| ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ | ᠬᠡᠷᠡᠭᠯᠡᠬᠦ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠲᠣᠭᠲᠠᠭᠠᠯ︾ ᠢ ᠳᠠᠷᠤᠮᠠᠯᠯᠠᠨ | ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ | ᠪᠡᠯᠴᠢᠭᠡᠷ ᠤᠨ ᠲᠣᠪᠴᠢᠶ᠎ᠠ ᠶᠢᠨ ᠮᠡᠳᠡᠭᠳᠡᠯ | | | ᠡᠯ᠎ᠡ ᠠᠶᠢᠮᠠᠭ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ | ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ᠄ | ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ | ᠬᠠᠮᠢᠶᠠᠷᠤᠯᠲᠠ ᠶᠢ ᠴᠢᠩᠭᠠᠳᠬᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ | ᠰᠢᠯᠢᠳᠡᠭᠵᠢᠭᠦᠯᠬᠦ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ | ᠪᠡᠯᠴᠢᠭᠡᠷ ᠤᠨ ᠬᠠᠤᠯᠢ︾᠂ ︽ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠤᠲᠤᠭ | ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ | ᠵᠢᠷᠤᠮᠵᠢᠯ︾ ᠵᠡᠷᠭᠡ ᠲᠣᠭᠲᠠᠭᠠᠯ ᠢ ᠦᠨᠳᠦᠰᠦᠯᠡᠨ᠂ ᠮᠠᠨ ᠤ ᠲᠣᠪᠴᠢᠶ᠎ᠠ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠶᠢ ᠬᠢᠨᠠᠨ ᠬᠠᠷᠭᠤᠭᠤᠯᠵᠤ ᠬᠢᠨᠠᠨ | ᠵᠥᠪᠰᠢᠶᠡᠷᠡᠬᠦ ᠬᠠᠮᠢᠶᠠᠷᠤᠯᠲᠠ ᠶᠢᠨ ᠲᠣᠭᠲᠠᠭᠠᠯ︾ ᠢ ᠰᠤᠳᠤᠯᠤᠨ ᠲᠣᠭᠲᠠᠭᠠᠪᠠ᠃ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠵᠢᠷᠤᠮᠯᠠᠨ ᠬᠡᠷᠡᠭᠵᠢᠭᠦᠯᠲᠦᠭᠡᠶ᠃ | | 2023 ᠣᠨ ᠤ 10 ᠰᠠᠷ᠎ᠠ ᠶᠢᠨ 25 ᠤ ᠡᠳᠦᠷ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ | ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠶᠢ ᠬᠢᠨᠠᠨ ᠬᠠᠷᠭᠤᠭᠤᠯᠵᠤ | ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠲᠣᠭᠲᠠᠭᠠᠯ | | ᠨᠢᠭᠡᠳᠦᠭᠡᠷ ᠵᠦᠢᠯ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠶᠢ ᠬᠢᠨᠠᠨ ᠬᠠᠷᠭᠤᠭᠤᠯᠵᠤ ᠬᠢᠨᠠᠨ | ᠵᠥᠪᠰᠢᠶᠡᠷᠡᠬᠦ ᠬᠠᠮᠢᠶᠠᠷᠤᠯᠲᠠ ᠶᠢ ᠵᠢᠷᠤᠮᠵᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠤᠯᠠᠮ ᠨᠢᠭᠡ | ᠠᠯᠬᠤᠮ ᠰᠢᠯᠢᠳᠡᠭᠵᠢᠭᠦᠯᠬᠦ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ | ᠪᠡᠯᠴᠢᠭᠡᠷ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ | ᠬᠠᠮᠢᠶᠠᠷᠤᠯᠲᠠ ᠶᠢᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ | ᠪᠡᠯᠴᠢᠭᠡᠷ ᠢ ᠬᠠᠮᠠᠭᠠᠯᠠᠬᠤ ᠳᠦᠷᠢᠮ︾ ᠪᠣᠯᠤᠨ ︽ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ | ᠲᠣᠪᠴᠢᠶ᠎ᠠ ᠶᠢᠨ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ | ᠬᠠᠮᠢᠶᠠᠷᠤᠯᠲᠠ ᠶᠢᠨ ᠵᠢᠷᠤᠮᠵᠢᠯ︾ ᠵᠡᠷᠭᠡ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠨᠤᠲᠤᠭ | ᠪᠡᠯᠴᠢᠭᠡᠷ ᠢ ᠬᠠᠮᠠᠭᠠᠯᠠᠨ ᠠᠰᠢᠭᠯᠠᠬᠤ ᠪᠣᠳᠠᠲᠠᠶ ᠲᠠᠢ ᠤᠶᠠᠯᠳᠤᠭᠤᠯᠵᠤ᠂ ᠲᠤᠰ ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠢᠯ ᠲᠤᠰ ᠲᠣᠭᠲᠠᠭᠠᠯ ᠢ ᠳᠣᠣᠷ᠎ᠠ ᠵᠢᠭᠰᠠᠭᠠᠭᠰᠠᠨ ᠪᠠᠶᠢᠳᠠᠯ ᠳᠤ ᠬᠡᠷᠡᠭᠵᠢᠬᠦᠯᠦᠨ᠎ᠡ᠃ | ( ᠨᠢᠭᠡ ) ᠠᠭᠤᠷᠬᠠᠶ ᠶᠢᠨ ᠪᠤᠯᠠᠭᠳᠠᠴᠠ ᠶᠢ ᠨᠡᠭᠡᠭᠡᠨ ᠮᠠᠯᠲᠠᠬᠤ ᠪᠠ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ | ᠵᠡᠷᠭᠡ ᠳᠤ ᠨᠤᠲᠤᠭ ᠪᠡᠯᠴᠢᠭᠡᠷ ᠢ ᠲᠠᠲᠠᠪᠤᠷᠢᠯᠠᠬᠤ᠂ ᠲᠠᠲᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ ᠶᠢ ᠬᠢᠨᠠᠨ | ᠵᠦᠪᠰᠢᠶᠡᠷᠡᠬᠦ ᠳᠤ ᠬᠡᠷᠡᠭᠵᠢᠬᠦᠯᠦᠨ᠎ᠡ︔ | ︵ᠬᠤᠶᠠᠷ︶ ᠨᠤᠲᠤᠭ ᠪᠡᠯᠴᠢᠭᠡᠷ ᠢ ᠲᠦᠷ ᠴᠠᠭ ᠡᠵᠡᠯᠡᠨ ᠬᠡᠷᠡᠭᠯᠡᠬᠦ ᠶᠢ ᠬᠢᠨᠠᠨ ᠵᠥᠪᠰᠢᠶᠡᠷᠡᠬᠦ ᠳᠤ | ᠬᠡᠷᠡᠭᠵᠢᠬᠦᠯᠦᠨ᠎ᠡ︔ | ︵ᠭᠤᠷᠪᠠ︶ ᠨᠤᠲᠤᠭ ᠪᠡᠯᠴᠢᠭᠡᠷ ᠳᠡᠭᠡᠷ᠎ᠡ ᠨᠤᠲᠤᠭ ᠪᠡᠯᠴᠢᠭᠡᠷ ᠤᠨ ᠬᠠᠮᠠᠭᠠᠯᠠᠯᠲᠠ ᠪᠣᠯᠤᠨ ᠮᠠᠯ ᠠᠵᠤ | ᠠᠬᠤᠶ ᠶᠢᠨ ᠦᠢᠯᠡᠳᠪᠦᠷᠢᠯᠡᠯ ᠳᠤ ᠰᠢᠭᠤᠳ ᠦᠢᠯᠡᠴᠢᠯᠡᠬᠦ ᠪᠠᠷᠢᠯᠭ᠎ᠠ ᠶᠢᠨ ᠪᠡᠯᠡᠳᠬᠡᠮᠵᠢ ᠪᠠᠶᠢᠭᠤᠯᠬᠤ ᠳᠤ ᠨᠤᠲᠤᠭ | ᠪᠡᠯᠴᠢᠭᠡᠷ ᠢ ᠬᠡᠷᠡᠭᠯᠡᠬᠦ ᠶᠢ ᠬᠢᠨᠠᠨ ᠵᠦᠪᠰᠢᠶᠡᠷᠡᠬᠦ ᠳᠤ ᠬᠡᠷᠡᠭᠵᠢᠬᠦᠯᠦᠨ᠎ᠡ᠃ | ᠭᠤᠷᠪᠠᠳᠤᠭᠠᠷ ᠵᠦᠢᠯ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠶᠢ ᠬᠢᠨᠠᠨ ᠬᠠᠷᠭᠤᠭᠤᠯᠵᠤ | ᠬᠢᠨᠠᠨ ᠵᠥᠪᠰᠢᠶᠡᠷᠡᠬᠦ ᠨᠤᠲᠤᠭ ᠪᠡᠯᠴᠢᠭᠡᠷ ᠤᠨ ᠲᠦᠷᠦᠯ ︵ᠪᠠᠶᠢᠭᠠᠯᠢ ᠶᠢᠨ ᠪᠡᠯᠴᠢᠭᠡᠷ᠂ ᠲᠠᠷᠢᠮᠠᠯ ᠪᠡᠯᠴᠢᠭᠡᠷ ᠪᠠ | ᠪᠤᠰᠤᠳ ᠪᠡᠯᠴᠢᠭᠡᠷ ᠪᠠᠭᠲᠠᠨ᠎ᠠ︶ ᠢ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠤᠯᠤᠰ ᠤᠨ ᠭᠠᠵᠠᠷ ᠰᠢᠷᠣᠶ ᠶᠢᠨ | ᠪᠠᠶᠢᠴᠠᠭᠠᠯᠲᠠ ᠵᠢᠴᠢ ᠣᠨ ᠤ ᠤᠯᠤᠰ ᠤᠨ ᠭᠠᠵᠠᠷ ᠰᠢᠷᠣᠶ ᠶᠢᠨ ᠬᠤᠪᠢᠷᠠᠯᠲᠠ ᠶᠢᠨ ᠲᠤᠭ᠎ᠠ ᠪᠠᠷᠢᠮᠲᠠ ᠪᠠᠷ ᠰᠠᠭᠤᠷᠢ | ᠲᠤᠭ᠎ᠠ ᠪᠣᠯᠭᠠᠭᠰᠠᠨ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠵᠢᠷᠤᠭ ᠢᠶᠠᠷ ᠮᠠᠭᠠᠳᠯᠠᠨ | ᠲᠤᠭᠲᠠᠭᠠᠨᠡ᠃ | ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠣᠶ ᠰᠢᠭᠤᠶ ᠪᠠ ᠨᠤᠲᠤᠭ ᠪᠡᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠨᠤᠲᠤᠭ ᠪᠡᠯᠴᠢᠭᠡᠷ ᠢ | ᠲᠠᠲᠠᠪᠤᠷᠢᠯᠠᠨ ᠡᠵᠡᠯᠡᠵᠦ ᠬᠡᠷᠡᠭᠯᠡᠬᠦ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ ᠬᠤᠰᠢᠭᠤ ᠰᠢᠶᠠᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠨᠢ ᠰᠤᠮᠤ ᠰᠢᠶᠠᠩ ᠪᠠᠯᠭᠠᠰᠤ ᠳᠤ ᠪᠠᠭᠤᠯᠭᠠᠭᠰᠠᠨ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ | ᠬᠡᠷᠡᠭᠯᠡᠬᠦ ᠶᠢ ᠬᠢᠨᠠᠨ ᠵᠥᠪᠰᠢᠶᠡᠷᠡᠬᠦ ᠠᠵᠢᠯ ᠳᠤ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠ ᠬᠢᠨᠠᠯᠲᠠ | ᠲᠠᠯᠪᠢᠬᠤ ᠶᠢ ᠬᠠᠷᠢᠭᠤᠴᠠᠬᠤ ᠬᠡᠷᠡᠭᠲᠡᠶ᠃ | ᠲᠠᠪᠤᠳᠤᠭᠠᠷ ᠵᠦᠢᠯ ᠠᠭᠤᠷᠬᠠᠶ ᠶᠢᠨ ᠪᠤᠯᠠᠭᠳᠠᠴᠠ ᠶᠢ ᠨᠡᠭᠡᠭᠡᠨ ᠮᠠᠯᠲᠠᠬᠤ᠂ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠵᠡᠷᠭᠡ ᠡᠯ᠎ᠡ ᠲᠥᠷᠥᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠨᠢ ᠨᠤᠲᠤᠭ ᠪᠡᠯᠴᠢᠭᠡᠷ ᠢ | ᠠᠷᠪᠢᠲᠠᠶ ᠡᠷᠴᠢᠮᠯᠢᠭ ᠬᠡᠷᠡᠭᠯᠡᠬᠦ ᠬᠡᠷᠡᠭᠲᠡᠶ᠃ ᠡᠯ᠎ᠡ ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢ | ᠲᠦᠷ ᠴᠠᠭ ᠬᠡᠷᠡᠭᠯᠡᠬᠦ ᠨᠡᠷ᠎ᠡ ᠪᠠᠷ ᠨᠤᠲᠤᠭ ᠪᠡᠯᠴᠢᠭᠡᠷ ᠢ ᠤᠷᠲᠤ ᠬᠤᠭᠤᠴᠠᠭ᠎ᠠ ᠪᠠᠷ ᠡᠵᠡᠯᠡᠨ ᠬᠡᠷᠡᠭᠯᠡᠵᠦ ᠪᠣᠯᠬᠤ ᠦᠭᠡᠶ᠃ | | ᠵᠢᠷᠭᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠠᠴᠠ ᠦᠨᠳᠦᠰᠦᠨ ᠨᠤᠲᠤᠭ ᠪᠡᠯᠴᠢᠭᠡᠷ ᠤᠨ | ᠬᠠᠮᠠᠭᠠᠯᠠᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠦᠨ᠎ᠡ᠃ ᠲᠥᠷᠥ ᠶᠢᠨ ᠶᠠᠪᠤᠳᠠᠯ ᠤᠨ ᠬᠤᠷᠢᠶ᠎ᠠ ᠠᠴᠠ | ᠵᠥᠪᠰᠢᠶᠡᠷᠡᠭᠰᠡᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠤᠯᠤᠰ ᠤᠨ ᠪᠠᠲᠤᠯᠠᠨ ᠬᠠᠮᠠᠭᠠᠯᠠᠯᠲᠠ᠂ | ᠭᠠᠳᠠᠭᠠᠳᠤ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠬᠠᠤᠯᠢ ᠲᠣᠭᠲᠠᠭᠠᠯ ᠶᠣᠰᠣᠭᠠᠷ | ᠵᠥᠪᠰᠢᠶᠡᠷᠡᠭᠰᠡᠨ ᠤᠯᠤᠰ ᠤᠨ ᠴᠢᠬᠤᠯᠠ ᠶᠡᠭᠡ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ | ᠪᠠᠶᠢᠴᠠᠭᠠᠵᠤ ᠨᠡᠭᠡᠭᠡᠬᠦ ᠲᠥᠷᠥᠯ ᠵᠦᠢᠯ ᠪᠣᠯᠤᠨ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ | ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ | ᠰᠠᠯᠠᠭ᠎ᠠ ᠮᠥᠴᠢᠷ ᠠᠴᠠ ᠵᠥᠪᠰᠢᠶᠡᠷᠡᠭᠰᠡᠨ ᠰᠠᠭᠤᠷᠢ ᠪᠡᠯᠡᠳᠬᠡᠮᠵᠢ᠂ ᠣᠯᠠᠨ ᠨᠡᠶᠢᠲᠡ ᠶᠢᠨ ᠦᠢᠯᠡᠰ᠂ ᠠᠷᠠᠳ ᠤᠨ | ᠠᠮᠢᠳᠤᠷᠠᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠢᠴᠢ ᠬᠢᠨᠠᠨ ᠵᠥᠪᠰᠢᠶᠡᠷᠡᠬᠦ ᠱᠠᠲᠣᠨ ᠠᠴᠠ ᠠᠶᠢᠮᠠᠭ | ᠬᠤᠲᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ | ᠪᠠᠭᠤᠯᠭᠠᠬᠤ ᠰᠠᠭᠤᠷᠢ ᠪᠡᠯᠡᠳᠬᠡᠮᠵᠢ᠂ ᠣᠯᠠᠨ ᠨᠡᠶᠢᠲᠡ ᠶᠢᠨ ᠦᠢᠯᠡᠰ᠂ ᠠᠷᠠᠳ ᠤᠨ ᠠᠮᠢᠳᠤᠷᠠᠯ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠠᠴᠠ ᠭᠠᠳᠠᠨ᠎ᠠ᠂ ᠦᠨᠳᠦᠰᠦᠨ ᠨᠤᠲᠤᠭ ᠪᠡᠯᠴᠢᠭᠡᠷ ᠢ ᠲᠠᠲᠠᠪᠤᠷᠢᠯᠠᠬᠤ᠂ | ᠲᠠᠲᠠᠪᠤᠷᠢᠯᠠᠨ ᠬᠡᠷᠡᠭᠯᠡᠬᠦ ᠪᠤᠶᠤ ᠬᠡᠷᠡᠭᠯᠡᠵᠦ ᠪᠣᠯᠬᠤ ᠦᠭᠡᠶ᠃ | ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠵᠠᠰᠠᠮᠠᠯ ᠵᠠᠮ᠂ ᠲᠡᠮᠦᠷ ᠵᠠᠮ᠂ | ᠨᠢᠰᠬᠡᠯ ᠤᠨ ᠪᠠᠭᠤᠳᠠᠯ᠂ ᠤᠰᠤᠨ ᠠᠰᠢᠭᠯᠠᠯᠲᠠ᠂ ᠴᠠᠬᠢᠯᠭᠠᠨ ᠬᠦᠴᠦᠨ᠂ ᠴᠢᠮᠡᠭᠡ ᠨᠡᠪᠲᠡᠷᠡᠯᠭᠡ᠂ ᠡᠨᠧᠷᠭᠢ ᠶᠢᠨ | ᠰᠠᠭᠤᠷᠢᠨ ᠭᠠᠵᠠᠷ᠂ ᠲᠤᠰᠤᠨ ᠬᠡᠢ ᠶᠢᠨ ᠬᠤᠭᠤᠯᠠᠶ ᠶᠢᠨ ᠲᠣᠣᠷ ᠵᠡᠷᠭᠡ ᠪᠠᠭᠲᠠᠨ᠎ᠠ︔ ᠣᠯᠠᠨ ᠨᠡᠶᠢᠲᠡ ᠶᠢᠨ ᠠᠵᠢᠯ | ᠦᠢᠯᠡᠰ ᠪᠣᠯᠤᠨ ᠠᠷᠠᠳ ᠤᠨ ᠠᠮᠢᠳᠤᠷᠠᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠰᠢᠨᠵᠢᠯᠡᠬᠦ | ᠤᠬᠠᠭᠠᠨ ᠮᠡᠷᠭᠡᠵᠢᠯ᠂ ᠰᠤᠷᠭᠠᠨ ᠬᠥᠮᠦᠵᠢᠯ᠂ ᠰᠣᠶᠣᠯ᠂ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ᠂ ᠣᠷᠴᠢᠨ | ᠲᠣᠭᠤᠷᠢᠨ ᠪᠣᠯᠤᠨ ᠡᠬᠢ ᠪᠠᠶᠠᠯᠢᠭ ᠤᠨ ᠬᠠᠮᠠᠭᠠᠯᠠᠯᠲᠠ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ | ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ᠂ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ᠂ ᠬᠢᠮᠳᠠ | ᠲᠦᠷᠢᠶᠡᠰᠦᠨ ᠭᠡᠷ᠂ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ ᠪᠠᠶᠢᠭᠤᠯᠬᠤ ᠵᠡᠷᠭᠡ ᠪᠠᠭᠲᠠᠨ᠎ᠠ︔ | ᠤᠯᠤᠰ ᠤᠨ ᠪᠠᠲᠤᠯᠠᠨ ᠬᠠᠮᠠᠭᠠᠯᠠᠯᠲᠠ ᠪᠠ ᠭᠠᠳᠠᠭᠠᠳᠤ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠵᠦᠢᠯᠡᠰ | ᠭᠡᠳᠡᠭ ᠨᠢ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ ᠤᠯᠤᠰ ᠤᠨ ᠪᠠᠲᠤᠯᠠᠨ ᠬᠠᠮᠠᠭᠠᠯᠠᠯᠲᠠ ᠪᠠ ᠭᠠᠳᠠᠭᠠᠳᠤ | ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠵᠢᠭᠠᠵᠤ ᠪᠠᠶᠢᠨ᠎ᠠ᠃ | ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠬᠦ ᠲᠠᠷᠢᠶᠠᠴᠢᠨ ᠮᠠᠯᠴᠢᠳ ᠤᠨ ᠣᠷᠣᠨ ᠰᠠᠭᠤᠴᠠ ᠪᠣᠯᠤᠨ | ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢ | ᠦᠨᠳᠦᠰᠦᠨ ᠨᠤᠲᠤᠭ ᠪᠡᠯᠴᠢᠭᠡᠷ ᠢ ᠦᠨᠡᠨᠬᠦ ᠬᠡᠷᠡᠭᠯᠡᠬᠦ ᠦᠭᠡᠢ ᠪᠠᠶᠢᠬᠤ ᠶᠢᠨ ᠠᠷᠭ᠎ᠠ ᠦᠭᠡᠶ ᠪᠣᠯ ᠡᠵᠡᠯᠡᠨ ᠬᠡᠷᠡᠭᠯᠡᠵᠦ | ᠪᠣᠯᠬᠤ ᠶᠢᠨ ᠬᠠᠮᠲᠤ ᠨᠤᠲᠤᠭ ᠪᠡᠯᠴᠢᠭᠡᠷ ᠢ ᠲᠠᠲᠠᠪᠤᠷᠢᠯᠠᠬᠤ᠂ ᠲᠠᠲᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ ᠶᠢ ᠬᠢᠨᠠᠨ | ᠬᠠᠷᠭᠤᠭᠤᠯᠬᠤ ᠭᠠᠷ ᠭᠦᠢᠴᠡᠳᠬᠡᠯ ᠭᠦᠢᠴᠡᠳᠬᠡᠵᠦ ᠪᠣᠯᠤᠨ᠎ᠠ᠃ | ᠳᠣᠯᠣᠳᠤᠭᠠᠷ ᠵᠦᠢᠯ ᠠᠭᠤᠷᠬᠠᠶ ᠶᠢᠨ ᠪᠤᠯᠠᠭᠳᠠᠴᠠ ᠶᠢ ᠨᠡᠭᠡᠭᠡᠨ ᠮᠠᠯᠲᠠᠬᠤ ᠪᠠ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠳᠤ ᠨᠤᠲᠤᠭ ᠪᠡᠯᠴᠢᠭᠡᠷ ᠢ ᠦᠨᠡᠨ ᠬᠦ ᠲᠠᠲᠠᠪᠤᠷᠢᠯᠠᠬᠤ᠂ ᠲᠠᠲᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ | ᠴᠢᠬᠤᠯᠠ ᠲᠠᠢ ᠪᠣᠯ ᠳᠤᠤᠷ᠎ᠠ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠦᠢᠴᠡᠳᠬᠡᠨ᠎ᠡ᠄ | ︵ᠨᠢᠭᠡ︶ ᠨᠤᠲᠤᠭ ᠪᠡᠯᠴᠢᠭᠡᠷ ᠢ ᠲᠠᠲᠠᠪᠤᠷᠢᠯᠠᠬᠤ᠂ ᠲᠠᠲᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ ᠨᠢ ᠳᠠᠯᠠᠨ | ᠾᠧᠺᠲ᠋ᠠᠷ ᠠᠴᠠ ᠬᠡᠲᠦᠷᠡᠭᠰᠡᠨ᠂ ᠥᠪᠥᠷ ᠮᠣᠩᠭᠤᠯ ᠤᠨ ᠭᠤᠤᠯᠳᠠᠯᠭ᠎ᠠ ᠲᠠᠢ ᠤᠯᠤᠰ ᠤᠨ ᠥᠮᠴᠢᠯᠡᠯᠲᠦ ᠰᠢᠭᠤᠶᠢᠲᠤ | ᠣᠷᠣᠨ ᠤ ᠠᠵᠢᠯᠯᠠᠬᠤ ᠣᠷᠣᠨ ᠤ ᠬᠡᠪᠴᠢᠶᠡᠨ ᠳᠣᠲᠣᠷᠠᠬᠢ ᠨᠤᠲᠤᠭ ᠪᠡᠯᠴᠢᠭᠡᠷ ᠢ ᠲᠠᠲᠠᠪᠤᠷᠢᠯᠠᠬᠤ᠂ ᠲᠠᠲᠠᠪᠤᠷᠢᠯᠠᠨ | ᠬᠡᠷᠡᠭᠯᠡᠬᠦ ᠪᠤᠶᠤ ᠬᠡᠷᠡᠭᠯᠡᠬᠦ ᠳᠤ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠬᠢᠨᠠᠨ | ᠬᠠᠷᠭᠤᠭᠤᠯᠬᠤ ᠬᠡᠷᠡᠭᠲᠡᠶ︔ | ︵ᠬᠤᠶᠠᠷ︶ ᠳᠠᠯᠠᠨ ᠾᠧᠺᠲ᠋ᠠᠷ ᠪᠤᠶᠤ ᠲᠡᠭᠦᠨ ᠠᠴᠠ ᠳᠣᠷᠣᠭᠰᠢᠬᠢ ᠨᠤᠲᠤᠭ ᠪᠡᠯᠴᠢᠭᠡᠷ ᠢ ᠲᠠᠲᠠᠪᠤᠷᠢᠯᠠᠬᠤ᠂ | ᠲᠠᠲᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ ᠳᠤ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠣᠯᠤᠨ ᠨᠤᠲᠤᠭ | ᠪᠡᠯᠴᠢᠭᠡᠷ ᠤᠨ ᠲᠣᠪᠴᠢᠶ᠎ᠠ ᠠᠴᠠ ᠬᠢᠨᠠᠨ ᠬᠠᠷᠭᠤᠭᠤᠯᠬᠤ ᠬᠡᠷᠡᠭᠲᠡᠶ᠃ | ᠨᠠᠢᠮᠠᠳᠤᠭᠠᠷ ᠵᠦᠢᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠪᠠᠷᠢᠬᠤ᠂ ᠭᠠᠵᠠᠷ | ᠰᠢᠨᠵᠢᠯᠡᠭᠡᠨ ᠤ ᠬᠠᠶᠢᠨ ᠪᠠᠶᠢᠴᠠᠭᠠᠯᠲᠠ ᠬᠢᠬᠦ ᠳᠤ ᠨᠤᠲᠤᠭ ᠪᠡᠯᠴᠢᠭᠡᠷ ᠢ ᠦᠨᠡᠨᠬᠦ ᠲᠦᠷ ᠴᠠᠭ ᠡᠵᠡᠯᠡᠨ ᠬᠡᠷᠡᠭᠯᠡᠬᠦ | ᠴᠢᠬᠤᠯᠠ ᠲᠠᠢ ᠪᠣᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠣᠶ | ᠰᠢᠭᠤᠶ ᠪᠠ ᠨᠤᠲᠤᠭ ᠪᠡᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠭᠰᠠᠨ ᠡᠷᠬᠡ | ᠮᠡᠳᠡᠯ ᠢ ᠦᠨᠳᠦᠰᠦᠯᠡᠨ ᠱᠠᠲᠤ ᠬᠤᠪᠢᠶᠠᠨ ᠬᠢᠨᠠᠨ ᠵᠥᠪᠰᠢᠶᠡᠷᠡᠨ᠎ᠡ᠃ | ᠨᠤᠲᠤᠭ ᠪᠡᠯᠴᠢᠭᠡᠷ ᠢ ᠲᠦᠷ ᠴᠠᠭ ᠡᠵᠡᠯᠡᠨ ᠬᠡᠷᠡᠭᠯᠡᠬᠦ ᠬᠤᠭᠤᠴᠠᠭ᠎ᠠ ᠶᠢ ᠡᠩ ᠤᠨ ᠪᠠᠶᠢᠳᠠᠯ ᠳᠤ ᠬᠤᠶᠠᠷ | ᠵᠢᠯ ᠠᠴᠠ ᠬᠡᠲᠦᠷᠡᠭᠦᠯᠬᠦ ᠥᠬᠡᠶ︔ ᠪᠦᠲᠦᠭᠡᠨ ᠪᠠᠶᠢᠭᠤᠯᠬᠤ ᠦᠶᠡᠯᠡᠬᠦ ᠬᠤᠭᠤᠴᠠᠭ᠎ᠠ ᠨᠢ ᠨᠡᠯᠢᠶᠡᠳ ᠤᠷᠲᠤ ᠡᠨᠧᠷᠭᠢ᠂ | ᠵᠠᠮ ᠬᠠᠷᠢᠯᠴᠠᠭ᠎ᠠ᠂ ᠤᠰᠤᠨ ᠠᠰᠢᠭᠯᠠᠯᠲᠠ ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ | ᠨᠤᠲᠤᠭ ᠪᠡᠯᠴᠢᠭᠡᠷ ᠢ ᠲᠦᠷ ᠴᠠᠭ ᠡᠵᠡᠯᠡᠨ ᠬᠡᠷᠡᠭᠯᠡᠪᠡᠯ ᠨᠢᠭᠡ ᠤᠳᠠᠭ᠎ᠠ ᠤᠷᠲᠤᠳᠬᠠᠵᠤ ᠪᠣᠯᠤᠨ᠎ᠠ᠂ ᠭᠠᠵᠠᠷ ᠬᠡᠷᠡᠭᠯᠡᠬᠦ | ᠨᠢᠭᠡᠴᠡ ᠨᠢ ᠵᠦᠪᠰᠢᠶᠡᠷᠡᠯ ᠤᠨ ᠬᠤᠭᠤᠴᠠᠭ᠎ᠠ ᠳᠦᠭᠦᠷᠬᠦ ᠠᠴᠠ ᠡᠮᠦᠨ᠎ᠡ 3 ᠰᠠᠷ᠎ᠠ ᠶᠢᠨ ᠳᠣᠲᠣᠷ᠎ᠠ ᠬᠤᠭᠤᠴᠠᠭ᠎ᠠ | ᠤᠷᠲᠤᠳᠬᠠᠬᠤ ᠭᠤᠶᠤᠴᠢᠯᠠᠯ ᠢᠶᠠᠨ ᠳᠤᠷᠠᠳᠬᠤ ᠬᠡᠷᠡᠭᠲᠡᠶ᠂ ᠭᠡᠬᠦ ᠳᠡᠭᠡᠨ ᠶᠡᠷᠦᠩᠬᠡᠶ ᠬᠢᠨᠠᠨ ᠵᠥᠪᠰᠢᠶᠡᠷᠡᠬᠦ | ᠬᠤᠭᠤᠴᠠᠭ᠎ᠠ ᠶᠢ ᠳᠥᠷᠪᠡᠨ ᠵᠢᠯ ᠠᠴᠠ ᠬᠡᠲᠦᠷᠡᠭᠦᠯᠵᠦ ᠪᠣᠯᠬᠤ ᠦᠭᠡᠶ︔ ᠬᠠᠤᠯᠢ ᠴᠠᠭᠠᠵᠠ᠂ ᠵᠠᠰᠠᠭ ᠵᠠᠬᠢᠷᠭᠠᠨ ᠤ | ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠨᠢ ᠡᠭᠦᠨ ᠳᠤ ᠪᠠᠭᠲᠠᠬᠤ ᠤᠢᠭᠡᠢ᠃ ᠲᠦᠷ ᠴᠠᠭ ᠡᠵᠡᠯᠡᠨ | ᠬᠡᠷᠡᠭᠯᠡᠬᠦ ᠬᠤᠭᠤᠴᠠᠭ᠎ᠠ ᠨᠢ ᠳᠦᠭᠦᠷᠪᠡᠯ᠂ ᠨᠤᠲᠤᠭ ᠪᠡᠯᠴᠢᠭᠡᠷ ᠢ ᠬᠡᠷᠡᠭᠯᠡᠬᠦ ᠨᠢᠭᠡᠴᠡ ᠪᠤᠶᠤ ᠬᠤᠪᠢ ᠬᠥᠮᠦᠨ ᠨᠤᠲᠤᠭ | ᠪᠡᠯᠴᠢᠭᠡᠷ ᠢ ᠲᠦᠷ ᠴᠠᠭ ᠡᠵᠡᠯᠡᠨ ᠬᠡᠷᠡᠭᠯᠡᠬᠦ ᠬᠤᠭᠤᠴᠠᠭ᠎ᠠ ᠨᠢ ᠳᠦᠭᠦᠷᠦᠭᠰᠡᠨ ᠡᠳᠦᠷ ᠠᠴᠠ ᠡᠬᠢᠯᠡᠨ ᠨᠢᠭᠡ ᠵᠢᠯ ᠤᠨ | ᠳᠣᠲᠣᠷ᠎ᠠ ᠨᠤᠲᠤᠭ ᠪᠡᠯᠴᠢᠭᠡᠷ ᠤᠨ ᠤᠷᠭᠤᠮᠠᠯ ᠤᠨ ᠪᠦᠷᠬᠦᠴᠡ ᠶᠢ ᠰᠡᠷᠭᠦᠭᠡᠬᠦ ᠶᠢᠨ ᠬᠠᠮᠲᠤ ᠪᠣᠯᠵᠣᠨ ᠲᠣᠭᠲᠠᠭᠰᠠᠨ | ᠶᠣᠰᠣᠭᠠᠷ ᠴᠠᠭ ᠲᠤᠬᠠᠶ ᠳᠤᠨᠢ ᠪᠤᠴᠠᠭᠠᠬᠤ ᠬᠡᠷᠡᠭᠲᠡᠶ᠃ | ᠶᠢᠰᠦᠳᠦᠭᠡᠷ ᠵᠦᠢᠯ ᠨᠤᠲᠤᠭ ᠪᠡᠯᠴᠢᠭᠡᠷ ᠳᠡᠭᠡᠷ᠎ᠡ ᠨᠤᠲᠤᠭ ᠪᠡᠯᠴᠢᠭᠡᠷ ᠤᠨ ᠬᠠᠮᠠᠭᠠᠯᠠᠯᠲᠠ ᠪᠠ ᠮᠠᠯ ᠠᠵᠤ | ᠠᠬᠤᠶ ᠶᠢᠨ ᠦᠢᠯᠡᠳᠪᠦᠷᠢᠯᠡᠯ ᠳᠤ ᠰᠢᠭᠤᠳ ᠦᠢᠯᠡᠴᠢᠯᠡᠬᠦ ᠪᠠᠷᠢᠯᠭ᠎ᠠ ᠶᠢᠨ ᠲᠥᠬᠦᠭᠡᠷᠦᠮᠵᠢ ᠪᠠᠢᠭᠤᠯᠬᠤ ᠳᠤ ᠨᠤᠲᠤᠭ | ᠪᠡᠯᠴᠢᠭᠡᠷ ᠢ ᠦᠨᠡᠨᠬᠦ ᠬᠡᠷᠡᠭᠯᠡᠬᠦ ᠴᠢᠬᠤᠯᠠ ᠲᠠᠢ ᠪᠣᠯ ᠳᠤᠤᠷ᠎ᠠ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ | ᠬᠦᠢᠴᠡᠳᠬᠡᠨ᠎ᠡ᠄ | ︵ᠨᠢᠭᠡ︶ ᠬᠡᠷᠡᠭᠯᠡᠬᠦ ᠨᠤᠲᠤᠭ ᠪᠡᠯᠴᠢᠭᠡᠷ ᠨᠢ ᠳᠠᠯᠠᠨ ᠾᠧᠺᠲ᠋ᠠᠷ ᠠᠴᠠ ᠬᠡᠲᠦᠷᠡᠭᠰᠡᠨ ᠪᠠᠶᠢᠪᠠᠯ᠂ ᠥᠪᠡᠷᠲᠡᠭᠡᠨ | ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠬᠢᠨᠠᠨ ᠵᠥᠪᠰᠢᠶᠡᠷᠡᠨ᠎ᠡ︔ | ︵ᠬᠤᠶᠠᠷ︶ ᠬᠡᠷᠡᠭᠯᠡᠬᠦ ᠨᠤᠲᠤᠭ ᠪᠡᠯᠴᠢᠭᠡᠷ ᠨᠢ ᠳᠠᠯᠠᠨ ᠾᠧᠺᠲ᠋ᠠᠷ ᠵᠢᠴᠢ ᠲᠡᠭᠦᠨ ᠠᠴᠠ ᠳᠣᠷᠣᠭᠰᠢᠬᠢ ᠪᠠᠶᠢᠪᠠᠯ᠂ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠣᠶ ᠰᠢᠭᠤᠶ ᠪᠠ ᠨᠤᠲᠤᠭ | ᠪᠡᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠤᠮᠤ ᠰᠢᠶᠠᠩ ᠪᠠᠯᠭᠠᠰᠤ ᠠᠴᠠ ᠲᠣᠭᠲᠠᠭᠠᠭᠰᠠᠨ | ᠡᠷᠬᠡ ᠮᠡᠳᠡᠯ ᠤᠨ ᠬᠡᠪᠴᠢᠶ᠎ᠡ ᠪᠠᠨ ᠦᠨᠳᠦᠰᠦᠯᠡᠨ ᠱᠠᠲᠤ ᠬᠤᠪᠢᠶᠠᠨ ᠬᠢᠨᠠᠨ ᠵᠥᠪᠰᠢᠶᠡᠷᠡᠨ᠎ᠡ᠃ ᠪᠤᠰᠤᠳ ᠪᠠᠷᠢᠯᠭ᠎ᠠ | ᠪᠠᠶᠢᠭᠤᠯᠬᠤ ᠳᠤ ᠨᠤᠲᠤᠭ ᠪᠡᠯᠴᠢᠭᠡᠷ ᠢ ᠮᠠᠯ ᠠᠵᠤ ᠠᠬᠤᠶ ᠶᠢᠨ ᠦᠢᠯᠡᠳᠪᠦᠷᠢᠯᠡᠯ ᠳᠤ ᠦᠯᠦ ᠬᠡᠷᠡᠭᠯᠡᠬᠦ ᠭᠠᠵᠠᠷ | ᠪᠣᠯᠭᠠᠨ ᠬᠤᠪᠢᠷᠠᠭᠤᠯᠬᠤ ᠴᠢᠬᠤᠯᠠ ᠲᠠᠢ ᠪᠣᠯ ᠲᠤᠰ ᠲᠣᠭᠲᠠᠭᠠᠯ ᠤᠨ ᠳᠣᠯᠣᠳᠤᠭᠠᠷ ᠵᠦᠢᠯ ᠤᠨ ᠶᠣᠰᠣᠭᠠᠷ | ᠭᠦᠢᠴᠡᠳᠬᠡᠬᠦ ᠬᠡᠷᠡᠭᠲᠡᠶ᠃ | ᠨᠤᠲᠤᠭ ᠪᠡᠯᠴᠢᠭᠡᠷ ᠤᠨ ᠬᠠᠮᠠᠭᠠᠯᠠᠯᠲᠠ ᠪᠣᠯᠤᠨ ᠮᠡᠯ ᠠᠵᠤ ᠠᠬᠤᠢ ᠶᠢᠨ ᠦᠢᠯᠡᠳᠪᠦᠷᠢᠯᠡᠯ ᠳᠤ ᠰᠢᠭᠤᠳ | ᠦᠢᠯᠡᠴᠢᠯᠡᠬᠦ ᠪᠠᠷᠢᠯᠭ᠎ᠠ ᠶᠢᠨ ᠲᠥᠬᠦᠭᠡᠷᠦᠮᠵᠢ ᠭᠡᠳᠡᠭ ᠪᠣᠯ᠄ | 1. ᠡᠪᠡᠰᠦᠨ ᠦᠷ᠎ᠡ ᠪᠠ ᠲᠡᠵᠢᠭᠡᠯ ᠡᠪᠡᠰᠦ ᠪᠣᠷᠳᠤᠭ᠎ᠠ ᠦᠢᠯᠡᠳᠪᠦᠷᠢᠯᠡᠵᠦ ᠬᠠᠳᠠᠭᠠᠯᠠᠬᠤ ᠲᠥᠬᠦᠭᠡᠷᠦᠮᠵᠢ︔ | 2 . ᠮᠠᠯ ᠤᠨ ᠬᠠᠰᠢᠶ᠎ᠠ ᠰᠠᠷᠠᠪᠴᠢ᠂ ᠬᠡᠭᠡᠯᠲᠦᠭᠦᠯᠬᠦ ᠭᠠᠵᠠᠷ᠂ ᠨᠣᠣᠰᠣ ᠬᠠᠶᠢᠴᠢᠯᠠᠬᠤ ᠭᠠᠵᠠᠷ᠂ ᠡᠮᠲᠦ | ᠤᠬᠢᠶᠠᠯᠭ᠎ᠠ ᠶᠢᠨ ᠭᠠᠵᠠᠷ᠂ ᠬᠥᠮᠦᠨ ᠮᠠᠯ ᠤᠨ ᠤᠤᠭᠤᠬᠤ ᠤᠰᠤᠨ ᠤ ᠪᠡᠯᠡᠳᠬᠡᠮᠵᠢ︔ | 3 . ᠰᠢᠨᠵᠢᠯᠡᠬᠦ ᠤᠬᠠᠭᠠᠨ ᠤ ᠰᠤᠳᠤᠯᠤᠯ᠂ ᠲᠤᠷᠰᠢᠯᠲᠠ᠂ ᠵᠢᠱᠢᠶ᠎ᠡ ᠦᠵᠡᠭᠦᠯᠬᠦ ᠰᠠᠭᠤᠷᠢᠨ ᠭᠠᠵᠠᠷ︔ | 4 . ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠪᠠ ᠤᠰᠤᠯᠠᠯᠲᠠ ᠶᠢᠨ ᠪᠡᠯᠡᠳᠬᠡᠮᠵᠢ᠃ | | ᠠᠷᠪᠠᠳᠤᠭᠠᠷ ᠵᠦᠢᠯ ᠨᠤᠲᠤᠭ ᠪᠡᠯᠴᠢᠭᠡᠷ ᠢ ᠳᠠᠯᠠᠨ ᠾᠧᠺᠲ᠋ᠠᠷ ᠠᠴᠠ ᠳᠡᠭᠡᠭᠰᠢ ᠲᠠᠲᠠᠪᠤᠷᠢᠯᠠᠬᠤ᠂ ᠲᠠᠲᠠᠪᠤᠷᠢᠯᠠᠨ | ᠬᠡᠷᠡᠭᠯᠡᠬᠦ ᠪᠤᠶᠤ ᠬᠡᠷᠡᠭᠯᠡᠬᠦ ᠳᠤ ᠳᠣᠣᠷᠠᠬᠢ ᠮᠠᠲ᠋ᠧᠷᠢᠶᠠᠯ ᠤᠳ ᠢ ᠬᠠᠩᠭᠠᠪᠠᠯ ᠵᠣᠬᠢᠨ᠎ᠠ᠄ | ︵ᠨᠢᠭᠡ︶ ︽ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠭᠤᠶᠤᠴᠢᠯᠠᠯ ᠤᠨ ᠬᠦᠰᠦᠨᠦᠭᠲᠦ︾︔ | | ︵ᠬᠤᠶᠠᠷ︶ ᠲᠥᠷᠥᠯ ᠵᠦᠢᠯ ᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ︔ | ︵ᠭᠤᠷᠪᠠ︶ ᠨᠥᠬᠦᠪᠥᠷᠢ ᠥᠭᠬᠦ ᠬᠡᠯᠡᠯᠴᠡᠭᠡᠷ︔ | ︵ᠳᠥᠷᠪᠡ︶ ᠨᠤᠲᠤᠭ ᠪᠡᠯᠴᠢᠭᠡᠷ ᠤᠨ ᠡᠷᠬᠡ ᠶᠢᠨ ᠬᠠᠷᠢᠶ᠎ᠠ ᠶᠢᠨ ᠮᠠᠲ᠋ᠧᠷᠢᠶᠠᠯ︔ | ︵ᠲᠠᠪᠤ︶ ᠲᠠᠲᠠᠪᠤᠷᠢᠯᠠᠨ ᠬᠡᠷᠡᠭᠯᠡᠬᠦ ᠪᠠᠷ ᠪᠠᠶᠢᠭ᠎ᠠ ᠨᠤᠲᠤᠭ ᠪᠡᠯᠴᠢᠭᠡᠷ ᠤᠨ ᠣᠷᠣᠨ ᠪᠦᠰᠡ ᠶᠢᠨ ᠪᠠᠶᠢᠷᠢᠰᠢᠯ ᠤᠨ | ᠵᠢᠷᠤᠭ᠃ | ᠲᠠᠯᠠᠨ ᠾᠧᠺᠲ᠋ᠠᠷ ᠵᠢᠴᠢ ᠲᠡᠭᠦᠨ ᠠᠴᠠ ᠳᠣᠷᠣᠭᠰᠢᠬᠢ ᠨᠤᠲᠤᠭ ᠪᠡᠯᠴᠢᠭᠡᠷ ᠢ ᠲᠠᠲᠠᠪᠤᠷᠢᠯᠠᠬᠤ᠂ ᠲᠠᠲᠠᠪᠤᠷᠢᠯᠠᠨ | ᠬᠡᠷᠡᠭᠯᠡᠬᠦ ᠪᠤᠶᠤ ᠬᠡᠷᠡᠭᠯᠡᠬᠦ ᠳᠤ ᠳᠣᠣᠷᠠᠬᠢ ᠮᠠᠲ᠋ᠧᠷᠢᠶᠠᠯ ᠤᠳ ᠢ ᠬᠠᠩᠭᠠᠬᠤ ᠬᠡᠷᠡᠭᠲᠡᠢ᠄ | ︵ᠨᠢᠭᠡ︶ ︽ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠭᠤᠶᠤᠴᠢᠯᠠᠯ ᠤᠨ ᠬᠦᠰᠦᠨᠦᠭᠲᠦ︾︔ | ︵ᠬᠤᠶᠠᠷ︶ ᠲᠥᠷᠥᠯ ᠵᠦᠢᠯ ᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ︔ | ︵ᠭᠤᠷᠪᠠ︶ ᠨᠤᠲᠤᠭ ᠪᠡᠯᠴᠢᠭᠡᠷ ᠤᠨ ᠡᠷᠬᠡ ᠶᠢᠨ ᠬᠠᠷᠢᠶ᠎ᠠ ᠵᠢᠴᠢ ᠨᠥᠬᠦᠪᠥᠷᠢ ᠥᠭᠬᠦ ᠵᠦᠢᠯᠡᠰ ᠤᠨ | ᠲᠣᠳᠣᠷᠬᠠᠶᠢᠯᠠᠯᠲᠠ ᠶᠢᠨ ᠪᠢᠴᠢᠭ ᠮᠠᠲ᠋ᠧᠷᠢᠶᠠᠯ︔ | ︵ᠳᠥᠷᠪᠡ︶ ᠲᠠᠲᠠᠪᠤᠷᠢᠯᠠᠨ ᠬᠡᠷᠡᠭᠯᠡᠬᠦ ᠪᠠᠷ ᠪᠠᠶᠢᠭ᠎ᠠ ᠨᠤᠲᠤᠭ ᠪᠡᠯᠴᠢᠭᠡᠷ ᠤᠨ ᠣᠷᠣᠨ ᠪᠦᠰᠡ ᠶᠢᠨ | ᠪᠠᠶᠢᠷᠢᠰᠢᠯ ᠤᠨ ᠵᠢᠷᠤᠭ᠃ | ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠬᠦ ᠲᠠᠷᠢᠶᠠᠴᠢᠨ ᠮᠠᠯᠴᠢᠳ ᠤᠨ ᠣᠷᠣᠨ ᠰᠠᠭᠤᠴᠠ ᠶᠢᠨ ᠪᠦᠲᠦᠭᠡᠨ | ᠪᠠᠶᠢᠭᠤᠯᠤᠯᠲᠠ ᠳᠤ ᠨᠤᠲᠤᠭ ᠪᠡᠯᠴᠢᠭᠡᠷ ᠢ ᠬᠡᠷᠡᠭᠯᠡᠬᠦ ᠴᠢᠬᠤᠯᠠ ᠲᠠᠢ ᠪᠣᠯ ᠄ | ᠨᠢᠭᠡᠳᠦᠭᠡᠷ ᠵᠤᠷᠪᠤᠰ ᠢ ᠬᠠᠩᠭᠠᠬᠤ ᠪᠠᠷ ᠪᠠᠷᠠᠬᠤ ᠦᠭᠡᠢ᠂ ᠨᠤᠲᠤᠭ ᠪᠡᠯᠴᠢᠭᠡᠷ ᠤᠨ ᠡᠷᠬᠡ ᠶᠢᠨ ᠬᠠᠷᠢᠶ᠎ᠠ ᠶᠢᠨ | ᠮᠠᠲ᠋ᠧᠷᠢᠶᠠᠯ ᠵᠢᠴᠢ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠰᠠᠨᠠᠯ ᠢ | ᠬᠠᠩᠭᠠᠨ᠎ᠠ᠃ | ᠠᠷᠪᠠᠨ ᠨᠢᠭᠡᠳᠦᠭᠡᠷ ᠵᠦᠢᠯ ᠨᠤᠲᠤᠭ ᠪᠡᠯᠴᠢᠭᠡᠷ ᠢ ᠲᠦᠷ ᠴᠠᠭ ᠡᠵᠡᠯᠡᠨ ᠬᠡᠷᠡᠭᠯᠡᠬᠦ ᠳᠤ ᠳᠤᠤᠷᠠᠬᠢ | ᠮᠠᠲ᠋ᠧᠷᠢᠶᠠᠯ ᠢ ᠬᠠᠩᠭᠠᠬᠤ ᠬᠡᠷᠡᠭᠲᠡᠶ᠄ | ︵ᠨᠢᠭᠡ︶ ︽ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠭᠤᠶᠤᠴᠢᠯᠠᠯ ᠤᠨ ᠬᠦᠰᠦᠨᠦᠭᠲᠦ︾︔ | | ︵ᠬᠤᠶᠠᠷ︶ ᠲᠥᠷᠥᠯ ᠵᠦᠢᠯ ᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠪᠤᠶᠤ ᠨᠤᠲᠤᠭ ᠪᠡᠯᠴᠢᠭᠡᠷ ᠢ ᠡᠵᠡᠯᠡᠨ | ᠬᠡᠷᠡᠭᠯᠡᠭᠰᠡᠨ ᠪᠠᠶᠢᠳᠠᠯ ᠤᠨ ᠲᠣᠳᠣᠷᠬᠠᠶᠢᠯᠠᠯᠲᠠ︔ | ︵ ᠭᠤᠷᠪᠠ︶ ᠨᠤᠲᠤᠭ ᠪᠡᠯᠴᠢᠭᠡᠷ ᠤᠨ ᠡᠷᠬᠡ ᠶᠢᠨ ᠬᠠᠷᠢᠶ᠎ᠠ ᠵᠢᠴᠢ ᠨᠥᠬᠦᠪᠥᠷᠢ ᠥᠭᠬᠦ ᠵᠦᠢᠯᠡᠰ ᠤᠨ | ᠲᠣᠳᠣᠷᠬᠠᠶᠢᠯᠠᠯᠲᠠ ᠶᠢᠨ ᠪᠢᠴᠢᠭ ᠮᠠᠲ᠋ᠧᠷᠢᠶᠠᠯ︔ | ︵ᠳᠥᠷᠪᠡ︶ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠲᠥᠰᠦᠯ︔ | ︵ᠲᠠᠪᠤ︶ ᠨᠤᠲᠤᠭ ᠪᠡᠯᠴᠢᠭᠡᠷ ᠢ ᠲᠦᠷ ᠴᠠᠭ ᠡᠵᠡᠯᠡᠨ ᠬᠡᠷᠡᠭᠯᠡᠬᠦ ᠪᠠᠷ ᠪᠠᠶᠢᠭ᠎ᠠ ᠣᠷᠣᠨ ᠪᠦᠰᠡ ᠶᠢᠨ | ᠪᠠᠶᠢᠷᠢᠰᠢᠯ ᠤᠨ ᠵᠢᠷᠤᠭ᠃ | ᠠᠷᠪᠠᠨ ᠬᠤᠶᠠᠳᠤᠭᠠᠷ ᠵᠦᠢᠯ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠰᠢᠨᠵᠢᠬᠦ ᠪᠠ | ᠨᠡᠭᠡᠭᠡᠨ ᠮᠠᠯᠲᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠨᠤᠲᠤᠭ ᠪᠡᠯᠴᠢᠭᠡᠷ ᠢ ᠦᠨᠡᠨᠬᠦ ᠲᠠᠲᠠᠪᠤᠷᠢᠯᠠᠨ | ᠡᠵᠡᠯᠡᠵᠦ ᠬᠡᠷᠡᠭᠯᠡᠬᠦ ᠴᠢᠬᠤᠯᠠ ᠲᠠᠢ ᠪᠣᠯ ᠠᠷᠪᠠᠳᠤᠭᠠᠷ ᠵᠦᠢᠯ᠂ ᠠᠷᠪᠠᠨ ᠨᠢᠭᠡᠳᠦᠭᠡᠷ ᠵᠦᠢᠯ ᠳᠤ ᠲᠣᠭᠲᠠᠭᠠᠭᠰᠠᠨ | ᠮᠠᠲ᠋ᠧᠷᠢᠶᠠᠯ ᠠᠴᠠ ᠭᠠᠳᠠᠨ᠎ᠠ ᠪᠠᠰᠠ ᠬᠦᠴᠦᠨ ᠲᠠᠢ ᠬᠤᠭᠤᠴᠠᠭᠠᠨ ᠤ ᠳᠣᠲᠣᠷᠠᠬᠢ ᠬᠠᠶᠢᠨ ᠰᠢᠨᠵᠢᠬᠦ ᠵᠥᠪᠰᠢᠶᠡᠷᠡᠯ ᠤᠨ | ᠦᠨᠡᠮᠯᠡᠯ ᠪᠤᠶᠤ ᠠᠭᠤᠷᠬᠠᠶ ᠮᠠᠯᠲᠠᠬᠤ ᠵᠥᠪᠰᠢᠶᠡᠷᠡᠯ ᠤᠨ ᠦᠨᠡᠮᠯᠡᠯ ᠢ ᠬᠠᠩᠭᠠᠬᠤ ᠬᠡᠷᠡᠭᠲᠡᠶ᠃ | ᠠᠷᠪᠠᠨ ᠭᠤᠷᠪᠠᠳᠤᠭᠠᠷ ᠵᠦᠢᠯ ᠨᠤᠲᠤᠭ ᠪᠡᠯᠴᠢᠭᠡᠷ ᠳᠡᠭᠡᠷ᠎ᠡ ᠨᠤᠲᠤᠭ ᠪᠡᠯᠴᠢᠭᠡᠷ ᠤᠨ ᠬᠠᠮᠠᠭᠠᠯᠠᠯᠲᠠ ᠪᠠ ᠮᠠᠯ | ᠠᠵᠤ ᠠᠬᠤᠶ ᠶᠢᠨ ᠦᠢᠯᠡᠳᠪᠦᠷᠢᠯᠡᠯ ᠳᠤ ᠰᠢᠭᠤᠳ ᠦᠢᠯᠡᠴᠢᠯᠡᠬᠦ ᠪᠠᠷᠢᠯᠭ᠎ᠠ ᠶᠢᠨ ᠲᠥᠬᠦᠭᠡᠷᠦᠮᠵᠢ ᠪᠠᠶᠢᠭᠤᠯᠬᠤ ᠳᠤ | ᠨᠤᠲᠤᠭ ᠪᠡᠯᠴᠢᠭᠡᠷ ᠢ ᠬᠡᠷᠡᠭᠯᠡᠬᠦ ᠳᠤ ᠳᠤᠤᠷᠠᠬᠢ ᠮᠠᠲ᠋ᠧᠷᠢᠶᠠᠯ ᠤᠳ ᠢ ᠬᠠᠩᠭᠠᠬᠤ ᠬᠡᠷᠡᠭᠲᠡᠶ᠄᠃ | ︵ᠨᠢᠭᠡ︶ ︽ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠭᠤᠶᠤᠴᠢᠯᠠᠯ ᠤᠨ ᠬᠦᠰᠦᠨᠦᠭᠲᠦ︾︔ | | ︵ᠬᠤᠶᠠᠷ︶ ᠲᠥᠷᠥᠯ ᠵᠦᠢᠯ ᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠪᠤᠶᠤ ᠨᠤᠲᠤᠭ ᠪᠡᠯᠴᠢᠭᠡᠷ ᠢ | ᠬᠡᠷᠡᠭᠯᠡᠭᠰᠡᠨ ᠪᠠᠶᠢᠳᠠᠯ ᠤᠨ ᠲᠣᠳᠣᠷᠬᠠᠶᠢᠯᠠᠯᠲᠠ︔ | ︵ᠭᠤᠷᠪᠠ︶ ᠨᠤᠲᠤᠭ ᠪᠡᠯᠴᠢᠭᠡᠷ ᠤᠨ ᠡᠷᠬᠡ ᠶᠢᠨ ᠬᠠᠷᠢᠶ᠎ᠠ ᠵᠢᠴᠢ ᠨᠥᠬᠦᠪᠥᠷᠢ ᠥᠭᠬᠦ ᠵᠦᠢᠯᠡᠰ ᠤᠨ | ᠲᠣᠳᠣᠷᠬᠠᠶᠢᠯᠠᠯᠲᠠ ᠶᠢᠨ ᠪᠢᠴᠢᠭ ᠮᠠᠲ᠋ᠧᠷᠢᠶᠠᠯ︔ | ︵ᠳᠥᠷᠪᠡ︶ ᠲᠠᠲᠠᠪᠤᠷᠢᠯᠠᠨ ᠬᠡᠷᠡᠭᠯᠡᠬᠦ ᠪᠠᠷ ᠪᠠᠶᠢᠭ᠎ᠠ ᠨᠤᠲᠤᠭ ᠪᠡᠯᠴᠢᠭᠡᠷ ᠤᠨ ᠣᠷᠣᠨ ᠪᠦᠰᠡ ᠶᠢᠨ | ᠪᠠᠶᠢᠷᠢᠰᠢᠯ ᠤᠨ ᠵᠢᠷᠤᠭ᠃ | ᠠᠷᠪᠠᠨ ᠳᠥᠷᠪᠡᠳᠦᠭᠡᠷ ᠵᠦᠢᠯ ᠲᠠᠲᠠᠪᠤᠷᠢᠯᠠᠨ ᠡᠵᠡᠯᠡᠵᠦ ᠬᠡᠷᠡᠭᠯᠡᠬᠦ ᠪᠠᠷ ᠪᠠᠶᠢᠭ᠎ᠠ ᠨᠤᠲᠤᠭ ᠪᠡᠯᠴᠢᠭᠡᠷ ᠤᠨ | ᠲᠥᠷᠥᠯ ᠵᠦᠢᠯ ᠨᠢ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠡᠯ᠎ᠡ ᠲᠥᠷᠥᠯ ᠤᠨ ᠪᠠᠶᠢᠭᠠᠯᠢ ᠶᠢᠨ | ᠬᠠᠮᠠᠭᠠᠯᠠᠯᠲᠠ ᠶᠢᠨ ᠭᠠᠵᠠᠷ᠂ ᠬᠤᠪᠣᠷ ᠴᠤᠬᠠᠭ ᠲᠦᠭᠰᠢᠭᠦᠷᠢᠳᠡᠭᠰᠡᠨ ᠬᠡᠭᠡᠷ᠎ᠡ ᠶᠢᠨ ᠠᠮᠢᠲᠠᠨ ᠤᠷᠭᠤᠮᠠᠯ ᠤᠨ ᠣᠷᠣᠰᠢᠨ | ᠠᠮᠢᠳᠤᠷᠠᠬᠤ ᠭᠠᠵᠠᠷ ᠵᠢᠴᠢ ᠲᠠᠷᠬᠠᠯᠲᠠ ᠶᠢᠨ ᠣᠷᠣᠨ ᠪᠦᠰᠡ ᠳᠤ ᠬᠤᠯᠪᠣᠭᠳᠠᠪᠠᠯ᠂ ᠬᠠᠮᠢᠶ᠎ᠠ ᠪᠦᠬᠦᠢ ᠲᠣᠭᠲᠠᠭᠠᠯ | ᠶᠣᠰᠣᠭᠠᠷ᠂ ᠤᠷᠢᠳᠠᠪᠠᠷ ᠬᠤᠯᠪᠣᠭᠳᠠᠯ ᠪᠦᠬᠦᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠵᠥᠪᠰᠢᠶᠡᠷᠡᠯ ᠢ | ᠣᠯᠤᠭᠰᠠᠨ ᠤ ᠳᠠᠷᠠᠭ᠎ᠠ ᠰᠠᠶ᠋ᠢ ᠲᠠᠲᠠᠪᠤᠷᠢᠯᠠᠨ ᠡᠵᠡᠯᠡᠵᠦ ᠬᠡᠷᠡᠭᠯᠡᠬᠦ ᠪᠠᠷ ᠪᠠᠶᠢᠭ᠎ᠠ ᠨᠤᠲᠤᠭ ᠪᠡᠯᠴᠢᠭᠡᠷ ᠢ ᠡᠵᠡᠯᠡᠨ | ᠬᠡᠷᠡᠭᠯᠡᠬᠦ ᠭᠤᠶᠤᠴᠢᠯᠠᠯ ᠢᠶᠠᠨ ᠳᠡᠪᠰᠢᠭᠦᠯᠵᠦ ᠪᠣᠯᠤᠨ᠎ᠠ᠃ | ᠠᠷᠪᠠᠨ ᠲᠠᠪᠤᠳᠤᠭᠠᠷ ᠵᠦᠢᠯ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠭᠤᠶᠤᠴᠢᠯᠠᠯ ᠤᠨ | ᠮᠠᠲ᠋ᠧᠷᠢᠶᠠᠯ ᠤᠨ ᠪᠣᠳᠠᠲᠠᠶ ᠱᠠᠭᠠᠷᠳᠠᠯᠭ᠎ᠠ᠄ | ︵ᠨᠢᠭᠡ︶ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠭᠤᠶᠤᠴᠢᠯᠠᠯ ᠤᠨ ᠬᠦᠰᠦᠨᠦᠭᠲᠦ᠃ | ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠨ ᠬᠡᠷᠡᠭᠯᠡᠬᠦ ᠨᠢᠭᠡᠴᠡ ᠪᠤᠶᠤ ᠬᠤᠪᠢ ᠬᠥᠮᠦᠨ ︽ᠨᠤᠲᠤᠭ | ᠪᠡᠯᠴᠢᠭᠡᠷ ᠢ ᠲᠠᠲᠠᠪᠤᠷᠢᠯᠠᠬᠤ ᠪᠠ ᠡᠵᠡᠯᠡᠵᠦ ᠬᠡᠷᠡᠭᠯᠡᠬᠦ ᠭᠤᠶᠤᠴᠢᠯᠠᠯ ᠤᠨ ᠬᠦᠰᠦᠨᠦᠭᠲᠦ︾ ᠶᠢ ᠲᠦᠷᠦᠯ ᠳᠠᠷᠠᠭᠠᠯᠠᠨ | ᠵᠢᠷᠤᠮᠵᠢᠭᠤᠯᠵᠤ᠂ ᠪᠦᠷᠢᠨ ᠪᠦᠲᠦᠨ ᠲᠠᠭᠯᠠᠨ ᠪᠢᠴᠢᠬᠦ ᠬᠡᠷᠡᠭᠲᠡᠶ᠃ ᠬᠤᠯᠪᠣᠭᠳᠠᠯ ᠪᠦᠬᠦᠢ ᠠᠭᠤᠯᠭ᠎ᠠ ᠨᠢ ᠨᠡᠯᠢᠶᠡᠳ | ᠣᠯᠠᠨ ᠪᠣᠯ ᠠᠰᠲᠠᠭᠠᠨ ᠬᠠᠭᠤᠳᠠᠰᠤ ᠳᠠᠭᠠᠯᠳᠤᠭᠤᠯᠵᠤ ᠪᠣᠯᠤᠨ᠎ᠠ᠃ | ︵ᠬᠤᠶᠠᠷ︶ ᠲᠥᠷᠥᠯ ᠵᠦᠢᠯ ᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠪᠤᠶᠤ ᠬᠠᠮᠢᠶ᠎ᠠ ᠪᠦᠬᠦᠢ | ᠰᠠᠯᠠᠭ᠎ᠠ ᠮᠥᠴᠢᠷ ᠤᠨ ᠴᠣᠬᠤᠯᠠᠪᠤᠷᠢ᠂ ᠬᠢᠨᠠᠨ ᠵᠥᠪᠰᠢᠶᠡᠷᠡᠭᠰᠡᠨ ᠪᠤᠶᠤ ᠳᠠᠩᠰᠠᠯᠠᠭᠤᠯᠤᠭᠰᠠᠨ ᠪᠢᠴᠢᠭ ᠮᠠᠲ᠋ᠧᠷᠢᠶᠠᠯ᠃ | ︵ᠭᠤᠷᠪᠠ︶ ᠨᠤᠲᠤᠭ ᠪᠡᠯᠴᠢᠭᠡᠷ ᠤᠨ ᠡᠷᠬᠡ ᠶᠢᠨ ᠬᠠᠷᠢᠶ᠎ᠠ ᠵᠢᠴᠢ ᠨᠥᠬᠦᠪᠥᠷᠢ ᠥᠭᠬᠦ ᠵᠦᠢᠯᠡᠰ ᠤᠨ | ᠲᠣᠳᠣᠷᠬᠠᠶᠢᠯᠠᠯᠲᠠ ᠶᠢᠨ ᠪᠢᠴᠢᠭ ᠮᠠᠲ᠋ᠧᠷᠢᠶᠠᠯ᠃ | ᠨᠤᠲᠤᠭ ᠪᠡᠯᠴᠢᠭᠡᠷ ᠤᠨ ᠡᠷᠬᠡ ᠶᠢᠨ ᠬᠠᠷᠢᠶ᠎ᠠ ᠵᠢᠴᠢ ᠨᠥᠬᠦᠪᠥᠷᠢ ᠥᠭᠬᠦ ᠤᠴᠢᠷ ᠶᠠᠪᠤᠳᠠᠯ ᠳᠤ ᠨᠤᠲᠤᠭ | ᠪᠡᠯᠴᠢᠭᠡᠷ ᠤᠨ ᠡᠷᠬᠡ ᠶᠢᠨ ᠬᠠᠷᠢᠶ᠎ᠠ᠂ ᠨᠥᠬᠦᠪᠥᠷᠢ ᠥᠭᠭᠦᠭᠰᠡᠨ ᠪᠠᠶᠢᠳᠠᠯ ᠵᠢᠴᠢ ᠵᠥᠷᠢᠴᠡᠯ ᠵᠢᠭᠤᠷᠠᠯᠳᠤᠭᠠᠨ | ᠣᠷᠣᠰᠢᠵᠤ ᠪᠠᠶᠢᠬᠤ ᠡᠰᠡᠬᠦ ᠵᠡᠷᠭᠡ ᠶᠢ ᠪᠠᠭᠲᠠᠭᠠᠬᠤ ᠬᠡᠷᠡᠭᠲᠡᠶ᠃ | ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠷᠢᠭᠤᠴᠠᠵᠤ ᠪᠠᠶᠢᠭ᠎ᠠ ᠨᠤᠲᠤᠭ ᠪᠡᠯᠴᠢᠭᠡᠷ ᠢ ᠲᠠᠲᠠᠪᠤᠷᠢᠯᠠᠨ | ᠡᠵᠡᠯᠡᠵᠦ ᠬᠡᠷᠡᠭᠯᠡᠬᠦ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠵᠦᠢᠯᠡᠰ ᠢ ᠬᠤᠰᠢᠭᠤ ᠰᠢᠶᠠᠨ ᠤ ᠱᠠᠲᠤᠨ ᠤ | ᠠᠷᠠᠳ ᠤᠨ ᠵᠠᠰᠠᠭ ᠤᠨ ᠣᠷᠳᠣᠨ ᠠᠴᠠ ᠬᠦᠢᠴᠡᠳᠬᠡᠵᠦ ᠥᠭᠭᠦᠨ᠎ᠡ︔ ᠬᠤᠰᠢᠭᠤ ᠰᠢᠶᠠᠨ ᠤ ᠣᠶ ᠰᠢᠭᠤᠶ ᠪᠠ | ᠨᠤᠲᠤᠭ ᠪᠡᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠷᠢᠭᠤᠴᠠᠵᠤ ᠪᠠᠶᠢᠭ᠎ᠠ ᠨᠤᠲᠤᠭ | ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠶᠢ ᠬᠢᠨᠠᠨ ᠵᠥᠪᠰᠢᠶᠡᠷᠡᠬᠦ ᠵᠦᠢᠯᠡᠰ ᠢ ᠰᠤᠮᠤ ᠰᠢᠶᠠᠩ ᠪᠠᠯᠭᠠᠰᠤ ᠶᠢᠨ | ᠠᠷᠠᠳ ᠤᠨ ᠵᠠᠰᠠᠭ ᠤᠨ ᠣᠷᠳᠣᠨ ᠠᠴᠠ ᠬᠦᠢᠴᠡᠳᠬᠡᠵᠦ ᠥᠭᠭᠦᠨ᠎ᠡ︔ ᠰᠤᠮᠤ ᠰᠢᠶᠠᠩ ᠪᠠᠯᠭᠠᠰᠤ ᠶᠢᠨ | ᠬᠠᠷᠢᠭᠤᠴᠠᠭᠰᠠᠨ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠶᠢ ᠬᠢᠨᠠᠨ ᠵᠥᠪᠰᠢᠶᠡᠷᠡᠬᠦ ᠵᠦᠢᠯᠡᠰ ᠢ | ᠭᠠᠴᠠᠭ᠎ᠠ ᠲᠣᠰᠬᠤᠨ ᠠᠴᠠ ᠬᠦᠢᠴᠡᠳᠬᠡᠵᠦ ᠥᠭᠭᠦᠨ᠎ᠡ᠃ | ︵ᠳᠥᠷᠪᠡ︶ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠲᠥᠰᠦᠯ᠃ | ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠲᠠᠯᠠᠪᠠᠶ᠂ ᠠᠷᠭ᠎ᠠ ᠬᠡᠮᠵᠢᠶ᠎ᠡ ᠠᠪᠬᠤ᠂ ᠴᠠᠭ | ᠬᠤᠭᠤᠴᠠᠭ᠎ᠠ ᠶᠢᠨ ᠲᠤᠬᠢᠷᠠᠭᠤᠯᠤᠯᠳᠠ᠂ ᠪᠡᠯᠡ ᠮᠥᠩᠭᠦ ᠣᠷᠣᠭᠤᠯᠬᠤ ᠵᠢᠴᠢ ᠬᠠᠷᠢᠭᠤᠴᠠᠯᠭ᠎ᠠ ᠪᠣᠯᠤᠨ ᠬᠢᠨᠠᠨ | ᠬᠠᠮᠢᠶᠠᠷᠬᠤ ᠠᠷᠭ᠎ᠠ ᠬᠡᠮᠵᠢᠶ᠎ᠡ ᠵᠡᠷᠭᠡ ᠪᠠᠭᠲᠠᠨ᠎ᠠ᠃ | ︵ᠲᠠᠪᠤ︶ ᠲᠠᠲᠠᠪᠤᠷᠢᠯᠠᠨ ᠡᠵᠡᠯᠡᠵᠦ ᠬᠡᠷᠡᠭᠯᠡᠬᠦ ᠪᠠᠷ ᠪᠠᠶᠢᠭ᠎ᠠ ᠨᠤᠲᠤᠭ ᠪᠡᠯᠴᠢᠭᠡᠷ ᠤᠨ ᠣᠷᠣᠨ ᠪᠦᠰᠡ ᠶᠢᠨ | ᠪᠠᠶᠢᠷᠢᠰᠢᠯ ᠤᠨ ᠵᠢᠷᠤᠭ᠃ | ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠣᠷᠣᠨ ᠪᠦᠰᠡ ᠶᠢᠨ ᠬᠡᠪᠴᠢᠶᠡᠨ ᠤ ᠴᠢᠭᠯᠡᠯᠲᠦ | ᠬᠡᠮᠵᠢᠭᠳᠡᠬᠦᠨ ᠤ ᠪᠠᠶᠢᠷᠢᠰᠢᠯ ᠤᠨ ᠵᠢᠷᠤᠭ ︵CGCS2000 ᠤᠯᠤᠰ ᠤᠨ ᠡᠬᠡ ᠭᠠᠵᠠᠷ ᠤᠨ ᠪᠠᠶᠢᠷᠢᠰᠢᠯ ᠤᠨ | ᠰᠢᠰᠲ᠋ᠧᠮ ᠢ ᠬᠡᠷᠡᠭᠯᠡᠬᠦ︶᠃ | ᠠᠷᠪᠠᠨ ᠵᠢᠷᠭᠤᠳᠤᠭᠠᠷ ᠵᠦᠢᠯ ᠨᠤᠲᠤᠭ ᠪᠡᠯᠴᠢᠭᠡᠷ ᠢ ᠲᠠᠲᠠᠪᠤᠷᠢᠯᠠᠬᠤ᠂ ᠲᠠᠲᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ | ᠵᠦᠢᠯᠡᠰ ᠤᠨ ᠭᠤᠶᠤᠴᠢᠯᠠᠯ᠂ ᠬᠦᠯᠢᠶᠡᠨ ᠠᠪᠴᠤ ᠰᠢᠢᠳᠪᠦᠷᠢᠯᠡᠬᠦ᠂ ᠬᠢᠨᠠᠨ ᠪᠠᠶᠢᠴᠠᠭᠠᠬᠤ ᠪᠠ ᠲᠣᠭᠲᠠᠭᠠᠬᠤ ᠪᠦᠬᠦ | ᠶᠠᠪᠤᠴᠠ ᠶᠢ ᠰᠦᠯᠵᠢᠶ᠎ᠡ ᠪᠠᠷ ᠬᠦᠢᠴᠡᠳᠬᠡᠬᠦ ᠶᠢ ᠬᠡᠷᠡᠭᠵᠢᠭᠦᠯᠵᠦ᠂ ᠭᠤᠶᠤᠴᠢᠯᠠᠯ ᠤᠨ ᠮᠠᠲ᠋ᠧᠷᠢᠶᠠᠯ ᠵᠡᠷᠭᠡ ᠶᠢ ︽ᠪᠦᠬᠦ | ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ︾ ᠢᠶᠠᠷ | ᠳᠠᠮᠵᠢᠭᠤᠯᠤᠨ ᠮᠡᠳᠡᠭᠦᠯᠦᠨ ᠬᠦᠷᠭᠡᠵᠦ᠂ ᠡᠯᠧᠺᠲᠷᠤᠨᠴᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ | ᠠᠷᠪᠠᠨ ᠳᠣᠯᠣᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ | ᠲᠣᠪᠴᠢᠶ᠎ᠠ ᠠᠴᠠ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠲᠥᠷᠥᠯ ᠵᠦᠢᠯ ᠢ ᠬᠢᠨᠠᠨ | ᠵᠥᠪᠰᠢᠶᠡᠷᠡᠬᠦ ᠶᠢᠨ ᠬᠢᠨᠠᠨ ᠪᠠᠶᠢᠴᠠᠭᠠᠬᠤ ᠳᠡᠰ ᠳᠠᠷᠠᠭᠠᠯᠠᠯ ᠢ ᠬᠠᠷᠢᠭᠤᠴᠠᠨ᠎ᠠ᠃ | ︵ᠨᠢᠭᠡ︶ ᠠᠩᠬᠠᠨ ᠤ ᠬᠢᠨᠠᠯᠲᠠ᠃ | ᠬᠤᠰᠢᠭᠤ ᠰᠢᠶᠠᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠭᠤᠶᠤᠴᠢᠯᠠᠯ ᠤᠨ ᠮᠠᠲ᠋ᠧᠷᠢᠶᠠᠯ ᠤᠨ ᠪᠦᠷᠢᠨ ᠪᠦᠲᠦᠨ ᠴᠢᠨᠠᠷ᠂ ᠦᠨᠡᠨ ᠪᠣᠳᠠᠲᠤ ᠴᠢᠨᠠᠷ᠂ ᠬᠦᠴᠦᠨ | ᠪᠥᠬᠦᠶ ᠴᠢᠨᠠᠷ ᠲᠤ ᠬᠢᠨᠠᠨ ᠪᠠᠶᠢᠴᠠᠭᠠᠯᠲᠠ ᠬᠢᠵᠦ᠂ ᠠᠩᠬ᠎ᠠ ᠬᠢᠨᠠᠭᠰᠠᠨ ᠰᠠᠨᠠᠯ ᠢᠶᠠᠨ ᠳᠤᠷᠠᠳᠬᠤ ᠬᠡᠷᠡᠭᠲᠡᠶ᠃ ᠬᠢᠨᠠᠨ | ᠪᠠᠶᠢᠴᠠᠭᠠᠭᠠᠳ ᠬᠢᠷᠢ ᠲᠡᠩᠴᠡᠭᠰᠡᠨ ᠳᠤᠨᠢ ᠠᠩᠬ᠎ᠠ ᠬᠢᠨᠠᠭᠰᠠᠨ ᠰᠠᠨᠠᠯ ᠤᠨ ᠪᠢᠴᠢᠭ ᠤᠨ ᠮᠡᠳᠡᠭᠦᠯᠦᠯᠲᠡ ᠬᠢᠵᠦ᠂ | ᠳᠡᠭᠡᠭᠰᠢ ᠠᠶᠢᠮᠠᠭ ᠬᠤᠲᠠ ᠶᠢᠨ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠲᠤ ᠮᠡᠳᠡᠭᠦᠯᠬᠦ ᠬᠡᠷᠡᠭᠲᠡᠶ︔ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠦᠭᠡᠶ ᠪᠣᠯ ᠭᠤᠶᠤᠴᠢᠯᠠᠭᠴᠢ ᠳᠤ | ᠪᠢᠴᠢᠭ ᠢᠶᠠᠷ ᠮᠡᠳᠡᠭᠳᠡᠬᠦ ᠶᠢᠨ ᠬᠠᠮᠲᠤ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠶ᠃ | ︵ᠬᠤᠶᠠᠷ︶ ᠲᠡᠬᠢᠠ ᠰᠢᠭᠦᠬᠦ᠃ | ᠠᠶᠢᠮᠠᠭ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠭᠤᠶᠤᠴᠢᠯᠠᠯ ᠤᠨ ᠮᠠᠲ᠋ᠧᠷᠢᠶᠠᠯ ᠤᠨ ᠪᠦᠷᠢᠨ ᠪᠦᠲᠦᠨ ᠴᠢᠨᠠᠷ᠂ ᠦᠨᠡᠨ ᠪᠣᠳᠠᠲᠤ ᠴᠢᠨᠠᠷ᠂ ᠬᠦᠴᠦᠨ | ᠪᠥᠬᠦᠶ ᠴᠢᠨᠠᠷ ᠵᠢᠴᠢ ᠠᠩᠬ᠎ᠠ ᠬᠢᠨᠠᠭᠰᠠᠨ ᠰᠠᠨᠠᠯ ᠵᠡᠷᠭᠡ ᠳᠤ ᠬᠢᠨᠠᠨ ᠪᠠᠶᠢᠴᠠᠭᠠᠯᠲᠠ ᠬᠢᠵᠦ᠂ ᠳᠠᠬᠢᠨ ᠬᠢᠨᠠᠭᠰᠠᠨ | ᠰᠠᠨᠠᠯ ᠢᠶᠠᠨ ᠳᠤᠷᠠᠳᠬᠤ ᠬᠡᠷᠡᠭᠲᠡᠶ᠃ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠳᠤᠨᠢ ᠳᠠᠬᠢᠨ ᠬᠢᠨᠠᠭᠰᠠᠨ ᠰᠠᠨᠠᠯ ᠤᠨ | ᠪᠢᠴᠢᠭ ᠤᠨ ᠮᠡᠳᠡᠭᠦᠯᠦᠯᠲᠡ ᠬᠢᠵᠦ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ | ᠲᠣᠪᠴᠢᠶ᠎ᠠ ᠳᠤ ᠮᠡᠳᠡᠭᠦᠯᠬᠦ ᠬᠡᠷᠡᠭᠲᠡᠶ︔ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠦᠭᠡᠶ ᠪᠣᠯ ᠭᠤᠶᠤᠴᠢᠯᠠᠭᠴᠢ ᠳᠤ | ᠪᠢᠴᠢᠭ ᠢᠶᠠᠷ ᠮᠡᠳᠡᠭᠳᠡᠬᠦ ᠶᠢᠨ ᠬᠠᠮᠲᠤ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠶ᠃ | ︵ᠭᠤᠷᠪᠠ︶ ᠬᠢᠨᠠᠨ ᠪᠠᠶᠢᠴᠠᠭᠠᠬᠤ ᠪᠠ ᠲᠣᠭᠲᠠᠭᠠᠯ ᠭᠠᠷᠭᠠᠬᠤ᠃ | ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ | ᠭᠤᠶᠤᠴᠢᠯᠠᠯ ᠤᠨ ᠮᠠᠲ᠋ᠧᠷᠢᠶᠠᠯ ᠵᠡᠷᠭᠡ ᠳᠤ ᠬᠢᠨᠠᠨ ᠪᠠᠶᠢᠴᠠᠭᠠᠯᠲᠠ ᠬᠢᠵᠦ᠂ ᠬᠢᠨᠠᠨ ᠪᠠᠶᠢᠴᠠᠭᠠᠭᠠᠳ ᠬᠢᠷᠢ | ᠲᠡᠩᠴᠡᠭᠰᠡᠨ ᠳᠤᠨᠢ ᠬᠢᠨᠠᠨ ᠬᠠᠷᠭᠤᠭᠤᠯᠵᠤ ᠵᠥᠪᠰᠢᠶᠡᠷᠡᠭᠰᠡᠨ ᠲᠣᠭᠲᠠᠭᠠᠯ ᠭᠠᠷᠭᠠᠬᠤ ᠬᠡᠷᠡᠭᠲᠡᠶ︔ ᠬᠢᠨᠠᠨ | ᠪᠠᠶᠢᠴᠠᠭᠠᠭᠠᠳ ᠬᠢᠷᠢ ᠲᠡᠩᠴᠡᠭᠰᠡᠨ ᠦᠭᠡᠶ ᠪᠣᠯ ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠶᠢᠨ ᠬᠠᠮᠲᠤ ᠤᠴᠢᠷ | ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠶ᠃ | ᠠᠷᠪᠠᠨ ᠨᠠᠢᠮᠠᠳᠤᠭᠠᠷ ᠵᠦᠢᠯ ᠠᠩᠬ᠎ᠠ ᠬᠢᠨᠠᠬᠤ ᠰᠠᠨᠠᠯ ᠪᠠ ᠳᠠᠬᠢᠨ ᠬᠢᠨᠠᠬᠤ ᠰᠠᠨᠠᠯ ᠤᠨ ᠠᠭᠤᠯᠭ᠎ᠠ ᠳᠤ᠄ | ᠲᠠᠲᠠᠪᠤᠷᠢᠯᠠᠨ ᠡᠵᠡᠯᠡᠵᠦ ᠬᠡᠷᠡᠭᠯᠡᠬᠦ ᠪᠠᠷ ᠪᠠᠶᠢᠭ᠎ᠠ ᠨᠤᠲᠤᠭ ᠪᠡᠯᠴᠢᠭᠡᠷ ᠤᠨ ᠲᠥᠷᠥᠯ ᠵᠦᠢᠯ ᠤᠨ ᠦᠨᠳᠦᠰᠦᠨ ᠪᠠᠶᠢᠳᠠᠯ︔ | ᠲᠠᠲᠠᠪᠤᠷᠢᠯᠠᠨ ᠡᠵᠡᠯᠡᠵᠦ ᠬᠡᠷᠡᠭᠯᠡᠬᠦ ᠪᠠᠷ ᠪᠠᠶᠢᠭ᠎ᠠ ᠨᠤᠲᠤᠭ ᠪᠡᠯᠴᠢᠭᠡᠷ ᠤᠨ ᠲᠠᠯᠠᠪᠠᠶ᠂ ᠬᠡᠷᠡᠭᠴᠡᠭᠡ᠂ ᠡᠷᠬᠡ ᠶᠢᠨ | ᠬᠠᠷᠢᠶ᠎ᠠ᠂ ᠨᠥᠬᠦᠪᠥᠷᠢ ᠵᠢᠴᠢ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠡᠯ᠎ᠡ ᠲᠥᠷᠥᠯ ᠤᠨ | ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ᠂ ᠦᠨᠳᠦᠰᠦᠨ ᠨᠤᠲᠤᠭ ᠪᠡᠯᠴᠢᠭᠡᠷ᠂ ᠬᠤᠪᠣᠷ ᠴᠤᠬᠠᠭ | ᠲᠦᠭᠰᠢᠭᠦᠷᠢᠳᠡᠭᠰᠡᠨ ᠬᠡᠭᠡᠷ᠎ᠡ ᠶᠢᠨ ᠠᠮᠢᠲᠠᠨ ᠤᠷᠭᠤᠮᠠᠯ ᠵᠡᠷᠭᠡ ᠪᠠᠶᠢᠳᠠᠯ︔ ᠲᠥᠷᠥᠯ ᠵᠦᠢᠯ ᠤᠨ ᠪᠠᠷᠢᠯᠭ᠎ᠠ | ᠡᠬᠢᠯᠡᠭᠦᠯᠦᠭᠰᠡᠨ ᠪᠠᠶᠢᠳᠠᠯ︔ ᠬᠠᠤᠯᠢ ᠠᠴᠠ ᠵᠥᠷᠢᠴᠡᠨ ᠭᠠᠵᠠᠷ ᠬᠡᠷᠡᠭᠯᠡᠭᠰᠡᠨ ᠵᠢᠴᠢ ᠪᠠᠶᠢᠴᠠᠭᠠᠨ ᠰᠢᠢᠳᠪᠦᠷᠢᠯᠡᠭᠰᠡᠨ | ᠪᠠᠶᠢᠳᠠᠯ ᠵᠡᠷᠭᠡ ᠬᠢᠨᠠᠨ ᠪᠠᠶᠢᠴᠠᠭᠠᠭᠰᠠᠨ ᠰᠠᠨᠠᠯ ᠢᠶᠠᠨ ᠲᠣᠳᠣᠷᠬᠠᠶᠢᠯᠠᠬᠤ᠃ | ᠠᠷᠪᠠ ᠶᠢᠰᠦᠳᠦᠭᠡᠷ ᠵᠦᠢᠯ ᠨᠤᠲᠤᠭ ᠪᠡᠯᠴᠢᠭᠡᠷ ᠢ ᠲᠠᠲᠠᠪᠤᠷᠢᠯᠠᠬᠤ᠂ ᠲᠠᠲᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ | ᠲᠤᠬᠠᠶ ᠶᠢᠨ ᠲᠠᠯᠠᠪᠠᠶ ᠶᠢᠨ ᠪᠠᠶᠢᠴᠠᠭᠠᠨ ᠰᠢᠯᠭᠠᠬᠤ ᠠᠵᠢᠯ ᠢ 70 ᠾᠧᠺᠲ᠋ᠠᠷ ᠠᠴᠠ ᠳᠡᠭᠡᠭᠰᠢ ᠪᠣᠯ ᠥᠪᠡᠷᠲᠡᠭᠡᠨ | ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠵᠣᠬᠢᠶᠠᠨ ᠪᠠᠶᠢᠭᠤᠯᠤᠨ ᠥᠷᠨᠢᠭᠦᠯᠵᠦ | ᠂ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠠᠰᠲᠠᠭᠠᠨ ᠲᠣᠭᠲᠠᠭᠠᠯ ᠲᠠᠢ ᠪᠣᠯ ᠲᠡᠷᠡ | ᠲᠣᠭᠲᠠᠭᠠᠯ ᠢᠶᠠᠷ ᠬᠡᠷᠡᠭᠵᠢᠭᠦᠯᠦᠨ᠎ᠡ︔ 70 ᠡᠾᠧᠺᠲ᠋ᠠᠷ ᠵᠢᠴᠢ ᠲᠡᠭᠦᠨ ᠠᠴᠠ ᠳᠣᠷᠣᠭᠰᠢᠬᠢ ᠶᠢ ᠨᠢ ᠠᠶᠢᠮᠠᠭ | ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠣᠬᠢᠶᠠᠨ | ᠪᠠᠶᠢᠭᠤᠯᠤᠨ ᠥᠷᠨᠢᠭᠦᠯᠵᠦ᠂ ᠲᠤᠬᠠᠶ ᠶᠢᠨ ᠲᠠᠯᠠᠪᠠᠶ ᠶᠢᠨ ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠵᠡᠷᠭᠡ | ᠮᠠᠲ᠋ᠧᠷᠢᠶᠠᠯ ᠢ ᠨᠤᠲᠤᠭ ᠪᠡᠯᠴᠢᠭᠡᠷ ᠢ ᠲᠠᠲᠠᠪᠤᠷᠢᠯᠠᠬᠤ᠂ ᠲᠠᠲᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ ᠭᠤᠶᠤᠴᠢᠯᠠᠯ ᠤᠨ | ᠮᠠᠲ᠋ᠧᠷᠢᠶᠠᠯ ᠲᠠᠢ ᠬᠠᠮᠲᠤ ᠳᠤᠨᠢ ᠳᠡᠭᠡᠭᠰᠢ ᠮᠡᠳᠡᠭᠦᠯᠬᠦ ᠬᠡᠷᠡᠭᠲᠡᠶ᠃ | ᠬᠤᠷᠢᠳᠤᠭᠠᠷ ᠵᠦᠢᠯ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠶᠢ ᠬᠢᠨᠠᠨ ᠬᠠᠷᠭᠤᠭᠤᠯᠵᠤ | ᠬᠢᠨᠠᠨ ᠵᠥᠪᠰᠢᠶᠡᠷᠡᠬᠦ ᠲᠤᠬᠠᠶ ᠶᠢᠨ ᠲᠠᠯᠠᠪᠠᠶ ᠶᠢᠨ ᠪᠠᠶᠢᠴᠠᠭᠠᠨ ᠰᠢᠯᠭᠠᠬᠤ ᠠᠵᠢᠯ ᠢ ︽ᠨᠤᠲᠤᠭ ᠪᠡᠯᠴᠢᠭᠡᠷ ᠢ | ᠲᠠᠲᠠᠪᠤᠷᠢᠯᠠᠨ ᠡᠵᠡᠯᠡᠵᠦ ᠬᠡᠷᠡᠭᠯᠡᠬᠦ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠲᠤᠬᠠᠶ ᠶᠢᠨ ᠲᠠᠯᠠᠪᠠᠶ ᠶᠢᠨ | ᠪᠠᠶᠢᠴᠠᠭᠠᠨ ᠰᠢᠯᠭᠠᠬᠤ ᠮᠡᠷᠭᠡᠵᠢᠯ ᠤᠨ ᠵᠢᠷᠤᠮᠵᠢᠯ︾ ᠶᠣᠰᠣᠭᠠᠷ ᠬᠡᠷᠡᠭᠵᠢᠭᠦᠯᠦᠨ᠎ᠡ᠃ | ᠬᠤᠷᠢᠨ ᠨᠢᠭᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ | ᠭᠤᠶᠤᠴᠢᠯᠠᠯ ᠤᠨ ᠮᠠᠲ᠋ᠧᠷᠢᠶᠠᠯ ᠢ ᠣᠯᠤᠭᠰᠠᠨ ᠤ ᠳᠠᠷᠠᠭ᠎ᠠ᠂ ᠬᠠᠤᠯᠢ ᠶᠣᠰᠣᠭᠠᠷ ᠬᠦᠯᠢᠶᠡᠨ ᠠᠪᠴᠤ ᠰᠢᠢᠳᠪᠦᠷᠢᠯᠡᠬᠦ | ᠬᠡᠪᠴᠢᠶᠡᠨ ᠳᠤ ᠬᠠᠷᠢᠶᠠᠯᠠᠳᠠᠵᠦ᠂ ᠭᠤᠶᠤᠴᠢᠯᠠᠯ ᠤᠨ ᠮᠠᠲ᠋ᠧᠷᠢᠶᠠᠯ ᠨᠢ ᠲᠣᠭᠲᠠᠭᠠᠯ ᠳᠤ ᠨᠡᠶᠢᠴᠡᠬᠦ ᠶᠢ ᠨᠤᠲᠠᠯᠠᠭᠰᠠᠨ | ᠪᠣᠯ ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠶ︔ ᠬᠠᠤᠯᠢ ᠶᠣᠰᠣᠭᠠᠷ ᠬᠦᠯᠢᠶᠡᠨ ᠠᠪᠴᠤ ᠰᠢᠢᠳᠪᠦᠷᠢᠯᠡᠬᠦ | ᠬᠡᠪᠴᠢᠶᠡᠨ ᠳᠤ ᠬᠠᠷᠢᠶᠠᠯᠠᠭᠳᠠᠬᠤ ᠶᠢ ᠨᠤᠲᠠᠯᠠᠭᠰᠠᠨ ᠪᠣᠯᠪᠠᠴᠤ᠂ ᠭᠤᠶᠤᠴᠢᠯᠠᠯ ᠤᠨ ᠮᠠᠲ᠋ᠧᠷᠢᠶᠠᠯ ᠨᠢ ᠲᠣᠭᠲᠠᠭᠠᠯ ᠳᠤ | ᠨᠡᠶᠢᠴᠡᠬᠦ ᠦᠭᠡᠶ ᠪᠠᠶᠢᠪᠠᠯ᠂ ᠴᠠᠭ ᠲᠤᠬᠠᠶ ᠳᠤᠨᠢ ᠪᠤᠶᠤ 5 ᠠᠵᠢᠯᠯᠠᠬᠤ ᠡᠳᠦᠷ ᠤᠨ ᠳᠣᠲᠣᠷ᠎ᠠ ᠭᠤᠶᠤᠴᠢᠯᠠᠭᠴᠢ ᠳᠤ | ᠨᠥᠬᠦᠪᠥᠷᠢᠯᠡᠵᠦ ᠵᠠᠯᠠᠷᠠᠭᠤᠯᠬᠤ ᠴᠢᠬᠤᠯᠠᠲᠠᠶ ᠪᠦᠬᠦ ᠠᠭᠤᠯᠭ᠎ᠠ ᠶᠢ ᠪᠢᠴᠢᠭ ᠢᠶᠠᠷ ᠮᠡᠳᠡᠭᠳᠡᠬᠦ ᠬᠡᠷᠡᠭᠲᠡᠶ︔ ᠬᠠᠤᠯᠢ | ᠶᠣᠰᠣᠭᠠᠷ ᠡᠷᠬᠡ ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠬᠤ ᠦᠭᠡᠢ ᠭᠡᠵᠦ ᠨᠤᠲᠠᠯᠠᠭᠰᠠᠨ ᠪᠠᠶᠢᠪᠠᠯ᠂ ᠬᠦᠯᠢᠶᠡᠨ | ᠠᠪᠴᠤ ᠰᠢᠢᠳᠪᠦᠷᠢᠯᠡᠬᠦ ᠦᠭᠡᠢ ᠭᠡᠳᠡᠭ ᠢ ᠭᠤᠶᠤᠴᠢᠯᠠᠭᠴᠢ ᠳᠤ ᠴᠠᠭ ᠲᠤᠬᠠᠢ ᠳᠤᠨᠢ ᠪᠢᠴᠢᠭ ᠢᠶᠠᠷ ᠮᠡᠳᠡᠭᠳᠡᠬᠦ ᠶᠢᠨ | ᠬᠠᠮᠲᠤ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠪᠠᠶᠢᠭᠤᠯᠭ᠎ᠠ ᠳᠤ ᠭᠤᠶᠤᠴᠢᠯᠠᠬᠤ ᠶᠢ ᠭᠤᠶᠤᠴᠢᠯᠠᠭᠴᠢ ᠳᠤ | ᠮᠡᠳᠡᠭᠳᠡᠬᠦ ᠬᠡᠷᠡᠭᠲᠡᠢ︔ ᠬᠠᠤᠯᠢ ᠶᠣᠰᠣᠭᠠᠷ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠴᠢᠬᠤᠯᠠ ᠦᠭᠡᠶ ᠭᠡᠵᠦ | ᠨᠤᠲᠠᠯᠠᠭᠰᠠᠨ ᠪᠠᠶᠢᠪᠠᠯ᠂ ᠬᠦᠯᠢᠶᠡᠨ ᠠᠪᠴᠤ ᠰᠢᠢᠳᠪᠦᠷᠢᠯᠡᠬᠦ ᠦᠭᠡᠶ ᠪᠠᠨ ᠭᠤᠶᠤᠴᠢᠯᠠᠭᠴᠢ ᠳᠤ ᠴᠠᠭ ᠲᠤᠬᠠᠶ ᠳᠤᠨᠢ | ᠪᠢᠴᠢᠭ ᠢᠶᠠᠷ ᠮᠡᠳᠡᠭᠳᠡᠬᠦ ᠬᠡᠷᠡᠭᠲᠡᠶ᠃ | ᠬᠤᠷᠢᠨ ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠣᠯᠤᠨ ᠨᠤᠲᠤᠭ ᠪᠡᠯᠴᠢᠭᠡᠷ ᠤᠨ | ᠲᠣᠪᠴᠢᠶ᠎ᠠ ᠠᠴᠠ ᠬᠠᠷᠢᠭᠤᠴᠠᠨ ᠬᠢᠨᠠᠨ ᠬᠠᠷᠭᠤᠭᠤᠯᠵᠤ ᠬᠢᠨᠠᠨ ᠵᠦᠪᠰᠢᠶᠡᠷᠡᠬᠦ ᠨᠤᠲᠤᠭ ᠪᠡᠯᠴᠢᠭᠡᠷ ᠢ ᠲᠠᠲᠠᠪᠤᠷᠢᠯᠠᠨ | ᠡᠵᠡᠯᠡᠵᠦ ᠬᠡᠷᠡᠭᠯᠡᠬᠦ ᠵᠦᠢᠯᠡᠰ ᠢ ᠭᠤᠶᠤᠴᠢᠯᠠᠯ ᠢ ᠬᠦᠯᠢᠶᠡᠨ ᠠᠪᠤᠭᠰᠠᠨ ᠡᠳᠦᠷ ᠠᠴᠠ ᠡᠬᠢᠯᠡᠨ᠂ ᠬᠤᠰᠢᠭᠤ ᠰᠢᠶᠠᠨ | ᠪᠣᠯᠤᠨ ᠠᠶᠢᠮᠠᠭ ᠬᠤᠲᠠ ᠶᠢᠨ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠴᠥᠮ 10 ᠠᠵᠢᠯᠯᠠᠬᠤ ᠡᠳᠦᠷ ᠤᠨ ᠳᠣᠲᠣᠷ᠎ᠠ ᠬᠢᠨᠠᠨ ᠪᠠᠶᠢᠴᠠᠭᠠᠬᠤ ᠠᠵᠢᠯ ᠢᠶᠠᠨ ᠪᠡᠶᠡᠯᠡᠭᠦᠯᠬᠦ ᠶᠢᠨ | ᠬᠠᠮᠲᠤ ᠱᠠᠲᠤ ᠳᠠᠷᠠᠭᠠᠯᠠᠨ ᠳᠡᠭᠡᠭᠰᠢ ᠮᠡᠳᠡᠭᠦᠯᠬᠦ ᠬᠡᠷᠡᠭᠲᠡᠶ᠃ 10 ᠠᠵᠢᠯᠯᠠᠬᠤ ᠡᠳᠦᠷ ᠤᠨ ᠳᠣᠲᠣᠷ᠎ᠠ ᠪᠡᠶᠡᠯᠡᠭᠦᠯᠵᠦ | ᠳᠡᠶᠢᠯᠬᠦ ᠦᠭᠡᠶ ᠪᠣᠯ ᠲᠤᠰ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢᠶᠠᠷ ᠪᠢᠴᠢᠭ ᠢᠶᠠᠷ ᠵᠥᠪᠰᠢᠶᠡᠷᠡᠭᠦᠯᠦᠭᠡᠳ 5 | ᠠᠵᠢᠯᠯᠠᠬᠤ ᠡᠳᠦᠷ ᠤᠷᠲᠤᠳᠬᠠᠵᠤ ᠪᠣᠯᠬᠤ ᠶᠢᠨ ᠬᠠᠮᠲᠤ᠂ ᠤᠷᠲᠤᠳᠬᠠᠭᠰᠠᠨ ᠤᠴᠢᠷ ᠰᠢᠯᠲᠠᠭᠠᠨ ᠢᠶᠠᠨ | ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠬᠡᠷᠡᠭᠲᠡᠶ᠃ | ᠲᠤᠬᠠᠶ ᠶᠢᠨ ᠲᠠᠯᠠᠪᠠᠶ ᠳᠤ ᠪᠠᠶᠢᠴᠠᠭᠠᠨ ᠰᠢᠯᠭᠠᠬᠤ ᠠᠵᠢᠯ ᠥᠷᠨᠢᠭᠦᠯᠦᠭᠰᠡᠨ ᠪᠠᠶᠢᠪᠠᠯ᠂ ᠲᠤᠬᠠᠶ ᠶᠢᠨ | ᠲᠠᠯᠠᠪᠠᠶ ᠳᠤ ᠪᠠᠶᠢᠴᠠᠭᠠᠨ ᠰᠢᠯᠭᠠᠬᠤ ᠴᠠᠭ ᠬᠤᠭᠤᠴᠠᠭ᠎ᠠ ᠶᠢ 5 ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ | ᠥᠬᠡᠶ᠂ ᠤᠨᠴᠠᠭᠠᠢ ᠰᠢᠯᠲᠠᠭᠠᠨ ᠠᠴᠠ ᠪᠣᠯᠵᠣ ᠲᠤᠬᠠᠶ ᠶᠢᠨ ᠲᠠᠯᠠᠪᠠᠶ ᠳᠤ ᠪᠠᠶᠢᠴᠠᠭᠠᠨ ᠰᠢᠯᠭᠠᠬᠤ ᠶᠢ ᠴᠠᠭ ᠲᠠᠭᠠᠨ | ᠥᠷᠨᠢᠭᠦᠯᠬᠦ ᠶᠢᠨ ᠠᠷᠭ᠎ᠠ ᠥᠬᠡᠶ ᠪᠣᠯᠭᠠᠭᠰᠠᠨ ᠪᠠᠶᠢᠪᠠᠯ᠂ ᠬᠦᠢᠴᠡᠳᠬᠡᠬᠦ ᠴᠠᠭ ᠬᠤᠭᠤᠴᠠᠭ᠎ᠠ ᠶᠢ ᠬᠤᠶᠢᠰᠢᠯᠠᠭᠤᠯᠬᠤ | ᠬᠡᠷᠡᠭᠲᠡᠶ᠃ | ᠬᠤᠷᠢᠨ ᠭᠤᠷᠪᠠᠳᠤᠭᠠᠷ ᠵᠦᠢᠯ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠳᠤ ᠨᠤᠲᠤᠭ | ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠳᠤ ︽ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠠᠵᠤ ᠦᠢᠯᠡᠰ ᠤᠨ | ᠬᠦᠭᠵᠢᠯᠲᠡ ᠳᠤ ᠭᠠᠵᠠᠷ ᠰᠢᠷᠣᠶ ᠬᠡᠷᠡᠭᠯᠡᠬᠦ ᠶᠢ ᠵᠢᠷᠤᠮᠵᠢᠭᠤᠯᠬᠤ ᠬᠠᠮᠢᠶᠠᠷᠤᠯᠳᠠ ᠶᠢ ᠳᠡᠮᠵᠢᠬᠦ ᠬᠤᠯᠪᠣᠭᠳᠠᠯ ᠪᠦᠬᠦᠢ | ᠠᠵᠢᠯ ᠤᠨ ᠲᠤᠬᠠᠶ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ ᠲᠢᠩᠬᠢᠮ ᠤᠯᠤᠰ ᠤᠨ ᠣᠶ ᠰᠢᠭᠤᠶ ᠪᠠ | ᠨᠤᠲᠤᠭ ᠪᠡᠯᠴᠢᠭᠡᠷ ᠤᠨ ᠲᠣᠪᠴᠢᠶ᠎ᠠ ᠶᠢᠨ ᠠᠯᠪᠠᠨ ᠭᠡᠷ ᠤᠨ ᠶᠡᠷᠦᠩᠬᠡᠶᠢᠯᠡᠭᠰᠡᠨ ᠵᠤᠷᠭᠠᠨ ᠤ ᠮᠡᠳᠡᠭᠳᠡᠯ︾ ︵ᠪᠠᠶᠢᠭᠠᠯᠢ | ᠡᠬᠢ ᠪᠠᠶᠠᠯᠢᠭ ᠠᠯᠪᠠᠨ ᠲᠠᠷᠬᠠᠭᠠᠭᠰᠠᠨ 〔2023〕12 ᠳ᠋ᠤᠭᠠᠷ ᠲᠣᠭᠠᠲᠤ︶ ᠪᠠ ︽ᠭᠡᠷᠡᠯ ᠴᠡᠨᠡᠭ ᠢᠶᠠᠷ | ᠴᠠᠬᠢᠯᠭᠠᠨ ᠭᠠᠷᠭᠠᠬᠤ ᠠᠵᠤ ᠦᠢᠯᠡᠰ ᠤᠨ ᠬᠥᠭᠵᠢᠯᠲᠡ ᠳᠤ ᠨᠤᠲᠤᠭ ᠪᠡᠯᠴᠢᠭᠡᠷ ᠢ ᠵᠢᠷᠤᠮᠵᠢᠭᠤᠯᠤᠨ ᠬᠡᠷᠡᠭᠯᠡᠬᠦ ᠶᠢ | ᠳᠡᠮᠵᠢᠬᠦ ᠬᠤᠯᠪᠣᠭᠳᠠᠯ ᠪᠦᠬᠦᠢ ᠠᠵᠢᠯ ᠤᠨ ᠲᠤᠬᠠᠶ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ | ᠲᠣᠪᠴᠢᠶ᠎ᠠ ᠶᠢᠨ ᠠᠯᠪᠠᠨ ᠭᠡᠷ ᠤᠨ ᠮᠡᠳᠡᠭᠳᠡᠯ︾ ︵ᠠᠯᠪᠠᠨ ᠦᠰᠦᠭ︶ ᠤᠨ ᠲᠣᠭᠲᠠᠭᠠᠯ ᠶᠣᠰᠣᠭᠠᠷ ᠬᠡᠷᠡᠭᠵᠢᠭᠦᠯᠬᠦ | ᠬᠡᠷᠡᠭᠲᠡᠶ᠃ | ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠤᠨ ᠰᠠᠭᠤᠷᠢ ᠪᠠᠶᠢᠷᠢᠯᠠᠯ ᠵᠢᠴᠢ ᠰᠢᠨ᠎ᠡ ᠪᠠᠷ | ᠪᠠᠶᠢᠭᠤᠯᠤᠭᠰᠠᠨ ᠢᠵᠢ ᠪᠦᠷᠢᠨ ᠵᠠᠮ ᠨᠡᠪᠲᠡᠷᠡᠯᠭᠡ ᠵᠡᠷᠭᠡ ᠳᠤ ᠨᠤᠲᠤᠭ ᠪᠡᠯᠴᠢᠭᠡᠷ ᠢ ᠡᠵᠡᠯᠡᠨ ᠬᠡᠷᠡᠭᠯᠡᠬᠦ ᠳᠤ᠂ ᠨᠤᠲᠤᠭ | ᠪᠡᠯᠴᠢᠭᠡᠷ ᠢ ᠲᠠᠲᠠᠪᠤᠷᠢᠯᠠᠬᠤ᠂ ᠲᠠᠲᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ ᠶᠢ ᠬᠢᠨᠠᠨ ᠬᠠᠷᠭᠤᠭᠤᠯᠬᠤ ᠭᠠᠷ ᠭᠦᠢᠴᠡᠳᠬᠡᠯ | ᠬᠦᠢᠴᠡᠳᠬᠡᠬᠦ ᠴᠢᠬᠤᠯᠠᠲᠠᠶ᠃ | ᠬᠤᠷᠢᠨ ᠳᠥᠷᠪᠡᠳᠦᠭᠡᠷ ᠵᠦᠢᠯ ᠲᠦᠷᠦ ᠶᠢᠨ ᠶᠠᠪᠤᠳᠠᠯ ᠤᠨ ᠬᠤᠷᠢᠶ᠎ᠠ ᠪᠤᠶᠤ ᠲᠦᠷᠦ ᠶᠢᠨ ᠶᠠᠪᠤᠳᠠᠯ ᠤᠨ | ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠵᠥᠪᠰᠢᠶᠡᠷᠡᠭᠰᠡᠨ ᠵᠠᠰᠠᠮᠠᠯ ᠵᠡᠮ᠂ ᠲᠡᠮᠦᠷ ᠵᠠᠮ᠂ ᠲᠤᠰᠤᠨ | ᠬᠡᠢ ᠶᠢᠨ ᠬᠤᠭᠤᠯᠠᠶ ᠶᠢᠨ ᠱᠤᠭᠤᠮ᠂ ᠤᠰᠤᠨ ᠠᠰᠢᠭᠯᠠᠯᠲᠠ ᠤᠰᠤᠨ ᠴᠠᠬᠢᠯᠭᠠᠨ ᠵᠡᠷᠭᠡ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠪᠠ ᠮᠤᠵᠢ ᠶᠢᠨ ᠲᠡᠰ ᠤᠨ ᠲᠦᠷᠭᠡᠨ ᠳᠠᠪᠬᠢᠬᠤ ᠵᠠᠰᠠᠮᠠᠯ ᠵᠠᠮ ᠳᠠᠬᠢ ᠬᠥᠭᠦᠷᠭᠡ᠂ | ᠨᠦᠭᠡᠠ ᠵᠡᠮ᠂ ᠬᠠᠰᠢᠯᠭ᠎ᠠ᠂ ᠤᠷᠤᠰᠬᠠᠯ ᠵᠠᠯᠠᠬᠤ ᠰᠤᠪᠠᠭ᠂ ᠲᠠᠯᠠᠪᠤᠷ ᠲᠤ ᠣᠷᠣᠬᠤ ᠵᠠᠮ ᠪᠠ ᠴᠠᠬᠢᠯᠭᠠᠨ ᠬᠦᠷᠭᠡᠬᠦ | ᠲᠥᠬᠦᠭᠡᠷᠦᠮᠵᠢ ᠵᠡᠷᠭᠡ ᠡᠵᠡᠮᠰᠢᠯ ᠤᠨ ᠴᠢᠨᠠᠷᠲᠠᠶ ᠳᠠᠩ ᠴᠣᠭᠴᠠ ᠶᠢᠨ ᠢᠨᠵᠧᠨᠧᠷᠢᠩ᠂ ᠢᠵᠢ ᠪᠦᠷᠢᠳᠦᠭᠦᠯᠦᠭᠰᠡᠨ | ᠪᠠᠷᠢᠯᠭ᠎ᠠ ᠪᠣᠯᠤᠨ ᠠᠵᠢᠯ ᠤᠨ ᠬᠤᠭᠤᠴᠠᠭ᠎ᠠ ᠪᠠᠴᠢᠮ ᠪᠤᠶᠤ ᠤᠯᠠᠷᠢᠯ ᠤᠨ ᠨᠥᠯᠥᠭᠡ ᠠᠴᠠ ᠪᠣᠯᠵᠤ ᠦᠨᠡᠨᠬᠦ ᠠᠵᠢᠯ | ᠡᠬᠢᠯᠡᠭᠦᠯᠦᠨ ᠪᠦᠲᠦᠭᠡᠨ ᠪᠠᠶᠢᠭᠤᠯᠬᠤ ᠴᠢᠬᠤᠯᠠ ᠲᠠᠢ ᠪᠤᠰᠤᠳ ᠪᠠᠷᠢᠯᠭ᠎ᠠ᠂ ᠡᠮᠦᠨᠡᠬᠢ ᠬᠤᠭᠤᠴᠠᠭᠠᠨ ᠤ ᠠᠵᠢᠯ ᠢ | ᠥᠷᠨᠢᠭᠦᠯᠬᠦ ᠲᠤᠬᠠᠶ ᠴᠣᠬᠤᠯᠠᠪᠤᠷᠢ ᠶᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ | ᠪᠡᠯᠴᠢᠭᠡᠷ ᠤᠨ ᠲᠣᠪᠴᠢᠶ᠎ᠠ ᠠᠴᠠ ᠬᠢᠵᠠᠭᠠᠷᠯᠠᠬᠤ ᠴᠢᠨᠠᠷᠲᠠᠶ ᠳᠠᠩ ᠴᠣᠭᠴᠠ ᠶᠢᠨ ᠢᠨᠵᠧᠨᠧᠷᠢᠩ ᠪᠣᠯᠤᠨ ᠢᠵᠢ | ᠪᠦᠷᠢᠳᠦᠬᠦᠯᠦᠭᠰᠡᠨ ᠢᠨᠵᠧᠨᠧᠷᠢᠩ ᠨᠤᠲᠤᠭ ᠪᠡᠯᠴᠢᠭᠡᠷ ᠢ ᠤᠷᠢᠳᠠᠪᠠᠷ ᠬᠡᠷᠡᠭᠯᠡᠬᠦ ᠶᠢ ᠭᠤᠶᠤᠴᠢᠯᠠᠵᠤ᠂ ᠭᠤᠶᠤᠴᠢᠯᠠᠬᠤ | ᠬᠡᠪᠴᠢᠶ᠎ᠡ ᠶᠢ ᠵᠠᠷᠴᠢᠮ ᠳᠡᠭᠡᠷ᠎ᠡ ᠪᠠᠨ ᠭᠠᠵᠠᠷ ᠬᠡᠷᠡᠭᠯᠡᠬᠦ ᠶᠢ ᠤᠷᠢᠳᠴᠢᠯᠠᠨ ᠬᠢᠨᠠᠬᠤ ᠡᠵᠡᠮᠳᠡᠬᠦ ᠬᠡᠪᠴᠢᠶ᠎ᠡ ᠶᠢᠨ 30 | % ᠠᠴᠠ ᠬᠡᠲᠦᠷᠡᠭᠦᠯᠵᠦ ᠪᠣᠯᠬᠤ ᠥᠬᠡᠶ᠃ | ᠪᠦᠬᠦᠯᠢ ᠴᠣᠭᠴᠠ ᠶᠢᠨ ᠲᠥᠷᠥᠯ ᠵᠦᠢᠯ ᠢ ᠭᠤᠶᠤᠴᠢᠯᠠᠬᠤ ᠳᠤ᠂ ᠳᠠᠩ ᠭᠠᠭᠴᠠ ᠪᠠᠷᠢᠯᠭ᠎ᠠ ᠪᠣᠯᠤᠨ ᠢᠵᠢ | ᠪᠦᠷᠢᠳᠦᠬᠦᠯᠦᠭᠰᠡᠨ ᠪᠠᠷᠢᠯᠭ᠎ᠠ ᠳᠤ ᠨᠤᠲᠤᠭ ᠪᠡᠯᠴᠢᠭᠡᠷ ᠢ ᠤᠷᠢᠳᠠᠪᠠᠷ ᠬᠡᠷᠡᠭᠯᠡᠬᠦ ᠶᠢ ᠵᠥᠪᠰᠢᠶᠡᠷᠡᠭᠰᠡᠨ ᠪᠢᠴᠢᠭ | ᠮᠠᠲ᠋ᠧᠷᠢᠶᠠᠯ ᠵᠢᠴᠢ ᠪᠦᠬᠦᠯᠢ ᠴᠣᠭᠴᠠ ᠶᠢᠨ ᠲᠥᠷᠥᠯ ᠵᠦᠢᠯ ᠢ ᠭᠤᠶᠤᠴᠢᠯᠠᠭᠰᠠᠨ ᠮᠠᠲ᠋ᠧᠷᠢᠶᠠᠯ ᠢ ᠳᠠᠭᠠᠯᠳᠤᠭᠤᠯᠵᠤ᠂ | ᠨᠤᠲᠤᠭ ᠪᠡᠯᠴᠢᠭᠡᠷ ᠢ ᠲᠠᠲᠠᠪᠤᠷᠢᠯᠠᠬᠤ᠂ ᠲᠠᠲᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ ᠶᠢ ᠬᠢᠨᠠᠨ ᠬᠠᠷᠭᠤᠭᠤᠯᠬᠤ ᠭᠠᠷ | ᠬᠦᠢᠴᠡᠳᠬᠡᠯ ᠢ ᠲᠤᠭᠲᠠᠭᠠᠭᠰᠠᠨ ᠡᠷᠬᠡ ᠮᠡᠳᠡᠯ ᠶᠣᠰᠣᠭᠠᠷ ᠨᠢᠭᠡ ᠯᠡ ᠤᠳᠠᠭ᠎ᠠ ᠳᠤ ᠭᠤᠶᠤᠴᠢᠯᠠᠨ ᠭᠦᠢᠴᠡᠳᠬᠡᠬᠦ | ᠬᠡᠷᠡᠭᠲᠡᠶ᠃ | ᠨᠤᠲᠤᠭ ᠪᠡᠯᠴᠢᠭᠡᠷ ᠢ ᠤᠷᠢᠳᠠᠪᠠᠷ ᠬᠡᠷᠡᠭᠯᠡᠬᠦ ᠳᠤ ᠳᠤᠤᠷᠠᠬᠢ ᠮᠠᠲ᠋ᠧᠷᠢᠶᠠᠯ ᠢ ᠬᠠᠩᠭᠠᠬᠤ ᠬᠡᠷᠡᠭᠲᠡᠶ᠄ | 1 ᠲᠥᠷᠥᠯ ᠵᠦᠢᠯ ᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ︔ | 2 ᠡᠮᠦᠨᠡᠬᠢ ᠬᠤᠭᠤᠴᠠᠭᠠᠨ ᠤ ᠠᠵᠢᠯ ᠥᠷᠨᠢᠭᠦᠯᠬᠦ ᠶᠢ ᠵᠥᠪᠰᠢᠶᠡᠷᠡᠭᠰᠡᠨ ᠪᠢᠴᠢᠭ︔ | 3 ᠭᠠᠵᠠᠷ ᠬᠡᠷᠡᠭᠯᠡᠬᠦ ᠶᠢ ᠤᠷᠢᠳᠴᠢᠯᠠᠨ ᠬᠢᠨᠠᠭᠰᠠᠨ ᠪᠢᠴᠢᠭ ᠮᠠᠲ᠋ᠧᠷᠢᠶᠠᠯ︔ | | ︵ᠳᠥᠷᠪᠡ︶ ᠨᠤᠲᠤᠭ ᠪᠡᠯᠴᠢᠭᠡᠷ ᠤᠨ ᠡᠷᠬᠡ ᠶᠢᠨ ᠬᠠᠷᠢᠶ᠎ᠠ ᠵᠢᠴᠢ ᠨᠥᠬᠦᠪᠥᠷᠢᠯᠡᠬᠦ ᠵᠦᠢᠯ ᠤᠨ | ᠲᠣᠳᠣᠷᠬᠠᠶᠢᠯᠠᠯᠲᠠ︔ | ︵ᠲᠠᠪᠤ︶ ᠨᠤᠲᠤᠭ ᠪᠡᠯᠴᠢᠭᠡᠷ ᠤᠨ ᠣᠷᠣᠨ ᠪᠦᠰᠡ ᠶᠢᠨ ᠴᠢᠭᠯᠡᠯᠲᠦ ᠬᠡᠮᠵᠢᠭᠳᠡᠬᠦᠨ ᠤ ᠪᠠᠶᠢᠷᠢᠰᠢᠯ ᠤᠨ | ᠵᠢᠷᠤᠭ ᠢ ᠤᠷᠢᠳᠠᠪᠠᠷ ᠬᠡᠷᠡᠭᠯᠡᠬᠦ ᠪᠠᠷ ᠲᠤᠭᠲᠠᠬᠤ᠃ | ᠬᠤᠷᠢᠨ ᠲᠠᠪᠤᠳᠤᠭᠠᠷ ᠵᠦᠢᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ | ᠪᠡᠯᠴᠢᠭᠡᠷ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ | ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠵᠠᠷᠤᠳᠠᠯ ᠲᠠᠲᠠᠪᠤᠷᠢᠯᠠᠨ ᠬᠡᠷᠡᠭᠯᠡᠬᠦ ᠬᠠᠮᠢᠶᠠᠷᠤᠯᠲᠠ ᠶᠢᠨ ᠠᠷᠭ᠎ᠠ︾ ︽ | ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ | ᠪᠡᠯᠴᠢᠭᠡᠷ ᠤᠨ ᠲᠣᠪᠴᠢᠶ᠎ᠠ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ | ᠪᠠᠩᠬᠢ ᠶᠢᠨ ᠣᠶ ᠰᠢᠭᠤᠶ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠵᠠᠷᠤᠳᠠᠯ ᠪᠠ ᠨᠤᠲᠤᠭ ᠪᠡᠯᠴᠢᠭᠡᠷ ᠤᠨ | ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠵᠠᠷᠤᠳᠠᠯ ᠢ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ | ᠲᠠᠲᠠᠪᠤᠷᠢ ᠳᠤ ᠬᠤᠪᠢᠶᠠᠷᠢᠯᠠᠨ ᠰᠢᠯᠵᠢᠭᠦᠯᠬᠦ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ | ᠵᠡᠷᠭᠡ ᠲᠣᠭᠲᠠᠭᠠᠯ ᠶᠣᠰᠣᠭᠠᠷ᠂ ᠬᠢᠨᠠᠨ ᠬᠠᠷᠭᠤᠭᠤᠯᠤᠭᠠᠳ ᠵᠥᠪᠰᠢᠶᠡᠷᠡᠭᠰᠡᠨ ᠨᠤᠲᠤᠭ ᠪᠡᠯᠴᠢᠭᠡᠷ ᠢ ᠲᠠᠲᠠᠪᠤᠷᠢᠯᠠᠨ | ᠬᠡᠷᠡᠭᠯᠡᠬᠦ ᠪᠤᠶᠤ ᠬᠡᠷᠡᠭᠯᠡᠬᠦ ᠭᠤᠶᠤᠴᠢᠯᠠᠯ ᠳᠤ ᠭᠤᠶᠤᠴᠢᠯᠠᠭᠴᠢ ᠠᠴᠠ ᠨᠤᠲᠤᠭ ᠪᠡᠯᠴᠢᠭᠡᠷ ᠤᠨ ᠤᠷᠭᠤᠮᠠᠯ ᠤᠨ | ᠬᠤᠴᠢᠯᠭ᠎ᠠ ᠶᠢ ᠰᠡᠷᠭᠦᠭᠡᠬᠦ ᠵᠠᠷᠤᠳᠠᠯ ᠲᠤᠰᠢᠶᠠᠵᠤ᠂ ︽ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠲᠣᠭᠲᠠᠭᠠᠯ ᠤᠨ | ᠪᠢᠴᠢᠭ︾ ᠢᠶᠠᠨ ᠭᠠᠷᠳᠠᠨ᠎ᠠ︔ ᠬᠢᠨᠠᠨ ᠬᠠᠷᠭᠤᠭᠤᠯᠤᠭᠠᠳ ᠵᠥᠪᠰᠢᠶᠡᠷᠡᠬᠦ ᠦᠭᠡᠢ ᠪᠠᠶᠢᠪᠠᠯ᠂ ᠭᠤᠶᠤᠴᠢᠯᠠᠭᠴᠢ ᠳᠤ | ᠵᠠᠰᠠᠭ ᠵᠠᠬᠢᠷᠭᠠᠨ ᠤ ᠵᠥᠪᠰᠢᠶᠡᠷᠡᠯ ᠦᠯᠦ ᠥᠭᠬᠦ ᠲᠣᠭᠲᠠᠭᠠᠯ ᠤᠨ ᠪᠢᠴᠢᠭ ᠣᠯᠭᠤᠬᠤ ᠪᠥᠭᠡᠳ ᠦᠯᠦ ᠵᠥᠪᠰᠢᠶᠡᠷᠡᠬᠦ | ᠤᠴᠢᠷ ᠰᠢᠯᠲᠠᠭᠠᠨ ᠢᠶᠠᠨ ᠬᠡᠯᠡᠵᠦ ᠥᠭᠭᠦᠨ᠎ᠡ᠃ | ᠬᠤᠷᠢᠨ ᠵᠢᠷᠭᠤᠳᠤᠭᠠᠷ ᠵᠦᠢᠯ ᠭᠤᠶᠤᠴᠢᠯᠠᠭᠴᠢ ᠵᠠᠰᠠᠭ ᠵᠠᠬᠢᠷᠭᠠᠨ ᠤ ᠵᠥᠪᠰᠢᠶᠡᠷᠡᠯ ᠦᠭᠭᠦᠭᠰᠡᠨ | ᠲᠣᠭᠲᠠᠭᠠᠯ ᠤᠨ ᠪᠢᠴᠢᠭ ᠢ ᠣᠯᠤᠭᠰᠠᠨ ᠤ ᠲᠠᠷᠠᠭ᠎ᠠ᠂ ᠬᠠᠤᠯᠢ ᠶᠣᠰᠣᠭᠠᠷ ᠪᠠᠶᠢᠭᠠᠯᠢ ᠶᠢᠨ ᠡᠬᠢ ᠪᠠᠶᠠᠯᠢᠭ ᠤᠨ ᠡᠷᠬᠢᠯᠡᠨ | ᠬᠠᠮᠢᠶᠠᠷᠬᠤ ᠰᠠᠯᠠᠭ᠎ᠠ ᠮᠥᠴᠢᠷ ᠲᠤ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠭᠦᠯᠬᠦ ᠭᠠᠷ | ᠭᠦᠢᠴᠡᠳᠬᠡᠯ ᠬᠢᠬᠦ ᠪᠠᠷ ᠭᠤᠶᠤᠴᠢᠯᠠᠬᠤ ᠬᠡᠷᠡᠭᠲᠡᠶ᠃ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ | ᠭᠤᠶᠤᠴᠢᠯᠠᠯ ᠨᠢ ᠵᠥᠪᠰᠢᠶᠡᠷᠡᠭᠳᠡᠭᠰᠡᠨ ᠦᠭᠡᠶ ᠪᠣᠯ ᠭᠤᠶᠤᠴᠢᠯᠠᠭᠴᠢ ᠨᠢ ᠥᠪᠡᠷᠲᠡᠭᠡᠨ ᠵᠠᠰᠠᠬᠤ ᠣᠷᠣᠨ ᠤ ᠣᠶ | ᠰᠢᠭᠤᠶ ᠪᠣᠯᠤᠨ ᠨᠤᠲᠤᠭ ᠪᠡᠯᠴᠢᠭᠡᠷ ᠤᠨ ᠲᠣᠪᠴᠢᠶ᠎ᠠ ᠳᠤ ᠨᠢᠭᠡᠨᠲᠡ ᠲᠤᠰᠢᠶᠠᠭᠰᠠᠨ ᠨᠤᠲᠤᠭ ᠪᠡᠯᠴᠢᠭᠡᠷ ᠤᠨ | ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠵᠠᠷᠤᠳᠠᠯ ᠪᠤᠴᠠᠭᠠᠬᠤ ᠶᠢ ᠭᠤᠶᠤᠴᠢᠯᠠᠵᠤ᠂ ᠵᠠᠰᠠᠭ ᠵᠠᠬᠢᠷᠭᠠᠨ ᠤ | ᠵᠥᠪᠰᠢᠶᠡᠷᠡᠯ ᠥᠭᠬᠦ ᠲᠣᠭᠲᠠᠭᠠᠯ ᠬᠦᠴᠦᠨ ᠦᠭᠡᠶ ᠪᠣᠯᠤᠨ᠎ᠠ᠃ | ᠬᠤᠷᠢᠨ ᠳᠣᠯᠣᠳᠤᠭᠠᠷ ᠵᠦᠢᠯ ᠨᠤᠲᠤᠭ ᠪᠡᠯᠴᠢᠭᠡᠷ ᠢ ᠲᠦᠷ ᠴᠠᠭ ᠡᠵᠡᠯᠡᠨ ᠬᠡᠷᠡᠭᠯᠡᠬᠦ ᠪᠤᠶᠤ ᠨᠤᠲᠤᠭ | ᠪᠡᠯᠴᠢᠭᠡᠷ ᠤᠨ ᠬᠠᠮᠠᠭᠠᠯᠠᠯᠲᠠ ᠪᠣᠯᠤᠨ ᠮᠠᠯ ᠠᠵᠤ ᠠᠬᠤᠶ ᠶᠢᠨ ᠦᠢᠯᠡᠳᠪᠦᠷᠢᠯᠡᠯ ᠳᠤ ᠰᠢᠭᠤᠳ ᠦᠢᠯᠡᠴᠢᠯᠡᠬᠦ | ᠪᠠᠷᠢᠯᠭ᠎ᠠ ᠶᠢᠨ ᠪᠡᠯᠡᠳᠬᠡᠮᠵᠢ ᠪᠠᠶᠢᠭᠤᠯᠬᠤ ᠳᠤ ᠨᠤᠲᠤᠭ ᠪᠡᠯᠴᠢᠭᠡᠷ ᠢ ᠬᠡᠷᠡᠭᠯᠡᠬᠦ ᠴᠢᠬᠤᠯᠠ ᠲᠠᠢ ᠪᠣᠯ ᠲᠣᠭᠲᠠᠭᠠᠭᠰᠠᠨ | ᠬᠢᠨᠠᠨ ᠵᠥᠪᠰᠢᠶᠡᠷᠡᠬᠦ ᠡᠷᠬᠡ ᠮᠡᠳᠡᠯ ᠤᠨ ᠶᠣᠰᠣᠭᠠᠷ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ | ᠪᠤᠶᠤ ᠰᠤᠮᠤ ᠰᠢᠶᠠᠩ ᠪᠠᠯᠭᠠᠰᠤ ᠠᠴᠠ ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠪᠤᠶᠤ ᠵᠠᠰᠠᠭ ᠵᠠᠬᠢᠷᠭᠠᠨ ᠤ | ᠵᠥᠪᠰᠢᠶᠡᠷᠡᠯ ᠣᠯᠭᠤᠬᠤ ᠦᠭᠡᠶ ᠭᠡᠰᠡᠨ ᠪᠢᠴᠢᠭᠯᠡᠭᠰᠡᠨ ᠲᠣᠭᠲᠠᠭᠠᠯ ᠭᠠᠷᠭᠠᠬᠤ ᠬᠡᠷᠡᠭᠲᠡᠶ᠃ | ᠬᠤᠷᠢᠨ ᠨᠠᠢᠮᠠᠳᠤᠭᠠᠷ ᠵᠦᠢᠯ ᠭᠤᠶᠤᠴᠢᠯᠠᠭᠰᠠᠨ ᠨᠢᠭᠡᠴᠡ ᠪᠤᠶᠤ ᠬᠤᠪᠢ ᠬᠥᠮᠦᠨ ᠵᠥᠪᠰᠢᠶᠡᠷᠡᠭᠰᠡᠨ ᠲᠠᠯᠠᠪᠠᠶ | ᠶᠣᠰᠣᠭᠠᠷ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠬᠡᠷᠡᠭᠲᠡᠶ᠂ ᠳᠤᠷ᠎ᠠ ᠪᠠᠷ ᠢᠶᠠᠨ ᠲᠠᠯᠠᠪᠠᠶ ᠶᠢ ᠨᠢ | ᠥᠷᠭᠡᠳᠬᠡᠵᠦ ᠪᠣᠯᠬᠤ ᠦᠭᠡᠶ᠃ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠢᠷᠤᠭ ᠲᠥᠯᠥᠪᠯᠡᠭᠡ ᠶᠢ | ᠬᠤᠪᠢᠷᠠᠭᠤᠯᠤᠭᠰᠠᠨ ᠠᠴᠠ ᠪᠣᠯᠵᠤ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠲᠠᠯᠠᠪᠠᠶ ᠶᠢ ᠦᠨᠡᠨ ᠬᠦ | ᠥᠷᠭᠡᠳᠬᠡᠬᠦ ᠴᠢᠬᠤᠯᠠ ᠲᠠᠢ ᠪᠣᠯ ᠲᠤᠰ ᠲᠣᠭᠲᠠᠭᠠᠯ ᠤᠨ ᠠᠷᠪᠠᠳᠤᠭᠠᠷ ᠵᠦᠢᠯ᠂ ᠠᠷᠪᠠᠨ ᠨᠢᠭᠡᠳᠦᠭᠡᠷ ᠵᠦᠢᠯ᠂ ᠠᠷᠪᠠᠨ | ᠭᠤᠷᠪᠠᠳᠤᠭᠠᠷ ᠵᠦᠢᠯ ᠤᠨ ᠲᠣᠭᠲᠠᠭᠠᠯ ᠶᠣᠰᠣᠭᠠᠷ᠂ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ | ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠭᠦᠯᠬᠦ ᠭᠠᠷ | ᠭᠦᠢᠴᠡᠳᠬᠡᠯ ᠢ ᠭᠦᠢᠴᠡᠳᠬᠡᠬᠦ ᠪᠠᠷ ᠭᠤᠶᠤᠴᠢᠯᠠᠬᠤ ᠬᠡᠷᠡᠭᠲᠡᠶ᠃ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ | ᠬᠡᠷᠡᠭᠯᠡᠬᠦ ᠲᠠᠯᠠᠪᠠᠢ ᠶᠢ ᠪᠠᠭᠠᠰᠬᠠᠬᠤ ᠪᠤᠶᠤ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠣᠷᠣᠨ | ᠪᠠᠶᠢᠷᠢ ᠶᠢ ᠬᠤᠪᠢᠷᠠᠭᠤᠯᠬᠤ ᠳᠤ ᠬᠦᠷᠪᠡᠯ᠂ ᠤᠤᠯ ᠤᠨ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠭᠰᠡᠨ | ᠪᠠᠶᠢᠭᠤᠯᠭ᠎ᠠ ᠳᠤ ᠬᠤᠪᠢᠷᠠᠭᠤᠯᠬᠤ ᠭᠠᠷ ᠭᠦᠢᠴᠡᠳᠬᠡᠯ ᠬᠢᠬᠦ ᠪᠠᠷ ᠭᠤᠶᠤᠴᠢᠯᠠᠬᠤ ᠬᠡᠷᠡᠭᠲᠡᠢ᠃ | ᠬᠤᠷᠢ ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠨᠤᠲᠤᠭ | ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ | ᠡᠯᠧᠺᠲᠷᠣᠨ ᠳᠠᠩᠰᠠ ᠡᠪᠬᠡᠮᠡᠯ ᠢ ᠪᠠᠶᠢᠭᠤᠯᠬᠤ ᠬᠡᠷᠡᠭᠲᠡᠶ᠃ | ᠭᠤᠴᠢᠳᠤᠭᠠᠷ ᠵᠦᠢᠯ ᠠᠶᠢᠮᠠᠭ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠵᠢᠯ ᠪᠦᠷᠢ ᠶᠢᠨ ᠨᠢᠭᠡᠳᠦᠭᠡᠷ ᠰᠠᠷ᠎ᠠ ᠶᠢᠨ ᠰᠢᠨᠡᠳ ᠢᠶᠠᠷ ᠳᠡᠭᠡᠷ᠎ᠡ ᠵᠢᠯ ᠤᠨ ᠲᠤᠰ ᠭᠠᠵᠠᠷ | ᠣᠷᠣᠨ ᠤ ᠪᠠᠨ ᠲᠦᠷ ᠴᠠᠭ ᠨᠤᠲᠤᠭ ᠪᠡᠯᠴᠢᠭᠡᠷ ᠢ ᠡᠵᠡᠯᠡᠨ ᠬᠡᠷᠡᠭᠯᠡᠬᠦ ᠪᠠ ᠨᠤᠲᠤᠭ ᠪᠡᠯᠴᠢᠭᠡᠷ ᠳᠡᠭᠡᠷ᠎ᠡ ᠨᠤᠲᠤᠭ | ᠪᠡᠯᠴᠢᠭᠡᠷ ᠤᠨ ᠬᠠᠮᠠᠭᠠᠯᠠᠯᠲᠠ ᠪᠣᠯᠤᠨ ᠮᠠᠯ ᠠᠵᠤ ᠠᠬᠤᠶ ᠶᠢᠨ ᠦᠢᠯᠡᠳᠪᠦᠷᠢᠯᠡᠯ ᠳᠤ ᠰᠢᠭᠤᠳ ᠦᠢᠯᠡᠴᠢᠯᠡᠬᠦ | ᠪᠠᠷᠢᠯᠭ᠎ᠠ ᠶᠢᠨ ᠪᠡᠯᠡᠳᠬᠡᠮᠵᠢ ᠪᠠᠶᠢᠭᠤᠯᠬᠤ ᠶᠢ ᠬᠢᠨᠠᠨ ᠵᠥᠪᠰᠢᠶᠡᠷᠡᠭᠰᠡᠨ ᠪᠠᠶᠢᠳᠠᠯ ᠢᠶᠠᠨ ᠬᠤᠷᠢᠶᠠᠩᠭᠤᠶᠢᠯᠠᠭᠠᠳ | ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠲᠣᠪᠴᠢᠶ᠎ᠠ ᠳᠤ ᠮᠡᠳᠡᠭᠦᠯᠬᠦ ᠬᠡᠷᠡᠭᠲᠡᠶ᠃ | | ᠭᠤᠴᠢᠨ ᠨᠢᠭᠡᠳᠦᠭᠡᠷ ᠵᠦᠢᠯ ︽ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠭᠤᠶᠤᠴᠢᠯᠠᠯ ᠤᠨ | ᠬᠦᠰᠦᠨᠦᠭᠲᠦ︾᠂ ︽ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠲᠤᠬᠠᠶ ᠶᠢᠨ ᠲᠠᠯᠠᠪᠠᠶ ᠶᠢᠨ | ᠪᠠᠶᠢᠴᠠᠭᠠᠨ ᠰᠢᠯᠭᠠᠬᠤ ᠬᠦᠰᠦᠨᠦᠭᠲᠦ︾ ᠳᠤ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ | ᠲᠣᠭᠲᠠᠭᠠᠭᠰᠠᠨ ᠵᠠᠭᠪᠤᠷ ᠢ ᠬᠡᠷᠡᠭᠯᠡᠨ᠎ᠡ᠃ | ᠭᠤᠴᠢᠨ ᠬᠤᠶᠠᠳᠤᠭᠠᠷ ᠵᠦᠢᠯ ᠲᠤᠰ ᠲᠣᠭᠲᠠᠭᠠᠯ ᠢ 2024 ᠣᠨ ᠤ 1 ᠰᠠᠷ᠎ᠠ ᠶᠢᠨ 1 ᠤ ᠡᠳᠦᠷ ᠠᠴᠠ | ᠡᠬᠢᠯᠡᠨ ᠬᠡᠷᠡᠭᠵᠢᠭᠦᠯᠦᠨ᠎ᠡ᠂ ᠤᠤᠯ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ | ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ | ᠲᠣᠭᠲᠠᠭᠠᠯ︾ ᠢ ᠲᠤᠰ ᠲᠣᠭᠲᠠᠭᠠᠯ ᠢ ᠬᠡᠷᠡᠭᠵᠢᠭᠦᠯᠦᠭᠰᠡᠨ ᠡᠳᠦᠷ ᠠᠴᠠ ᠡᠬᠢᠯᠡᠨ ᠬᠦᠴᠦᠨ ᠦᠭᠡᠶ ᠪᠣᠯᠭᠠᠨ᠎ᠠ᠃ | ᠬᠡᠷᠡᠭᠵᠢᠭᠦᠯᠬᠦ ᠬᠤᠭᠤᠴᠠᠭᠠᠨ ᠳᠤ ᠤᠯᠤᠰ ᠤᠨ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠲᠣᠬᠢᠶᠠᠯᠳᠤᠪᠠᠯ᠂ | ᠤᠯᠤᠰ ᠤᠨ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠴᠢᠩᠭ᠎ᠠ ᠬᠡᠷᠡᠭᠵᠢᠭᠦᠯᠦᠨ᠎ᠡ᠃ |