ᠣᠶᠢᠷ᠎ᠠ ᠶᠢᠨ ᠵᠢᠯ ᠳᠤ᠂ ᠵᠠᠷᠤᠳ ᠬᠤᠰᠢᠭᠤ ︽ᠲᠠᠪᠤᠨ ᠶᠡᠭᠡ ᠡᠭᠦᠷᠭᠡ︾ ᠳᠤ ᠠᠩᠬᠠᠷᠤᠯ ᠢᠶᠠᠨ | ᠲᠥᠪᠯᠡᠷᠡᠭᠦᠯᠵᠦ᠂ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠪᠦᠷᠢᠲᠥ ᠡᠪᠡᠰᠦ ᠡᠯᠡᠰᠦ ᠶᠢ ᠨᠢᠭᠡ | ᠴᠣᠭᠴᠠᠵᠢᠭᠤᠯᠤᠨ ᠬᠠᠮᠠᠭᠠᠯᠠᠬᠤ ᠪᠠ ᠰᠡᠷᠭᠦᠭᠡᠬᠦ ᠢᠨᠵᠧᠨᠧᠷᠢᠩ᠂ ︽ᠭᠤᠷᠪᠠᠨ ᠤᠮᠠᠷᠠᠲᠤ︾ ᠶᠢᠨ ᠬᠠᠯᠬᠠᠪᠴᠢ ᠣᠶ᠂ | ᠡᠸᠦ᠋ᠷᠦᠫᠡ ᠲᠢᠪ ᠤᠨ ᠪᠡᠯᠡ ᠣᠷᠣᠭᠤᠯᠤᠯᠲᠠ ᠶᠢᠨ ᠪᠠᠩᠬᠢ ᠶᠢᠨ ᠵᠢᠭᠡᠯᠡᠯᠭᠡ ᠪᠠᠷ ᠣᠶᠢᠵᠢᠭᠤᠯᠬᠤ᠂ ᠮᠠᠯᠵᠢᠬᠤ ᠶᠢ | ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ᠂ ᠣᠶᠢᠵᠢᠭᠤᠯᠤᠯᠲᠠ ᠶᠢᠨ ᠨᠥᠬᠦᠪᠦᠷᠢ ᠥᠭᠬᠦ ᠵᠡᠷᠭᠡ ᠭᠤᠣᠯᠳᠠᠯᠭ᠎ᠠ ᠲᠠᠢ | ᠢᠨᠵᠧᠨᠧᠷᠢᠩ ᠤᠨ ᠲᠥᠷᠥᠯ ᠵᠦᠢᠯ ᠳᠤ ᠲᠦᠰᠢᠭᠯᠡᠨ᠂ ︽ᠣᠶᠢᠵᠢᠭᠤᠯᠬᠤ ᠪᠢᠲᠡᠭᠦᠮᠵᠢᠯᠡᠬᠦ ᠨᠢᠰᠭᠡᠯ ᠢᠶᠠᠷ ᠲᠠᠷᠢᠬᠤ᠂ | ᠲᠤᠷᠤᠭ ᠮᠤᠲᠣ ᠪᠣᠳᠠ ᠮᠤᠲᠣ ᠲᠠᠷᠢᠬᠤ᠂ ᠪᠦᠰᠡ ᠲᠣᠣᠷ ᠬᠡᠰᠡᠭ ︾ ᠢ ᠤᠶᠠᠯᠳᠤᠭᠤᠯᠬᠤ ᠵᠠᠭᠪᠤᠷ ᠢ ᠬᠡᠷᠡᠭᠯᠡᠨ᠂ | ᠬᠤᠷᠴᠢᠨ ᠤ ᠡᠯᠡᠰᠦᠷᠬᠡᠭ ᠭᠠᠵᠠᠷ ᠢ ᠦᠭᠡᠶᠢᠰᠭᠡᠬᠦ ᠳᠠᠶᠢᠯᠠᠯᠳᠣᠭᠠᠨ ᠢ ᠪᠥᠬᠦ ᠲᠠᠯ᠎ᠠ ᠪᠠᠷ ᠡᠬᠢᠯᠡᠭᠦᠯᠵᠦ᠂ | ᠰᠡᠷᠭᠡᠶᠢᠯᠡᠬᠦ ᠪᠠᠷ ᠭᠤᠣᠯ ᠪᠣᠯᠭᠠᠨ᠂ ᠰᠢᠨᠵᠢᠯᠡᠬᠦ ᠤᠬᠠᠭᠠᠨᠴᠢ ᠪᠠᠷ ᠵᠠᠰᠠᠵᠤ᠂ ᠵᠦᠢ ᠵᠣᠬᠢᠰᠲᠠᠢ ᠠᠰᠢᠭᠯᠠᠬᠤ ᠶᠢ | ᠪᠠᠷᠢᠮᠲᠠᠯᠠᠨ᠂ ᠰᠢᠨᠵᠢᠯᠡᠬᠦ ᠤᠬᠠᠭᠠᠨᠴᠢ ᠪᠠᠷ ᠪᠣᠭᠤᠮᠲᠠ ᠰᠢᠪᠲᠤᠯᠬᠤ ᠶᠢ ᠦᠷᠭᠦᠯᠵᠢᠯᠡᠨ ᠥᠷᠨᠢᠭᠦᠯᠵᠦ᠂ | ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠢ ᠲᠦᠷᠭᠡᠨ ᠵᠠᠮ ᠳᠤ ᠣᠷᠣᠭᠤᠯᠵᠤ᠂ ᠬᠡᠰᠡᠭ ᠬᠡᠰᠡᠭ | ᠡᠯᠡᠰᠦᠷᠬᠡᠭ ᠭᠠᠵᠠᠷ ᠤᠨ ᠣᠷᠭᠤᠮᠠᠯ ᠤᠨ ᠬᠤᠴᠢᠯᠭ᠎ᠠ ᠶᠢ ᠵᠣᠵᠠᠭᠠᠳᠬᠠᠪᠠ᠃ | ᠰᠠᠯᠬᠢ ᠶᠢ ᠬᠠᠯᠬᠠᠯᠠᠬᠤ ᠡᠯᠡᠰᠦ ᠶᠢ ᠰᠡᠷᠭᠡᠶᠢᠯᠡᠬᠦ ᠬᠠᠯᠬᠠᠪᠴᠢ ᠪᠣᠯ ᠰᠠᠯᠬᠢᠨ ᠤ ᠬᠤᠷᠳᠤᠴᠠ ᠶᠢ ᠪᠠᠭᠠᠰᠬᠠᠵᠤ᠂ | ᠡᠯᠡᠰᠦᠨ ᠤ ᠭᠠᠳᠠᠷᠭᠤ ᠶᠢ ᠲᠣᠭᠲᠠᠪᠤᠷᠢᠵᠢᠭᠤᠯᠬᠤ ᠪᠦᠲᠦᠮᠵᠢᠲᠡᠶ ᠠᠷᠭ᠎ᠠ ᠬᠡᠮᠵᠢᠶ᠎ᠡ ᠮᠥᠨ᠂ ᠲᠡᠷᠡ ᠨᠢ ᠰᠠᠯᠬᠢ | ᠡᠯᠡᠰᠦᠨ ᠤ ᠬᠥᠨᠥᠭᠡᠯ ᠢ ᠰᠡᠷᠭᠡᠶᠢᠯᠡᠨ ᠵᠠᠰᠠᠬᠤ ᠦᠢᠯᠡᠳᠦᠯ ᠲᠠᠢ ᠮᠥᠷᠲᠡᠭᠡᠨ ᠪᠠᠰᠠ ᠡᠯᠡᠰᠦ ᠳᠠᠬᠢᠨ ᠭᠠᠷᠬᠤ ᠶᠢ | ᠪᠦᠲᠦᠮᠵᠢᠲᠡᠶ ᠪᠠᠭᠠᠰᠬᠠᠬᠤ ᠪᠤᠶᠤ ᠵᠠᠶᠢᠯᠠᠭᠤᠯᠵᠤ᠂ ᠲᠠᠷᠢᠶᠠᠯᠠᠩ ᠦᠢᠯᠡᠳᠪᠦᠷᠢᠯᠡᠯ ᠢ ᠪᠠᠲᠤᠯᠠᠬᠤ ᠳᠤ ᠴᠢᠬᠤᠯᠠ | ᠦᠢᠯᠡᠳᠦᠯ ᠦᠵᠡᠭᠦᠯᠳᠡᠭ᠃ | ᠡᠨᠡ ᠬᠤᠶᠠᠷ ᠡᠳᠦᠷ᠂ ᠬᠤᠷᠴᠢᠨ ᠤ ᠲᠠᠯ᠎ᠠ ᠨᠤᠲᠤᠭ ᠤᠨ ᠠᠭᠤᠯᠠ ᠤᠰᠤ ᠤᠢ ᠰᠢᠭᠤᠢ ᠲᠠᠷᠢᠶᠠᠨ ᠭᠠᠵᠠᠷ | ᠨᠠᠭᠤᠷ ᠪᠦᠷᠢᠳᠦ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠡᠯᠪᠢᠨ ᠵᠠᠰᠠᠬᠤ ᠢᠨᠵᠧᠨᠧᠷᠢᠩ ᠤᠨ | ᠬᠤᠪᠢᠶᠠᠷᠢ ᠲᠦᠷᠦᠯ ᠵᠦᠢᠯ ᠪᠣᠯᠬᠤ ᠯᠦᠪᠧᠢ ᠪᠠᠯᠭᠠᠰᠤᠨ ᠤ ᠬᠤᠶᠠᠷᠬᠠᠳᠠ ᠭᠠᠴᠠᠭ᠎ᠠ ᠶᠢᠨ ᠲᠦᠷᠦᠯ ᠵᠦᠢᠯ ᠤᠨ | ᠲᠣᠭᠤᠷᠢᠭ ᠲᠤ᠂ ᠠᠵᠢᠯᠴᠢᠳ ᠶᠠᠭ ᠰᠠᠶᠢᠬᠠᠨ ᠡᠯᠡᠰᠦ ᠶᠢ ᠬᠠᠯᠬᠠᠯᠠᠬᠤ ᠬᠠᠯᠬᠠᠪᠴᠢ ᠳᠡᠪᠢᠰᠴᠦ᠂ 30 ᠰᠡᠨᠲ᠋ᠢᠮᠧᠲᠷ | ᠤᠷᠳᠤ ᠡᠯᠡᠰᠦ ᠶᠢ ᠬᠠᠯᠬᠠᠯᠠᠬᠤ ᠪᠤᠷᠭᠠᠰᠤ ᠶᠢ ᠡᠯᠡᠰᠦᠨ ᠳᠤ ᠰᠠᠭᠤᠯᠭᠠᠵᠤ᠂ ᠠᠬᠤᠢ ᠲᠠᠯᠠᠪᠠᠢ ᠳᠤ ᠶᠠᠭᠠᠷᠠᠯᠲᠠᠢ | ᠠᠵᠢᠯᠯᠠᠵᠤ ᠪᠠᠶᠢᠯ᠎ᠠ᠃ | ᠮᠧᠩ ᠼᠤᠤ ᠺᠣᠮᠫᠠᠨᠢ ᠶᠢᠨ ᠬᠠᠮᠢᠶᠠᠷᠤᠯᠲᠠ ᠶᠢᠨ ᠠᠵᠢᠯᠲᠠᠨ ᠳ᠋ᠢᠶᠣᠣ ᠰᠢᠶᠠᠨ ᠾᠧ ᠶᠢᠨ | ᠲᠠᠨᠢᠯᠴᠠᠭᠤᠯᠤᠭᠰᠠᠨ ᠢᠶᠠᠷ᠄ ︽ᠪᠢᠳᠡ ᠲᠤᠲᠤᠷᠭ᠎ᠠ ᠶᠢᠨ ᠡᠪᠡᠰᠦᠨ ᠤ ᠰᠠᠯᠠᠭ᠎ᠠ ᠪᠠᠷ 3 ᠮᠧᠲᠷ ᠥᠷᠭᠡᠨ ᠪᠦᠰᠡᠯᠢᠭ | ᠡᠯᠡᠰᠦᠨ ᠬᠠᠯᠬᠠᠪᠴᠢ ᠬᠢᠵᠦ᠂ ᠨᠡᠭᠦᠳᠡᠯ ᠡᠯᠡᠰᠦᠨ ᠳᠣᠪᠣᠴᠠᠭ ᠢ ᠲᠣᠭᠲᠠᠪᠤᠷᠢᠵᠢᠭᠤᠯᠵᠤ᠂ ᠡᠯᠡᠰᠦ ᠶᠢ | ᠰᠡᠷᠭᠡᠶᠢᠯᠡᠬᠦ ᠶᠢᠨ ᠬᠠᠮᠲᠤ ᠡᠪᠡᠰᠦ ᠳᠠᠷᠢᠬᠤ ᠨᠣᠷᠮ᠎ᠠ ᠶᠢ ᠪᠠᠲᠣᠯᠠᠪᠠ︾ ᠭᠡᠪᠡ᠃ | ᠣᠶᠢᠯᠠᠭᠠᠭᠰᠠᠨ ᠢᠶᠠᠷ᠂ ᠬᠤᠶᠠᠷᠬᠠᠳᠠ ᠭᠠᠴᠠᠭ᠎ᠠ ᠶᠢᠨ ᠲᠥᠷᠥᠯ ᠵᠦᠢᠯ ᠤᠨ ᠲᠣᠭᠤᠷᠢᠭ ᠤᠨ ᠶᠡᠷᠦᠩᠬᠡᠢ | ᠲᠠᠯᠠᠪᠠᠶ ᠨᠢ 2513 ᠮᠦ ᠪᠠᠶᠢᠵᠤ᠂ ᠡᠭᠦᠨ ᠳᠤ ᠨᠡᠭᠦᠳᠡᠯ᠂ ᠬᠠᠭᠠᠰ ᠨᠡᠭᠦᠳᠡᠯ ᠮᠠᠩᠬ᠎ᠠ 1500 ᠮᠦ᠂ ᠰᠠᠯᠬᠢᠨ ᠳᠤ | ᠢᠳᠡᠭᠳᠡᠭᠰᠡᠨ ᠭᠤᠤ ᠨᠦᠬᠡ 300 ᠮᠦ᠂ ᠮᠠᠭᠤᠳᠠᠭᠰᠠᠨ ᠨᠤᠲᠤᠭ ᠪᠡᠯᠴᠢᠭᠡᠷ 713 ᠮᠦ ᠪᠠᠶᠢᠨ᠎ᠠ᠃ ᠡᠨᠡ ᠵᠢᠯ᠂ | ᠵᠠᠷᠤᠳ ᠬᠤᠰᠢᠭᠤ ᠬᠠᠭᠠᠯᠪᠤᠷᠢᠯᠠᠬᠤ ᠦᠭᠡᠢ ᠪᠠᠷ ᠨᠥᠬᠦᠵᠦ ᠳᠠᠷᠢᠬᠤ᠂ ᠬᠥᠮᠥᠨ ᠤ ᠬᠦᠴᠦ ᠪᠠᠷ ᠳᠠᠷᠢᠬᠤ | ᠢᠨᠵᠧᠨᠧᠷᠢᠩ ᠤᠨ ᠠᠷᠭ᠎ᠠ ᠬᠡᠮᠵᠢᠶ᠎ᠡ ᠪᠠᠷ ᠤᠤᠯ ᠤᠨ ᠤᠷᠭᠤᠮᠠᠯ ᠤᠨ ᠬᠤᠴᠢᠯᠭ᠎ᠠ ᠶᠢᠨ ᠡᠪᠳᠡᠯᠡᠭᠡ ᠶᠢ ᠪᠠᠭᠠᠰᠬᠠᠵᠤ᠂ | ᠲᠣᠬᠢᠷᠠᠮᠵᠢᠲᠠᠢ ᠰᠠᠶᠢᠨ ᠪᠡᠯᠴᠢᠭᠡᠷ ᠡᠪᠡᠰᠦ ᠶᠢ ᠨᠥᠬᠦᠵᠦ ᠳᠠᠷᠢᠵᠤ᠂ ᠡᠯᠡᠰᠦᠵᠢᠭᠰᠡᠨ ᠡᠪᠡᠰᠦᠲᠦ ᠭᠠᠵᠠᠷ ᠤᠨ | ᠤᠷᠭᠤᠮᠠᠯ ᠤᠨ ᠬᠤᠴᠢᠯᠭ᠎ᠠ᠂ ᠨᠤᠲᠤᠭ ᠤᠨ ᠤᠷᠭᠤᠮᠠᠯ ᠤᠨ ᠪᠦᠷᠬᠦᠴᠡ ᠪᠠ ᠪᠣᠳᠠᠰ ᠤᠨ ᠳᠦᠷᠰᠦ ᠶᠢᠨ ᠣᠯᠠᠨ | ᠶᠠᠩᠵᠤᠲᠤ ᠴᠢᠨᠠᠷ ᠢ ᠳᠡᠭᠡᠭᠰᠢᠯᠡᠭᠦᠯᠪᠡ᠃ | ᠡᠪᠦᠯ ᠤᠨ ᠵᠠᠷᠣᠳ ᠲᠠᠯ᠎ᠠ ᠨᠤᠲᠤᠭ ᠢ ᠮᠥᠩᠭᠦᠨ ᠴᠠᠭᠠᠨ ᠴᠠᠰᠤ ᠬᠤᠴᠢᠨ᠎ᠠ᠃ ᠬᠠᠷ᠎ᠠ ᠥᠷᠯᠥᠭᠡ᠂ | ᠪᠠᠶᠠᠨᠲᠠᠯ᠎ᠠ ᠰᠤᠮᠤ ᠶᠢᠨ ᠮᠤᠵᠢ ᠶᠢᠨ ᠵᠠᠮ ᠤᠨ ᠬᠠᠮᠠᠭᠠᠯᠠᠯᠲᠠ ᠶᠢᠨ ᠥᠷᠲᠡᠭᠡᠨ ᠤ ᠤᠢ ᠬᠠᠮᠠᠭᠠᠯᠠᠭᠴᠢᠳ ᠰᠤᠮᠤ ᠶᠢᠨ | ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠲᠠ ᠶᠢᠨ ᠲᠦᠷᠦᠯ ᠵᠦᠢᠯ ᠤᠨ ᠲᠣᠭᠤᠷᠢᠭ ᠲᠤ ᠲᠣᠭᠤᠷᠢᠨ ᠬᠠᠮᠠᠭᠠᠯᠠᠯᠲᠠ | ᠥᠷᠨᠢᠭᠦᠯᠵᠦ ᠪᠠᠶᠢᠯ᠎ᠠ᠃ ᠤᠢ ᠬᠠᠮᠠᠭᠠᠯᠠᠭᠴᠢ ᠯᠢ ᠵᠧᠨ ᠸᠧᠢ ᠰᠤᠷᠪᠤᠯᠵᠢᠯᠠᠭᠴᠢ ᠳᠤ ᠬᠡᠯᠡᠬᠦ ᠳᠡᠭᠡᠨ᠂ ᠲᠦᠷᠦᠯ | ᠵᠦᠢᠯ ᠤᠨ ᠲᠣᠭᠤᠷᠢᠭ ᠤᠨ ᠵᠢᠭᠠᠷᠲᠤ ᠨᠠᠷᠠᠰᠤᠨ ᠤ ᠤᠷᠭᠤᠴᠠ ᠬᠥᠮᠥᠨ ᠢ ᠪᠠᠶᠠᠷᠯᠠᠭᠤᠯᠤᠮ᠎ᠠ ᠪᠠᠶᠢᠬᠤ ᠶᠢ ᠬᠠᠷᠠᠭᠠᠳ | ᠲᠡᠷᠡ ᠬᠠᠮᠲᠤ ᠠᠵᠢᠯᠯᠠᠭᠰᠠᠳ ᠲᠠᠢ ᠪᠠᠨ ᠠᠵᠢᠯᠯᠠᠬᠤ ᠳᠤ ᠨᠡᠩ ᠤᠷᠮ᠎ᠠ ᠵᠣᠷᠢᠭ ᠲᠠᠢ ᠪᠣᠯᠵᠠᠢ ᠭᠡᠪᠡ᠃ | ︽ᠪᠢᠳᠡ ᠡᠳᠦᠷ ᠪᠦᠷᠢ ᠬᠠᠷᠢᠭᠤᠴᠠᠯᠭ᠎ᠠ ᠶᠢᠨ ᠣᠷᠣᠨ ᠳᠤ ᠪᠠᠨ ᠲᠣᠭᠤᠷᠢᠨ ᠬᠠᠮᠠᠭᠠᠯᠠᠵᠤ᠂ ᠬᠥᠮᠥᠨ ᠪᠣᠯᠣᠨ | ᠮᠠᠯ ᠤᠨ ᠲᠥᠷᠥᠯ ᠵᠦᠢᠯ ᠤᠨ ᠣᠷᠣᠨ ᠤ ᠣᠶ ᠮᠣᠳᠣ ᠶᠢ ᠡᠪᠳᠡᠬᠦ ᠠᠴᠠ ᠰᠡᠷᠭᠡᠶᠢᠯᠡᠬᠦ ᠶᠢᠨ ᠬᠠᠮᠲᠤ ᠲᠣᠣᠷ | ᠬᠠᠰᠢᠶ᠎ᠠ ᠶᠢ ᠨᠢ ᠦᠵᠡᠵᠦ᠂ ᠡᠪᠳᠡᠷᠡᠭᠰᠡᠨ ᠢ ᠨᠢ ᠴᠠᠭ ᠲᠤᠬᠠᠢ ᠳᠤᠨᠢ ᠵᠠᠰᠠᠵᠤ ᠰᠡᠯᠪᠢᠨ᠎ᠡ᠃︾ ᠭᠡᠵᠦ ᠯᠢ ᠵᠧᠨ ᠸᠧᠢ | ᠬᠡᠯᠡᠪᠡ᠃ | ᠣᠶᠢᠷ᠎ᠠ ᠶᠢᠨ ᠵᠢᠯ ᠳᠤ᠂ ᠵᠠᠷᠤᠳ ᠬᠤᠰᠢᠭᠤᠨ ᠤ ᠬᠢᠨ ᠬᠥᠬᠡ ᠠᠭᠤᠯᠠ ᠬᠥᠬᠡᠮᠳᠦᠭ ᠤᠰᠤ ᠪᠣᠯ ᠠᠯᠲᠠ | ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠠᠬᠢ ᠪᠤᠶ ᠪᠣᠯᠭᠠᠨ ᠦᠢᠯᠡᠳᠦᠯᠭᠡᠵᠢᠭᠦᠯᠵᠦ᠂ ᠠᠭᠤᠯᠠ | ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦᠨ ᠤ ᠰᠢᠰᠲ᠋ᠧᠮ ᠤᠨ ᠵᠠᠰᠠᠯᠲᠠ ᠶᠢ | ᠨᠢᠭᠡᠳᠦᠯᠲᠡᠢ ᠲᠥᠯᠥᠪᠯᠡᠵᠦ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠶᠢ ᠪᠦᠭᠦ ᠬᠤᠰᠢᠭᠤᠨ ᠤ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠣᠷᠣᠭᠤᠯᠤᠨ ᠲᠥᠯᠥᠪᠵᠢᠭᠦᠯᠬᠦ ᠶᠢ ᠪᠠᠷᠢᠮᠲᠠᠯᠠᠵᠤ᠂ ᠨᠢᠭᠡ | ᠲᠠᠯ᠎ᠠ ᠪᠠᠷ ᠠᠵᠤ ᠠᠬᠤᠢ ᠶᠢᠨ ᠬᠦᠢᠭᠵᠢᠯᠲᠠ ᠶᠢ ᠠᠳᠬᠤᠵᠤ᠂ ᠨᠢᠭᠡ ᠲᠠᠯ᠎ᠠ ᠪᠠᠷ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ ᠪᠠ ᠬᠠᠮᠠᠭᠠᠯᠠᠯᠲᠠ ᠶᠢ ᠠᠳᠬᠤᠵᠤ᠂ ᠲᠥᠯᠦᠪᠵᠢᠭᠦᠯᠭᠡ ᠶᠢ ᠤᠷᠢᠳᠠᠪᠠᠷ ᠬᠢᠵᠦ᠂ ᠬᠤᠭᠤᠴᠠᠭ᠎ᠠ | ᠬᠤᠪᠢᠶᠠᠨ ᠬᠡᠷᠡᠭᠵᠢᠭᠦᠯᠵᠦ᠂ ᠤᠷᠢᠳᠠᠪᠠᠷ ᠬᠢᠯᠪᠠᠷ ᠢ ᠨᠢ ᠬᠢᠵᠦ ᠲᠠᠷᠠᠭ᠎ᠠ ᠨᠢ ᠬᠦᠴᠢᠷᠲᠡᠢ ᠶᠢ ᠨᠢ ᠬᠢᠵᠦ᠂ ᠪᠦᠬᠦ | ᠲᠠᠯ᠎ᠠ ᠪᠠᠷ ᠠᠬᠢᠭᠤᠯᠬᠤ ᠵᠠᠷᠴᠢᠮ ᠶᠣᠰᠣᠭᠠᠷ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠶᠡᠷᠦᠩᠬᠡᠢ | ᠲᠥᠯᠦᠪᠵᠢᠭᠦᠯᠭᠡ ᠲᠣᠭᠲᠠᠭᠠᠵᠤ᠂ ᠥᠨᠢ ᠤᠳᠠᠭᠠᠨ ᠢᠶᠠᠷ ᠴᠢᠷᠮᠠᠶᠢᠨ᠂ ᠦᠷᠭᠦᠯᠵᠢᠯᠡᠨ ᠬᠦᠴᠦ ᠭᠠᠷᠭᠠᠵᠤ᠂ ᠨᠢᠭᠡ | ᠲᠥᠰᠦᠪ ᠢᠶᠠᠷ ᠡᠴᠦᠰ ᠲᠤᠨᠢ ᠳᠣᠯᠲᠠᠯᠠ ᠬᠠᠮᠢᠶᠠᠷᠴᠤ᠂ ᠨᠢᠭᠡ ᠵᠢᠷᠤᠭ ᠲᠥᠰᠥᠪ ᠢ ᠡᠴᠦᠰ ᠲᠤᠨᠢ ᠲᠤᠯᠲᠠᠯ᠎ᠠ | ᠵᠢᠷᠣᠭᠯᠠᠪᠠ᠃ ᠣᠲᠣ ᠪᠣᠯᠲᠠᠯ᠎ᠠ᠂ ᠪᠥᠬᠦ ᠬᠤᠰᠢᠭᠤᠨ ᠤ ᠬᠤᠷᠴᠢᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ | ᠢᠨᠵᠧᠨᠧᠷᠢᠩ ᠢ ᠨᠡᠶᠢᠲᠡ 142.2 ᠲᠦᠮᠡᠨ ᠮᠦ᠂ ᠪᠠᠶᠢᠭᠠᠯᠢ ᠶᠢᠨ ᠨᠤᠲᠤᠭ ᠪᠡᠯᠴᠢᠭᠡᠷ ᠢ ᠵᠠᠰᠠᠨ ᠰᠡᠷᠭᠦᠭᠡᠬᠦ | ᠢᠨᠵᠧᠨᠧᠷᠢᠩ ᠢ ᠨᠡᠶᠢᠲᠡ 165.9 ᠲᠦᠮᠡᠨ ᠮᠦ ᠪᠡᠶᠡᠯᠡᠭᠦᠯᠪᠡ︔ ᠨᠤᠲᠤᠭ ᠪᠡᠯᠴᠢᠭᠡᠷ ᠤᠨ ᠤᠷᠭᠤᠮᠠᠯ ᠤᠨ | ᠬᠤᠴᠢᠯᠭ᠎ᠠ 61.7% ᠠᠴᠠ ᠳᠡᠭᠡᠭᠰᠢ ᠳᠤ ᠬᠦᠷᠴᠦ᠂ 300 ᠭᠠᠷᠤᠢ ᠲᠦᠮᠡᠨ ᠮᠦ ᠡᠯᠡᠰᠦᠵᠢᠭᠰᠡᠨ ᠭᠠᠵᠠᠷ | ᠰᠢᠷᠣᠢ ᠶᠢ ᠪᠦᠲᠦᠮᠵᠢᠲᠡᠢ ᠵᠠᠰᠠᠵᠤ᠂ ᠤᠢ ᠰᠢᠭᠤᠢ ᠶᠢᠨ ᠲᠠᠯᠠᠪᠠᠢ 811.12 ᠲᠦᠮᠡᠨ ᠮᠦ ᠳᠤ ᠬᠦᠷᠴᠦ᠂ ᠲᠤᠷᠤᠭ | ᠮᠤᠲᠣ ᠪᠤᠳᠠ ᠮᠣᠲᠤ ᠲᠠᠷᠢᠬᠤ ᠪᠠ ᠪᠦᠰᠡ ᠲᠣᠣᠷ ᠬᠡᠰᠡᠭ ᠢ ᠬᠠᠷᠢᠯᠴᠠᠨ ᠤᠶᠠᠯᠳᠤᠭᠤᠯᠤᠭᠰᠠᠨ᠂ ᠪᠦᠷᠢᠨ ᠲᠡᠭᠦᠯᠳᠡᠷ | ᠴᠢᠳᠠᠪᠬᠢ ᠲᠠᠢ ᠣᠷᠣᠨ ᠪᠦᠰᠡ ᠶᠢᠨ ᠴᠢᠨᠠᠷᠲᠠᠢ ᠠᠮᠢ ᠠᠬᠤᠢ ᠶᠢᠨ ᠬᠠᠮᠠᠭᠠᠯᠠᠯᠲᠠ ᠶᠢᠨ ᠰᠢᠰᠲ᠋ᠧᠮ ᠢ ᠪᠠᠶᠢᠭᠤᠯᠵᠤ᠂ | ᠭᠠᠩ ᠬᠠᠭᠰᠠᠷᠭᠠᠨ᠂ ᠦᠶᠡᠷ ᠤᠰᠤᠲᠤᠯ᠂ ᠰᠠᠯᠬᠢ ᠡᠯᠡᠰᠦ ᠵᠡᠷᠭᠡ ᠪᠠᠶᠢᠭᠠᠯᠢ ᠶᠢᠨ ᠭᠠᠮᠰᠢᠭ ᠢ ᠪᠦᠲᠦᠮᠵᠢᠲᠡᠢ | ᠬᠤᠷᠢᠭᠯᠠᠵᠤ᠂ ᠬᠤᠷᠴᠢᠨ ᠤ ᠡᠯᠡᠰᠦᠷᠬᠡᠭ ᠭᠠᠵᠠᠷ ᠢ ᠦᠭᠡᠶᠢᠰᠭᠡᠬᠦ ᠳᠠᠶᠢᠯᠠᠯᠳᠤᠭᠠᠨ ᠳᠤ ᠪᠦᠬᠦ ᠲᠠᠯ᠎ᠠ ᠪᠠᠷ ᠢᠯᠠᠯᠲᠠ | ᠣᠯᠬᠤ ᠳᠤ ᠵᠠᠷᠣᠳ ᠤᠨ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠪᠡ᠃ |