ᠳᠠᠯᠠᠨ ᠬᠠᠷ᠎ᠠ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ | ᠬᠠᠮᠢᠶᠠᠷᠤᠯᠲᠠ ᠶᠢᠨ ᠲᠣᠪᠴᠢᠶ᠎ᠠ ᠠᠴᠠ ᠤᠶᠢᠯᠠᠭᠠᠭᠰᠠᠨ ᠢᠶᠠᠷ᠂ 8 ᠰᠠᠷ᠎ᠠ ᠠᠴᠠ 11 ᠰᠠᠷ᠎ᠠ ᠪᠣᠯᠲᠠᠯ᠎ᠠ᠂ ᠳᠠᠯᠠᠨ ᠬᠠᠷ᠎ᠠ | ᠠᠭᠤᠯᠠ ᠶᠢᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ᠂ | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠯᠠᠨ ᠬᠠᠷ᠎ᠠ ᠠᠭᠤᠯᠠ ᠶᠢᠨ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠣᠶ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠠᠢ | ᠬᠠᠮᠲᠤᠷᠠᠵᠤ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠯᠠᠨ ᠬᠠᠷ᠎ᠠ | ᠠᠭᠤᠯᠠ ᠶᠢᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠪᠠᠶᠢᠭᠠᠯᠢ ᠶᠢᠨ ᠡᠬᠢ ᠪᠠᠶᠠᠯᠢᠬ | ᠢ ᠡᠪᠳᠡᠭᠰᠡᠨ ᠠᠵᠢᠯᠯᠠᠭ᠎ᠠ ᠲᠤ ᠴᠢᠩᠭ᠎ᠠ ᠴᠤᠬᠢᠯᠳᠠ ᠦᠭᠬᠦ ᠬᠡᠷᠡᠭᠵᠢᠬᠦᠯᠬᠦ ᠲᠦᠰᠦᠯ︾ ᠤᠨ ᠱᠠᠭᠠᠷᠳᠠᠯᠭ᠎ᠠ ᠶᠤᠰᠤᠭᠠᠷ | ᠬᠠᠮᠢᠶᠠᠷᠤᠯᠲᠠ ᠶᠢᠨ ᠲᠣᠪᠴᠢᠶ᠎ᠠ᠂ ᠬᠤᠪᠢᠶᠠᠷᠢ ᠲᠣᠪᠴᠢᠶ᠎ᠠ ᠪᠠ ᠬᠠᠮᠢᠶᠠᠷᠤᠯᠲᠠ ᠶᠢᠨ ᠥᠷᠲᠡᠭᠡ ᠢᠳᠡᠪᠬᠢᠲᠡᠶ | ᠬᠥᠳᠡᠯᠦᠯᠴᠡᠨ᠂ ᠪᠥᠬᠦ ᠬᠦᠴᠦᠨ ᠢᠶᠠᠷ ᠢᠶᠠᠨ ᠠᠬᠢᠭᠤᠯᠤᠭᠰᠠᠨ ᠢᠶᠠᠷ ᠪᠠᠶᠢᠭᠠᠯᠢ ᠶᠢᠨ ᠡᠬᠢ ᠪᠠᠶᠠᠯᠢᠬ ᠢ ᠡᠪᠳᠡᠭᠰᠡᠨ | ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦ ᠲᠤᠰᠬᠠᠢ ᠠᠵᠢᠯᠯᠠᠭ᠎ᠠ ᠢᠯᠡᠳᠲᠡ ᠦᠷ᠎ᠡ ᠪᠦᠲᠦᠮᠵᠢ ᠤᠯᠪᠠ᠃ | ᠡᠯ᠎ᠡ ᠣᠶ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠬᠠᠮᠠᠭᠠᠯᠠᠯᠲᠠ ᠶᠢᠨ ᠤᠷᠤᠨ | ᠳᠠᠬᠢ 239 ᠬᠠᠤᠯᠢ ᠶᠢ ᠵᠦᠷᠢᠴᠡᠭᠰᠡᠨ ᠬᠡᠷᠡᠭ ᠢ ᠬᠡᠷᠡᠭ ᠪᠣᠯᠭᠠᠨ ᠳᠡᠩᠨᠡᠨ᠂ ᠬᠠᠤᠯᠢ ᠠᠴᠠ ᠵᠦᠷᠢᠴᠡᠭᠰᠡᠨ ᠶᠠᠯᠠᠲᠤ | ᠠᠵᠢᠯᠯᠠᠭ᠎ᠠ ᠳᠤ ᠴᠢᠩᠭ᠎ᠠ ᠴᠣᠬᠢᠯᠲᠠ ᠦᠭᠴᠦ᠂ ᠨᠡᠶᠢᠲᠡ 90.89 ᠲᠦᠮᠡᠨ ᠲᠥᠭᠦᠷᠢᠭ ᠲᠣᠷᠭᠠᠵᠤ᠂ ᠤᠶᠢᠲᠤ | ᠭᠠᠵᠠᠷ ᠨᠤᠲᠤᠭ ᠪᠡᠯᠴᠢᠭᠡᠷ ᠢ ᠡᠪᠳᠡᠵᠦ ᠡᠵᠡᠯᠡᠨ ᠬᠡᠷᠡᠭᠯᠡᠭᠰᠡᠨ ᠪᠠᠶᠢᠳᠠᠯ ᠢ ᠪᠦᠬᠦ ᠲᠠᠯ᠎ᠠ ᠪᠠᠷ ᠪᠠᠶᠢᠴᠠᠭᠠᠨ ᠴᠡᠭᠴᠡᠯᠡᠵᠦ᠂ | ᠴᠢᠯᠠᠭᠤ ᠮᠠᠯᠲᠠᠵᠤ ᠡᠯᠡᠰᠦ ᠮᠠᠯᠲᠠᠬᠤ᠂ ᠠᠭᠤᠷᠬᠠᠢ ᠮᠠᠯᠲᠠᠵᠤ ᠠᠭᠤᠷᠬᠠᠢ ᠬᠠᠶᠢᠬᠤ᠂ ᠤᠩᠭᠤᠨ ᠪᠤᠯᠠᠰᠢ ᠵᠠᠰᠠᠬᠤ | ᠵᠡᠷᠭᠡ ᠠᠭᠤᠯᠠ᠂ ᠭᠤᠣᠯ ᠤᠨ ᠲᠤᠬᠤᠢ ᠶᠢ ᠡᠪᠳᠡᠭᠰᠡᠨ ᠵᠢᠴᠢ ᠬᠠᠤᠯᠢ ᠲᠤᠭᠳᠠᠭᠠᠯ ᠠᠴᠠ ᠵᠥᠷᠢᠴᠡᠨ | ᠦᠢᠯᠡᠳᠪᠦᠷᠢᠯᠡᠵᠦ ᠠᠵᠢᠯᠯᠠᠬᠤ᠂ ᠬᠡᠭᠡᠷ᠎ᠡ ᠭᠠᠳᠠᠨ᠎ᠠ ᠭᠠᠯ ᠬᠡᠷᠡᠭᠯᠡᠬᠦ᠂ ᠪᠡᠯᠴᠢᠭᠡᠷᠯᠡᠬᠦᠯᠬᠦ ᠵᠡᠷᠭᠡ ᠤᠢ ᠰᠢᠭᠤᠢ ᠪᠠ | ᠨᠤᠲᠤᠭ ᠪᠡᠯᠴᠢᠭᠡᠷ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠭᠠᠵᠠᠷ ᠢ ᠡᠪᠳᠡᠭᠰᠡᠨ ᠠᠵᠢᠯᠯᠠᠭ᠎ᠠ ᠳᠤ | ᠪᠦᠲᠦᠮᠵᠢᠲᠠᠢ ᠴᠤᠬᠢᠯᠲᠠ ᠦᠭᠴᠤ᠂ ᠬᠠᠮᠠᠭᠠᠯᠠᠯᠲᠠ ᠶᠢᠨ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠠᠮᠤᠷ | ᠲᠦᠪᠰᠢᠨ ᠢ ᠦᠨᠡᠨ ᠬᠦ ᠬᠠᠮᠠᠭᠠᠯᠠᠪᠠ᠃ |