ᠬᠦᠪᠦᠩ ᠤᠷᠤᠶᠢᠲᠤ
ᠨᠡᠶᠢᠲᠡᠯᠡᠭᠰᠡᠨ ᠴᠠᠭ᠄
2023/12/1
      ᠤᠯᠠᠨ ᠨᠠᠰᠤᠲᠤ ᠡᠪᠡᠰᠦᠯᠢᠭ ᠳᠤᠮᠳᠠᠰᠠᠭ ᠤᠷᠭᠤᠮᠠᠯ᠃ ᠭᠤᠤᠯᠳᠠᠭᠤ ᠤᠶᠢᠲᠤ ᠤᠷᠤᠨ᠂ ᠤᠶᠢᠲᠤ ᠪᠡᠯᠴᠢᠭᠡᠷ ᠵᠢᠴᠢ ᠲᠠᠯ᠎ᠠ ᠨᠤᠲᠤᠭ ᠤᠨ ᠪᠦᠰᠡᠨ ᠤ ᠠᠭᠤᠯᠠᠷᠬᠠᠭ ᠭᠠᠵᠠᠷ ᠢᠶᠠᠷ ᠲᠠᠷᠬᠠᠳᠠᠭ᠂ ᠡᠬᠦᠨ ᠳᠤ ᠠᠭᠤᠯᠠᠷᠬᠠᠭ ᠭᠠᠵᠠᠷ᠂ ᠤᠢ ᠶᠢᠨ ᠵᠠᠬ᠎ᠠ᠂ ᠤᠢ ᠰᠢᠭᠤᠢ ᠶᠢ ᠤᠭᠲᠤᠯᠵᠤ ᠴᠠᠪᠴᠢᠭᠰᠠᠨ ᠭᠠᠵᠠᠷ ᠢᠶᠠᠷ ᠤᠷᠭᠤᠨ᠎ᠠ᠃ ᠵᠠᠷᠢᠮ ᠳᠠᠭᠠᠨ ᠵᠠᠮ ᠤᠨ ᠬᠠᠵᠠᠭᠤ ᠪᠤᠶᠤ ᠰᠢᠨ᠎ᠡ ᠬᠠᠭᠠᠯᠪᠤᠷᠢᠯᠠᠭᠰᠠᠨ ᠭᠠᠵᠠᠷ ᠢᠶᠠᠷ ᠵᠢᠵᠢᠭ ᠪᠦᠯᠦᠭᠯᠡᠯ ᠪᠤᠯᠤᠨ ᠪᠦᠷᠢᠯᠳᠤᠳᠡᠭ᠃ ᠮᠠᠨ ᠤ ᠤᠷᠤᠨ ᠤ ᠬᠢᠩᠭᠠᠨ ᠤ ᠬᠤᠶᠢᠲᠤ ᠬᠡᠰᠡᠭ᠂ ᠬᠢᠩᠭᠠᠨ ᠤ ᠡᠮᠦᠨᠡᠲᠦ ᠬᠡᠰᠡᠭ᠂ ᠳᠠᠪᠠᠭᠠᠨ ᠤ ᠵᠡᠭᠦᠨ ᠲᠤᠭᠤᠷᠢᠭ᠂ ᠶᠠᠨᠱᠠᠨ ᠠᠭᠤᠯᠠᠨ ᠤ ᠬᠤᠶᠢᠲᠤ ᠬᠡᠰᠡᠭ᠂ ᠳᠠᠪᠠᠭᠠᠨ ᠤ ᠪᠠᠷᠠᠭᠤᠨ ᠲᠤᠭᠤᠷᠢᠭ᠂ ᠭᠦᠯᠦᠨ ᠪᠤᠶᠢᠷ— ᠰᠢᠯᠢ ᠶᠢᠨ ᠭᠤᠤᠯ ᠤᠨ ᠦᠨᠳᠦᠷᠯᠢᠭ ᠤᠨ ᠵᠡᠭᠦᠨ ᠬᠡᠰᠡᠭ ᠵᠢᠴᠢ ᠡᠮᠦᠨᠡᠲᠦ ᠬᠡᠰᠡᠭ᠂ ᠮᠤᠨᠢ ᠠᠭᠤᠯᠠ ᠶᠢᠨ ᠲᠤᠭᠤᠷᠢᠭ᠂ ᠮᠤᠨᠢ ᠠᠭᠤᠯᠠ ᠶᠢᠨ ᠦᠪᠦᠷ ᠲᠠᠬᠢ ᠳᠤᠪᠤ ᠲᠤᠪᠤᠷᠴᠠᠭ᠂ ᠠᠯᠠᠱᠠ ᠠᠭᠤᠯᠠᠨ ᠤ ᠲᠤᠭᠤᠷᠢᠭ ᠢᠶᠠᠷ ᠤᠷᠭᠤᠯᠲᠠ ᠲᠠᠢ᠃ ᠮᠠᠨ ᠤ ᠤᠯᠤᠰ ᠤᠨ ᠵᠡᠬᠦᠨ ᠬᠤᠶᠢᠲᠤ ᠤᠷᠤᠨ᠂ ᠤᠮᠠᠷᠠᠲᠤ ᠤᠷᠤᠨ᠂ ᠪᠠᠷᠠᠭᠤᠨ ᠬᠤᠶᠢᠲᠤ ᠤᠷᠤᠨ ᠵᠢᠴᠢ ᠪᠠᠷᠠᠭᠤᠨ ᠡᠮᠦᠨᠡᠲᠦ ᠤᠷᠤᠨ ᠢᠶᠠᠷ ᠳᠠᠷᠬᠠᠨ᠂ ᠮᠤᠩᠭᠤᠯ ᠤᠯᠤᠰ᠂ ᠶᠠᠫᠤᠨ᠂ ᠤᠷᠤᠰ᠂ ᠡᠸᠦ᠋ᠷᠣᠫᠠ᠂ ᠤᠮᠠᠷᠠᠲᠤ ᠠᠮᠧᠷᠢᠺᠠ ᠪᠠᠷ ᠪᠠᠰᠠ ᠲᠠᠷᠬᠠᠵᠤ ᠪᠠᠶᠢᠳᠠᠭ᠃
src=http___safe-img.xhscdn.com_bw1_75977929-857d-4699-8f61-1f529a9029bb_imageView2_2_w_1080_format_jpg&refer=http___safe-img.xhscdn.webp.jpg
u=562512099,152489930&fm=253&fmt=auto&app=138&f=JPEG.webp.jpg
  
 
ᠢᠷᠡᠯᠲᠡ᠄ ᠦᠪᠦᠷ ᠮᠤᠩᠭᠤᠯ ᠤᠨ ᠬᠡᠭᠡᠷ᠎ᠡ ᠶᠢᠨ ᠤᠷᠭᠤᠮᠠᠯ ᠤᠨ ᠵᠢᠷᠤᠭᠲᠤ ᠲᠤᠯᠠᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号