ᠪᠠ ᠰᠠᠯᠬᠢ ᠡᠯᠡᠰᠦᠨ ᠤ ᠬᠤᠤᠷ ᠬᠥᠨᠥᠭᠡᠯ ᠭᠡᠬᠦ ᠬᠤᠶᠠᠷ ᠶᠡᠭᠡ ᠭᠤᠤᠯᠳᠠᠯᠭ᠎ᠠ ᠲᠠᠢ ᠠᠮᠢ ᠠᠬᠤᠶ ᠶᠢᠨ ᠠᠰᠠᠭᠤᠳᠠᠯ ᠳᠤ ᠴᠢᠭᠯᠡᠬᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ᠂ ᠬᠥᠨᠥᠭᠡᠯ ᠠᠴᠠ ᠰᠡᠷᠭᠡᠶᠢᠯᠡᠬᠦ᠂ ᠨᠡᠶᠢᠰᠯᠡᠯ ᠤᠨ ᠡᠯᠡᠰᠦᠨ ᠎ ᠤ ᠡᠬᠢ ᠶᠢᠨ ᠰᠥᠨᠥᠭᠡᠬᠦ ᠳᠠᠶᠢᠨ ᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠬᠤ᠂ ᠡᠯᠡᠰᠦᠨ ᠤ ᠡᠬᠢ ᠶᠢ ᠬᠡᠰᠡᠭᠯᠡᠨ ᠪᠦᠰᠡᠯᠡᠬᠦ ᠪᠠᠶᠢᠯᠳᠤᠭᠠᠨ᠂ ᠨᠤᠭᠤᠭᠠᠷᠠᠭᠤᠯᠤᠯᠳᠠ ᠶᠢ ᠲᠡᠭᠡᠭᠰᠢᠯᠡᠬᠦᠯᠬᠦ ᠬᠠᠮᠠᠭᠠᠯᠠᠯᠳᠠ ᠶᠢᠨ 3 ᠳᠠᠶᠢᠯᠠᠯᠳᠤᠭᠠᠨ᠂ ᠡᠯᠡᠰᠦᠷᠬᠡᠭᠵᠢᠭᠰᠡᠨ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ ᠠᠵᠢᠯ ᠢ ᠪᠠᠶᠢᠷᠢᠯᠠᠭᠤᠯᠪᠡ᠃ ᠡᠯᠡᠰᠦᠷᠬᠡᠭᠵᠢᠭᠰᠡᠨ ᠪᠤᠰᠤ ᠭᠠᠵᠠᠷ ᠰᠢᠷᠣᠶ ᠶᠢ ᠨᠣᠭᠤᠭᠠᠷᠠᠭᠤᠯᠵᠤ ᠥᠷᠭᠡᠳᠬᠡᠬᠦ᠂ ᠵᠠᠰᠠᠯᠲᠠ ᠶᠢᠨ ᠦᠷ᠎ᠡ ᠪᠦᠲᠦᠭᠡᠯ ᠢ ᠪᠠᠬᠢᠵᠢᠬᠦᠯᠬᠦ᠂ ᠴᠢᠬᠤᠯᠠ ᠴᠢᠭᠢᠭᠯᠢᠭ ᠭᠠᠵᠠᠷ ᠢ ᠬᠠᠮᠠᠭᠠᠯᠠᠨ ᠰᠡᠷᠭᠦᠭᠡᠬᠦ᠂ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠬᠠᠮᠠᠭᠠᠯᠠᠯᠲᠠ᠂ ᠬᠥᠷᠥᠰᠥ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ᠂ ᠨᠢᠭᠤᠭᠳᠠᠮᠠᠯ ᠡᠯᠡᠰᠦᠷᠬᠡᠭᠵᠢᠭᠰᠡᠨ ᠭᠠᠵᠠᠷ ᠰᠢᠷᠣᠶ ᠶᠢ ᠬᠠᠮᠠᠭᠠᠯᠠᠵᠤ ᠵᠠᠰᠠᠬᠤ᠂ ᠣᠶ ᠰᠢᠭᠤᠶ ᠨᠤᠲᠤᠭ ᠪᠡᠯᠴᠢᠭᠡᠷ ᠡᠯᠡᠰᠦᠨ ᠤ ᠠᠵᠤ  ᠦᠢᠯᠡᠰ ᠤᠨ ᠬᠥᠭᠵᠢᠯᠲᠡ᠂ ᠬᠢᠨᠠᠨ ᠬᠡᠮᠵᠢᠬᠦ ᠰᠢᠰᠲ᠋ᠧᠮᠵᠢ ᠶᠢᠨ ᠪᠠᠶᠢᠭᠤᠯᠤᠯᠳᠠ ᠵᠡᠷᠭᠡ 10 ᠵᠦᠢᠯ ᠤᠨ ᠭᠤᠤᠯ ᠡᠭᠦᠷᠭᠡ ᠪᠠᠷ 2030 ᠣᠨ ᠪᠣᠯᠬᠤ ᠳᠤ 1100 ᠭᠠᠷᠤᠶ ᠲᠦᠮᠡᠨ ᠮᠥ ᠡᠯᠡᠰᠦᠷᠬᠡᠭᠵᠢᠭᠰᠡᠨ ᠭᠠᠵᠠᠷ ᠰᠢᠷᠣᠶ ᠶᠢ ᠶᠡᠷᠦᠩᠬᠡᠶᠢᠯᠡᠨ ᠵᠠᠰᠠᠬᠤ ᠠᠵᠢᠯ ᠢ ᠰᠢᠨ᠎ᠡ ᠪᠠᠷ ᠨᠡᠮᠡᠭᠳᠡᠭᠦᠯᠬᠦ ᠪᠣᠯᠤᠨ᠎ᠠ᠂ ᠵᠠᠰᠠᠵᠤ ᠪᠣᠯᠬᠤ ᠡᠯᠡᠰᠦᠷᠬᠡᠭᠵᠢᠭᠰᠡᠨ ᠭᠠᠵᠠᠷ ᠰᠢᠷᠣᠶ ᠶᠢ ᠵᠠᠰᠠᠬᠤ ᠨᠣᠷᠮ᠎ᠠ ᠶᠢ 85 %᠎ ᠠᠴᠠ ᠳᠡᠭᠡᠭᠰᠢ ᠳᠤ ᠬᠦᠷᠦᠭᠦᠯᠦᠨ᠎ᠡ᠃      ᠬᠤᠷᠠᠯ ᠳᠤ ᠣᠷᠣᠯᠴᠠᠭᠰᠠᠳ ᠪᠠᠰᠠ ᠲᠦᠩᠯᠢᠶᠣᠤ ᠬᠤᠲᠠ ᠶᠢᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠨᠤᠭᠤᠰᠤᠲᠠᠶ᠂ ᠬᠦᠷᠢᠶ᠎ᠡ ᠬᠤᠰᠢᠭᠤᠨ ᠤ ᠤᠨ ᠹᠠᠩ ᠬᠤᠷᠴᠢᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠤᠨ ᠲᠣᠭᠤᠷᠢᠭ ᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠪᠠ᠃ ᠣᠶᠢᠯᠠᠭᠠᠭᠰᠠᠨ ᠢᠶᠠᠷ ᠂ ᠵᠠᠯᠭᠠᠭᠠᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠰᠠ ᠬᠤᠯᠠᠨ ᠰᠢᠷᠭ᠎ᠠ ᠲᠠᠭ᠎ᠠ ᠶᠢᠨ ᠰᠥᠨᠥᠭᠡᠬᠦ ᠳᠠᠶᠢᠯᠠᠯᠳᠤᠭᠠᠨ᠂ ᠬᠠᠲᠤᠨ ᠭᠤᠤᠯ ᠤᠨ ᠪᠤᠷᠤ ᠲᠤᠬᠤᠢ  ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ᠬᠠᠲᠤᠨ ᠭᠤᠤᠯ ᠤᠨ ᠪᠠᠷᠠᠭᠤᠨ ᠬᠤᠩᠭᠢᠯ— ᠲᠠᠺᠯᠢᠮᠠᠺᠠᠨ ᠡᠯᠡᠰᠦᠨ ᠴᠥᠯ ᠤᠨ ᠬᠥᠪᠡᠭᠡ ᠵᠠᠬ᠎ᠠ ᠶᠢᠨ ᠬᠤᠷᠢᠭᠯᠠᠨ ᠴᠣᠬᠢᠬᠤ ᠳᠠᠶᠢᠯᠠᠯᠳᠤᠭᠠᠨ ᠤ 3 ᠲᠤᠬᠠᠶ ᠶᠢᠨ ᠲᠠᠯᠠᠪᠠᠶ ᠶᠢᠨ ᠠᠬᠢᠭᠤᠯᠬᠤ ᠬᠤᠷᠠᠯ ᠢ ᠬᠤᠷᠠᠯᠳᠤᠭᠤᠯᠵᠤ᠂ ︽ᠭᠤᠷᠪᠠᠨ ᠤᠮᠠᠷᠠᠲᠤ ︾᠎ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠣᠯᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠶ ᠳᠠᠶᠢᠯᠠᠯᠳᠤᠭᠠᠨ ᠢ ᠦᠨᠡᠨ ᠬᠦ ᠰᠠᠶᠢᠲᠤᠷ ᠬᠢᠵᠦ᠂ ᠡᠷᠲᠡᠬᠡᠨ ᠦᠷ᠎ᠡ ᠪᠦᠲᠦᠮᠵᠢ ᠤᠯᠬᠤ ᠶᠢ ᠪᠥᠬᠦ ᠲᠠᠯ᠎ᠠ ᠪᠠᠷ ᠪᠠᠶᠢᠷᠢᠯᠠᠭᠤᠯᠤᠨ ᠪᠥᠬᠦ ᠬᠦᠴᠦᠨ ᠢᠶᠠᠷ ᠢᠶᠠᠨ ᠠᠬᠢᠭᠤᠯᠬᠤ ᠪᠣᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号