ᠮᠠᠨ ᠤ ᠣᠷᠣᠨ 2023 ᠤᠨ ᠤ ᠨᠠᠷᠠᠰᠤᠨ ᠮᠤᠳᠤᠨ ᠤ ᠤᠲᠠᠰᠤᠯᠢᠭ ᠬᠤᠷᠣᠬᠠᠶ ᠶᠢᠨ ᠬᠢᠵᠢᠭ ᠤᠨ ᠪᠠᠶᠢᠳᠠᠯ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠲᠠᠭᠤᠰᠬᠠᠵᠠᠢ
ᠨᠡᠶᠢᠲᠡᠯᠡᠭᠰᠡᠨ ᠴᠠᠭ᠄
2023/12/20
      ᠨᠠᠷᠠᠰᠤᠨ ᠮᠤᠳᠤᠨ ᠤ ᠤᠲᠠᠰᠤᠯᠢᠭ ᠬᠤᠷᠣᠬᠠᠶ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠳᠤᠷ ᠬᠢᠬᠦ ᠶᠢᠨ ᠲᠥᠯᠥᠭᠡ᠂ ︽2023 ᠤᠨ ᠤ ᠨᠠᠷᠠᠰᠤᠨ ᠮᠤᠳᠤᠨ ᠤ ᠤᠲᠠᠰᠤᠯᠢᠭ ᠬᠤᠷᠣᠬᠠᠶ ᠶᠢᠨ ᠬᠢᠵᠢᠭ ᠤᠨ ᠪᠠᠶᠢᠳᠠᠯ ᠤᠨ ᠨᠠᠮᠤᠷ ᠤᠨ ᠤᠯᠠᠷᠢᠯ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠤᠯᠤᠰ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠠᠮᠢᠳᠤ ᠪᠣᠳᠠᠰ ᠤᠨ  ᠭᠠᠮᠰᠢᠭ ᠢ ᠰᠡᠷᠭᠡᠶᠢᠯᠡᠨ ᠡᠵᠡᠮᠳᠡᠬᠦ ᠲᠥᠪ ᠤᠨ ᠮᠡᠳᠡᠭᠳᠡᠯ︾᠎ ᠤᠨ ᠱᠠᠭᠠᠷᠳᠠᠯᠭ᠎ᠠ ᠶᠢ ᠨᠠᠶᠢᠳᠠᠪᠦᠷᠢᠵᠢᠭᠤᠯᠵᠤ᠂ ᠪᠥᠬᠦ ᠤᠷᠤᠨ ᠤ ᠡᠯ᠎ᠡ ᠱᠠᠲᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠡ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠵᠠᠰᠠᠬᠤ ᠬᠢᠵᠢᠭ ᠪᠠᠶᠢᠴᠠᠭᠠᠬᠤ ᠪᠠᠶᠢᠭᠤᠯᠤᠮᠵᠢ ᠨᠤᠭᠤᠳ ᠵᠣᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠷᠭ᠎ᠠ ᠬᠡᠮᠵᠢᠶ᠎ᠡ ᠵᠢᠨ‌ᠨᠠᠶᠢᠳᠠᠪᠦᠷᠢᠵᠢᠭᠤᠯᠤᠯᠲᠠ ᠪᠠᠨ ᠴᠢᠩᠭᠠᠳᠬᠠᠨ᠂ ᠨᠠᠮᠤᠷ ᠤᠨ ᠤᠯᠠᠷᠢᠯ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠯᠠᠪᠳᠠᠭᠤᠨ ᠪᠠᠲᠤᠲᠠᠶ ᠡᠮᠬᠢ ᠵᠢᠷᠤᠮ ᠲᠠᠢ ᠥᠷᠨᠢᠭᠦᠯᠵᠦ᠂ ᠪᠥᠬᠦ ᠤᠷᠤᠨ ᠤ ᠨᠠᠮᠤᠷ ᠤᠨ ᠤᠯᠠᠷᠢᠯ ᠳᠤ ᠨᠡᠶᠢᠳᠡᠮ ᠪᠠᠶᠢᠴᠠᠭᠠᠭᠰᠠᠨ ᠨᠠᠷᠠᠰᠤᠨ ᠣᠶ ᠶᠢᠨ ᠲᠠᠯᠠᠪᠠᠢ 2444.73 ᠲᠦᠮᠡᠨ ᠮᠥ ᠬᠦᠷᠴᠤ᠂ ᠬᠢᠨᠠᠨ ᠬᠡᠮᠵᠢᠯᠲᠡ ᠶᠢᠨ ᠨᠡᠶᠢᠳᠡᠮ ᠪᠠᠶᠢᠴᠠᠭᠠᠯᠲᠠ ᠶᠢᠨ ᠪᠦᠷᠬᠦᠴᠡ ᠶᠢᠨ ᠨᠣᠷᠮ᠎ᠠ ᠶᠢ 100%᠎ ᠳᠤ ᠬᠦᠷᠭᠡᠵᠦ᠂ ᠨᠠᠷᠠᠰᠤᠨ ᠮᠤᠳᠤᠨ ᠤ ᠤᠲᠠᠰᠤᠯᠢᠭ ᠬᠤᠷᠣᠬᠠᠶ ᠶᠢᠨ ᠬᠢᠵᠢᠭ ᠤᠨ ᠪᠠᠶᠢᠳᠠᠯ ᠢᠯᠡᠷᠡᠭᠰᠡᠨ ᠦᠭᠡᠢ᠃      ᠥᠪᠡᠷᠲᠡᠭᠡᠨ ᠵᠠᠰᠠᠬᠤ ᠤᠷᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠡ᠂ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠵᠠᠰᠠᠬᠤ ᠬᠢᠵᠢᠭ ᠪᠠᠶᠢᠴᠠᠭᠠᠬᠤ ᠶᠡᠷᠦᠩᠬᠡᠶ ᠥᠷᠲᠡᠭᠡ ᠠᠴᠠ ᠨᠠᠮᠤᠷ ᠤᠨ ᠤᠯᠠᠷᠢᠯ ᠤᠨ ᠨᠡᠶᠢᠳᠡᠮ ᠪᠠᠶᠢᠴᠠᠭᠠᠯᠲᠠ ᠶᠢᠨ ᠮᠡᠳᠡᠭᠳᠡᠯ ᠪᠠᠭᠤᠯᠭᠠᠵᠤ᠂ ᠬᠢᠨᠠᠨ ᠬᠠᠮᠢᠶᠠᠷᠬᠤ ᠲᠠᠪᠴᠠᠩ ᠤᠨ ᠮᠡᠷᠭᠡᠵᠢᠯ ᠤᠨ ᠵᠢᠯᠤᠭᠤᠳᠬᠤ ᠳᠤᠭᠤᠶᠢᠯᠠᠩ ᠪᠠᠶᠢᠭᠤᠯᠤᠨ᠂ ᠪᠥᠬᠦ ᠤᠷᠤᠨ ᠤ ᠨᠠᠮᠤᠷ ᠤᠨ ᠤᠯᠠᠷᠢᠯ ᠤᠨ ᠨᠡᠶᠢᠳᠡᠮ ᠪᠠᠶᠢᠴᠠᠭᠠᠯᠲᠠ ᠶᠢᠨ ᠠᠵᠢᠯ ᠳᠤ ᠵᠢᠯᠣᠭᠤᠳᠣᠯᠭ᠎ᠠ ᠪᠠ ᠮᠡᠷᠭᠡᠵᠢᠯ ᠤᠨ ᠳᠡᠮᠵᠢᠯᠭᠡ ᠬᠠᠩᠭᠠᠪᠠ᠃ ᠡᠯ᠎ᠡ ᠠᠶᠢᠮᠠᠭ ᠬᠤᠲᠠ ︽ᠨᠠᠷᠠᠰᠤᠨ ᠮᠤᠳᠤᠨ ᠤ ᠤᠲᠠᠰᠤᠯᠢᠭ ᠬᠤᠷᠣᠬᠠᠶ ᠶᠢ ᠨᠡᠶᠢᠳᠡᠮ ᠪᠠᠶᠢᠴᠠᠭᠠᠵᠤ ᠬᠢᠨᠠᠨ ᠬᠡᠮᠵᠢᠬᠦ ᠮᠡᠷᠭᠡᠵᠢᠯ ᠤᠨ ᠳᠦᠷᠢᠮ︾᠂ ︽ᠨᠠᠷᠠᠰᠤᠨ ᠮᠤᠳᠤᠨ ᠤ ᠤᠲᠠᠰᠤᠯᠢᠭ ᠬᠤᠷᠣᠬᠠᠶ ᠶᠢᠨ ᠬᠢᠵᠢᠭ ᠢ ᠰᠡᠷᠭᠡᠶᠢᠯᠡᠨ ᠵᠠᠰᠠᠬᠤ ᠮᠡᠷᠭᠡᠵᠢᠯ ᠤᠨ ᠲᠥᠰᠦᠯ ︵2022 ᠤᠨ ᠤ ᠬᠡᠪᠯᠡᠯ︶︾᠎ ᠤᠨ ᠱᠠᠭᠠᠷᠳᠠᠯᠭ᠎ᠠ ᠶᠣᠰᠣᠭᠠᠷ᠂ ︽ᠣᠶ ᠰᠢᠭᠤᠢ ᠪᠠ ᠨᠤᠲᠤᠭ ᠪᠡᠯᠴᠢᠭᠡᠷ ᠤᠨ ᠠᠮᠢ ᠠᠬᠤᠶ ᠶᠢᠨ ᠰᠡᠷᠡᠨ ᠮᠡᠳᠡᠬᠦ ᠰᠢᠰᠲ᠋ᠧᠮ ᠤᠨ ᠨᠠᠷᠠᠰᠤᠨ ᠮᠤᠳᠤᠨ ᠤ ᠤᠲᠠᠰᠤᠯᠢᠭ ᠬᠤᠷᠣᠬᠠᠶ ᠶᠢᠨ ᠬᠢᠵᠢᠭ ᠤᠨ ᠪᠠᠶᠢᠳᠠᠯ ᠎ ᠢ ᠰᠡᠷᠭᠡᠶᠢᠯᠡᠨ ᠡᠵᠡᠮᠳᠡᠬᠦ ᠬᠢᠨᠠᠨ ᠬᠠᠮᠢᠶᠠᠷᠬᠤ ᠲᠠᠪᠴᠠᠩ︾ ᠵᠢᠴᠢ ᠬᠢᠨᠠᠨ ᠬᠡᠮᠵᠢᠯᠲᠡ ᠶᠢᠨ APP᠎ ᠶᠢ ᠬᠡᠷᠡᠭᠯᠡᠨ᠂ ᠪᠠᠶᠢᠴᠠᠭᠠᠨ ᠪᠦᠷᠢᠳᠭᠡᠬᠦ ᠬᠦᠰᠦᠨᠦᠭᠲᠦ᠂ ᠲᠤᠬᠠᠶ ᠶᠢᠨ ᠲᠠᠯᠠᠪᠤᠷ ᠤᠨ ᠲᠡᠮᠳᠡᠭᠯᠡᠯ ᠲᠠᠢ ᠤᠶᠠᠯᠳᠤᠭᠤᠯᠤᠨ ᠪᠥᠬᠦ ᠲᠠᠯ᠎ᠠ ᠪᠠᠷ ᠨᠡᠶᠢᠳᠡᠮ ᠪᠠᠶᠢᠴᠠᠭᠠᠯᠲᠠ ᠪᠠ ᠬᠢᠨᠠᠨ ᠬᠡᠮᠵᠢᠯᠲᠡ ᠶᠢ ᠥᠷᠨᠢᠭᠦᠯᠪᠡ᠃ ᠪᠥᠬᠦ ᠣᠷᠣᠨ ᠳᠤ ᠨᠡᠶᠢᠲᠡ 4931 ᠬᠢᠨᠠᠨ ᠪᠠᠶᠢᠴᠠᠭᠠᠬᠤ ᠠᠵᠢᠯᠲᠠᠨ ᠤᠷᠤᠯᠴᠠᠵᠦ᠂ ᠬᠠᠳᠠᠵᠦ ᠦᠬᠦᠬᠦ ᠰᠢᠬᠠᠬᠰᠠᠨ 21037 ᠨᠠᠷᠠᠰᠤᠨ ᠮᠤᠳᠤ ᠶᠢ ᠪᠠᠶᠢᠴᠠᠭᠠᠵᠤ᠂ 911 ᠬᠤᠪᠢ ᠥᠯᠢᠭᠡᠷ ᠠᠪᠤᠭᠰᠠᠨ ᠤ ᠳ᠋ᠦᠩ ᠳᠤ ᠴᠥᠮ ᠨᠠᠷᠠᠰᠤᠨ ᠮᠤᠳᠤᠨ ᠤ ᠤᠲᠠᠰᠤᠯᠢᠭ ᠬᠤᠷᠣᠬᠠᠶ ᠢᠯᠡᠷᠡᠭᠰᠡᠨ ᠥᠬᠡᠶ᠃      ᠮᠠᠨ ᠤ ᠣᠷᠣᠨ ᠨᠠᠷᠠᠰᠤᠨ ᠮᠤᠳᠤᠨ ᠤ ᠤᠲᠠᠰᠤᠯᠢᠭ ᠬᠤᠷᠣᠬᠠᠶ ᠶᠢᠨ ᠬᠢᠵᠢᠭ ᠢ ᠰᠡᠷᠭᠡᠶᠢᠯᠡᠬᠦ ᠣᠷᠣᠨ ᠪᠤᠯᠤᠭᠰᠠᠨ ᠤ ᠬᠤᠪᠢ ᠳᠤ ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠵᠠᠰᠠᠬᠤ ᠪᠠᠷ ᠭᠤᠣᠯᠳᠠᠯᠭ᠎ᠠ ᠪᠣᠯᠭᠠᠬᠤ᠂ ᠬᠢᠨᠠᠨ ᠬᠠᠮᠢᠶᠠᠷᠬᠤ ᠪᠠᠷ ᠭᠤᠣᠯᠳᠠᠯᠭ᠎ᠠ ᠪᠣᠯᠭᠠᠬᠤ︾ ᠰᠡᠷᠭᠡᠶᠢᠯᠡᠨ ᠡᠵᠡᠮᠳᠡᠬᠦ ᠤᠶᠢᠯᠭᠠᠭᠳᠠᠬᠤᠨ ᠢ ᠢᠮᠠᠭᠲᠠ ᠪᠠᠷᠢᠮᠲᠠᠯᠠᠵᠤ᠂ ᠨᠠᠷᠠᠰᠤᠨ ᠮᠤᠳᠤᠨ ᠤ ᠤᠲᠠᠰᠤᠯᠢᠭ ᠬᠤᠷᠣᠬᠠᠶ ᠶᠢᠨ ᠬᠢᠵᠢᠭ ᠤᠨ ᠪᠠᠶᠢᠳᠠᠯ ᠤᠨ ᠲᠠᠪᠤᠨ ᠵᠢᠯ ᠎ ᠤᠨ ᠪᠤᠭᠤᠮᠲᠠ ᠰᠢᠪᠲᠤᠯᠬᠤ ᠠᠵᠢᠯᠯᠠᠭ᠎ᠠ ᠶᠢ ᠦᠷᠭᠦᠯᠵᠢᠯᠡᠨ ᠯᠠᠪᠳᠠᠭᠤᠨ ᠢᠶᠠᠷ ᠠᠬᠢᠭᠤᠯᠤᠨ᠂ ᠣᠶ ᠰᠢᠭᠤᠢ ᠶᠢᠨ ᠤᠷᠭᠤᠮᠠᠯ ᠤᠨ ᠭᠠᠷᠤᠯᠲᠠ ᠶᠢᠨ ᠤᠷᠤᠨ ᠤ ᠬᠢᠵᠢᠭ ᠪᠠᠶᠢᠴᠠᠭᠠᠬᠤ᠂ ᠰᠢᠯᠵᠢᠭᠦᠯᠦᠨ ᠲᠡᠭᠡᠭᠡᠪᠦᠷᠢᠯᠡᠬᠦ ᠬᠢᠵᠢᠭ ᠪᠠᠶᠢᠴᠠᠭᠠᠬᠤ ᠵᠢᠴᠢ ᠳᠠᠬᠢᠨ ᠪᠠᠶᠢᠴᠠᠭᠠᠬᠤ ᠠᠵᠢᠯ ᠢ ᠢᠳᠡᠪᠬᠢᠲᠡᠶ ᠥᠷᠨᠢᠭᠦᠯᠵᠦ᠂ ᠪᠣᠯᠪᠠᠰᠤᠷᠠᠭᠤᠯᠤᠨ ᠤᠬᠠᠭᠤᠯᠬᠤ ᠪᠠ ᠵᠢᠯᠤᠭᠤᠳᠬᠤ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠤᠨ᠂ ᠨᠠᠷᠠᠰᠤᠨ ᠮᠤᠳᠤᠨ ᠤ ᠤᠲᠠᠰᠤᠯᠢᠭ ᠬᠤᠷᠣᠬᠠᠶ ᠶᠢᠨ ᠬᠢᠵᠢᠭᠲᠦ ᠮᠣᠳᠣᠨ ᠳᠤ ᠬᠤᠯᠪᠤᠭᠳᠠᠭᠰᠠᠨ ᠬᠠᠤᠯᠢ ᠠᠴᠠ ᠵᠦᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠴᠦ᠂ ᠨᠠᠷᠠᠰᠤᠨ ᠮᠤᠳᠤᠨ ᠤ ᠤᠲᠠᠰᠤᠯᠢᠭ ᠬᠤᠷᠣᠬᠠᠶ ᠶᠢᠨ ᠬᠢᠵᠢᠭ ᠤᠨ ᠬᠠᠯᠳᠠᠨ ᠤᠷᠤᠬᠤ ᠶᠢ ᠴᠢᠩᠭ᠎ᠠ ᠰᠡᠷᠭᠡᠶᠢᠯᠡᠭᠰᠡᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号