ᠰᠢᠨᠬᠤᠸᠠ ᠬᠤᠷᠢᠶ᠎ᠠ ᠶᠢᠨ ᠱᠠᠩᠬᠠᠢ ᠶᠢᠨ 11 ᠰᠠᠷ᠎ᠠ ᠶᠢᠨ 30 ᠤ ᠴᠠᠭᠢᠯᠭᠠᠨ ᠮᠡᠳᠡᠭᠡ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 30 ᠤ ᠦᠳᠡ ᠶᠢᠨ ᠡᠮᠦᠨ᠎ᠡ ᠱᠠᠩᠬᠠᠢ ᠳᠤ ᠬᠥᠬᠡᠮᠥ᠋ᠷᠡᠨ ᠤ | ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠢ | ᠡᠷᠭᠢᠯᠡᠨ ᠬᠤᠷᠠᠯᠳᠤᠭᠤᠯᠵᠤ ᠴᠢᠬᠤᠯᠠ ᠶᠠᠷᠢᠶ᠎ᠠ ᠲᠠᠯᠪᠢᠪᠠ᠃ ᠲᠡᠷᠡ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ | ᠨᠢᠭᠡ ᠴᠣᠭᠴᠠᠵᠢᠭᠰᠠᠨ ᠬᠥᠭᠵᠢᠯᠲᠡ ᠶᠢ ᠭᠦᠨᠵᠡᠭᠡᠢ ᠠᠬᠢᠭᠤᠯᠵᠤ᠂ ᠰᠢᠨ᠎ᠡ ᠶᠢ ᠡᠭᠦᠳᠬᠦ ᠴᠢᠳᠠᠪᠤᠷᠢ᠂ ᠠᠵᠤ | ᠦᠢᠯᠡᠰ ᠤᠨ ᠥᠷᠢᠰᠦᠯᠳᠦᠬᠦ ᠬᠦᠴᠦᠨ᠂ ᠬᠥᠭᠵᠢᠯᠲᠡ ᠶᠢᠨ ᠴᠢᠳᠠᠪᠤᠷᠢ ᠲᠡᠰ ᠢ ᠤᠯᠠᠮ ᠳᠡᠭᠡᠭᠰᠢᠯᠡᠭᠦᠯᠵᠦ᠂ ᠨᠡᠩ | ᠥᠨᠳᠥᠷ ᠲᠡᠰ ᠳᠠᠪᠬᠤᠷᠭ᠎ᠠ ᠶᠢᠨ ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠪᠠᠶᠢᠷᠢᠰᠢᠯ ᠢ ᠤᠷᠢᠳ ᠢᠶᠠᠷ | ᠪᠦᠷᠢᠯᠳᠦᠭᠦᠯᠬᠦ ᠨᠢ ᠮᠠᠨ ᠤ ᠤᠯᠤᠰ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ | ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠪᠠ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ | ᠪᠦᠭᠦ ᠲᠠᠯ᠎ᠠ ᠪᠠᠷ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠨᠢᠭᠡ | ᠴᠣᠭᠴᠠᠵᠢᠭᠤᠯᠬᠤ ᠪᠠ ᠴᠢᠨᠠᠷ ᠰᠠᠶᠢᠲᠠᠢ ᠪᠠᠶᠢᠯᠭᠠᠬᠤ ᠡᠨᠡ ᠬᠤᠶᠠᠷ ᠵᠠᠩᠭᠢᠯᠠᠭ᠎ᠠ ᠶᠢᠨ ᠦᠭᠡ ᠶᠢ ᠴᠢᠩᠭ᠎ᠠ ᠡᠵᠡᠮᠳᠡᠵᠦ᠂ | ᠪᠦᠭᠦ ᠪᠥᠮᠪᠥᠷᠴᠡᠭ ᠤᠨ ᠬᠠᠷᠠᠭᠠᠰᠤ ᠪᠠ ᠪᠠᠶᠢᠯᠳᠤᠬᠤ ᠪᠣᠳᠣᠯᠭ᠎ᠠ ᠶᠢᠨ ᠰᠡᠳᠬᠢᠬᠦᠢ ᠶᠢ ᠪᠤᠢ ᠪᠤᠯᠭᠠᠵᠤ᠂ ᠣᠭᠲᠣᠬᠠᠨ | ᠴᠤ ᠭᠤᠶᠢᠪᠢᠰᠢ ᠦᠭᠡᠢ ᠪᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠨᠡᠭᠡᠭᠡᠯᠲᠡ ᠶᠢ | ᠥᠷᠭᠡᠳᠬᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ | ᠰᠢᠨ᠎ᠡ ᠶᠢ ᠡᠭᠦᠳᠬᠦ ᠶᠢ ᠨᠢᠭᠡᠳᠦᠯᠲᠡᠢ ᠲᠥᠯᠥᠪᠵᠢᠭᠦᠯᠵᠦ᠂ ᠳᠠᠭᠠᠭᠤᠯᠤᠭᠴᠢ ᠪᠣᠯᠵᠤ ᠳᠠᠶᠢᠴᠢᠯᠠᠬᠤ ᠪᠠ ᠲᠤᠰ | ᠲᠤᠰ ᠤᠨ ᠳᠠᠪᠠᠭᠤᠯᠢᠭ ᠢᠶᠠᠨ ᠪᠠᠳᠠᠷᠠᠭᠤᠯᠬᠤ ᠶᠢ ᠨᠢᠭᠡᠳᠦᠯᠲᠡᠢ ᠲᠥᠯᠥᠪᠵᠢᠭᠦᠯᠵᠦ᠂ ᠬᠠᠲᠠᠭᠤ ᠲᠤᠨᠤᠭ ᠤᠨ | ᠬᠤᠯᠪᠣᠯᠳᠤᠨ ᠨᠡᠪᠲᠡᠷᠡᠯᠴᠡᠬᠦ ᠪᠠ ᠲᠣᠭᠲᠠᠴᠠ ᠶᠢᠨ ᠬᠠᠮᠵᠢᠯᠴᠠᠭ᠎ᠠ ᠶᠢ ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢ | ᠣᠷᠴᠢᠨ ᠲᠣᠭᠤᠷᠢᠨ ᠤ ᠬᠠᠮᠠᠭᠠᠯᠠᠯᠲᠠ ᠪᠠ ᠠᠵᠤ ᠠᠬᠤᠢ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ | ᠬᠠᠮᠲᠤ ᠪᠠᠷ ᠪᠠᠶᠠᠵᠢᠬᠤ ᠶᠢ ᠠᠬᠢᠭᠤᠯᠬᠤ ᠲᠠᠯ᠎ᠠ ᠪᠠᠷ ᠤᠷᠢᠳ ᠢᠶᠠᠷ ᠵᠢᠱᠢᠶ᠎ᠡ ᠦᠵᠡᠭᠦᠯᠵᠦ᠂ ᠳᠤᠮᠳᠠᠳᠤ ᠶᠢᠨ | ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠲᠠᠯ᠎ᠠ ᠪᠠᠷ ᠢᠳᠡᠪᠬᠢᠲᠡᠢ ᠰᠦᠪᠡᠭᠴᠢᠯᠡᠵᠦ᠂ | ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢᠨ ᠴᠢᠬᠤᠯᠠ ᠶᠡᠭᠡ ᠰᠢᠨ᠎ᠡ | ᠰᠢᠪᠲᠤᠯᠤᠯᠲᠠ ᠲᠠᠢ ᠪᠤᠯᠬᠤ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳᠤᠮᠳᠠ | ᠡᠮᠦᠨ᠎ᠡ ᠨᠢ ᠬᠤᠰᠢᠭᠤᠷᠠᠵᠤ᠂ ᠤᠷᠢᠳ ᠢᠶᠠᠷ ᠵᠠᠮ ᠰᠦᠪᠡᠭᠴᠢᠯᠡᠬᠦ᠂ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠭᠦ᠂ | ᠨᠥᠯᠥᠭᠡᠯᠡᠨ ᠳᠠᠶᠢᠴᠢᠯᠠᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | 11 ᠰᠠᠷ᠎ᠠ ᠶᠢᠨ 30 ᠤ ᠦᠳᠡ ᠶᠢᠨ ᠡᠮᠦᠨ᠎ᠡ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠱᠠᠩᠬᠠᠢ ᠳᠤ | ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ ᠭᠦᠨᠵᠡᠭᠡᠢ ᠠᠬᠢᠭᠤᠯᠬᠤ | ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ ᠴᠢᠬᠤᠯᠠ ᠶᠠᠷᠢᠶ᠎ᠠ ᠲᠠᠯᠪᠢᠪᠠ᠃ | ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ᠂ ᠨᠠᠮ ᠤᠨ ᠲᠥᠪ ᠬᠤᠷᠢᠶ᠎ᠠ ᠶᠢᠨ ᠤᠯᠤᠰ | ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ | ᠡᠷᠭᠢᠯᠡᠭᠴᠢ ᠼᠠᠢ ᠴᠢ ᠶᠠᠷᠢᠯᠴᠠᠬᠤ ᠬᠤᠷᠠᠯ ᠳᠤ ᠣᠷᠣᠯᠴᠠᠪᠠ᠃ | ᠰᠢ ᠶᠢᠨ ᠫᠢᠩ ᠱᠠᠩᠬᠠᠢ ᠳᠤ ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠠᠭᠠᠨ ᠡᠨᠡ ᠤᠳᠠᠭ᠎ᠠ ᠶᠢᠨ | ᠶᠠᠷᠢᠯᠴᠠᠬᠤ ᠬᠤᠷᠠᠯ ᠢ ᠲᠤᠰᠬᠠᠶᠢᠯᠠᠨ ᠬᠤᠷᠠᠯᠳᠤᠭᠤᠯᠪᠠ᠃ ᠶᠠᠷᠢᠯᠴᠠᠬᠤ ᠬᠤᠷᠠᠯ ᠳᠡᠭᠡᠷ᠎ᠡ᠂ ᠤᠯᠤᠰ ᠤᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠭᠢᠯᠡᠭᠴᠢ ᠵᠧᠩ ᠱᠠᠨ ᠵᠢᠶᠧ᠂ ᠱᠠᠩᠬᠠᠢ ᠬᠤᠳᠠ ᠶᠢᠨ | ᠨᠠᠮ ᠤᠨ ᠬᠤᠷᠢᠶ᠎ᠠ ᠶᠢᠨ ᠱᠦᠵᠢ ᠴᠧᠨ ᠵᠢᠢ ᠨᠢᠩ᠂ ᠵᠢᠶᠠᠩᠰᠤ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠰᠢᠨ | ᠴᠠᠩ ᠰᠢᠩ᠂ ᠵᠧᠵᠢᠶᠠᠩ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠢ ᠯᠢᠶᠠᠨ ᠬᠤᠩ᠂ ᠠᠨᠾᠦ᠋ᠢ ᠮᠤᠵᠢ ᠶᠢᠨ | ᠨᠠᠮ ᠤᠨ ᠬᠤᠷᠢᠶ᠎ᠠ ᠶᠢᠨ ᠱᠦᠵᠢ ᠬᠠᠨ ᠵᠢᠶᠦ᠋ᠨ ᠤᠷᠢᠳ ᠬᠤᠵᠢᠳ ᠦᠭᠡ ᠬᠡᠯᠡᠵᠦ᠂ ᠬᠥᠬᠡᠮᠥ᠋ᠷᠡᠨ ᠤ ᠭᠤᠷᠪᠠᠯᠵᠢᠨ | ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ ᠠᠬᠢᠭᠤᠯᠬᠤ ᠲᠤᠬᠠᠢ ᠠᠵᠢᠯ ᠤᠨ ᠪᠠᠶᠢᠳᠠᠯ ᠤᠨ ᠬᠠᠷᠢᠭᠤ | ᠮᠡᠳᠡᠭᠦᠯᠦᠯᠲᠡ ᠬᠢᠵᠦ᠂ ᠰᠠᠨᠠᠯ ᠰᠠᠨᠠᠭᠤᠯᠭ᠎ᠠ ᠳᠤᠷᠠᠳᠴᠠᠢ᠃ | ᠤᠯᠠᠨ ᠤ ᠬᠡᠯᠡᠬᠦ ᠶᠢ ᠰᠣᠨᠣᠰᠤᠭᠰᠠᠨ ᠤ ᠲᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ | ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ | ᠳᠤᠷᠠᠳᠤᠨ ᠭᠠᠷᠭᠠᠵᠤ ᠬᠡᠷᠡᠭᠵᠢᠭᠦᠯᠦᠭᠰᠡᠨ 5 ᠵᠢᠯ ᠤᠨ ᠲᠤᠷᠰᠢ᠂ ᠲᠥᠯᠦᠪᠵᠢᠭᠦᠯᠭᠡ ᠲᠦᠷᠦ ᠶᠢᠨ ᠪᠣᠳᠣᠯᠭ᠎ᠠ ᠶᠢᠨ | ᠰᠢᠰᠲ᠋ᠧᠮ ᠢ ᠪᠦᠷᠢᠯᠳᠦᠭᠦᠯᠦᠭᠰᠡᠨ ᠪᠥᠭᠡᠳ ᠲᠠᠰᠤᠷᠠᠯᠳᠡ ᠦᠭᠡᠢ ᠲᠡᠭᠦᠯᠳᠡᠷᠵᠢᠭᠦᠯᠵᠦ᠂ ᠡᠷᠴᠢᠮᠲᠡᠢ ᠬᠥᠭᠵᠢᠶᠡᠨᠲᠡᠢ | ᠨᠡᠮᠡᠭᠳᠡᠯ ᠤᠨ ᠲᠦᠢᠯ ᠤᠨ ᠴᠢᠳᠠᠮᠵᠢ ᠶᠢ ᠲᠠᠰᠤᠷᠠᠯᠳᠡ ᠦᠭᠡᠢ ᠪᠠᠬᠢᠵᠢᠭᠦᠯᠦᠨ ᠳᠡᠭᠡᠭᠰᠢᠯᠡᠭᠦᠯᠵᠦ᠂ ᠣᠳᠣᠬᠢᠴᠢᠯᠠᠭᠰᠠᠨ | ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ | ᠴᠢᠬᠤᠯᠠ ᠶᠡᠭᠡ ᠰᠢᠪᠲᠤᠯᠤᠯᠲᠠ ᠲᠠᠢ ᠪᠣᠯᠵᠤ᠂ ᠥᠭᠡᠷᠡᠴᠢᠯᠡᠯᠲᠡ ᠨᠡᠭᠡᠭᠡᠯᠲᠡ ᠰᠢᠨ᠎ᠡ ᠠᠯᠬᠤᠮ ᠢ ᠠᠯᠬᠤᠵᠤ᠂ ᠠᠮᠢ | ᠠᠬᠤᠢ ᠣᠷᠴᠢᠨ ᠲᠣᠭᠤᠷᠢᠨ ᠢ ᠬᠠᠮᠲᠤ ᠪᠠᠷ ᠬᠠᠮᠠᠭᠠᠯᠠᠵᠤ ᠬᠤᠯᠪᠤᠭᠠᠯᠠᠨ ᠵᠠᠰᠠᠬᠤ ᠶᠢ ᠯᠠᠪᠳᠠᠭᠤᠨ ᠪᠠᠲᠤᠲᠠᠢ | ᠠᠬᠢᠭᠤᠯᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠪᠦᠰᠡ ᠶᠢᠨ ᠪᠦᠬᠦᠯᠢ ᠴᠣᠭᠴᠠ ᠶᠢᠨ ᠪᠣᠳᠠᠲᠤ | ᠬᠦᠴᠦᠨ ᠪᠣᠯᠣᠨ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠦᠷᠭᠦᠯᠵᠢᠯᠡᠨ ᠪᠦᠭᠦ ᠤᠯᠤᠰ ᠤᠨ ᠡᠮᠦᠨ᠎ᠡ | ᠡᠩᠨᠡᠭᠡᠨ ᠳᠤ ᠣᠷᠣᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ | ᠳᠠᠪᠠᠭᠤᠯᠢᠭ ᠴᠢᠨᠠᠷ ᠢ ᠢᠯᠡᠷᠡᠭᠦᠯᠦᠭᠰᠡᠨ ᠴᠢᠬᠤᠯᠠ ᠴᠣᠩᠬᠤᠪᠴᠢ ᠪᠣᠯᠣᠨ ᠮᠠᠨ ᠤ ᠤᠯᠤᠰ ᠤᠨ ᠤᠯᠠᠨ ᠤᠯᠤᠰ ᠤᠨ | ᠥᠷᠢᠰᠦᠯᠳᠦᠭᠡᠨ ᠬᠠᠮᠲᠤᠷᠠᠯᠴᠠᠭ᠎ᠠ ᠳᠤ ᠣᠷᠤᠯᠴᠠᠬᠤ ᠴᠢᠬᠤᠯᠠ ᠲᠠᠪᠴᠠᠩ ᠤᠨ ᠦᠢᠯᠡᠳᠦᠯ ᠡᠳᠦᠷ ᠢᠷᠡᠬᠦᠶ᠎ᠡ | ᠢᠯᠡᠷᠡᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠥᠨᠳᠥᠷ ᠲᠦᠪᠰᠢᠨ ᠪᠦᠬᠦᠢ ᠭᠠᠳᠠᠭᠠᠳᠤ | ᠨᠡᠭᠡᠭᠡᠯᠲᠡ ᠶᠢ ᠠᠬᠢᠭᠤᠯᠬᠤ ᠳᠤ ᠪᠠᠶᠢᠯᠳᠤᠬᠤ ᠪᠣᠳᠣᠯᠭ᠎ᠠ ᠶᠢᠨ ᠰᠠᠨᠠᠭᠠᠴᠢᠯᠠᠭᠠᠲᠤ ᠡᠷᠬᠡ ᠶᠢ ᠲᠡᠮᠡᠴᠡᠨ ᠣᠯᠣᠭᠰᠠᠨ | ᠪᠠᠶᠢᠨ᠎ᠠ᠃ ᠡᠭᠦᠨ ᠤ ᠬᠠᠮᠲᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠳᠤ | ᠮᠠᠰᠢ ᠤᠯᠠᠨ ᠭᠦᠨ ᠳᠠᠪᠬᠤᠷᠭ᠎ᠠ ᠶᠢᠨ ᠠᠰᠠᠭᠤᠳᠠᠯ ᠢ ᠤᠯᠠᠮ ᠴᠢᠨᠠᠭᠰᠢᠳᠠ ᠰᠢᠢᠳᠪᠦᠷᠢᠯᠡᠬᠦ ᠴᠢᠬᠤᠯᠠᠲᠠᠢ᠂ | ᠬᠥᠭᠵᠢᠯᠲᠡ ᠶᠢᠨ ᠶᠠᠰᠤ ᠴᠢᠨᠠᠷ ᠦᠷ᠎ᠡ ᠪᠦᠲᠦᠮᠵᠢ ᠪᠣᠯᠣᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠮᠥᠨ ᠬᠦ | ᠳᠡᠭᠡᠭᠰᠢᠯᠡᠭᠦᠯᠭᠦ ᠴᠢᠬᠤᠯᠠᠲᠠᠢ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠣᠷᠣᠨ ᠪᠦᠰᠡ ᠶᠢᠨ ᠨᠢᠭᠡ | ᠴᠣᠭᠴᠠᠵᠢᠯᠲᠠ ᠳᠤ ᠪᠠᠰᠠ ᠴᠢᠷᠮᠠᠶᠢᠯᠭ᠎ᠠ ᠭᠠᠷᠭᠠᠬᠤ ᠴᠢᠬᠤᠯᠠᠲᠠᠢ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ | ᠬᠡᠯᠬᠢᠶ᠎ᠡ ᠶᠢᠨ ᠠᠵᠢᠯ ᠤᠨ ᠬᠤᠪᠢᠶᠠᠷᠢᠯᠠᠨ ᠬᠠᠮᠵᠢᠯᠴᠠᠬᠤ ᠲᠦᠪᠰᠢᠨ ᠢ ᠳᠡᠭᠡᠭᠰᠢᠯᠡᠭᠦᠯᠭᠦ ᠴᠢᠬᠤᠯᠠᠲᠠᠢ᠂ ᠪᠦᠭᠦ | ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠪᠠᠶᠢᠭᠤᠯᠬᠤ ᠳᠠᠭᠠᠭᠤᠯᠤᠭᠴᠢ ᠶᠢᠨ ᠳᠠᠶᠢᠴᠢᠯᠠᠬᠤ ᠦᠢᠯᠡᠳᠦᠯ ᠢ | ᠴᠢᠨᠠᠭᠰᠢᠳᠠ ᠪᠠᠳᠠᠷᠠᠭᠤᠯᠬᠤ ᠴᠢᠬᠤᠯᠠᠲᠠᠢ᠂ ᠥᠭᠡᠷᠡᠴᠢᠯᠡᠯᠲᠡ ᠨᠡᠭᠡᠭᠡᠯᠲᠡ ᠶᠢ ᠪᠠᠰᠠ ᠴᠢᠨᠠᠭᠰᠢᠳᠠ ᠭᠦᠨᠵᠡᠭᠡᠶᠢᠷᠡᠭᠦᠯᠦᠨ | ᠥᠷᠭᠡᠳᠬᠡᠬᠦ ᠴᠢᠬᠤᠯᠠᠲᠠᠢ᠂ ᠭᠡᠳᠦ ᠶᠡᠭᠡ ᠣᠨᠴᠠ ᠶᠡᠭᠡ ᠬᠤᠳᠠ ᠶᠢᠨ ᠵᠠᠰᠠᠯᠲᠠ ᠪᠣᠯᠣᠨ ᠬᠥᠭᠵᠢᠯᠲᠡ ᠳᠤ ᠪᠠᠰᠠ | ᠴᠥᠭᠡᠨ ᠪᠤᠰᠤ ᠳᠤᠲᠠᠭᠤᠳᠠᠯ ᠣᠷᠣᠰᠢᠵᠤ ᠪᠠᠶᠢᠬᠤ ᠶᠢ ᠣᠯᠵᠤ ᠬᠠᠷᠠᠬᠤ ᠬᠡᠷᠡᠭᠲᠡᠢ᠃ ᠬᠥᠬᠡᠮᠥ᠋ᠷᠡᠨ ᠤ ᠭᠤᠷᠪᠠᠯᠵᠢᠨ | ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ ᠠᠬᠢᠭᠤᠯᠬᠤ ᠪᠣᠯ ᠲᠣᠮᠣ ᠶᠠᠪᠤᠳᠠᠯ ᠮᠥᠨ᠂ ᠲᠣᠭᠲᠠᠭᠤᠨ ᠤ | ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠨᠢᠭᠡ ᠡᠭᠡᠯᠵᠢ ᠨᠢ ᠨᠢᠭᠡ ᠡᠭᠡᠯᠵᠢ ᠪᠠᠨ ᠵᠠᠯᠭᠠᠨ ᠠᠪᠴᠤ | ᠦᠷᠭᠦᠯᠵᠢᠯᠡᠨ ᠠᠵᠢᠯᠯᠠᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢᠨ | ᠰᠢᠨ᠎ᠡ ᠬᠠᠭᠤᠳᠠᠰᠤ ᠶᠢ ᠲᠠᠰᠤᠷᠠᠯᠳᠠ ᠦᠭᠡᠢ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠪᠦᠰᠡ ᠶᠢᠨ ᠬᠢᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠳᠡᠭᠡᠨ ᠣᠷᠣᠨ ᠪᠦᠰᠡ | ᠠᠯᠤᠰᠯᠠᠨ ᠬᠠᠮᠵᠢᠯᠴᠠᠬᠤ ᠶᠢ ᠴᠢᠩᠭᠠᠳᠬᠠᠬᠤ ᠬᠡᠷᠡᠭᠲᠡᠢ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠶᠢ ᠶᠡᠭᠡ ᠪᠠᠷ ᠠᠬᠢᠭᠤᠯᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ | ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠴᠢᠩᠭᠠᠳᠬᠠᠵᠤ᠂ ᠰᠢᠨ᠎ᠡ ᠠᠵᠤ ᠦᠢᠯᠡᠰ ᠰᠢᠨ᠎ᠡ | ᠡᠵᠡᠩᠨᠡᠯᠲᠡ ᠶᠢᠨ ᠭᠡᠯᠪᠡᠷᠢ ᠰᠢᠨ᠎ᠡ ᠵᠠᠭᠪᠤᠷ ᠤᠨ ᠪᠤᠢ ᠪᠤᠯᠬᠤ ᠶᠢ ᠲᠦᠷᠭᠡᠳᠬᠡᠵᠦ᠂ ᠬᠥᠭᠵᠢᠯᠲᠡ ᠶᠢᠨ ᠰᠢᠨ᠎ᠡ ᠣᠷᠣᠨ | ᠵᠠᠢ ᠶᠢ ᠥᠷᠭᠡᠳᠬᠡᠵᠦ᠂ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠵᠤ᠂ ᠬᠥᠬᠡᠮᠥ᠋ᠷᠡᠨ ᠤ ᠠᠵᠤ | ᠠᠬᠤᠢ ᠶᠢᠨ ᠪᠦᠰᠡ ᠲᠠᠢ ᠨᠡᠩ ᠰᠠᠶᠢᠲᠤᠷ ᠬᠤᠯᠪᠤᠭᠠᠯᠠᠨ ᠬᠥᠳᠡᠯᠦᠯᠴᠡᠵᠦ᠂ ᠪᠦᠭᠦ ᠤᠯᠤᠰ ᠢ ᠲᠠᠶᠢᠴᠢᠯᠠᠨ | ᠨᠥᠯᠥᠭᠡᠯᠡᠬᠦ ᠬᠡᠷᠡᠭᠲᠡᠢ᠃ ᠣᠷᠣᠨ ᠪᠦᠰᠡ ᠠᠯᠤᠰᠯᠠᠨ᠂ ᠰᠠᠯᠠᠭ᠎ᠠ ᠮᠥᠴᠢᠷ ᠠᠯᠤᠰᠯᠠᠨ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠬᠦᠴᠦᠨ ᠪᠣᠯᠣᠨ ᠳᠠᠪᠠᠭᠤᠯᠢᠭ ᠡᠬᠢ ᠪᠠᠶᠠᠯᠢᠭ ᠢ ᠨᠡᠶᠢᠳᠬᠡᠵᠦ᠂ ᠬᠦᠴᠦᠷᠬᠡᠭ ᠨᠢ | ᠬᠦᠴᠦᠷᠬᠡᠭ ᠲᠠᠢ ᠪᠠᠨ ᠬᠤᠯᠪᠣᠭᠠᠯᠠᠬᠤ ᠶᠢ ᠪᠡᠶᠡᠯᠡᠭᠦᠯᠵᠦ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠭᠤᠯᠣᠮᠲᠠ ᠶᠢ ᠴᠣᠭᠴᠠᠯᠠᠬᠤ ᠬᠡᠷᠡᠭᠲᠡᠢ᠃ ᠨᠡᠩ ᠨᠡᠭᠡᠭᠡᠯᠲᠡᠲᠡᠢ ᠰᠡᠳᠬᠢᠬᠦᠢ ᠪᠣᠯᠣᠨ ᠠᠷᠭ᠎ᠠ ᠬᠡᠮᠵᠢᠶ᠎ᠡ ᠪᠠᠷ | ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭ᠎ᠠ ᠳᠤ ᠣᠷᠣᠯᠴᠠᠵᠤ᠂ ᠪᠦᠭᠦ | ᠪᠥᠮᠪᠥᠷᠴᠡᠭ ᠤᠨ ᠥᠷᠢᠰᠦᠯᠳᠦᠬᠦ ᠬᠦᠴᠦᠨ ᠢᠶᠠᠷ ᠨᠡᠩ ᠶᠡᠭᠡ ᠰᠢᠨ᠎ᠡ ᠶᠢ ᠡᠭᠦᠳᠬᠦ ᠠᠮᠢ ᠠᠬᠤᠢ ᠶᠢ ᠪᠤᠢ ᠪᠤᠯᠭᠠᠬᠤ | ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠪᠦᠰᠡ ᠶᠢᠨ ᠬᠢᠨ ᠨᠢᠭᠡ | ᠴᠣᠭᠴᠠᠵᠢᠭᠰᠠᠨ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢ ᠲᠦᠷᠭᠡᠳᠬᠡᠨ ᠲᠡᠭᠦᠯᠳᠡᠷᠵᠢᠭᠦᠯᠬᠦ ᠬᠡᠷᠡᠭᠲᠡᠢ᠃ | ᠡᠷᠬᠡᠪᠰᠢ ᠪᠠᠶᠢᠭᠤᠯᠤᠮᠵᠢ ᠲᠣᠭᠲᠠᠴᠠ ᠶᠢᠨ ᠲᠠᠯ᠎ᠠ ᠪᠠᠷ ᠭᠠᠵᠠᠷ ᠣᠷᠣᠨ ᠤ ᠬᠡᠰᠡᠭᠯᠡᠯ ᠪᠠ ᠵᠠᠰᠠᠭ ᠵᠠᠬᠢᠷᠭᠠᠨ ᠤ | ᠪᠠᠬᠢᠯᠡᠯᠲᠡ ᠶᠢ ᠡᠪᠳᠡᠵᠦ᠂ ᠨᠢᠭᠡ ᠴᠣᠭᠴᠠᠵᠢᠭᠤᠯᠤᠨ ᠬᠥᠭᠵᠢᠭᠦᠯᠬᠦ ᠳᠤ ᠳᠦᠷᠢᠮ ᠤᠨ ᠪᠠᠲᠤᠯᠠᠭ᠎ᠠ ᠬᠠᠩᠭᠠᠬᠤ ᠬᠡᠷᠡᠭᠲᠡᠢ᠃ | ᠨᠢᠭᠡ ᠴᠣᠭᠴᠠᠵᠢᠭᠤᠯᠬᠤ ᠤᠬᠠᠮᠰᠠᠷ ᠢᠶᠠᠨ ᠴᠢᠩᠭᠠᠳᠬᠠᠵᠤ᠂ ᠬᠥᠯᠭᠡ ᠰᠢᠲᠠᠷ᠎ᠠ ᠶᠢᠨ ᠦᠵᠡᠯ ᠰᠠᠨᠠᠭ᠎ᠠ ᠶᠢ | ᠪᠠᠷᠢᠮᠲᠠᠯᠠᠵᠤ᠂ ᠳᠦᠷᠢᠮ ᠪᠠ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ | ᠭᠤᠣᠯᠳᠠᠯᠭ᠎ᠠ ᠲᠠᠢ ᠬᠦᠷᠢᠶ᠎ᠡ ᠭᠤᠣᠯᠳᠠᠯᠭ᠎ᠠ ᠲᠠᠢ ᠣᠷᠣᠨ ᠪᠦᠰᠡ ᠳᠤ ᠨᠡᠩ ᠶᠡᠭᠡ ᠰᠢᠪᠲᠤᠯᠤᠯᠲᠠ ᠭᠠᠷᠭᠠᠵᠤ᠂ ᠡᠯ᠎ᠡ | ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠰᠢᠰᠲ᠋ᠧᠮ ᠲᠠᠢ ᠬᠤᠷᠠᠮᠳᠤᠯ ᠪᠠ ᠬᠠᠮᠵᠢᠯᠴᠠᠭ᠎ᠠ ᠶᠢ | ᠴᠢᠩᠭᠠᠳᠬᠠᠵᠤ᠂ ᠨᠢᠭᠡ ᠴᠣᠭᠴᠠᠵᠢᠯᠲᠠ ᠶᠢ ᠨᠡᠩ ᠭᠦᠨ ᠳᠠᠪᠬᠤᠷᠭ᠎ᠠ ᠨᠡᠩ ᠥᠷᠭᠡᠨ ᠬᠦᠷᠢᠶ᠎ᠡ ᠲᠡᠶᠢᠰᠢ | ᠥᠷᠭᠡᠳᠬᠡᠬᠦ ᠶᠢ ᠠᠬᠢᠭᠤᠯᠬᠤ ᠬᠡᠷᠡᠭᠲᠡᠢ᠃ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠳᠦᠷᠢᠮ ᠤᠨ | ᠵᠣᠯᠭᠠᠯᠴᠠᠭ᠎ᠠ᠂ ᠲᠦᠷᠦ ᠶᠢᠨ ᠪᠣᠳᠣᠯᠭ᠎ᠠ ᠶᠢᠨ ᠬᠠᠮᠵᠢᠯᠴᠠᠭ᠎ᠠ᠂ ᠪᠠᠷᠢᠮᠵᠢᠶ᠎ᠠ ᠠᠳᠠᠯᠢᠰᠢᠬᠤ ᠶᠢ ᠠᠯᠬᠤᠮ | ᠲᠠᠷᠠᠭ᠎ᠠ ᠲᠠᠢ ᠪᠠᠷ ᠠᠬᠢᠭᠤᠯᠵᠤ᠂ ᠡᠯ᠎ᠡ ᠬᠦᠷᠢᠶᠡᠨ ᠤ ᠤᠯᠠᠨ ᠨᠡᠶᠢᠲᠡ ᠶᠢᠨ ᠦᠢᠯᠡᠴᠢᠯᠡᠭᠡ ᠶᠢᠨ ᠲᠦᠭᠦᠮ ᠦᠵᠡᠭᠦᠯᠵᠦ | ᠬᠠᠮᠲᠤ ᠪᠠᠷ ᠡᠳ᠋ᠯᠡᠬᠦ ᠶᠢ ᠲᠦᠷᠦᠯ ᠬᠤᠪᠢᠶᠠᠨ ᠠᠬᠢᠭᠤᠯᠬᠤ ᠬᠡᠷᠡᠭᠲᠡᠢ᠃ ᠡᠯ᠎ᠡ ᠲᠦᠷᠦᠯ ᠤᠨ ᠵᠠᠮ ᠬᠠᠷᠢᠯᠴᠠᠭᠠᠨ ᠤ | ᠲᠣᠣᠷ ᠤᠨ ᠰᠠᠭᠤᠷᠢ ᠲᠥᠬᠦᠭᠡᠷᠦᠮᠵᠢ ᠶᠢᠨ ᠪᠠᠷᠢᠮᠵᠢᠶ᠎ᠠ ᠶᠢ ᠣᠷᠣᠨ ᠪᠦᠰᠡ ᠠᠯᠤᠰᠯᠠᠨ ᠵᠣᠯᠭᠠᠭᠤᠯᠬᠤ ᠶᠢ | ᠴᠢᠩᠭᠠᠳᠬᠠᠵᠤ᠂ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ | ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠠᠮᠢ ᠠᠬᠤᠢ ᠶᠢᠨ ᠪᠣᠬᠢᠷᠳᠤᠯ ᠦᠭᠡᠢ ᠨᠢᠭᠡ ᠴᠣᠭᠴᠠᠵᠢᠭᠰᠠᠨ | ᠬᠥᠭᠵᠢᠯᠲᠡ ᠶᠢᠨ ᠵᠢᠱᠢᠶ᠎ᠡ ᠦᠵᠡᠭᠦᠯᠭᠦ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠵᠢᠱᠢᠶ᠎ᠡ | ᠦᠵᠡᠭᠦᠯᠭᠦ ᠣᠷᠣᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ᠰᠢᠰᠲ᠋ᠧᠮ ᠢ | ᠲᠡᠭᠦᠯᠳᠡᠷᠵᠢᠭᠦᠯᠵᠦ᠂ ᠲᠥᠯᠦᠪᠵᠢᠭᠦᠯᠭᠡ᠂ ᠭᠠᠵᠠᠷ ᠰᠢᠷᠣᠢ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠣᠷᠣᠨ ᠪᠦᠰᠡ ᠠᠯᠤᠰᠯᠠᠨ ᠬᠠᠮᠵᠢᠯᠴᠠᠬᠤ ᠪᠠ ᠣᠷᠭᠠᠨᠢᠭ ᠢᠶᠠᠷ ᠵᠣᠯᠭᠠᠯᠳᠤᠬᠤ ᠶᠢ ᠴᠢᠩᠭᠠᠳᠬᠠᠵᠤ᠂ ᠣᠷᠣᠨ | ᠪᠦᠰᠡ ᠶᠢᠨ ᠲᠦᠷᠦᠯ ᠵᠦᠢᠯ ᠤᠨ ᠬᠠᠮᠵᠢᠯᠴᠠᠭ᠎ᠠ ᠠᠴᠠ ᠣᠷᠣᠨ ᠪᠦᠰᠡ ᠶᠢᠨ ᠨᠢᠭᠡ ᠴᠣᠭᠴᠠᠵᠢᠭᠰᠠᠨ ᠳᠦᠷᠢᠮ ᠤᠨ | ᠰᠢᠨ᠎ᠡ ᠶᠢ ᠡᠭᠦᠳᠬᠦ ᠶᠢ ᠲᠦᠷᠭᠡᠳᠬᠡᠬᠦ ᠬᠡᠷᠡᠭᠲᠡᠢ᠃ ᠣᠷᠣᠨ ᠪᠦᠰᠡ ᠠᠯᠤᠰᠯᠠᠨ ᠬᠠᠮᠲᠤ ᠪᠠᠷ ᠪᠠᠶᠢᠭᠤᠯᠵᠤ ᠬᠠᠮᠲᠤ ᠪᠠᠷ | ᠡᠳ᠋ᠯᠡᠬᠦ ᠶᠢ ᠠᠬᠢᠭᠤᠯᠵᠤ᠂ ᠠᠵᠤ ᠦᠢᠯᠡᠰ ᠤᠨ ᠣᠷᠣᠨ ᠪᠦᠰᠡ ᠠᠯᠤᠰᠯᠠᠨ ᠰᠢᠯᠵᠢᠭᠦ ᠪᠠ ᠦᠢᠯᠡᠳᠪᠦᠷᠢᠯᠡᠯ ᠤᠨ | ᠬᠦᠴᠦᠨ ᠵᠦᠢᠯ ᠢ ᠵᠦᠢ ᠵᠣᠬᠢᠰᠲᠠᠢ ᠲᠣᠬᠢᠷᠠᠭᠤᠯᠬᠤ ᠶᠢ ᠡᠮᠬᠢ ᠵᠢᠷᠤᠮ ᠲᠠᠢ ᠠᠬᠢᠭᠤᠯᠵᠤ᠂ ᠬᠥᠬᠡᠮᠥ᠋ᠷᠡᠨ ᠤ | ᠭᠤᠷᠪᠠᠯᠵᠢᠨ ᠬᠤᠶᠢᠭ ᠢ ᠦᠨᠡᠨ ᠬᠦ ᠣᠷᠣᠨ ᠪᠦᠰᠡ ᠶᠢᠨ ᠬᠥᠭᠵᠢᠯᠲᠡ ᠶᠢᠨ ᠬᠠᠮᠲᠤ ᠶᠢᠨ ᠴᠣᠭᠴᠠ ᠪᠤᠯᠭᠠᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠪᠦᠰᠡ ᠶᠢᠨ ᠬᠢᠨ ᠳᠡᠭᠡᠳᠦ ᠲᠡᠰ | ᠳᠠᠪᠬᠤᠷᠭ᠎ᠠ ᠶᠢᠨ ᠬᠠᠮᠵᠢᠯᠴᠠᠨ ᠨᠡᠭᠡᠭᠡᠯᠲᠡ ᠬᠢᠬᠦ ᠶᠢ ᠢᠳᠡᠪᠬᠢᠲᠡᠢ ᠠᠬᠢᠭᠤᠯᠬᠤ ᠬᠡᠷᠡᠭᠲᠡᠢ᠃ ᠳᠦᠷᠢᠮ ᠤᠨ | ᠭᠡᠯᠪᠡᠷᠢ ᠶᠢᠨ ᠨᠡᠭᠡᠭᠡᠯᠲᠡ ᠪᠠᠷ ᠭᠤᠣᠯᠳᠠᠯᠭ᠎ᠠ ᠪᠤᠯᠭᠠᠬᠰᠠᠨ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ | ᠠᠬᠢᠭᠤᠯᠵᠤ᠂ ᠥᠭᠡᠷᠡᠴᠢᠯᠡᠯᠲᠡ ᠶᠢᠨ ᠲᠤᠷᠰᠢᠯᠭ᠎ᠠ ᠪᠠᠨ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠤᠯᠭᠠᠬᠤ ᠪᠠ | ᠲᠡᠷᠡ ᠬᠡᠪ ᠢᠶᠠᠷ ᠨᠢ ᠳᠡᠯᠭᠡᠷᠡᠭᠦᠯᠬᠦ ᠶᠢ ᠴᠢᠩᠭᠠᠳᠬᠠᠵᠤ᠂ ᠮᠠᠨ ᠤ ᠤᠯᠤᠰ ᠤᠨ ᠠᠵᠤ ᠠᠬᠤᠢ ᠶᠢᠨ ᠶᠡᠭᠡ ᠣᠷᠴᠢᠯ ᠢ | ᠰᠢᠯᠤᠭᠤᠳᠬᠠᠬᠤ ᠬᠦᠴᠦᠷᠬᠡᠭ ᠶᠡᠭᠡ ᠬᠥᠳᠡᠯᠭᠡᠭᠦᠷ ᠪᠠ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ | ᠣᠷᠴᠢᠯ ᠢ ᠬᠤᠯᠪᠣᠯᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠦᠢᠰᠦ ᠪᠤᠯᠬᠤ ᠪᠠᠷ ᠴᠢᠷᠮᠠᠶᠢᠬᠤ ᠬᠡᠷᠡᠭᠲᠡᠢ᠃ | ᠱᠠᠩᠬᠠᠢ ᠶᠢᠨ ︽ᠲᠠᠪᠤᠨ ᠲᠥᠪ︾ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠫᠦᠳᠦ᠋ᠩ ᠰᠢᠨ᠎ᠡ | ᠲᠣᠭᠤᠷᠢᠭ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠲᠦᠷᠭᠡᠳᠬᠡᠨ ᠠᠬᠢᠭᠤᠯᠵᠤ᠂ | ᠬᠤᠩ ᠴᠢᠶᠣᠤ ᠶᠢᠨ ᠤᠯᠠᠨ ᠤᠯᠤᠰ ᠤᠨ ᠨᠡᠭᠡᠭᠡᠯᠲᠡ ᠶᠢᠨ ᠬᠦᠢᠰᠦ ᠶᠢᠨ ᠲᠠᠶᠢᠴᠢᠯᠠᠨ ᠨᠥᠯᠥᠭᠡᠯᠡᠬᠦ ᠴᠢᠳᠠᠪᠤᠷᠢ ᠶᠢᠨ | ᠲᠡᠰ ᠢ ᠤᠯᠠᠮ ᠳᠡᠭᠡᠭᠰᠢᠯᠡᠭᠦᠯᠵᠦ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠳᠡᠭᠡᠭᠰᠢᠯᠡᠭᠦᠯᠭᠦ | ᠪᠠᠶᠢᠯᠳᠤᠬᠤ ᠪᠣᠳᠣᠯᠭ᠎ᠠ ᠶᠢ ᠶᠡᠭᠡ ᠪᠠᠷ ᠬᠡᠷᠡᠭᠵᠢᠭᠦᠯᠵᠦ᠂ ᠱᠠᠩᠬᠠᠢ ᠶᠢᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ | ᠣᠷᠣᠨ ᠤ ᠭᠠᠷᠠᠮ ᠳᠠᠭᠠᠤ ᠰᠢᠨ᠎ᠡ ᠲᠣᠭᠤᠷᠢᠭ ᠤᠨ ᠨᠡᠩ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ | ᠠᠬᠢᠭᠤᠯᠬᠤ ᠬᠡᠷᠡᠭᠲᠡᠢ᠃ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠪᠣᠯᠣᠨ ︽ | ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠴᠢᠨᠠᠷ ᠰᠠᠶᠢᠲᠠᠢ ᠬᠥᠭᠵᠢᠯᠲᠡ ᠶᠢᠨ ᠭᠦᠨᠵᠡᠭᠡᠢ | ᠠᠭᠤᠰᠤᠯᠴᠠᠯ ᠢ ᠠᠬᠢᠭᠤᠯᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠳᠠᠪᠠᠭᠤᠯᠢᠭ ᠦᠢᠯᠡᠳᠪᠦᠷᠢᠯᠡᠯ ᠤᠨ | ᠴᠢᠳᠠᠪᠤᠷᠢ᠂ ᠰᠢᠯᠢᠳᠡᠭ ᠲᠣᠨᠣᠭᠯᠠᠯ᠂ ᠬᠡᠷᠡᠭᠯᠡᠭᠡᠨ ᠤ ᠮᠡᠷᠭᠡᠵᠢᠯ ᠪᠣᠯᠣᠨ ᠪᠠᠷᠢᠮᠵᠢᠶ᠎ᠠ ᠶᠢᠨ ︽ᠭᠠᠷᠴᠤ ᠶᠠᠪᠤᠬᠤ︾ ᠶᠢ | ᠠᠬᠢᠭᠤᠯᠬᠤ ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ | ᠵᠣᠷᠢᠭᠵᠢᠭᠤᠯᠬᠤ᠂ ᠳᠡᠮᠵᠢᠬᠦ᠂ ᠬᠥᠲᠥᠯᠥᠨ ᠵᠢᠯᠤᠭᠤᠳᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠦᠷᠦᠭᠦᠯᠡᠨ | ᠨᠠᠶᠢᠳᠠᠪᠤᠷᠢᠵᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ | ᠨᠥᠬᠦᠴᠡᠯ ᠢ ᠤᠯᠠᠮ ᠰᠢᠯᠢᠳᠡᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ᠂ | ᠴᠢᠨᠠᠷ ᠰᠠᠶᠢᠲᠠᠢ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠪᠦᠰᠡ ᠶᠢᠨ ᠬᠢᠨ ᠠᠮᠢ ᠠᠬᠤᠢ | ᠣᠷᠴᠢᠨ ᠲᠣᠭᠤᠷᠢᠨ ᠢ ᠬᠠᠮᠲᠤ ᠪᠠᠷ ᠬᠠᠮᠠᠭᠠᠯᠠᠵᠤ ᠬᠤᠯᠪᠤᠭᠠᠯᠠᠨ ᠵᠠᠰᠠᠬᠤ ᠶᠢ ᠴᠢᠩᠭᠠᠳᠬᠠᠬᠤ ᠬᠡᠷᠡᠭᠲᠡᠢ᠃ ᠭᠤᠷᠪᠠᠨ | ᠮᠤᠵᠢ ᠨᠢᠭᠡ ᠬᠤᠳᠠ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠵᠠᠪᠰᠠᠷ ᠦᠭᠡᠢ | ᠵᠣᠯᠭᠠᠭᠤᠯᠬᠤ ᠶᠢ ᠴᠢᠩᠭᠠᠳᠬᠠᠵᠤ᠂ ᠴᠢᠬᠤᠯᠠ ᠠᠮᠢ ᠠᠬᠤᠢ ᠶᠢᠨ ᠬᠠᠯᠬᠠᠪᠴᠢ ᠪᠠ ᠠᠮᠢ ᠠᠬᠤᠢ ᠶᠢᠨ ᠬᠤᠩᠭᠢᠯ ᠢ | ᠬᠠᠮᠲᠤ ᠪᠠᠷ ᠬᠠᠮᠠᠭᠠᠯᠠᠬᠤ ᠶᠢ ᠠᠬᠢᠭᠤᠯᠵᠤ᠂ ᠠᠭᠠᠷ ᠮᠠᠨᠳᠠᠯ᠂ ᠤᠰᠤ᠂ ᠬᠥᠷᠥᠰᠥ ᠰᠢᠷᠣᠢ ᠶᠢᠨ ᠪᠣᠬᠢᠷᠳᠤᠯ ᠢ | ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠬᠢᠯᠢ ᠠᠯᠤᠰᠯᠠᠭᠰᠠᠨ ᠤᠰᠤᠨ ᠴᠣᠭᠴᠠ ᠶᠢ ᠬᠠᠮᠲᠤ ᠪᠠᠷ | ᠬᠠᠮᠠᠭᠠᠯᠠᠵᠤ ᠬᠠᠮᠲᠤᠷᠠᠨ ᠵᠠᠰᠠᠬᠤ ᠶᠢ ᠭᠦᠨᠵᠡᠭᠡᠢ ᠥᠷᠨᠢᠭᠦᠯᠵᠦ᠂ ᠡᠨᠧᠷᠭᠢ ᠠᠷᠪᠢᠯᠠᠵᠤ ᠪᠣᠬᠢᠷᠳᠤᠯ ᠪᠣᠳᠠᠰ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ | ᠣᠷᠣᠨ ᠪᠦᠰᠡ ᠶᠢᠨ ᠲᠦᠷᠦ ᠶᠢᠨ ᠪᠣᠳᠣᠯᠭ᠎ᠠ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠣᠷᠣᠨ ᠪᠦᠰᠡ ᠶᠢᠨ | ᠪᠣᠬᠢᠷᠳᠤᠯ ᠦᠭᠡᠢ ᠦᠢᠯᠡᠳᠬᠦ ᠰᠢᠰᠲ᠋ᠧᠮ ᠢ ᠪᠠᠶᠢᠭᠤᠯᠬᠤ ᠬᠡᠷᠡᠭᠲᠡᠢ᠃ ᠠᠷᠢᠭᠤᠨ ᠴᠡᠪᠡᠷ ᠦᠢᠯᠡᠳᠪᠦᠷᠢᠯᠡᠯ ᠢ ᠪᠦᠭᠦ | ᠲᠠᠯ᠎ᠠ ᠪᠠᠷ ᠠᠬᠢᠭᠤᠯᠵᠤ᠂ ᠭᠤᠣᠯᠳᠠᠯᠭ᠎ᠠ ᠲᠠᠢ ᠬᠦᠷᠢᠶ᠎ᠡ ᠪᠣᠯᠣᠨ ᠭᠤᠣᠯᠳᠠᠯᠭ᠎ᠠ ᠲᠠᠢ ᠠᠵᠢᠯ ᠲᠦᠷᠦᠯ ᠤᠨ ᠡᠨᠧᠷᠭᠢ | ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠦᠷ᠎ᠡ ᠠᠰᠢᠭ ᠢ ᠨᠡᠮᠡᠭᠳᠡᠭᠦᠯᠬᠦ ᠶᠢ | ᠠᠬᠢᠭᠤᠯᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠠᠵᠤ ᠦᠢᠯᠡᠰ ᠢ ᠬᠦᠴᠦᠷᠬᠡᠭᠵᠢᠭᠦᠯᠦᠨ | ᠰᠢᠯᠢᠳᠡᠭᠵᠢᠭᠦᠯᠵᠦ᠂ ᠪᠣᠬᠢᠷᠳᠤᠯ ᠦᠭᠡᠢ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ | ᠦᠷᠭᠦᠯᠵᠢᠯᠡᠬᠦ ᠦᠢᠯᠡᠳᠪᠦᠷᠢᠯᠡᠯ ᠠᠮᠢᠳᠤᠷᠠᠯ ᠤᠨ ᠠᠷᠭ᠎ᠠ ᠭᠡᠯᠪᠡᠷᠢ ᠶᠢ ᠲᠦᠷᠭᠡᠳᠬᠡᠨ ᠪᠦᠷᠢᠯᠳᠦᠭᠦᠯᠬᠦ ᠬᠡᠷᠡᠭᠲᠡᠢ᠃ | ᠣᠷᠣᠨ ᠪᠦᠰᠡ ᠠᠯᠤᠰᠯᠠᠨ ᠪᠣᠬᠢᠷᠳᠤᠯ ᠢ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠳᠦᠷᠢᠮ ᠢ ᠪᠠᠶᠢᠭᠤᠯᠵᠤ᠂ | ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠶᠢ ᠢᠳᠡᠪᠬᠢᠲᠡᠢ ᠯᠠᠪᠳᠠᠭᠤᠨ ᠠᠬᠢᠭᠤᠯᠬᠤ ᠬᠡᠷᠡᠭᠲᠡᠢ᠃ ᠰᠢᠨ᠎ᠡ ᠮᠠᠶ᠋ᠢᠭ ᠤᠨ ᠡᠨᠧᠷᠭᠢ ᠶᠢᠨ | ᠰᠢᠰᠲ᠋ᠧᠮ ᠢ ᠲᠥᠯᠥᠪᠵᠢᠭᠦᠯᠦᠨ ᠪᠠᠶᠢᠭᠤᠯᠵᠤ᠂ ᠮᠤᠵᠢ ᠬᠤᠳᠠ ᠶᠢᠨ ᠬᠤᠭᠤᠷᠣᠨᠳᠣᠭᠢ ᠴᠠᠭᠢᠯᠭᠠᠨ ᠬᠦᠴᠦᠨ ᠤ | ᠬᠠᠷᠢᠯᠴᠠᠨ ᠲᠤᠰᠠᠯᠠᠯᠴᠠᠬᠤ ᠶᠢ ᠵᠣᠬᠢᠴᠠᠭᠤᠯᠤᠨ ᠠᠬᠢᠭᠤᠯᠬᠤ ᠬᠡᠷᠡᠭᠲᠡᠢ᠃ ᠬᠥᠬᠡᠮᠥ᠋ᠷᠡᠨ ᠤ ︽ᠵᠢᠭᠠᠰᠤ ᠠᠩᠨᠠᠬᠤ ᠶᠢ | ᠠᠷᠪᠠᠨ ᠵᠢᠯ ᠴᠠᠭᠠᠵᠠᠯᠠᠬᠤ︾ ᠶᠢ ᠦᠷᠭᠦᠯᠵᠢᠯᠡᠨ ᠠᠬᠢᠭᠤᠯᠵᠤ᠂ ᠬᠤᠯᠪᠤᠭᠠᠯᠠᠨ ᠬᠠᠤᠯᠢ ᠬᠡᠷᠡᠭᠵᠢᠭᠦᠯᠬᠦ ᠶᠢ | ᠴᠢᠩᠭᠠᠳᠬᠠᠬᠤ ᠬᠡᠷᠡᠭᠲᠡᠢ᠃ ᠠᠮᠢ ᠠᠬᠤᠢ ᠶᠢᠨ ᠦᠢᠯᠡᠳᠬᠦᠨ ᠤ ᠦᠷᠳᠡᠭ ᠢ ᠪᠡᠶᠡᠯᠡᠭᠦᠯᠬᠦ ᠲᠣᠭᠲᠠᠴᠠ ᠶᠢ | ᠪᠦᠷᠢᠨᠰᠢᠭᠦᠯᠵᠦ᠂ ᠠᠮᠢ ᠠᠬᠤᠢ ᠶᠢᠨ ᠳᠠᠪᠠᠭᠤᠯᠢᠭ ᠢ ᠠᠵᠤ ᠠᠬᠤᠢ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ | ᠠᠷᠭ᠎ᠠ ᠵᠠᠮ ᠢ ᠥᠷᠭᠡᠳᠬᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠪᠦᠰᠡ ᠶᠢᠨ ᠬᠢᠨ ᠠᠮᠤᠷ | ᠲᠦᠪᠰᠢᠨ ᠢᠶᠠᠷ ᠬᠥᠭᠵᠢᠭᠦᠯᠬᠦ ᠴᠢᠳᠠᠪᠤᠷᠢ ᠪᠠᠨ ᠬᠦᠴᠦᠯᠡᠨ ᠳᠡᠭᠡᠭᠰᠢᠯᠡᠭᠦᠯᠭᠦ ᠬᠡᠷᠡᠭᠲᠡᠢ᠃ ᠤᠯᠤᠰ ᠤᠨ ᠶᠡᠷᠦᠩᠬᠡᠢ | ᠠᠮᠤᠷ ᠲᠦᠪᠰᠢᠨ ᠤ ᠦᠵᠡᠯᠲᠡ ᠶᠢ ᠲᠤᠭᠤᠰᠢᠯᠠᠭᠤᠯᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ | ᠬᠥᠭᠵᠢᠯᠲᠡ ᠪᠠ ᠠᠮᠤᠷ ᠲᠦᠪᠰᠢᠨ ᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠤᠯᠤᠰ ᠪᠠ ᠣᠷᠣᠨ ᠪᠦᠰᠡ ᠶᠢᠨ | ᠠᠮᠤᠷ ᠲᠦᠪᠰᠢᠨ ᠳᠤ ᠬᠤᠯᠪᠣᠭᠳᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠᠵᠤ ᠦᠢᠯᠡᠰ᠂ ᠮᠥᠩᠭᠦᠨ | ᠭᠦᠢᠯᠭᠡᠭᠡᠨ ᠵᠡᠷᠭᠡ ᠬᠦᠷᠢᠶ᠎ᠡ ᠪᠠ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢ ᠨᠢᠭᠲᠠ ᠠᠩᠬᠠᠷᠴᠤ᠂ ᠠᠶᠤᠯ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠮᠤᠷ | ᠲᠦᠪᠰᠢᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠬᠥᠬᠡᠮᠥ᠋ᠷᠡᠨ ᠤ ᠭᠤᠷᠪᠠᠯᠵᠢᠨ ᠬᠤᠶᠢᠭ ᠤᠨ | ᠠᠵᠤ ᠦᠢᠯᠡᠰ ᠤᠨ ᠰᠢᠰᠲ᠋ᠧᠮ ᠪᠦᠷᠢᠨ ᠲᠡᠭᠦᠯᠳᠡᠷ ᠪᠠᠶᠢᠬᠤ ᠪᠠ ᠢᠵᠢ ᠪᠦᠷᠢᠳᠦᠭᠦᠯᠬᠦ ᠴᠢᠳᠠᠪᠤᠷᠢ ᠴᠢᠩᠭ᠎ᠠ ᠪᠠᠶᠢᠬᠤ | ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠤᠯᠤᠰ ᠤᠨ ᠠᠵᠤ ᠠᠬᠤᠢ ᠠᠮᠢᠳᠤᠷᠠᠯ ᠳᠤ ᠬᠤᠯᠪᠣᠭᠳᠠᠬᠤ ᠴᠢᠬᠤᠯᠠ | ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠳᠠᠬᠢ ᠬᠡᠯᠬᠢᠶ᠎ᠡ ᠶᠢ ᠴᠢᠩᠭᠠᠳᠬᠠᠵᠤ ᠬᠡᠯᠬᠢᠶ᠎ᠡ ᠶᠢ ᠨᠥᠬᠦᠪᠦᠷᠢᠯᠡᠬᠦ | ᠠᠵᠢᠯᠯᠠᠭ᠎ᠠ ᠶᠢ ᠬᠡᠷᠡᠭᠵᠢᠭᠦᠯᠬᠦ ᠶᠢᠨ ᠬᠠᠮᠲᠤ ᠳᠤᠮᠳᠠ ᠪᠠᠷᠠᠭᠤᠨ ᠣᠷᠣᠨ ᠲᠠᠢ ᠠᠵᠤ ᠦᠢᠯᠡᠰ ᠤᠨ | ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠠᠷᠢᠮᠠᠬᠠᠢ | ᠴᠢᠨᠠᠷ ᠪᠠ ᠠᠮᠤᠷ ᠲᠦᠪᠰᠢᠨ ᠤ ᠲᠦᠪᠰᠢᠨ ᠢ ᠬᠦᠴᠦᠯᠡᠨ ᠳᠡᠭᠡᠭᠰᠢᠯᠡᠭᠦᠯᠭᠦ ᠬᠡᠷᠡᠭᠲᠡᠢ᠃ ᠮᠥᠩᠭᠦᠨ ᠭᠦᠢᠯᠭᠡᠭᠡᠨ ᠤ | ᠬᠦᠷᠢᠶᠡᠨ ᠤ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ᠂ ᠬᠢᠯᠢ ᠠᠯᠤᠰᠯᠠᠭᠰᠠᠨ | ᠪᠡᠯᠡ ᠣᠷᠣᠭᠤᠯᠤᠯᠲᠠ ᠪᠡᠯᠡ ᠬᠤᠷᠠᠮᠳᠤᠭᠤᠯᠭ᠎ᠠ ᠶᠢᠨ ᠳᠥᠳᠡᠴᠢᠯᠡᠯᠲᠡ ᠶᠢ ᠳᠡᠭᠡᠭᠰᠢᠯᠡᠭᠦᠯᠵᠦ᠂ ᠪᠦᠭᠦ ᠶᠠᠪᠤᠴᠠ ᠶᠢᠨ | ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠤᠯᠤᠰ ᠤᠨ ᠮᠥᠩᠭᠦᠨ ᠭᠦᠢᠯᠭᠡᠭᠡᠨ ᠤ ᠠᠮᠤᠷ | ᠲᠦᠪᠰᠢᠨ ᠢ ᠨᠡᠩ ᠰᠠᠶᠢᠲᠤᠷ ᠬᠠᠮᠠᠭᠠᠯᠠᠬᠤ ᠬᠡᠷᠡᠭᠲᠡᠢ᠃ ᠭᠠᠳᠠᠭᠠᠳᠤ ᠯᠤᠭ᠎ᠠ ᠶᠢᠨ ᠬᠠᠮᠲᠤᠷᠠᠯᠴᠠᠭᠠᠨ ᠤ ᠠᠮᠤᠷ | ᠲᠦᠪᠰᠢᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠤ ᠦᠢᠯᠡᠰ ᠤᠨ ᠬᠡᠯᠬᠢᠶ᠎ᠡ ᠶᠢᠨ ᠵᠦᠢ ᠵᠣᠬᠢᠰᠲᠠᠢ ᠡᠮᠬᠢ | ᠳᠢᠭᠯᠢᠮ ᠲᠠᠢ ᠬᠢᠯᠢ ᠠᠯᠤᠰᠯᠠᠭᠰᠠᠨ ᠪᠠᠶᠢᠷᠢᠰᠢᠭᠤᠯᠤᠯᠲᠠ ᠶᠢ ᠬᠥᠲᠥᠯᠥᠨ ᠳᠠᠭᠠᠭᠤᠯᠬᠤ ᠬᠡᠷᠡᠭᠲᠡᠢ᠃ ᠠᠷᠠᠳ | ᠲᠦᠮᠡᠨ ᠤ ᠬᠤᠳᠠ ᠪᠠᠨ ᠠᠷᠠᠳ ᠲᠦᠮᠡᠨ ᠪᠠᠶᠢᠭᠤᠯᠬᠤ ᠶᠢ ᠪᠠᠷᠢᠮᠲᠠᠯᠠᠵᠤ᠂ ᠬᠤᠳᠠ ᠶᠢᠨ ᠣᠳᠣᠬᠢᠴᠢᠯᠠᠭᠰᠠᠨ | ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠬᠠᠷᠢᠮᠠᠬᠠᠢ ᠬᠤᠳᠠ ᠶᠢᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠬᠤᠳᠠ ᠶᠢᠨ ᠠᠮᠤᠷ ᠲᠦᠪᠰᠢᠨ ᠤ ᠤᠷᠢᠳᠴᠢᠯᠠᠨ ᠰᠡᠷᠭᠡᠶᠢᠯᠡᠬᠦ ᠰᠢᠰᠲ᠋ᠧᠮ ᠢ | ᠪᠦᠷᠢᠨᠰᠢᠭᠦᠯᠵᠦ᠂ ᠬᠤᠳᠠ ᠶᠢᠨ ᠦᠨᠳᠦᠰᠦᠨ ᠠᠵᠢᠯᠯᠠᠭᠠᠨ ᠤ ᠪᠠᠲᠤᠯᠠᠭ᠎ᠠ ᠶᠢᠨ ᠰᠢᠰᠲ᠋ᠧᠮ ᠢ ᠴᠢᠩᠭᠠᠳᠬᠠᠵᠤ᠂ | ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ | ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ | ᠭᠦᠨᠵᠡᠭᠡᠢ ᠠᠬᠢᠭᠤᠯᠬᠤ ᠳᠤ ᠡᠷᠬᠡᠪᠰᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ | ᠬᠡᠷᠡᠭᠲᠡᠢ᠃ ᠲᠥᠪ ᠤᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠤᠳᠤᠷᠢᠳᠬᠤ ᠳᠤᠭᠤᠶᠢᠯᠠᠩ ᠤᠨ | ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠡᠭᠦᠷᠭᠡ ᠴᠢᠳᠠᠪᠬᠢ ᠶᠢ ᠭᠦᠢᠴᠡᠳ ᠪᠠᠳᠠᠷᠠᠭᠤᠯᠵᠤ᠂ | ᠲᠥᠯᠦᠪᠵᠢᠭᠦᠯᠭᠡ ᠶᠢᠨ ᠬᠥᠲᠥᠯᠪᠦᠷᠢ ᠶᠢᠨ ᠪᠠᠶᠢᠯᠳᠤᠬᠤ ᠪᠣᠳᠣᠯᠭ᠎ᠠ ᠶᠢᠨ ᠬᠥᠲᠥᠯᠥᠨ ᠳᠠᠭᠠᠭᠤᠯᠬᠤ ᠦᠢᠯᠡᠳᠦᠯ ᠢ | ᠪᠠᠷᠢᠮᠲᠠᠯᠠᠬᠤ ᠬᠡᠷᠡᠭᠲᠡᠢ᠃ ᠭᠤᠷᠪᠠᠨ ᠮᠤᠵᠢ ᠨᠢᠭᠡ ᠬᠤᠳᠠ ᠶᠢᠨ ᠬᠢᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠ | ᠪᠠᠶᠢᠴᠠᠭᠠᠨ ᠰᠤᠳᠤᠯᠤᠯᠲᠠ ᠬᠢᠬᠦ ᠪᠠᠨ ᠴᠢᠩᠭᠠᠳᠬᠠᠵᠤ᠂ ᠵᠣᠬᠢᠴᠠᠭᠤᠯᠤᠨ ᠬᠠᠮᠲᠤ ᠪᠠᠷ ᠵᠥᠪᠳᠡᠯᠴᠡᠬᠦ ᠪᠠ | ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠴᠢᠬᠤᠯᠠ ᠶᠡᠭᠡ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ | ᠴᠢᠬᠤᠯᠠ ᠶᠡᠭᠡ ᠥᠭᠡᠷᠡᠴᠢᠯᠡᠯᠲᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠭᠤᠣᠯᠳᠠᠯᠭ᠎ᠠ ᠲᠠᠢ | ᠡᠭᠦᠷᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠦᠨᠡᠨᠴᠢ ᠰᠢᠳᠤᠷᠭᠤ ᠠᠷᠢᠭᠤᠨ ᠴᠢᠬᠡᠴᠢ | ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠺᠠᠳ᠋ᠷ ᠤᠨ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠵᠤ᠂ ᠺᠠᠳ᠋ᠷ ᠤᠨ ᠵᠣᠷᠢᠭᠲᠠᠢ ᠪᠠᠷ ᠵᠠᠮ ᠨᠡᠭᠡᠭᠡᠨ᠂ ᠬᠠᠷᠢᠭᠤᠴᠠᠯᠭ᠎ᠠ ᠡᠭᠦᠷᠭᠡᠯᠡᠨ | ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠬᠡᠷᠡᠭᠲᠡᠢ᠃ ᠬᠤᠶᠠᠳᠤᠭᠠᠷ ᠪᠦᠯᠦᠭ ᠤᠨ ᠭᠤᠣᠯ ᠰᠡᠳᠦᠪᠲᠦ | ᠬᠥᠮᠦᠵᠢᠯ ᠢ ᠪᠣᠳᠠᠲᠠᠢ ᠠᠳᠬᠤᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ | ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ | ᠴᠣᠭᠴᠠᠵᠢᠭᠤᠯᠤᠨ ᠠᠬᠢᠭᠤᠯᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ | ᠦᠢᠯᠡᠳᠦᠯ ᠴᠢᠳᠠᠪᠤᠷᠢ ᠪᠣᠯᠣᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠴᠢᠳᠠᠪᠤᠷᠢ ᠶᠢ ᠴᠢᠩᠭᠠᠳᠬᠠᠵᠤ᠂ ᠴᠢᠩᠭ᠎ᠠ | ᠰᠠᠬᠢᠯᠭ᠎ᠠ ᠪᠠᠲᠤ᠂ ᠪᠣᠳᠠᠲᠠᠢ ᠪᠠᠶᠢᠬᠤ ᠬᠡᠪ ᠰᠤᠷᠲᠠᠯ᠂ ᠠᠷᠢᠭᠤᠨ ᠴᠢᠬᠡᠴᠢ ᠶᠢᠨ ᠪᠠᠷᠢᠮᠲᠠᠯᠠᠯ ᠢᠶᠠᠷ ᠡᠯ᠎ᠡ ᠵᠦᠢᠯ ᠤᠨ | ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠯᠢ ᠴᠢᠶᠠᠩ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ ᠤᠯᠤᠰ ᠤᠨ ᠬᠥᠭᠵᠢᠯᠲᠡ ᠶᠢᠨ | ᠶᠡᠭᠡ ᠲᠠᠯ᠎ᠠ ᠳᠤ ᠲᠠᠯᠪᠢᠵᠤ ᠪᠠᠶᠢᠷᠢ ᠲᠣᠭᠲᠠᠭᠠᠯᠲᠠ ᠬᠢᠵᠦ ᠪᠣᠳᠣᠯᠬᠢᠯᠠᠨ᠂ ᠪᠦᠭᠦ ᠤᠯᠤᠰ ᠤᠨ ᠴᠢᠨᠠᠷ ᠰᠠᠶᠢᠲᠠᠢ | ᠬᠥᠭᠵᠢᠯᠲᠡ ᠶᠢ ᠬᠥᠲᠥᠯᠥᠨ ᠳᠠᠭᠠᠭᠤᠯᠵᠤ ᠳᠠᠶᠢᠴᠢᠯᠠᠬᠤ ᠳᠡᠭᠡᠷ᠎ᠡ ᠲᠠᠯᠪᠢᠵᠤ ᠪᠠᠶᠢᠷᠢᠯᠠᠭᠤᠯᠤᠨ ᠲᠥᠯᠥᠪᠵᠢᠭᠦᠯᠵᠦ᠂ | ᠠᠵᠤ ᠠᠬᠤᠢ ᠶᠢᠨ ᠥᠰᠦᠯᠲᠡ ᠶᠢᠨ ᠲᠦᠢᠯ᠂ ᠬᠥᠳᠡᠯᠭᠡᠬᠦ ᠬᠦᠴᠦᠨ ᠤ ᠡᠬᠢ᠂ ᠥᠭᠡᠷᠡᠴᠢᠯᠡᠯᠲᠡ ᠶᠢᠨ | ᠲᠤᠷᠰᠢᠯᠲᠠ ᠶᠢᠨ ᠲᠠᠷᠢᠶ᠎ᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠳᠤ ᠨᠡᠩ ᠰᠠᠶᠢᠲᠤᠷ ᠲᠤᠯᠭᠠᠭᠤᠷᠢᠯᠠᠬᠤ ᠪᠠ ᠦᠢᠯᠡᠴᠢᠯᠡᠬᠦ ᠬᠡᠷᠡᠭᠲᠡᠢ᠃ ᠠᠵᠤ ᠠᠬᠤᠢ ᠶᠢᠨ | ᠡᠷᠭᠢᠯᠲᠡ ᠶᠢ ᠤᠯᠠᠮ ᠰᠢᠯᠤᠭᠤᠳᠬᠠᠵᠤ᠂ ᠡᠬᠢ ᠪᠠᠶᠠᠯᠢᠭ ᠤᠨ ᠡᠯᠧᠮᠧᠨ᠋ᠲ ᠢ ᠵᠦᠢ ᠵᠣᠬᠢᠰᠲᠠᠢ ᠰᠢᠯᠵᠢᠭᠦᠯᠬᠦ ᠪᠠ | ᠥᠨᠳᠥᠷ ᠪᠦᠲᠦᠮᠵᠢᠲᠡᠢ ᠵᠣᠬᠢᠴᠠᠭᠤᠯᠬᠤ ᠶᠢ ᠪᠡᠶᠡᠯᠡᠭᠦᠯᠵᠦ᠂ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ | ᠳᠡᠯᠭᠡᠭᠦᠷ ᠤᠨ ᠪᠠᠶᠢᠭᠤᠯᠤᠯᠲᠠ ᠶᠢ ᠠᠬᠢᠭᠤᠯᠵᠤ᠂ ᠠᠵᠤ ᠦᠢᠯᠡᠰ ᠪᠠ ᠠᠵᠤ ᠠᠬᠤᠢ ᠶᠢᠨ ᠵᠦᠢ ᠵᠣᠬᠢᠰᠲᠠᠢ | ᠪᠠᠶᠢᠷᠢᠯᠠᠭᠤᠯᠤᠯᠲᠠ ᠶᠢ ᠬᠥᠲᠥᠯᠥᠨ ᠵᠢᠯᠤᠭᠤᠳᠬᠤ ᠬᠡᠷᠡᠭᠲᠡᠢ᠃ ᠥᠨᠳᠥᠷ ᠪᠠᠷᠢᠮᠵᠢᠶᠠᠲᠤ ᠤᠯᠠᠨ ᠤᠯᠤᠰ ᠤᠨ ᠠᠵᠤ | ᠠᠬᠤᠢ ᠠᠷᠠᠯᠵᠢᠶᠠᠨ ᠤ ᠳᠦᠷᠢᠮ ᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠳᠦᠷᠢᠮ ᠤᠨ ᠭᠡᠯᠪᠡᠷᠢ ᠶᠢᠨ | ᠨᠡᠭᠡᠭᠡᠯᠲᠡ ᠶᠢ ᠥᠷᠭᠡᠳᠬᠡᠨ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢᠨ ᠬᠠᠭᠠᠯᠭ᠎ᠠ ᠶᠢ ᠴᠣᠭᠴᠠᠯᠠᠵᠤ᠂ | ᠤᠯᠠᠨ ᠤᠯᠤᠰ ᠤᠨ ᠲᠠᠸᠠᠷ ᠪᠣᠯᠣᠨ ᠡᠬᠢ ᠪᠠᠶᠠᠯᠢᠭ ᠤᠨ ᠡᠯᠧᠮᠧᠨ᠋ᠲ ᠲᠠᠬᠢ ᠲᠠᠲᠠᠬᠤ ᠬᠦᠴᠦᠨ ᠢᠶᠠᠨ ᠴᠢᠩᠭᠠᠳᠬᠠᠬᠤ | ᠬᠡᠷᠡᠭᠲᠡᠢ᠃ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ ᠣᠨᠴᠠᠯᠢᠭ ᠢᠶᠠᠨ ᠢᠯᠡᠷᠡᠭᠦᠯᠵᠦ᠂ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ᠂ ᠬᠠᠷᠢᠯᠴᠠᠨ ᠬᠦᠴᠦᠨ ᠴᠢᠳᠠᠯ ᠣᠯᠭᠤᠵᠤ᠂ ᠡᠯ᠎ᠡ ᠭᠠᠵᠠᠷ ᠤᠨ ᠲᠤᠰ ᠪᠡᠶ᠎ᠡ ᠶᠢᠨ | ᠳᠠᠪᠠᠭᠤᠯᠢᠭ ᠢᠶᠠᠨ ᠣᠷᠣᠨ ᠪᠦᠰᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠳᠠᠪᠠᠭᠤᠯᠢᠭ ᠲᠠᠯ᠎ᠠ ᠪᠠᠨ | ᠬᠠᠮᠲᠤ ᠪᠠᠷ ᠪᠠᠳᠠᠷᠠᠭᠤᠯᠵᠤ ᠣᠷᠣᠨ ᠪᠦᠰᠡ ᠶᠢᠨ ᠬᠥᠭᠵᠢᠯᠲᠡ ᠶᠢᠨ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠭᠦ ᠬᠡᠷᠡᠭᠲᠡᠢ ᠭᠡᠵᠦ ᠢᠯᠡᠳᠬᠡᠪᠡ᠃ | ᠯᠢ ᠭᠠᠨ ᠵᠢᠶᠧ᠂ ᠾᠧ ᠯᠢ ᠹᠧᠩ᠂ ᠦ᠋ ᠵᠧᠩ ᠯᠦᠩ᠂ ᠮᠦ ᠬᠤᠩ᠂ ᠵᠢᠶᠠᠩ ᠰᠢᠨ ᡁᠢ ᠶᠠᠷᠢᠯᠴᠠᠬᠤ | ᠬᠤᠷᠠᠯ ᠳᠤ ᠣᠷᠣᠯᠴᠠᠵᠤ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ | ᠬᠤᠯᠪᠣᠭᠳᠠᠯ ᠪᠦᠬᠦᠢ ᠭᠠᠵᠠᠷ ᠣᠷᠣᠨ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ | ᠶᠠᠷᠢᠯᠴᠠᠬᠤ ᠬᠤᠷᠠᠯ ᠳᠤ ᠣᠷᠣᠯᠴᠠᠪᠠ᠃ |