ᠣᠶ ᠰᠢᠭᠤᠶ ᠶᠢᠨ ᠦᠢᠯᠡᠰ ᠤᠨ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠭᠤᠯᠬᠤ ᠶᠢᠨ ᠲᠥᠯᠥᠭᠡ᠂ ᠡᠨᠡ | ᠵᠢᠯ᠂ ᠤᠯᠠᠭᠠᠨᠬᠠᠳᠠ ᠬᠤᠲᠠ ᠭᠤᠷᠪᠠᠨ ᠤᠮᠠᠷᠠᠲᠤ ᠶᠢᠨ ᠢᠨᠵᠧᠨᠧᠷᠢᠩ ᠪᠠ ᠬᠤᠶᠠᠷ ᠶᠡᠭᠡ ᠡᠯᠡᠰᠦᠷᠬᠡᠭ ᠭᠠᠵᠠᠷ ᠢ | ᠵᠠᠰᠠᠨ ᠰᠡᠷᠭᠦᠭᠡᠬᠦ ᠲᠥᠷᠥᠯ ᠵᠦᠢᠯ ᠤᠨ ᠲᠥᠯᠥᠪᠵᠢᠭᠦᠯᠭᠡ ᠵᠢᠴᠢ ᠪᠠᠶᠢᠴᠠᠭᠠᠵᠤ ᠰᠢᠯᠭᠠᠨ ᠠᠪᠬᠤ ᠠᠵᠢᠯ ᠤᠨ | ᠶᠠᠪᠤᠴᠠ ᠳᠤ᠂ ᠵᠢᠯᠣᠭᠤᠴᠢ ᠥᠬᠡᠶ ᠨᠢᠰᠬᠡᠯ ᠢᠶᠠᠷ ᠬᠢᠨᠠᠨ ᠬᠡᠮᠵᠢᠬᠦ ᠮᠡᠷᠭᠡᠵᠢᠯ ᠢ ᠠᠰᠢᠭᠯᠠᠵᠤ᠂ ᠵᠢᠵᠢᠭ ᠬᠡᠪᠴᠢᠶᠠᠨ ᠤ | ᠤᠢ ᠰᠢᠭᠤᠢ ᠶᠢᠨ ᠲᠠᠯᠠᠪᠠᠶ᠂ ᠣᠶᠢᠵᠢᠭᠤᠯᠤᠯᠲᠠ ᠶᠢᠨ ᠡᠳᠡᠭᠡᠷᠡᠯᠲᠡ ᠶᠢᠨ ᠨᠣᠷᠮ᠎ᠠ ᠵᠡᠷᠭᠡ ᠭᠦᠢᠴᠡᠳᠬᠡᠯ ᠲᠤᠭ᠎ᠠ ᠶᠢ | ᠬᠢᠨᠠᠨ ᠬᠠᠷᠭᠤᠭᠤᠯᠵᠤ᠂ ᠲᠥᠷᠥᠯ ᠵᠦᠢᠯ ᠤᠨ ᠬᠢᠨᠠᠨ ᠬᠠᠷᠭᠤᠭᠤᠯᠬᠤ ᠠᠵᠢᠯ ᠪᠠ ᠰᠢᠯᠭᠠᠨ ᠠᠪᠬᠤ ᠠᠵᠢᠯ ᠤᠨ | ᠣᠨᠣᠪᠴᠢ ᠶᠢᠨ ᠬᠡᠮᠵᠢᠶ᠎ᠡ ᠪᠠ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ | 11 ᠰᠠᠷ᠎ᠠ ᠠᠴᠠ ᠨᠠᠰᠢ᠂ ᠪᠠᠭᠠᠷᠢᠨ ᠪᠠᠷᠠᠭᠤᠨ ᠬᠤᠰᠢᠭᠤᠨ ᠤ ᠣᠶ ᠰᠢᠭᠤᠶ ᠶᠢᠨ ᠠᠵᠢᠯ ᠤᠨ ᠥᠷᠲᠡᠭᠡ ᠶᠢᠨ | ᠮᠡᠷᠭᠡᠵᠢᠯ ᠤᠨ ᠠᠵᠢᠯᠲᠠᠨ ᠴᠠᠭᠠᠨᠮᠦ᠋ᠷᠡᠨ ᠰᠤᠮᠤ᠂ ᠰᠢᠷᠠᠮᠦ᠋ᠷᠡᠨ ᠰᠤᠮᠤ᠂ ᠴᠠᠭᠠᠨᠨᠠᠭᠤᠷ ᠪᠠᠯᠭᠠᠰᠤ᠂ ᠳ᠋ᠠᠪᠠᠨ ᠪᠠᠯᠭᠠᠰᠤ | ᠵᠡᠷᠭᠡ ᠭᠠᠵᠠᠷ ᠤᠨ ᠬᠥᠮᠦᠨ ᠤ ᠬᠦᠴᠦᠨ ᠤ ᠤᠶᠢᠵᠢᠭᠤᠯᠤᠯᠳᠠ ᠶᠢᠨ ᠲᠥᠷᠥᠯ ᠵᠦᠢᠯ ᠤᠨ ᠣᠷᠣᠨ ᠳᠤ ᠵᠢᠯᠣᠭᠤᠴᠢ | ᠥᠬᠡᠶ ᠨᠢᠰᠬᠡᠯ ᠢᠶᠠᠷ ᠲᠦᠷᠦᠯ ᠵᠦᠢᠯ ᠢ ᠰᠢᠯᠭᠠᠨ ᠠᠪᠬᠤ ᠠᠵᠢᠯ ᠢ ᠶᠠᠪᠤᠭᠳᠠᠭᠤᠯᠪᠠ᠃ ᠵᠢᠯᠣᠭᠤᠴᠢ ᠥᠬᠡᠶ | ᠨᠢᠰᠬᠡᠯ ᠨᠢ ᠠᠵᠢᠯ ᠤᠨ ᠭᠠᠵᠠᠷ ᠲᠤ ᠵᠢᠷᠤᠭ ᠳᠦᠷᠰᠦ ᠪᠠ ᠴᠡᠭ ᠤᠨ ᠲᠤᠭ᠎ᠠ ᠪᠠᠷᠢᠮᠲᠠ ᠴᠤᠭᠯᠠᠭᠤᠯᠵᠤ᠂ pix 4 | mapper ᠵᠥᠭᠡᠯᠡᠨ ᠲᠣᠨᠤᠭ ᠢᠶᠠᠷ ᠳᠠᠮᠵᠢᠭᠤᠯᠤᠨ ᠴᠤᠭᠯᠠᠭᠤᠯᠤᠭᠰᠠᠨ ᠲᠤᠭ᠎ᠠ ᠪᠠᠷᠢᠮᠲᠠ ᠶᠢ TIF ᠲᠤᠬᠠᠶ ᠶᠢᠨ | ᠭᠠᠵᠠᠷ ᠤᠨ ᠵᠢᠷᠤᠭ ᠪᠣᠯᠭᠠᠨ ᠨᠡᠶᠢᠯᠡᠭᠦᠯᠵᠦ᠂ ᠬᠠᠮᠤᠭ ᠡᠴᠦᠰ ᠲᠤ ᠲᠤᠭ᠎ᠠ ᠪᠠᠷᠢᠮᠲᠠ ᠶᠢᠨ ᠦᠷ᠎ᠡ ᠪᠦᠲᠦᠭᠡᠯ ᠤᠨ | ᠵᠢᠷᠤᠭ ᠢ ArcGIS ᠵᠥᠭᠡᠯᠡᠨ ᠲᠣᠨᠤᠭ ᠲᠤ ᠣᠷᠣᠭᠤᠯᠤᠨ ᠣᠶ ᠰᠢᠭᠤᠶ ᠶᠢᠨ ᠲᠥᠷᠥᠯ ᠵᠦᠢᠯ ᠤᠨ ᠠᠵᠢᠯ ᠤᠨ | ᠵᠢᠵᠢᠭ ᠬᠡᠪᠴᠢᠶᠠᠨ ᠤ ᠤᠢ ᠰᠢᠭᠤᠢ ᠶᠢᠨ ᠲᠤᠭᠠᠵᠢᠭᠤᠯᠤᠭᠰᠠᠨ ᠵᠢᠷᠤᠭ ᠪᠤᠯᠭᠠᠪᠠ᠃ ᠡᠨᠡ ᠵᠢᠯ ᠤᠨ 10 ᠰᠠᠷ᠎ᠠ ᠳᠤ᠂ | ᠣᠩᠨᠢᠭᠤᠳ ᠬᠤᠰᠢᠭᠤ ᠵᠢᠯᠣᠭᠤᠴᠢ ᠥᠬᠡᠶ ᠨᠢᠰᠬᠡᠯ ᠢᠶᠠᠷ 9.57 ᠲᠦᠮᠡᠨ ᠮᠥ ᠡᠯᠡᠰᠦ ᠶᠢ ᠲᠣᠭᠲᠠᠪᠤᠷᠢᠵᠢᠭᠤᠯᠬᠤ | ᠢᠨᠵᠧᠨᠧᠷᠢᠩ ᠢ ᠰᠢᠯᠭᠠᠨ ᠠᠪᠬᠤ ᠠᠵᠢᠯ ᠢ ᠪᠡᠶᠡᠯᠡᠭᠦᠯᠵᠦ᠂ ᠬᠡᠰᠢᠭᠲᠡᠨ ᠬᠤᠰᠢᠭᠤ 1.59 ᠲᠦᠮᠡᠨ ᠮᠥ ᠬᠥᠮᠦᠨ ᠤ | ᠬᠦᠴᠦᠨ ᠤ ᠤᠶᠢᠵᠢᠭᠤᠯᠤᠯᠳᠠ᠂ 1 ᠲᠦᠮᠡᠨ ᠮᠥ ᠡᠯᠡᠰᠦ ᠶᠢ ᠲᠣᠭᠲᠠᠪᠤᠷᠢᠵᠢᠭᠤᠯᠬᠤ ᠢᠨᠵᠧᠨᠧᠷᠢᠩ᠂ 0.8 | ᠲᠦᠮᠡᠨ ᠮᠥ ᠮᠠᠭᠤᠳᠠᠭᠰᠠᠨ ᠤᠯᠢᠶᠠᠰᠤᠨ ᠣᠶ ᠶᠢ ᠵᠠᠰᠠᠨ ᠰᠡᠷᠭᠦᠭᠡᠬᠦ ᠵᠡᠷᠭᠡ ᠲᠥᠷᠥᠯ ᠵᠦᠢᠯ ᠤᠨ ᠭᠠᠵᠠᠷ ᠰᠢᠷᠣᠶ ᠶᠢ | ᠬᠢᠨᠠᠨ ᠬᠠᠷᠭᠤᠭᠤᠯᠬᠤ ᠪᠠ ᠪᠠᠶᠢᠴᠠᠭᠠᠵᠤ ᠰᠢᠯᠭᠠᠨ ᠠᠪᠬᠤ ᠠᠵᠢᠯ ᠢ ᠪᠡᠶᠡᠯᠡᠭᠦᠯᠪᠡ᠃ ᠵᠢᠯᠣᠭᠤᠴᠢ ᠥᠬᠡᠶ ᠨᠢᠰᠬᠡᠯ | ᠠᠵᠢᠯᠯᠠᠭᠠᠨ ᠳᠤ ᠤᠷᠤᠭᠰᠠᠨ ᠤ ᠳᠠᠷᠠᠭ᠎ᠠ᠂ ᠤᠯᠠᠮᠵᠢᠯᠠᠯᠲᠤ ᠬᠥᠮᠦᠨ ᠤ ᠬᠦᠴᠦ ᠪᠠᠷ ᠪᠠᠶᠢᠴᠠᠭᠠᠬᠤ ᠠᠵᠢᠯ ᠤᠨ | ᠡᠷᠴᠢᠮ ᠢ ᠪᠦᠲᠦᠮᠵᠢᠲᠡᠶ ᠪᠠᠭᠠᠰᠬᠠᠵᠤ᠂ ᠬᠥᠮᠦᠨ ᠤ ᠬᠦᠴᠦ ᠪᠣᠳᠠᠰ ᠤᠨ ᠬᠦᠴᠦ ᠶᠢ ᠠᠷᠪᠢᠯᠠᠪᠠ᠃ 10 ᠰᠠᠷ᠎ᠠ ᠠᠴᠠ | ᠣᠲᠣ ᠪᠣᠯᠲᠠᠯ᠎ᠠ᠂ ᠪᠥᠬᠦ ᠬᠤᠲᠠ ᠶᠢᠨ ᠬᠢᠨ ᠵᠢᠯᠣᠭᠤᠴᠢ ᠥᠬᠡᠶ ᠨᠢᠰᠬᠡᠯ ᠢᠶᠠᠷ ᠬᠢᠨᠠᠨ ᠬᠡᠮᠵᠢᠬᠦ ᠮᠡᠷᠭᠡᠵᠢᠯ ᠢ ᠬᠡᠷᠡᠭᠯᠡᠨ | 10.57 ᠲᠦᠮᠡᠨ ᠮᠥ ᠡᠯᠡᠰᠦ ᠶᠢ ᠲᠣᠭᠲᠠᠪᠤᠷᠢᠵᠢᠭᠤᠯᠬᠤ ᠲᠥᠷᠥᠯ ᠵᠦᠢᠯ᠂ 1.59 ᠲᠦᠮᠡᠨ ᠮᠥ ᠬᠥᠮᠦᠨ ᠤ | ᠬᠦᠴᠦᠨ ᠤ ᠤᠶᠢᠵᠢᠭᠤᠯᠤᠯᠳᠠ᠂ 0.8 ᠲᠦᠮᠡᠨ ᠮᠥ ᠮᠠᠭᠤᠳᠠᠭᠰᠠᠨ ᠤᠯᠢᠶᠠᠰᠤᠨ ᠮᠤᠳᠤᠨ ᠤ ᠣᠶ ᠶᠢ ᠵᠠᠰᠠᠨ | ᠰᠡᠷᠭᠦᠭᠡᠬᠦ ᠵᠡᠷᠭᠡ ᠲᠥᠷᠥᠯ ᠵᠦᠢᠯ ᠤᠨ ᠬᠢᠨᠠᠨ ᠬᠠᠷᠭᠤᠭᠤᠯᠬᠤ ᠪᠠ ᠪᠠᠶᠢᠴᠠᠭᠠᠵᠤ ᠰᠢᠯᠭᠠᠨ ᠠᠪᠬᠤ ᠠᠵᠢᠯ ᠢ | ᠪᠡᠶᠡᠯᠡᠭᠦᠯᠪᠡ᠃ ᠤᠮᠠᠷᠠᠲᠤ ᠶᠢᠨ ᠭᠤᠷᠪᠠᠨ ᠣᠷᠣᠨ ᠤ ᠬᠠᠯᠬᠠᠪᠴᠢ ᠤᠢ ᠶᠢᠨ ᠢᠨᠵᠧᠨᠧᠷᠢᠩ ᠪᠣᠯᠤᠨ ᠬᠤᠶᠠᠷ ᠶᠡᠭᠡ | ᠡᠯᠡᠰᠦᠷᠬᠡᠭ ᠭᠠᠵᠠᠷ ᠢ ᠵᠠᠰᠠᠨ ᠰᠡᠷᠭᠦᠭᠡᠬᠦ ᠲᠦᠷᠦᠯ ᠵᠦᠢᠯ ᠤᠨ ᠰᠠᠭᠤᠷᠢ ᠲᠤᠭ᠎ᠠ ᠶᠢ ᠪᠠᠶᠢᠴᠠᠭᠠᠬᠤ᠂ ᠲᠤᠬᠠᠢ ᠶᠢᠨ | ᠭᠠᠵᠠᠷ ᠤᠨ ᠬᠠᠶᠢᠨ ᠪᠠᠶᠢᠴᠠᠭᠠᠯᠲᠠ ᠪᠣᠯᠤᠨ ᠲᠥᠰᠦᠯ ᠢ ᠲᠣᠭᠲᠠᠭᠠᠬᠤ ᠶᠠᠪᠤᠴᠠ ᠳᠤ᠂ ᠵᠢᠯᠣᠭᠤᠴᠢ ᠦᠭᠡᠢ | ᠨᠢᠰᠬᠡᠯ ᠢᠶᠠᠷ ᠬᠢᠨᠠᠨ ᠬᠡᠮᠵᠢᠬᠦ ᠠᠵᠢᠯ ᠤᠨᠥᠨᠳᠥᠷ ᠪᠦᠲᠦᠮᠵᠢᠲᠦ ᠴᠢᠨᠠᠷ᠂ ᠳᠥᠭᠦᠮ ᠳᠥᠲᠡ ᠴᠢᠨᠠᠷ ᠪᠣᠯᠤᠨ | ᠣᠨᠣᠪᠴᠢᠲᠤ ᠴᠢᠨᠠᠷ ᠲᠠᠢ ᠪᠠᠶᠢᠳᠠᠭ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠬᠤᠶᠢᠰᠢᠳᠠ ᠤᠮᠠᠷᠠᠲᠤ ᠶᠢᠨ | ᠭᠤᠷᠪᠠᠨ ᠣᠷᠣᠨ ᠤ ᠬᠠᠯᠬᠠᠪᠴᠢ ᠤᠢ ᠶᠢᠨ ᠢᠨᠵᠧᠨᠧᠷᠢᠩ ᠪᠣᠯᠤᠨ ᠬᠤᠶᠠᠷ ᠶᠡᠭᠡ ᠡᠯᠡᠰᠦᠷᠬᠡᠭ ᠭᠠᠵᠠᠷ ᠢ ᠵᠠᠰᠠᠨ | ᠰᠡᠷᠭᠦᠭᠡᠬᠦ ᠲᠦᠷᠦᠯ ᠵᠦᠢᠯ ᠤᠨ ᠠᠵᠢᠯ ᠤᠨ ᠠᠬᠢᠴᠠ ᠶᠢ ᠲᠦᠷᠭᠡᠳᠬᠡᠬᠦ ᠪᠣᠯᠤᠨ᠎ᠠ᠃ | |