ᠦᠬᠡᠷ ᠬᠠᠷᠭᠠᠨ᠎ᠠ ︵ᠬᠠᠷᠭᠠᠨ᠎ᠠ ᠪᠤᠲᠠ᠂ ᠵᠢᠵᠢᠭ ᠨᠠᠪᠴᠢᠲᠤ ᠪᠤᠲᠠ︶
ᠨᠡᠶᠢᠲᠡᠯᠡᠭᠰᠡᠨ ᠴᠠᠭ᠄
2023/12/19
      ᠭᠠᠩᠰᠠᠭ ᠪᠤᠲᠠ ᠮᠤᠳᠤ᠃ ᠨᠡᠶᠢᠲᠡᠯᠢᠭ ᠪᠡᠯᠴᠢᠭᠡᠷ ᠤᠨ ᠪᠦᠯᠦᠭᠯᠡᠯ ᠳᠤᠮᠳᠠ ᠲᠠᠷᠠᠬᠠᠢ ᠤᠷᠭᠤᠵᠤ᠂ ᠤᠷᠭᠤᠮᠠᠯ ᠎ ᠨᠢ ᠢᠯᠡᠳᠲᠡ ᠦᠩᠭᠡ ᠦᠵᠡᠮᠵᠢ ᠲᠠᠢ ᠪᠦᠭᠡᠳ ᠠᠳᠠᠯᠢ ᠪᠤᠰᠤ ᠨᠢᠭᠲᠠᠴᠠ ᠲᠠᠢ ᠰᠦᠭᠡᠭᠵᠢᠭᠰᠡᠨ ᠪᠡᠯᠴᠢᠭᠡᠷ ᠢ ᠪᠦᠷᠢᠯᠳᠦᠭᠦᠯᠳᠡᠭ᠃ ᠡᠨᠡ ᠪᠤᠯ ᠦᠪᠤᠷ ᠮᠤᠩᠭᠤᠯ ᠤᠨ ᠦᠨᠳᠦᠷᠯᠢᠭ ᠤᠨ ᠪᠡᠯᠴᠢᠭᠡᠷ ᠤᠨ ᠬᠤᠴᠢᠯᠭ᠎ᠠ ᠳᠠᠬᠢ ᠨᠢᠭᠡᠨ ᠳᠤᠪᠤᠶᠢᠮ᠎ᠠ ᠤᠨᠴᠠᠯᠢᠭ ᠪᠤᠯᠤᠨ᠎ᠠ᠃ ᠮᠠᠨ ᠤ ᠤᠷᠤᠨ ᠤ ᠬᠢᠩᠭᠠᠨ ᠤ ᠡᠮᠦᠨᠡᠲᠤ ᠬᠡᠰᠡᠭ᠂ ᠬᠤᠷᠴᠢᠨ ᠲᠤᠭᠤᠷᠢᠭ᠂ ᠯᠢᠶᠣᠤ ᠾᠧ ᠭᠤᠤᠯ ᠤᠨ ᠲᠠᠯ᠎ᠠ ᠭᠠᠵᠠᠷ᠂ ᠤᠯᠠᠭᠠᠨᠬᠠᠳᠠ ᠶᠢᠨ ᠲᠤᠪᠤ ᠲᠤᠪᠤᠷᠴᠠᠭ᠂ ᠭᠦᠯᠦᠨ ᠪᠤᠶᠢᠷ— ᠰᠢᠯᠢ ᠶᠢᠨ ᠭᠤᠤᠯ ᠤᠨ ᠦᠨᠳᠦᠷᠯᠢᠭ᠂ ᠤᠯᠠᠭᠠᠨᠴᠠᠪ ᠲᠤᠭᠤᠷᠢᠭ᠂ ᠮᠤᠨᠢ ᠠᠭᠤᠯᠠ ᠶᠢᠨ ᠦᠪᠦᠷ ᠲᠠᠬᠢ ᠳᠤᠪᠤ ᠲᠤᠪᠤᠷᠴᠠᠭ ᠢᠶᠠᠷ ᠤᠷᠭᠤᠯᠲᠠ ᠲᠠᠢ᠃ ᠮᠠᠨ ᠤ ᠤᠯᠤᠰ ᠤᠨ ᠵᠡᠭᠦᠨ ᠬᠤᠶᠢᠲᠤ ᠤᠷᠤᠨ᠂ ᠤᠮᠠᠷᠠᠲᠤ ᠤᠷᠤᠨ᠂ ᠭᠠᠨᠰᠦ ᠶᠢᠨ ᠵᠡᠭᠦᠨ ᠬᠡᠰᠡᠭ ᠢᠶᠠᠷ ᠲᠠᠷᠬᠠᠨ᠂ ᠮᠤᠩᠭᠤᠯ ᠤᠯᠤᠰ᠂ ᠤᠷᠤᠰ ᠤᠨ ᠰᠢᠪᠧᠷᠢᠶ᠎ᠠ ᠪᠠᠷ ᠪᠠᠰᠠ ᠲᠠᠷᠬᠠᠵᠤ ᠪᠠᠶᠢᠳᠠᠭ᠃ ᠰᠢᠯᠢᠳᠡᠭ ᠲᠡᠵᠢᠭᠡᠯᠲᠦ ᠤᠷᠭᠤᠮᠠᠯ᠃ ᠬᠤᠨᠢ᠂ ᠢᠮᠠᠭ᠎ᠠ᠂ ᠦᠬᠡᠷ ᠵᠢᠴᠢ ᠲᠡᠮᠡᠭᠡ ᠲᠡᠭᠦᠨ ᠤ ᠵᠦᠭᠡᠯᠡᠨ ᠮᠦᠴᠢᠷ ᠢ ᠨᠢ ᠪᠦᠷ ᠳᠤᠷᠠᠲᠠᠢ ᠢᠳᠡᠵᠦ᠂ ᠲᠡᠭᠦᠨ ᠤ ᠴᠡᠴᠡᠭ ᠨᠢ ᠲᠠᠷᠭᠤ ᠠᠪᠤᠭᠤᠯᠬᠤ ᠦᠢᠯᠡᠳᠦᠯ ᠲᠠᠢ ᠪᠠᠶᠢᠳᠠᠭ᠂ ᠠᠳᠤᠭᠤ ᠢᠳᠡᠬᠦ ᠪᠠᠷ ᠪᠠᠷᠤᠭᠲᠠᠢ᠃ ᠪᠦᠭᠦᠯᠢ ᠡᠪᠡᠰᠦ᠂ ᠦᠨᠳᠦᠰᠦ᠂ ᠴᠡᠴᠡᠭ᠂ ᠦᠷ᠎ᠡ ᠨᠢ ᠪᠤᠷ ᠡᠮ ᠳᠤ ᠤᠷᠤᠵᠤ᠂ ᠡᠮᠴᠢᠯᠡᠭᠡᠨ ᠤ ᠦᠢᠯᠡᠳᠦᠯ ᠨᠢ ᠪᠤᠲᠠ ᠬᠠᠷᠭᠠᠨ᠎ᠠ ᠶᠢᠨ ᠬᠢ ᠲᠠᠢ ᠠᠳᠠᠯᠢ ᠪᠠᠶᠢᠳᠠᠭ᠃
u=3852674863,1880425221&fm=253&fmt=auto&app=138&f=JPEG.webp.jpg
 
ᠢᠷᠡᠯᠲᠡ᠄ ᠦᠪᠦᠷ ᠮᠤᠩᠭᠤᠯ ᠤᠨ ᠬᠡᠭᠡᠷ᠎ᠡ ᠶᠢᠨ ᠤᠷᠭᠤᠮᠠᠯ ᠤᠨ ᠵᠢᠷᠤᠭᠲᠤ ᠲᠤᠯᠠᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号