ᠰᠢᠨᠬᠤᠸᠠ ᠬᠤᠷᠢᠶ᠎ᠠ ᠶᠢᠨ ᠱᠠᠩᠬᠠᠢ \ ᠵᠢᠶᠠᠩᠰᠤ ᠶᠢᠨ ᠶᠠᠨᠴᠧᠩ ᠤᠨ 12 ᠰᠠᠷ᠎ᠠ ᠶᠢᠨ 3 ᠤ ᠴᠠᠭᠢᠯᠭᠠᠨ | ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠶᠢᠨ ᠡᠳᠦᠷ ᠱᠠᠩᠬᠠᠢ ᠳᠤ ᠰᠢᠨᠵᠢᠯᠡᠨ | ᠪᠠᠶᠢᠴᠠᠭᠠᠬᠤ ᠳᠠᠭᠠᠨ᠂ ᠱᠠᠩᠬᠠᠢ ᠶᠢᠨ ᠬᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ | ᠤᠨᠤᠪᠴᠢᠳᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢᠨ ᠲᠣᠭᠤᠷᠢᠨ ᠳᠤ᠂ ᠤᠯᠠᠨ ᠤᠯᠤᠰ ᠤᠨ ᠠᠵᠤ ᠠᠬᠤᠢ ᠶᠢᠨ ᠲᠥᠪ᠂ | ᠮᠥᠩᠭᠦᠨ ᠭᠦᠢᠯᠭᠡᠭᠡᠨ ᠤ ᠲᠥᠪ᠂ ᠠᠷᠠᠯᠵᠢᠶᠠᠨ ᠤ ᠲᠥᠪ᠂ ᠠᠭᠠᠷ ᠤᠨ ᠲᠡᠭᠡᠭᠡᠪᠦᠷᠢ ᠶᠢᠨ ᠲᠥᠪ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠦᠲᠦᠭᠡᠨ ᠪᠠᠶᠢᠭᠤᠯᠬᠤ ᠴᠢᠬᠤᠯᠠ ᠡᠭᠦᠷᠭᠡ ᠳᠤ | ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ | ᠵᠢᠯᠣᠭᠤᠳᠤᠮᠵᠢ ᠪᠤᠯᠭᠠᠵᠤ᠂ ᠥᠭᠡᠷᠡᠴᠢᠯᠡᠯᠲᠡ ᠨᠡᠭᠡᠭᠡᠯᠲᠡ ᠪᠠᠷ ᠬᠥᠳᠡᠯᠭᠡᠬᠦ ᠬᠦᠴᠦᠨ ᠪᠤᠯᠭᠠᠵᠤ᠂ ᠤᠯᠤᠰ ᠤᠨ | ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠠᠷ ᠤᠳᠤᠷᠢᠳᠤᠮᠵᠢ ᠪᠤᠯᠭᠠᠵᠤ᠂ ᠬᠤᠳᠠ ᠶᠢᠨ ᠵᠠᠰᠠᠯᠲᠠ ᠶᠢᠨ | ᠣᠳᠣᠬᠢᠴᠢᠯᠠᠯᠲᠠ ᠪᠠᠷ ᠪᠠᠲᠤᠯᠠᠭ᠎ᠠ ᠪᠤᠯᠭᠠᠵᠤ᠂ ᠵᠣᠷᠢᠭᠲᠠᠢ ᠪᠠᠷ ᠵᠠᠮ ᠨᠡᠭᠡᠭᠡᠨ ᠢᠳᠡᠪᠬᠢᠲᠡᠢ ᠪᠠᠷ ᠵᠢᠳᠬᠦᠯ ᠴᠢᠷᠮᠠᠶᠢᠯᠭ᠎ᠠ | ᠭᠠᠷᠭᠠᠵᠤ᠂ ᠳᠡᠯᠡᠬᠡᠢ ᠶᠢᠨ ᠨᠥᠯᠥᠭᠡᠯᠡᠬᠦ ᠬᠦᠴᠦᠨ ᠪᠦᠬᠦᠢ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠠᠨ ᠤᠯᠤᠰ ᠤᠨ | ᠲᠣᠮᠣ ᠬᠤᠳᠠ ᠶᠢ ᠲᠦᠷᠭᠡᠳᠬᠡᠨ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠳᠤᠮᠳᠠ ᠳᠠᠭᠠᠭᠤᠯᠤᠨ ᠳᠠᠶᠢᠴᠢᠯᠠᠬᠤ ᠪᠠ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠭᠦᠢᠴᠡᠳ | ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | 11 ᠰᠠᠷ᠎ᠠ ᠶᠢᠨ 28 ᠠᠴᠠ 12 ᠰᠠᠷ᠎ᠠ ᠶᠢᠨ 2 ᠤᠨ ᠡᠳᠦᠷ ᠪᠤᠯᠲᠠᠯ᠎ᠠ᠂ ᠰᠢ ᠶᠢᠨ ᠫᠢᠩ ᠨᠠᠮ ᠤᠨ ᠲᠥᠪ | ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠭᠡᠰᠢᠭᠦᠨ᠂ ᠱᠠᠩᠬᠠᠢ ᠬᠤᠲᠠ ᠶᠢᠨ ᠨᠠᠮ ᠤᠨ ᠬᠤᠷᠢᠶ᠎ᠠ ᠶᠢᠨ | ᠱᠦᠵᠢ ᠴᠧᠨ ᠵᠢᠢ ᠨᠢᠩ ᠪᠣᠯᠣᠨ ᠬᠤᠲᠠ ᠶᠢᠨ ᠳᠠᠷᠤᠭ᠎ᠠ ᠭᠦᠩ ᠵᠧᠩ ᠤᠨ ᠪᠠᠷ᠎ᠠ ᠪᠤᠯᠣᠯᠭ᠎ᠠ ᠲᠠᠢ ᠪᠠᠷ ᠤᠷᠢᠳ | ᠬᠤᠵᠢᠳ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠬᠦᠷᠢᠶᠡᠯᠡᠩ ᠲᠣᠭᠤᠷᠢᠭ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠥᠷᠥᠯ | ᠵᠦᠢᠯ ᠵᠡᠷᠭᠡ ᠶᠢ ᠪᠠᠶᠢᠴᠠᠭᠠᠨ ᠰᠤᠳᠤᠯᠪᠠ᠃ | 28 ᠤ ᠦᠳᠡ ᠶᠢᠨ ᠬᠤᠶᠢᠨ᠎ᠠ᠂ ᠰᠢ ᠶᠢᠨ ᠫᠢᠩ ᠭᠠᠯᠲᠤ ᠲᠡᠷᠭᠡᠨ ᠠᠴᠠ ᠪᠠᠭᠤᠮᠠᠭᠴᠠ ᠱᠠᠩᠬᠠᠢ ᠶᠢᠨ | ᠬᠤᠭᠤᠴᠠᠭᠠᠲᠤ ᠪᠠᠷᠠᠭᠠᠨ ᠤ ᠠᠷᠠᠯᠵᠢᠶᠠᠨ ᠤ ᠭᠠᠵᠠᠷ ᠲᠤ ᠬᠦᠷᠴᠦ ᠰᠢᠨᠵᠢᠯᠡᠨ ᠪᠠᠶᠢᠴᠠᠭᠠᠪᠠ᠃ | ᠲᠡᠷᠡ ᠡᠯᠧᠺᠳ᠋ᠷᠣᠨ ᠳᠡᠯᠭᠡᠴᠡ ᠪᠠ ᠵᠠᠬ᠎ᠠ ᠳᠡᠯᠭᠡᠭᠦᠷ ᠲᠤ ᠭᠠᠷᠭᠠᠭᠰᠠᠨ ᠴᠢᠬᠤᠯᠠ ᠲᠥᠷᠥᠯ ᠵᠦᠢᠯ ᠤᠨ | ᠰᠢᠯᠵᠢᠭᠦᠯᠦᠨ ᠲᠤᠰᠢᠶᠠᠬᠤ ᠡᠳ᠋ ᠤᠨ ᠦᠵᠡᠭᠦᠯᠭᠡ ᠲᠠᠢ ᠤᠶᠠᠯᠳᠤᠭᠤᠯᠤᠨ᠂ ᠠᠷᠠᠯᠵᠢᠶᠠᠨ ᠤ ᠭᠠᠵᠠᠷ ᠤᠨ ᠪᠦᠭᠦ | ᠪᠥᠮᠪᠥᠷᠴᠡᠭ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠴᠢᠳᠠᠪᠤᠷᠢ ᠶᠢ ᠴᠢᠩᠭᠠᠳᠬᠠᠭᠰᠠᠨ᠂ ᠪᠣᠳᠠᠲᠤ | ᠴᠣᠭᠴᠠ ᠶᠢᠨ ᠠᠵᠤ ᠠᠬᠤᠢ ᠪᠠ ᠤᠯᠤᠰ ᠤᠨ ᠪᠠᠶᠢᠯᠳᠤᠬᠤ ᠪᠣᠳᠣᠯᠭ᠎ᠠ ᠳᠤ ᠦᠢᠯᠡᠴᠢᠯᠡᠭᠰᠡᠨ ᠵᠡᠷᠭᠡ ᠪᠠᠶᠢᠳᠠᠯ ᠤᠨ | ᠲᠠᠨᠢᠯᠴᠠᠭᠤᠯᠭ᠎ᠠ ᠶᠢ ᠰᠣᠨᠣᠰᠴᠤ᠂ ᠠᠷᠠᠯᠵᠢᠶᠠᠨ ᠤ ᠭᠠᠵᠠᠷ ᠤᠨ ᠡᠳᠦᠷ ᠲᠤᠲᠤᠮ ᠤᠨ ᠪᠡᠯᠡ ᠮᠥᠩᠭᠦ ᠶᠢᠨ | ᠬᠠᠮᠢᠶᠠᠷᠤᠯᠲᠠ ᠪᠠ ᠰᠢᠯᠵᠢᠭᠦᠯᠦᠨ ᠲᠤᠰᠢᠶᠠᠵᠤ ᠲᠡᠰᠦᠯᠦᠨ ᠪᠤᠳᠤᠬᠤ ᠵᠡᠷᠭᠡ ᠵᠦᠢᠯᠡᠰ ᠢ ᠣᠶᠢᠯᠠᠭᠠᠪᠠ᠃ ᠰᠢ ᠶᠢᠨ | ᠫᠢᠩ᠂ ᠱᠠᠩᠬᠠᠢ ᠶᠢᠨ ᠤᠯᠠᠨ ᠤᠯᠤᠰ ᠤᠨ ᠮᠥᠩᠭᠦᠨ ᠭᠦᠢᠯᠭᠡᠭᠡᠨ ᠤ ᠲᠥᠪ ᠢ ᠪᠦᠲᠦᠭᠡᠨ ᠪᠠᠶᠢᠭᠤᠯᠬᠤ ᠬᠠᠷᠠᠯᠲᠠ | ᠵᠥᠪ ᠣᠨᠣᠪᠴᠢᠲᠠᠢ᠂ ᠠᠯᠬᠤᠭ᠎ᠠ ᠯᠠᠪᠳᠠᠭᠤᠨ᠂ ᠠᠯᠤᠰ ᠢᠷᠡᠭᠡᠳᠦᠢ ᠭᠡᠭᠡᠨ ᠰᠠᠷᠠᠭᠤᠯ ᠪᠠᠶᠢᠨ᠎ᠠ᠂ ᠱᠠᠩᠬᠠᠢ ᠶᠢᠨ | ᠬᠤᠭᠤᠴᠠᠭᠠᠲᠤ ᠪᠠᠷᠠᠭᠠᠨ ᠤ ᠠᠷᠠᠯᠵᠢᠶᠠᠨ ᠤ ᠭᠠᠵᠠᠷ ᠤᠨ ᠬᠢᠨ ᠳᠡᠯᠡᠬᠡᠢ ᠶᠢᠨ ᠲᠡᠷᠢᠭᠦᠨ ᠵᠡᠷᠭᠡ ᠶᠢᠨ ᠠᠷᠠᠯᠵᠢᠶᠠᠨ ᠤ | ᠭᠠᠵᠠᠷ ᠢ ᠲᠦᠷᠭᠡᠳᠬᠡᠨ ᠪᠦᠲᠦᠭᠡᠨ ᠪᠠᠶᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠬᠤᠭᠤᠴᠠᠭᠠᠲᠤ | ᠪᠠᠷᠠᠭᠠᠨ ᠤ ᠬᠢᠨᠠᠯᠲᠠ ᠬᠠᠮᠢᠶᠠᠷᠤᠯᠲᠠ ᠶᠢᠨ ᠳᠦᠷᠢᠮ ᠪᠣᠯᠣᠨ ᠲᠤᠬᠠᠶᠢᠯᠠᠭᠰᠠᠨ ᠠᠵᠢᠯ ᠤᠨ ᠵᠠᠭᠪᠤᠷ ᠢ ᠬᠠᠶᠢᠨ | ᠰᠦᠪᠡᠭᠴᠢᠯᠡᠵᠦ᠂ ᠤᠯᠠᠨ ᠤᠯᠤᠰ ᠤᠨ ᠮᠥᠩᠭᠦᠨ ᠭᠦᠢᠯᠭᠡᠭᠡᠨ ᠤ ᠲᠥᠪ ᠢ ᠪᠦᠲᠦᠭᠡᠨ ᠪᠠᠶᠢᠭᠤᠯᠬᠤ ᠳᠤ ᠨᠡᠩ ᠶᠡᠭᠡ | ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ ᠳᠠᠷᠠᠭ᠎ᠠ ᠨᠢ ᠮᠠᠰᠢᠨ ᠲᠡᠷᠭᠡᠨ ᠳᠤ ᠰᠠᠭᠤᠵᠤ ᠫᠦᠳᠦᠩ ᠰᠢᠨ᠎ᠡ ᠲᠣᠭᠤᠷᠢᠭ ᠤᠨ ᠵᠠᠩ ᠵᠢᠶᠠᠩ | ᠰᠢᠨᠵᠢᠯᠡᠬᠦ ᠤᠬᠠᠭᠠᠨ ᠤ ᠬᠤᠳᠠ ᠳᠤ ᠬᠦᠷᠴᠦ᠂ ᠱᠠᠩᠬᠠᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠦᠵᠡᠭᠦᠯᠭᠡ ᠶᠢ ᠲᠣᠭᠤᠷᠢᠨ ᠦᠵᠡᠪᠡ᠃ ᠲᠡᠷᠡ ᠸᠢᠳᠢᠤ᠋ ᠣᠬᠤᠷ | ᠹᠢᠯᠢᠮ ᠲᠠᠢ ᠤᠶᠠᠯᠳᠤᠭᠤᠯᠤᠨ ᠱᠠᠩᠬᠠᠢ ᠬᠤᠳᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠪᠦᠬᠦᠯᠢ ᠴᠣᠭᠴᠠ ᠶᠢᠨ ᠪᠠᠶᠢᠳᠠᠯ ᠢ ᠣᠶᠢᠯᠠᠭᠠᠵᠤ᠂ ᠦᠵᠡᠭᠦᠯᠭᠡ ᠶᠢᠨ ᠲᠢᠩᠬᠢᠮ ᠳᠤ ᠬᠦᠷᠴᠦ ᠰᠠᠭᠤᠷᠢ | ᠰᠤᠳᠤᠯᠭᠠᠨ᠂ ᠵᠣᠬᠢᠶᠠᠮᠠᠯ ᠤᠶᠤᠨ ᠴᠢᠳᠠᠪᠤᠷᠢ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠬᠦᠷᠢᠶᠡᠨ ᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠦᠵᠡᠭᠦᠯᠭᠡ ᠶᠢ ᠨᠠᠷᠢᠨ ᠪᠠᠶᠢᠴᠠᠭᠠᠨ | ᠦᠵᠡᠬᠦ ᠶᠢᠨ ᠬᠠᠮᠲᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠤᠨ ᠲᠥᠯᠥᠭᠡᠯᠡᠭᠴᠢᠳ ᠲᠠᠢ | ᠳᠣᠲᠣᠨᠣ ᠪᠠᠷ ᠶᠠᠷᠢᠯᠴᠠᠪᠠ᠃ ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠤᠷᠭᠠᠨ ᠬᠥᠮᠦᠵᠢᠯ᠂ ᠴᠢᠳᠠᠪᠤᠷᠢᠲᠠᠨ ᠤ ᠪᠠᠶᠢᠯᠳᠤᠬᠤ | ᠪᠣᠳᠣᠯᠭ᠎ᠠ ᠶᠢᠨ ᠲᠤᠯᠭᠠᠭᠤᠷᠢᠯᠠᠯ ᠠᠴᠠ ᠰᠠᠯᠵᠤ ᠴᠢᠳᠠᠬᠤ ᠦᠭᠡᠢ ᠶᠤᠮ᠂ ᠱᠠᠩᠬᠠᠢ ᠶᠢᠨ ᠬᠢᠨ ᠡᠨᠡ ᠲᠠᠯ᠎ᠠ ᠪᠠᠷ ᠰᠠᠶᠢᠨ | ᠳᠠᠭᠠᠭᠤᠯᠤᠭᠴᠢ ᠪᠣᠯᠵᠤ᠂ ᠪᠦᠭᠦ ᠪᠥᠮᠪᠥᠷᠴᠡᠭ ᠲᠤ ᠨᠥᠯᠥᠭᠡᠯᠡᠬᠦ ᠬᠦᠴᠦᠨ ᠪᠦᠬᠦᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠤᠯᠬᠤ ᠲᠡᠶᠢᠰᠢ ᠲᠦᠷᠭᠡᠨ ᠤᠷᠤᠭᠰᠢᠯᠠᠬᠤ ᠬᠡᠷᠡᠭᠲᠡᠢ᠃ ᠬᠡᠬᠦᠳᠡᠭ | ᠴᠡᠭᠡᠵᠢᠨ ᠳᠡᠭᠡᠨ ᠡᠭᠦᠷᠭᠡᠲᠦ ᠪᠤᠳᠤᠯ ᠡᠪᠦᠷᠯᠡᠭᠰᠡᠨ ᠦᠯᠡᠮᠵᠢ ᠤᠯᠠᠨ ᠬᠤᠰᠢᠭᠤᠴᠢ ᠴᠢᠳᠠᠪᠤᠷᠢᠲᠠᠨ ᠢ ᠬᠦᠴᠦᠯᠡᠨ | ᠬᠥᠮᠥᠵᠢᠭᠦᠯᠵᠦ᠂ ᠲᠡᠳᠡᠨ ᠤ ᠤᠶᠤᠨ ᠤᠬᠠᠭᠠᠨ ᠠᠪᠢᠶᠠᠰ ᠴᠢᠳᠠᠪᠤᠷᠢ ᠪᠠᠨ ᠪᠠᠳᠠᠷᠠᠭᠤᠯᠬᠤ ᠳᠤ ᠰᠠᠶᠢᠨ ᠰᠠᠶᠢᠬᠠᠨ | ᠨᠥᠬᠦᠴᠡᠯ ᠪᠦᠷᠢᠯᠳᠦᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠣᠶᠢᠷ᠎ᠠ ᠶᠢᠨ ᠵᠢᠯ ᠳᠤ᠂ ᠱᠠᠩᠬᠠᠢ ᠬᠤᠲᠠ ᠶᠢᠨ ᠬᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ | ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠᠨ ᠲᠦᠷᠭᠡᠳᠬᠡᠵᠦ᠂ ᠮᠠᠰᠢ ᠤᠯᠠᠨ ᠱᠠᠩᠬᠠᠢ ᠶᠢᠨ ᠰᠢᠨ᠎ᠡ ᠬᠤᠲᠠ ᠶᠢᠨ | ᠠᠷᠠᠳ᠂ ᠵᠠᠯᠠᠭᠤᠴᠤᠳ ᠪᠣᠯᠣᠨ ᠨᠢᠭᠡᠳᠦᠭᠡᠷ ᠹᠷᠣᠨᠲ ᠲᠤ ᠬᠦᠴᠦ ᠶᠠᠪᠤᠭᠴᠢ ᠳᠤ ᠣᠷᠣᠨ ᠰᠠᠭᠤᠴᠠ ᠶᠢᠨ ᠪᠠᠲᠤᠯᠠᠭ᠎ᠠ | ᠬᠠᠩᠭᠠᠵᠠᠢ᠃ 29 ᠤ ᠦᠳᠡ ᠶᠢᠨ ᠬᠤᠶᠢᠨ᠎ᠠ᠂ ᠰᠢ ᠶᠢᠨ ᠫᠢᠩ ᠮᠢᠨ ᠬᠠᠩ ᠲᠣᠭᠤᠷᠢᠭ ᠤᠨ ᠰᠢᠨ᠎ᠡ ᠴᠠᠭ | ᠦᠶ᠎ᠡ ᠶᠢᠨ ᠬᠤᠲᠠ ᠶᠢᠨ ᠪᠦᠲᠦᠭᠡᠨ ᠪᠠᠶᠢᠭᠤᠯᠤᠭᠴᠢ ᠬᠠᠮᠢᠶᠠᠷᠤᠭᠴᠢ ᠶᠢᠨ ᠭᠡᠷ ᠣᠷᠣᠨ ᠳᠤ ᠬᠦᠷᠴᠦ ᠰᠢᠨᠵᠢᠯᠡᠨ | ᠪᠠᠶᠢᠴᠠᠭᠠᠪᠠ᠃ ᠲᠤᠬᠠᠢ ᠶᠢᠨ ᠭᠠᠵᠠᠷ ᠤᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ | ᠪᠡᠯᠡᠳᠬᠡᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠤ᠂ ︽ᠨᠢᠭᠡ ᠣᠷᠣ᠂ ᠨᠢᠭᠡ ᠲᠠᠰᠤᠯᠭ᠎ᠠ ᠭᠡᠷ᠂ ᠨᠢᠭᠡ ᠢᠵᠢ | ᠭᠡᠷ︾ ᠵᠡᠷᠭᠡ ᠣᠯᠠᠨ ᠲᠠᠰ ᠳᠠᠪᠬᠤᠷᠭ᠎ᠠ ᠶᠢᠨ ᠲᠦᠷᠢᠶᠡᠰᠦᠨ ᠣᠷᠣᠨ ᠰᠠᠭᠤᠴᠠ ᠶᠢᠨ ᠬᠠᠩᠭᠠᠯᠭ᠎ᠠ ᠶᠢᠨ ᠰᠢᠰᠲ᠋ᠧᠮ ᠢ | ᠪᠠᠶᠢᠭᠤᠯᠤᠭᠰᠠᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠤᠭᠠᠳ ᠰᠢ ᠶᠢᠨ ᠫᠢᠩ ᠭᠦᠢᠴᠡᠳ ᠨᠤᠲᠠᠯᠠᠪᠠ᠃ ᠲᠡᠷᠡ | ᠤᠷᠢᠳ ᠬᠤᠵᠢᠳ ᠨᠡᠶᠢᠭᠡᠮ ᠲᠣᠭᠤᠷᠢᠭ ᠤᠨ ᠣᠷᠣᠨ ᠰᠠᠭᠤᠴᠠ ᠶᠢᠨ ᠭᠡᠯᠪᠡᠷᠢ ᠶᠢᠨ᠂ ᠪᠠᠶᠢᠷᠢ ᠶᠢᠨ ᠭᠡᠯᠪᠡᠷᠢ ᠶᠢᠨ | ᠲᠦᠷᠢᠶᠡᠰᠦᠨ ᠭᠡᠷ ᠤᠨ ᠢᠷᠡᠯᠲᠡ ᠶᠢᠨ ᠲᠦᠷᠢᠶᠡᠰᠦᠨ ᠡᠷᠦᠭᠡ ᠶᠢᠨ ᠣᠷᠣᠨ ᠰᠠᠭᠤᠴᠠ ᠪᠣᠯᠣᠨ ᠤᠯᠠᠨ ᠨᠡᠶᠢᠲᠡ ᠶᠢᠨ | ᠲᠣᠭᠤᠭᠠᠨ ᠭᠡᠷ᠂ ᠤᠯᠠᠨ ᠨᠡᠶᠢᠲᠡ ᠶᠢᠨ ᠬᠤᠪᠴᠠᠰᠤ ᠤᠬᠢᠶᠠᠬᠤ ᠭᠡᠷ ᠵᠡᠷᠭᠡ ᠬᠠᠮᠲᠤ ᠪᠠᠷ ᠡᠳ᠋ᠯᠡᠬᠦ ᠣᠷᠣᠨ ᠵᠠᠢ ᠳᠤ | ᠬᠦᠷᠴᠦ᠂ ᠠᠳᠡ ᠰᠠᠭᠤᠵᠤ ᠪᠠᠶᠢᠭ᠎ᠠ ᠬᠤᠳᠠ ᠶᠢᠨ ᠨᠢᠭᠡᠳᠦᠭᠡᠷ ᠹᠷᠣᠨᠲ ᠤᠨ ᠠᠵᠢᠯᠲᠠᠨ ᠤ ᠠᠮᠢᠳᠤᠷᠠᠯ ᠤᠨ ᠪᠠᠶᠢᠳᠠᠯ ᠢ | ᠨᠠᠷᠢᠨ ᠣᠶᠢᠯᠠᠭᠠᠪᠠ᠃ ᠶᠡᠷᠦᠩᠬᠡᠢ ᠱᠦᠵᠢ ᠶᠢᠨ ᠴᠢᠩ ᠰᠡᠳᠬᠢᠯ ᠤᠨ ᠬᠠᠯᠠᠮᠵᠢᠯᠠᠯ ᠨᠢ ᠲᠤᠬᠠᠢ ᠶᠢᠨ ᠲᠠᠯᠠᠪᠠᠢ ᠳᠤ | ᠪᠠᠶᠢᠭᠰᠠᠨ ᠬᠥᠮᠥᠰ ᠤᠨ ᠰᠡᠳᠬᠢᠯ ᠢ ᠳᠣᠭᠳᠣᠯᠤᠭᠤᠯᠪᠠ᠃ ᠠᠶᠠᠷᠯᠠᠬᠤ ᠦᠶ᠎ᠡ ᠳᠤ᠂ ᠨᠡᠶᠢᠭᠡᠮ ᠲᠣᠭᠤᠷᠢᠭ ᠤᠨ | ᠰᠠᠭᠤᠭᠠᠯᠢ ᠠᠷᠠᠳ ᠬᠤᠶᠢᠨ᠎ᠠ ᠬᠤᠶᠢᠨ᠎ᠠ ᠠᠴᠠ ᠪᠠᠨ ᠬᠦᠷᠢᠶᠡᠯᠡᠨ ᠢᠷᠡᠵᠦ ᠶᠡᠷᠦᠩᠬᠡᠢ ᠱᠦᠵᠢ ᠶᠢ ᠦᠳᠡᠨ | ᠮᠣᠷᠳᠠᠭᠤᠯᠵᠠᠢ᠃ | ᠰᠢ ᠶᠢᠨ ᠫᠢᠩ᠂ ᠳᠥᠷᠪᠡᠨ ᠵᠦᠭ ᠨᠠᠢᠮᠠᠨ ᠵᠣᠪᠬᠢᠰ ᠠᠴᠠ ᠢᠷᠡᠭᠰᠡᠨ ᠪᠦᠲᠦᠭᠡᠨ ᠪᠠᠶᠢᠭᠤᠯᠤᠭᠴᠢᠳ ᠠᠳᠡ | ᠠᠮᠤᠷ ᠵᠢᠮᠤᠷ ᠠᠵᠤ ᠲᠥᠷᠥᠵᠦ ᠪᠠᠶᠢᠬᠤ ᠶᠢ ᠬᠠᠷᠠᠭᠠᠳ ᠮᠠᠰᠢ ᠪᠠᠶᠠᠷᠯᠠᠵᠤ ᠪᠠᠶᠢᠨ᠎ᠠ᠃ ᠬᠤᠳᠠ ᠨᠢ ᠥᠨᠳᠥᠷᠴᠡ ᠲᠠᠢ | ᠪᠠᠶᠢᠬᠤ ᠪᠥᠭᠡᠳ ᠨᠡᠩ ᠴᠤ ᠳᠤᠯᠠᠭᠠᠴᠠ ᠲᠠᠢ ᠪᠠᠶᠢᠬᠤ ᠬᠡᠷᠡᠭᠲᠡᠢ᠃ ᠮᠠᠨ ᠤ ᠨᠡᠶᠢᠭᠡᠮ ᠵᠢᠷᠤᠮ ᠪᠣᠯ ᠬᠠᠮᠲᠤ ᠪᠠᠷ | ᠪᠠᠶᠠᠵᠢᠬᠤ ᠵᠡᠮ ᠢᠶᠠᠷ ᠵᠠᠮᠨᠠᠨ᠎ᠠ᠃ ᠭᠠᠳᠠᠨ᠎ᠠ ᠠᠴᠠ ᠢᠷᠡᠵᠦ ᠬᠦᠴᠦ ᠶᠠᠪᠤᠭᠰᠠᠳ ᠱᠠᠩᠬᠠᠢ ᠳᠤ ᠢᠷᠡᠵᠦ ᠬᠤᠪᠢ ᠨᠡᠮᠡᠷᠢ | ᠦᠵᠡᠭᠦᠯᠵᠦ ᠪᠠᠶᠢᠭ᠎ᠠ ᠨᠢ ᠮᠥᠨ ᠴᠦ ᠠᠳᠠᠯᠢᠬᠠᠨ ᠢᠶᠠᠷ ᠬᠤᠲᠠ ᠶᠢᠨ ᠡᠵᠡᠨ ᠮᠥᠨ᠃ ᠠᠷᠠᠳ ᠤᠨ ᠬᠤᠳᠠ ᠶᠢᠨ | ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠠᠷᠠᠳ ᠤᠯᠠᠨ ᠤ ᠣᠷᠣᠨ ᠰᠠᠭᠤᠴᠠ ᠶᠢᠨ ᠲᠠᠯ᠎ᠠ ᠪᠠᠷ ᠬᠢ ᠤᠯᠠᠨ | ᠶᠠᠩᠵᠤᠴᠢᠯᠠᠭᠰᠠᠨ᠂ ᠤᠯᠠᠨ ᠡᠰᠢᠴᠢᠯᠡᠭᠰᠡᠨ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠵᠤ᠂ ᠭᠠᠳᠠᠨ᠎ᠠ ᠠᠴᠠ | ᠢᠷᠡᠭᠰᠡᠨ ᠬᠥᠮᠥᠨ ᠠᠮᠠ ᠶᠢᠨ ᠣᠷᠣᠵᠤ ᠢᠷᠡᠬᠦ᠂ ᠦᠯᠡᠳᠡᠵᠦ ᠳᠡᠶᠢᠯᠭᠦ᠂ ᠠᠮᠤᠷ ᠲᠠᠶᠢᠪᠤᠩ ᠰᠠᠭᠤᠷᠢᠰᠢᠬᠤ᠂ ᠦᠢᠯᠡᠰ | ᠪᠣᠰᠬᠠᠵᠤ ᠳᠡᠶᠢᠯᠭᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠬᠡᠯᠡᠪᠡ᠃ | 12 ᠰᠠᠷ᠎ᠠ ᠶᠢᠨ 1 ᠤ ᠦᠳᠡ ᠶᠢᠨ ᠡᠮᠦᠨ᠎ᠡ᠂ ᠰᠢ ᠶᠢᠨ ᠫᠢᠩ ᠱᠠᠩᠬᠠᠢ ᠬᠤᠳᠠ ᠶᠢᠨ ᠨᠠᠮ ᠤᠨ ᠬᠤᠷᠢᠶ᠎ᠠ | ᠪᠣᠯᠣᠨ ᠬᠤᠳᠠ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠱᠠᠩᠬᠠᠢ ᠶᠢᠨ | ᠡᠯ᠎ᠡ ᠵᠦᠢᠯ ᠤᠨ ᠠᠵᠢᠯ ᠤᠨ ᠣᠯᠣᠭᠰᠠᠨ ᠠᠮᠵᠢᠯᠲᠠ ᠶᠢ ᠨᠤᠲᠠᠯᠠᠪᠠ᠃ | ᠰᠢ ᠶᠢᠨ ᠫᠢᠩ᠂ ︽ᠲᠠᠪᠤᠨ ᠲᠥᠪ︾ ᠢ ᠲᠦᠷᠭᠡᠳᠬᠡᠨ ᠪᠦᠲᠦᠭᠡᠨ ᠪᠠᠶᠢᠭᠤᠯᠬᠤ ᠪᠣᠯ ᠨᠠᠮ ᠤᠨ ᠲᠥᠪ | ᠬᠤᠷᠢᠶ᠎ᠠ ᠠᠴᠠ ᠱᠠᠩᠬᠠᠢ ᠳᠤ ᠳᠠᠭᠠᠭᠠᠯᠭᠠᠭᠰᠠᠨ ᠴᠢᠬᠤᠯᠠ ᠡᠭᠦᠷᠭᠡ ᠪᠣᠯᠣᠨ᠎ᠠ᠃ ᠱᠠᠩᠬᠠᠢ ᠶᠢᠨ ᠬᠢᠨ ᠡᠭᠦᠨ ᠢᠶᠠᠷ | ᠭᠤᠣᠯ ᠰᠢᠪᠲᠤᠯᠤᠯᠲᠠ ᠶᠢᠨ ᠴᠢᠭᠯᠡᠯ ᠪᠤᠯᠭᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠲᠠᠯ᠎ᠠ ᠶᠢᠨ | ᠠᠵᠢᠯ ᠢ ᠨᠢᠭᠡᠳᠦᠯᠲᠡᠢ ᠲᠥᠯᠥᠪᠵᠢᠭᠦᠯᠦᠨ ᠲᠠᠶᠢᠴᠢᠯᠠᠵᠤ᠂ ᠪᠦᠬᠦᠯᠢ ᠴᠣᠭᠴᠠ ᠪᠠᠷ ᠲᠥᠯᠥᠪᠵᠢᠭᠦᠯᠬᠦ᠂ ᠬᠠᠮᠵᠢᠯᠴᠠᠨ | ᠠᠬᠢᠭᠤᠯᠬᠤ᠂ ᠭᠤᠣᠯᠳᠠᠯᠭ᠎ᠠ ᠲᠠᠢ ᠰᠢᠪᠲᠤᠯᠤᠯᠲᠠ ᠬᠢᠬᠦ ᠶᠢ ᠪᠠᠷᠢᠮᠲᠠᠯᠠᠵᠤ᠂ ᠴᠡᠭ ᠢᠶᠠᠷ ᠨᠡᠶᠢᠳᠡᠮ ᠢ ᠲᠠᠶᠢᠴᠢᠯᠠᠵᠤ᠂ | ᠬᠤᠳᠠ ᠶᠢᠨ ᠴᠢᠳᠠᠪᠬᠢ ᠶᠢᠨ ᠲᠡᠰ ᠪᠣᠯᠣᠨ ᠭᠤᠣᠯᠯᠠᠭᠴᠢ ᠥᠷᠢᠰᠦᠯᠳᠦᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠭᠦ | ᠬᠡᠷᠡᠭᠲᠡᠢ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠵᠢᠯᠣᠭᠤᠳᠤᠮᠵᠢ ᠪᠤᠯᠭᠠᠵᠤ᠂ | ᠵᠠᠩᠭᠢᠯᠠᠭ᠎ᠠ ᠶᠢᠨ ᠭᠤᠣᠯᠯᠠᠭᠴᠢ ᠮᠡᠷᠭᠡᠵᠢᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠤᠯᠠᠮᠵᠢᠯᠠᠯᠲᠤ ᠠᠵᠤ | ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠵᠤ᠂ ᠳᠡᠯᠡᠬᠡᠢ ᠶᠢᠨ ᠲᠡᠰ ᠤᠨ ᠳᠡᠭᠡᠳᠦ | ᠲᠡᠰ ᠤᠨ ᠠᠵᠤ ᠦᠢᠯᠡᠰ ᠤᠨ ᠪᠦᠯᠦᠭᠵᠢᠯ ᠢ ᠲᠦᠷᠭᠡᠳᠬᠡᠨ ᠪᠤᠶᠢᠵᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮ ᠢ ᠲᠦᠷᠭᠡᠳᠬᠡᠨ ᠪᠠᠶᠢᠭᠤᠯᠵᠤ᠂ ᠤᠯᠠᠨ ᠤᠯᠤᠰ ᠤᠨ ᠠᠵᠤ ᠠᠬᠤᠢ ᠶᠢᠨ ᠲᠥᠪ ᠤᠨ ᠪᠠᠶᠢᠷᠢ ᠰᠠᠭᠤᠷᠢ | ᠪᠣᠯᠣᠨ ᠪᠦᠭᠦ ᠪᠥᠮᠪᠥᠷᠴᠡᠭ ᠤᠨ ᠠᠵᠤ ᠠᠬᠤᠢ ᠶᠢᠨ ᠵᠠᠰᠠᠯᠲᠠ ᠶᠢᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ | ᠳᠡᠭᠡᠭᠰᠢᠯᠡᠭᠦᠯᠭᠦ ᠬᠡᠷᠡᠭᠲᠡᠢ᠃ ᠤᠳᠤ ᠦᠶ᠎ᠡ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠣᠨ ᠮᠥᠩᠭᠦᠨ | ᠭᠦᠢᠯᠭᠡᠭᠡᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠥᠨᠳᠥᠷ ᠲᠦᠪᠰᠢᠨ | ᠪᠦᠬᠦᠢ ᠮᠥᠩᠭᠦᠨ ᠭᠦᠢᠯᠭᠡᠭᠡᠨ ᠤ ᠭᠠᠳᠠᠭᠠᠳᠤ ᠨᠡᠭᠡᠭᠡᠯᠲᠡ ᠶᠢ ᠬᠡᠷᠡᠭᠵᠢᠭᠦᠯᠵᠦ᠂ ᠪᠣᠳᠠᠲᠤ ᠴᠣᠭᠴᠠ ᠶᠢᠨ ᠠᠵᠤ ᠠᠬᠤᠢ᠂ | ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠪᠦᠲᠦᠭᠡᠨ ᠪᠠᠶᠢᠭᠤᠯᠬᠤ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠢ᠃ ᠴᠢᠯᠦᠭᠡᠲᠦ ᠠᠷᠠᠯᠵᠢᠶᠠᠨ ᠤ | ᠲᠤᠷᠰᠢᠯᠲᠠ ᠶᠢᠨ ᠣᠷᠣᠨ ᠢ ᠳᠡᠭᠡᠭᠰᠢᠯᠡᠭᠦᠯᠭᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠤᠯᠠᠨ | ᠤᠯᠤᠰ ᠤᠨ ᠠᠷᠠᠯᠵᠢᠶᠠᠨ ᠤ ᠲᠥᠪ ᠤᠨ ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠬᠦ ᠶᠢ ᠠᠬᠢᠭᠤᠯᠬᠤ | ᠬᠡᠷᠡᠭᠲᠡᠢ᠃ ᠳᠡᠭᠡᠳᠦ ᠲᠡᠰ ᠤᠨ ᠤᠰᠤᠨ ᠵᠠᠮ ᠤᠨ ᠲᠡᠭᠡᠭᠡᠪᠦᠷᠢ ᠶᠢᠨ ᠦᠢᠯᠡᠴᠢᠯᠡᠭᠡ ᠵᠡᠷᠭᠡ ᠲᠠᠯ᠎ᠠ ᠶᠢᠨ ᠳᠤᠲᠠᠭᠤᠳᠠᠯ ᠢ | ᠲᠦᠷᠭᠡᠳᠬᠡᠨ ᠨᠥᠬᠦᠪᠦᠷᠢᠯᠡᠵᠦ᠂ ᠤᠰᠤᠨ ᠵᠠᠮ ᠤᠨ ᠲᠡᠭᠡᠭᠡᠪᠦᠷᠢ ᠶᠢᠨ ᠡᠬᠢ ᠪᠠᠶᠠᠯᠢᠭ ᠤᠨ ᠪᠦᠭᠦ ᠪᠥᠮᠪᠥᠷᠴᠡᠭ ᠤᠨ | ᠲᠣᠬᠢᠷᠠᠭᠤᠯᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠥᠨᠳᠥᠷ ᠲᠦᠪᠰᠢᠨ ᠪᠦᠬᠦᠢ ᠴᠢᠳᠠᠪᠤᠷᠢᠲᠠᠨ ᠤ | ᠥᠨᠳᠦᠷᠯᠢᠭ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠰᠢᠨ᠎ᠡ ᠶᠢ ᠡᠭᠦᠳᠬᠦ ᠰᠠᠶᠢᠨ ᠰᠠᠶᠢᠬᠠᠨ ᠠᠮᠢ | ᠠᠬᠤᠢ ᠶᠢ ᠪᠤᠢ ᠪᠤᠯᠭᠠᠬᠤ ᠬᠡᠷᠡᠭᠲᠡᠢ᠃ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠪᠦᠰᠡ ᠯᠦᠭᠡ ᠶᠢᠨ | ᠬᠠᠮᠲᠤᠷᠠᠯᠴᠠᠭ᠎ᠠ ᠶᠢ ᠴᠢᠩᠭᠠᠳᠬᠠᠵᠤ᠂ ᠨᠥᠯᠥᠭᠡᠯᠡᠨ ᠳᠠᠶᠢᠴᠢᠯᠠᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠮᠠᠨ ᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠶᠢᠨ ᠡᠮᠦᠨ᠎ᠡ ᠹᠷᠣᠨᠲ ᠤᠨ ᠵᠢᠭᠰᠠᠭᠠᠯ ᠤᠨ | ᠭᠠᠵᠠᠷ ᠪᠠ ᠪᠦᠭᠦ ᠪᠥᠮᠪᠥᠷᠴᠡᠭ ᠢ ᠭᠦᠨᠵᠡᠭᠡᠢ ᠬᠤᠯᠪᠣᠭᠰᠠᠨ ᠳᠡᠯᠡᠬᠡᠢ ᠶᠢᠨ ᠶᠡᠭᠡ ᠬᠤᠳᠠ ᠪᠣᠯᠤᠭᠰᠠᠨ ᠤ ᠬᠤᠪᠢ ᠳᠤ᠂ | ᠱᠠᠩᠬᠠᠢ ᠨᠡᠩ ᠥᠨᠳᠥᠷ ᠭᠠᠷᠤᠭ᠎ᠠ ᠠᠴᠠ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ | ᠬᠥᠭᠵᠢᠯᠲᠡ ᠶᠢᠨ ᠬᠥᠳᠡᠯᠭᠡᠬᠦ ᠬᠦᠴᠦᠨ ᠪᠠ ᠥᠷᠢᠰᠦᠯᠳᠦᠬᠦ ᠬᠦᠴᠦᠨ ᠢᠶᠠᠨ ᠴᠢᠩᠭᠠᠳᠬᠠᠬᠤ ᠬᠡᠷᠡᠭᠲᠡᠢ᠃ ᠤᠤᠭᠠᠯ | ᠡᠭᠦᠳᠦᠯᠲᠡ ᠶᠢᠨ ᠴᠢᠨᠠᠷᠲᠠᠢ ᠥᠭᠡᠷᠡᠴᠢᠯᠡᠯᠲᠡ᠂ ᠬᠥᠲᠥᠯᠥᠨ ᠳᠠᠭᠠᠭᠤᠯᠬᠤ ᠴᠢᠨᠠᠷᠲᠠᠢ ᠨᠡᠭᠡᠭᠡᠯᠲᠡ ᠶᠢ ᠪᠦᠭᠦ ᠲᠠᠯ᠎ᠠ ᠪᠠᠷ | ᠡᠷᠴᠢᠮᠲᠡᠢ ᠠᠬᠢᠭᠤᠯᠵᠤ᠂ ᠥᠭᠡᠷᠡᠴᠢᠯᠡᠯᠲᠡ ᠶᠢᠨ ᠰᠢᠰᠲ᠋ᠧᠮ ᠤᠨ ᠬᠤᠷᠠᠮᠠᠯ ᠢ ᠴᠢᠩᠭᠠᠳᠬᠠᠵᠤ᠂ ᠫᠦᠳᠦ᠋ᠩ ᠰᠢᠨ᠎ᠡ | ᠲᠣᠭᠤᠷᠢᠭ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ | ᠭᠠᠷᠠᠮ ᠳᠠᠭᠠᠤ ᠶᠢᠨ ᠰᠢᠨ᠎ᠡ ᠬᠡᠰᠡᠭ ᠲᠣᠭᠤᠷᠢᠭ ᠲᠤ ᠡᠩ ᠲᠡᠷᠢᠭᠦᠨ ᠳᠤ ᠳᠠᠷᠤᠯᠲᠠ ᠶᠢᠨ ᠰᠣᠷᠢᠯᠲᠠ ᠶᠢ ᠥᠷᠨᠢᠭᠦᠯᠵᠦ | ᠂ ᠳᠦᠷᠢᠮ᠂ ᠬᠡᠪ ᠪᠠᠷᠢᠮᠵᠢᠶ᠎ᠠ᠂ ᠬᠠᠮᠢᠶᠠᠷᠤᠯᠲᠠ᠂ ᠪᠠᠷᠢᠮᠵᠢᠶ᠎ᠠ ᠵᠡᠷᠭᠡ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ | ᠯᠠᠪᠳᠠᠭᠤᠨ ᠢᠶᠠᠷ ᠥᠷᠭᠡᠳᠬᠡᠵᠦ᠂ ᠬᠢᠯᠢ ᠠᠯᠤᠰᠯᠠᠭᠰᠠᠨ ᠦᠢᠯᠡᠴᠢᠯᠡᠭᠡᠨ ᠤ ᠠᠷᠠᠯᠵᠢᠶ᠎ᠠ ᠪᠠ ᠪᠡᠯᠡ | ᠣᠷᠣᠭᠤᠯᠤᠯᠲᠠ ᠶᠢᠨ ᠥᠨᠳᠥᠷ ᠲᠦᠪᠰᠢᠨ ᠪᠦᠬᠦᠢ ᠨᠡᠭᠡᠭᠡᠯᠲᠡ ᠶᠢ ᠭᠦᠨᠵᠡᠭᠡᠢ ᠠᠬᠢᠭᠤᠯᠵᠤ᠂ ᠦᠢᠯᠡᠳᠬᠦ ᠦᠢᠯᠡᠰ ᠤᠨ | ᠨᠡᠭᠡᠭᠡᠯᠲᠡ ᠶᠢᠨ ᠲᠦᠪᠰᠢᠨ ᠢ ᠳᠡᠭᠡᠭᠰᠢᠯᠡᠭᠦᠯᠵᠦ᠂ ᠬᠤᠩᠴᠢᠶᠤᠤ ᠶᠢᠨ ᠤᠯᠠᠨ ᠤᠯᠤᠰ ᠤᠨ ᠨᠡᠭᠡᠭᠡᠯᠲᠡ ᠶᠢᠨ | ᠵᠠᠩᠭᠢᠯᠠᠭ᠎ᠠ ᠶᠢᠨ ᠡᠨᠧᠷᠭᠢ ᠶᠢᠨ ᠲᠡᠰ ᠢ ᠤᠯᠠᠮ ᠳᠡᠭᠡᠭᠰᠢᠯᠡᠭᠦᠯᠵᠦ᠂ ᠭᠠᠳᠠᠭᠠᠳᠤ ᠤᠷᠤᠭᠤᠯᠤᠯᠳᠠ ᠶᠢᠨ | ᠦᠵᠡᠰᠭᠦᠯᠡᠩ ᠤᠨ ᠴᠤᠭᠯᠠᠭᠠᠨ ᠵᠡᠷᠭᠡ ᠬᠤᠣᠰ ᠴᠢᠭᠯᠡᠯ ᠤᠨ ᠨᠡᠭᠡᠭᠡᠯᠲᠡ ᠶᠢᠨ ᠲᠣᠮᠣ ᠲᠠᠪᠴᠠᠩ ᠢ ᠦᠷᠭᠦᠯᠵᠢᠯᠡᠨ | ᠰᠠᠶᠢᠲᠤᠷ ᠡᠷᠭᠢᠯᠡᠵᠦ᠂ ᠤᠯᠠᠨ ᠤᠯᠤᠰ ᠤᠨ ᠥᠷᠢᠰᠦᠯᠳᠦᠬᠦ ᠬᠦᠴᠦᠨ ᠪᠦᠬᠦᠢ ᠲᠦᠷᠦ ᠶᠢᠨ ᠪᠣᠳᠣᠯᠭ᠎ᠠ ᠪᠠ | ᠳᠦᠷᠢᠮ ᠤᠨ ᠰᠢᠰᠲ᠋ᠧᠮ ᠢ ᠲᠦᠷᠭᠡᠳᠬᠡᠨ ᠪᠤᠢ ᠪᠤᠯᠭᠠᠬᠤ ᠬᠡᠷᠡᠭᠲᠡᠢ᠃ ︽ᠬᠤᠶᠠᠷ ᠭᠤᠶᠢᠪᠢᠰᠢ ᠦᠭᠡᠢ ᠪᠠᠶᠢᠬᠤ︾ ᠶᠢ | ᠪᠠᠷᠢᠮᠲᠠᠯᠠᠵᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠡᠷᠬᠡ ᠲᠡᠭᠰᠢ ᠪᠠᠷ | ᠵᠠᠬ᠎ᠠ ᠳᠡᠯᠭᠡᠭᠦᠷ ᠤᠨ ᠥᠷᠢᠰᠦᠯᠳᠦᠭᠡᠨ ᠳᠤ ᠣᠷᠤᠯᠴᠠᠬᠤ ᠶᠢ ᠪᠠᠲᠤᠯᠠᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ᠳᠡᠯᠡᠬᠡᠢ ᠶᠢᠨ ᠲᠡᠷᠢᠭᠦᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠪᠤᠢ ᠪᠤᠯᠭᠠᠵᠤ᠂ ᠡᠯ᠎ᠡ | ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠤᠯᠤᠰ ᠤᠨ | ᠳᠣᠲᠣᠭᠠᠳᠤ ᠭᠠᠳᠠᠭᠠᠳᠤ ᠶᠢᠨ ᠳᠡᠭᠡᠳᠦ ᠲᠡᠰ ᠤᠨ ᠡᠬᠢ ᠪᠠᠶᠠᠯᠢᠭ ᠤᠨ ᠲᠠᠲᠠᠬᠤ ᠬᠦᠴᠦᠨ ᠢ ᠨᠡᠮᠡᠭᠳᠡᠭᠦᠯᠬᠦ ᠬᠡᠷᠡᠭᠲᠡᠢ | ᠭᠡᠵᠦ ᠴᠢᠬᠤᠯᠠᠴᠢᠯᠠᠪᠠ᠃ | ᠰᠢ ᠶᠢᠨ ᠫᠢᠩ᠂ ᠠᠷᠠᠳ ᠤᠨ ᠬᠤᠳᠠ ᠶᠢᠨ ᠣᠶᠢᠯᠠᠭᠠᠭᠳᠠᠬᠤᠨ ᠢ ᠪᠦᠭᠦ ᠲᠠᠯ᠎ᠠ ᠪᠠᠷ ᠦᠢᠯᠡᠳᠦᠯᠭᠡᠵᠢᠭᠦᠯᠵᠦ᠂ | ᠨᠠᠮ ᠤᠨ ᠤᠳᠤᠷᠢᠳᠤᠯᠭ᠎ᠠ ᠪᠣᠯᠣᠨ ᠨᠡᠶᠢᠭᠡᠮ ᠵᠢᠷᠤᠮᠲᠤ ᠪᠠᠶᠢᠭᠤᠯᠤᠯ ᠤᠨ ᠢᠯᠡᠳᠲᠡ ᠳᠠᠪᠠᠭᠤᠯᠢᠭ ᠢ ᠭᠦᠢᠴᠡᠳ | ᠪᠠᠳᠠᠷᠠᠭᠤᠯᠵᠤ᠂ ᠠᠷᠠᠳ ᠤᠯᠠᠨ ᠤ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ ᠢ ᠭᠦᠢᠴᠡᠳ | ᠲᠠᠶᠢᠴᠢᠯᠠᠵᠤ᠂ ᠬᠤᠳᠠ ᠶᠢᠨ ᠲᠥᠯᠦᠪᠵᠢᠭᠦᠯᠭᠡ ᠪᠣᠯᠣᠨ ᠬᠡᠷᠡᠭᠵᠢᠭᠦᠯᠦᠯᠲᠡ ᠶᠢᠨ ᠲᠠᠯ᠎ᠠ ᠪᠠᠷ ᠵᠢᠷᠤᠭ ᠲᠥᠰᠥᠪ ᠢ | ᠡᠴᠦᠰ ᠲᠤᠨᠢ ᠲᠤᠯᠲᠠᠯ᠎ᠠ ᠵᠢᠷᠤᠭᠯᠠᠬᠤ ᠶᠢ ᠪᠠᠷᠢᠮᠲᠠᠯᠠᠵᠤ᠂ ᠬᠤᠳᠠ ᠶᠢᠨ ᠲᠣᠭᠠᠴᠢᠯᠠᠯᠳᠠ ᠲᠡᠶᠢᠰᠢ ᠭᠡᠯᠪᠡᠷᠢ ᠪᠠᠨ | ᠬᠤᠪᠢᠷᠠᠭᠤᠯᠬᠤ ᠶᠢ ᠲᠦᠷᠭᠡᠳᠬᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ | ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠢᠳᠡᠪᠬᠢᠲᠡᠢ ᠠᠬᠢᠭᠤᠯᠵᠤ᠂ ᠤᠶᠠᠨ ᠬᠠᠳᠠᠨ ᠴᠢᠨᠠᠷᠲᠠᠢ ᠠᠮᠤᠷ | ᠲᠦᠪᠰᠢᠨ ᠬᠤᠳᠠ ᠶᠢᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠵᠤ᠂ ᠳᠤᠮᠳᠠᠳᠤ ᠤᠯᠤᠰ ᠤᠨ | ᠣᠨᠴᠠᠯᠢᠭ ᠲᠠᠢ ᠭᠡᠳᠦ ᠶᠡᠭᠡ ᠬᠤᠳᠠ ᠶᠢᠨ ᠵᠠᠰᠠᠯᠲᠠ ᠶᠢᠨ ᠣᠳᠣᠬᠢᠴᠢᠯᠠᠯᠲᠠ ᠶᠢᠨ ᠰᠢᠨ᠎ᠡ ᠵᠠᠮ ᠢᠶᠠᠷ ᠴᠢᠷᠮᠠᠶᠢᠨ | ᠵᠠᠮᠨᠠᠬᠤ ᠬᠡᠷᠡᠭᠲᠡᠢ᠃ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠶᠢ ᠬᠤᠳᠠ ᠶᠢᠨ ᠪᠦᠲᠦᠭᠡᠨ | ᠪᠠᠶᠢᠭᠤᠯᠤᠯᠲᠠ ᠪᠠ ᠵᠠᠰᠠᠯᠲᠠ ᠶᠢᠨ ᠵᠣᠷᠢᠯᠲᠠ ᠪᠠ ᠲᠤᠰᠤᠯᠲᠠ ᠪᠤᠯᠭᠠᠵᠤ᠂ ᠪᠦᠭᠦ ᠶᠠᠪᠤᠴᠠ ᠶᠢᠨ ᠠᠷᠠᠳ ᠤᠨ | ᠠᠷᠠᠳᠴᠢᠯᠠᠯ ᠢ ᠬᠤᠳᠠ ᠶᠢᠨ ᠵᠠᠰᠠᠯᠲᠠ ᠶᠢᠨ ᠣᠳᠣᠬᠢᠴᠢᠯᠠᠯᠲᠠ ᠳᠤ ᠠᠭᠤᠰᠤᠯᠴᠠᠭᠤᠯᠵᠤ᠂ ᠬᠥᠮᠥᠨ ᠪᠦᠭᠦᠨ | ᠣᠷᠤᠯᠴᠠᠬᠤ᠂ ᠬᠥᠮᠥᠨ ᠪᠦᠭᠦᠨ ᠬᠠᠷᠢᠭᠤᠴᠠᠬᠤ᠂ ᠬᠥᠮᠥᠨ ᠪᠦᠭᠦᠨ ᠬᠤᠪᠢ ᠨᠡᠮᠡᠷᠢ ᠦᠵᠡᠭᠦᠯᠭᠦ᠂ ᠬᠥᠮᠥᠨ ᠪᠦᠭᠦᠨ | ᠬᠠᠮᠲᠤ ᠪᠠᠷ ᠡᠳ᠋ᠯᠡᠬᠦ ᠬᠤᠳᠠ ᠶᠢᠨ ᠵᠠᠰᠠᠯᠲᠠ ᠶᠢᠨ ᠬᠠᠮᠲᠤ ᠶᠢᠨ ᠴᠣᠭᠴᠠ ᠶᠢ ᠪᠠᠶᠢᠭᠤᠯᠵᠤ᠂ ᠤᠯᠠᠨ ᠲᠦᠮᠡᠨ ᠳᠤ | ᠦᠢᠯᠡᠴᠢᠯᠡᠬᠦ ︽ᠡᠴᠦᠰ ᠤᠨ ᠨᠢᠭᠡ ᠺᠢᠯᠣᠮᠧᠳ᠋ᠷ︾ ᠢ ᠨᠠᠪᠲᠠᠷᠡᠭᠦᠯᠵᠦ᠂ ᠤᠯᠠᠨ ᠲᠦᠮᠡᠨ ᠤ ᠲᠤᠰ ᠪᠡᠶ᠎ᠡ ᠶᠢᠨ ᠠᠰᠢᠭ | ᠲᠤᠰᠠ ᠳᠤ ᠬᠤᠯᠪᠣᠭᠳᠠᠭᠰᠠᠨ ᠠᠰᠠᠭᠤᠳᠠᠯ ᠢ ᠨᠠᠷᠢᠨ ᠬᠢᠨᠠᠮᠠᠭᠠᠢ ᠰᠢᠢᠳᠪᠦᠷᠢᠯᠡᠵᠦ᠂ ᠰᠢᠨ᠎ᠡ ᠴᠠᠭ ᠦᠶ᠎ᠡ ᠶᠢᠨ ︽ | ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ | ᠰᠢᠰᠲ᠋ᠧᠮ ᠢ ᠲᠡᠭᠦᠯᠳᠡᠷᠵᠢᠭᠦᠯᠵᠦ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠤ ᠰᠠᠭᠤᠷᠢ ᠶᠢ ᠪᠠᠲᠤ | ᠴᠣᠭᠴᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠰᠣᠶᠣᠯ ᠤᠨ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠰᠣᠶᠣᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠰᠣᠶᠣᠯ ᠤᠨ ᠰᠢᠨ᠎ᠡ ᠶᠢ ᠡᠭᠦᠳᠬᠦ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ | ᠬᠥᠭᠵᠢᠭᠡᠵᠦ᠂ ᠰᠣᠶᠣᠯ ᠤᠨ ᠵᠥᠭᠡᠯᠡᠨ ᠪᠣᠳᠠᠲᠤ ᠬᠦᠴᠦᠨ ᠢ ᠶᠡᠭᠡ ᠪᠠᠷ ᠳᠡᠭᠡᠭᠰᠢᠯᠡᠭᠦᠯᠭᠦ ᠬᠡᠷᠡᠭᠲᠡᠢ᠃ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠨᠢᠭᠡᠳᠦᠨ | ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠨᠡᠶᠢᠭᠡᠮ ᠵᠢᠷᠤᠮ ᠤᠨ ᠭᠤᠣᠯᠯᠠᠭᠴᠢ | ᠦᠷᠳᠡᠭ ᠤᠨ ᠦᠵᠡᠯᠲᠡ ᠶᠢ ᠥᠷᠭᠡᠨ ᠢᠶᠠᠷ ᠦᠢᠯᠡᠳᠦᠯᠭᠡᠵᠢᠭᠦᠯᠵᠦ᠂ ᠦᠵᠡᠯ ᠤᠬᠠᠮᠰᠠᠷ ᠤᠨ ᠭᠡᠯᠪᠡᠷᠢ ᠶᠢᠨ | ᠬᠦᠷᠢᠶᠡᠨ ᠳᠠᠬᠢ ᠮᠠᠷᠺᠰ ᠤᠨ ᠦᠵᠡᠯ ᠤᠨ ᠵᠢᠯᠤᠭᠤᠳᠬᠤ ᠪᠠᠶᠢᠷᠢ ᠰᠠᠭᠤᠷᠢ ᠶᠢ ᠪᠠᠬᠢᠵᠢᠭᠦᠯᠵᠦ᠂ ᠡᠯ᠎ᠡ ᠵᠦᠢᠯ ᠤᠨ | ᠰᠣᠶᠣᠯ ᠤᠨ ᠰᠤᠯᠪᠢᠴᠠᠨ ᠠᠭᠤᠰᠤᠯᠴᠠᠬᠤ ᠳᠤᠮᠳᠠ ᠭᠤᠣᠯ ᠦᠷᠳᠡᠭ᠂ ᠭᠤᠣᠯ ᠶᠠᠷᠢᠶ᠎ᠠ ᠬᠡᠯᠡᠯᠴᠡᠭᠡ᠂ ᠭᠤᠣᠯ | ᠰᠣᠶᠣᠯ ᠢ ᠴᠢᠨᠠᠭᠰᠢᠳᠠ ᠪᠤᠵᠠᠭᠠᠶᠢᠷᠠᠭᠤᠯᠬᠤ ᠬᠡᠷᠡᠭᠲᠡᠢ᠃ ᠬᠤᠳᠠ ᠶᠢᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠶᠢ | ᠴᠢᠬᠤᠯᠠᠴᠢᠯᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠪᠠ ᠰᠣᠶᠣᠯ ᠤᠨ ᠥᠪ ᠤᠨ ᠬᠠᠮᠠᠭᠠᠯᠠᠯᠲᠠ ᠶᠢ | ᠴᠢᠩᠭᠠᠳᠬᠠᠵᠤ᠂ ᠬᠤᠪᠢᠰᠬᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠰᠣᠶᠣᠯ ᠢᠶᠠᠷ ᠠᠷᠠᠳ ᠲᠤ ᠠᠰᠢᠭ | ᠬᠦᠷᠲᠡᠭᠡᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠤᠯᠠᠨ ᠲᠦᠮᠡᠨᠴᠢ ᠴᠢᠨᠠᠷᠲᠠᠢ ᠤᠶᠤᠨ ᠤ ᠪᠣᠯᠪᠠᠰᠤᠨ ᠤ | ᠡᠭᠦᠳᠦᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠪᠢᠴᠢᠭ ᠤᠨ | ᠰᠤᠷᠪᠤᠯᠵᠢᠲᠤ ᠨᠡᠶᠢᠭᠡᠮ ᠤᠨ ᠪᠠᠶᠢᠭᠤᠯᠤᠯᠲᠠ ᠶᠢ ᠠᠬᠢᠭᠤᠯᠵᠤ᠂ ᠬᠤᠳᠠ ᠶᠢᠨ ᠠᠷᠠᠳ ᠤᠨ ᠪᠣᠯᠪᠠᠰᠤᠨ ᠤ ᠬᠡᠪ ᠴᠢᠨᠠᠷ | ᠪᠠ ᠬᠤᠳᠠ ᠶᠢᠨ ᠪᠣᠯᠪᠠᠰᠤᠨ ᠤ ᠬᠡᠮᠵᠢᠶ᠎ᠡ ᠶᠢ ᠪᠦᠭᠦ ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠪᠣᠯ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠮᠥᠨ ᠴᠢᠨᠠᠷ ᠤᠨ ᠱᠠᠭᠠᠷᠳᠠᠯᠭ᠎ᠠ ᠮᠥᠨ᠂ ᠪᠠᠰᠠ ᠴᠤ ᠦᠨᠳᠦᠰᠦᠨ ᠪᠠᠲᠤᠯᠠᠭ᠎ᠠ ᠮᠥᠨ᠃ | ᠱᠠᠩᠬᠠᠢ ᠪᠣᠯ ᠮᠠᠨ ᠤ ᠨᠠᠮ ᠤᠨ ᠮᠡᠨᠳᠦᠯᠡᠭᠰᠡᠨ ᠭᠠᠵᠠᠷ ᠮᠥᠨ᠂ ᠠᠩᠬᠠᠳᠤᠭᠠᠷ ᠶᠡᠭᠡ ᠬᠤᠷᠠᠯ ᠬᠤᠷᠠᠯᠳᠤᠭᠰᠠᠨ ᠭᠠᠵᠠᠷ | ᠵᠡᠷᠭᠡ ᠬᠤᠪᠢᠰᠬᠠᠯᠲᠤ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠨᠠᠮ ᠪᠠᠶᠢᠭᠤᠯᠤᠭᠰᠠᠨ ᠠᠭᠤᠤ ᠶᠡᠭᠡ ᠵᠣᠷᠢᠭ | ᠰᠠᠨᠠᠭ᠎ᠠ ᠶᠢ ᠪᠠᠳᠠᠷᠠᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ︽ᠭᠤᠷᠪᠠᠨ ᠡᠷᠬᠡᠪᠰᠢ︾ ᠶᠢ ᠪᠠᠲᠤ | ᠴᠡᠭᠡᠵᠢᠯᠡᠬᠦ ᠶᠢ ᠬᠥᠮᠥᠵᠢᠭᠦᠯᠦᠨ ᠵᠢᠯᠤᠭᠤᠳᠴᠤ᠂ ᠰᠢᠨ᠎ᠡ ᠠᠶᠠᠨ ᠳᠤ ᠵᠠᠮ ᠨᠡᠭᠡᠭᠡᠨ ᠰᠢᠨ᠎ᠡ ᠶᠢ ᠡᠭᠦᠳᠴᠦ᠂ ᠵᠣᠷᠢᠭ | ᠬᠥᠪᠴᠢᠯᠡᠨ ᠤᠷᠤᠭᠰᠢᠯᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ | ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠰᠠᠶᠢᠨ | ᠺᠠᠳ᠋ᠷ ᠤᠨ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠣᠯᠠᠨ ᠤᠯᠤᠰ ᠤᠨ ᠲᠣᠮᠣ | ᠬᠤᠲᠠ ᠲᠠᠢ ᠵᠣᠬᠢᠴᠠᠯᠳᠤᠭᠰᠠᠨ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠺᠠᠳ᠋ᠷ ᠤᠨ ᠡᠩᠨᠡᠭᠡ ᠶᠢ | ᠪᠠᠶᠢᠭᠤᠯᠬᠤ ᠬᠡᠷᠡᠭᠲᠡᠢ᠃ ᠭᠡᠲᠦ ᠶᠡᠭᠡ ᠬᠤᠲᠠ ᠶᠢᠨ ᠣᠨᠴᠠᠯᠢᠭ ᠢ ᠡᠵᠡᠮᠳᠡᠵᠦ᠂ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ ᠶᠢᠨ ᠠᠵᠢᠯ ᠤᠨ ᠰᠡᠳᠬᠢᠴᠡ ᠪᠠ ᠵᠠᠭᠪᠤᠷ ᠤᠨ ᠰᠢᠨ᠎ᠡ ᠶᠢ ᠡᠭᠦᠳᠴᠦ᠂ ᠨᠠᠮ ᠤᠨ ᠦᠨᠳᠦᠰᠦᠨ | ᠱᠠᠲᠤᠨ ᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃ ᠢᠯᠵᠠᠷᠠᠯ ᠢ ᠡᠷᠡᠰ | ᠡᠰᠡᠷᠭᠦᠴᠡᠨ ᠵᠠᠯᠬᠠᠭᠠᠨ ᠰᠢᠢᠳᠬᠡᠵᠦ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ | ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠰᠤᠷᠲᠠᠯ ᠴᠢᠬᠡᠴᠢ ᠣᠪᠣᠷ | ᠲᠥᠪ ᠤᠯᠤᠰ ᠲᠦᠷᠦ ᠶᠢᠨ ᠠᠮᠢ ᠠᠬᠤᠢ ᠶᠢ ᠪᠠᠲᠤᠯᠠᠬᠤ ᠬᠡᠷᠡᠭᠲᠡᠢ᠃ ᠬᠤᠶᠠᠳᠤᠭᠠᠷ ᠪᠦᠯᠦᠭ ᠤᠨ ᠭᠤᠣᠯ ᠰᠡᠳᠦᠪᠲᠦ | ᠬᠥᠮᠦᠵᠢᠯ ᠰᠡᠭᠦᠯ ᠬᠤᠷᠢᠶᠠᠬᠤ ᠣᠶᠢᠷᠠᠲᠤᠯ᠎ᠠ᠂ ᠪᠠᠷᠢᠮᠵᠢᠶ᠎ᠠ ᠶᠢ ᠪᠠᠭᠤᠷᠠᠭᠤᠯᠬᠤ ᠦᠭᠡᠢ᠂ ᠡᠷᠴᠢ ᠵᠣᠷᠢᠭ ᠢᠶᠠᠨ | ᠰᠤᠯᠠᠷᠠᠭᠤᠯᠬᠤ ᠦᠭᠡᠢ ᠪᠠᠶᠢᠬᠤ ᠶᠢ ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ ᠢ ᠡᠯ᠎ᠡ ᠲᠠᠯ᠎ᠠ ᠶᠢᠨ ᠠᠵᠢᠯ ᠲᠠᠢ | ᠤᠶᠠᠯᠳᠤᠭᠤᠯᠵᠤ᠂ ᠬᠤᠶᠠᠷ ᠲᠠᠯ᠎ᠠ ᠪᠠᠷ ᠠᠳᠬᠤᠵᠤ᠂ ᠬᠤᠶᠠᠷ ᠢ ᠰᠠᠭᠠᠲᠠᠭᠠᠬᠤ ᠦᠭᠡᠢ᠂ ᠬᠤᠶᠠᠷ ᠢ ᠠᠬᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | 12 ᠰᠠᠷ᠎ᠠ ᠶᠢᠨ 3 ᠤ ᠦᠳᠡ ᠶᠢᠨ ᠡᠮᠦᠨ᠎ᠡ᠂ ᠪᠡᠭᠡᠵᠢᠩ ᠳᠤ ᠪᠤᠴᠠᠬᠤ ᠵᠠᠮ ᠵᠠᠭᠤᠷ᠎ᠠ ᠪᠠᠨ᠂ ᠰᠢ ᠶᠢᠨ ᠫᠢᠩ | ᠵᠢᠶᠠᠩᠰᠤ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠰᠢᠨ ᠴᠠᠩ ᠰᠢᠩ ᠪᠣᠯᠣᠨ ᠮᠤᠵᠢ ᠶᠢᠨ ᠳᠠᠷᠤᠭ᠎ᠠ ᠰᠢᠦᠢ | ᠺᠦᠨ ᠯᠢᠨ ᠤ ᠪᠠᠷ᠎ᠠ ᠪᠤᠯᠤᠯᠭ᠎ᠠ ᠲᠠᠢ ᠪᠠᠷ᠂ ᠶᠠᠨᠴᠧᠩ ᠬᠤᠳᠠ ᠳᠤ ᠬᠦᠷᠴᠦ ᠰᠢᠨ᠎ᠡ ᠳᠥᠷᠪᠡᠳᠦᠭᠡᠷ ᠠᠷᠮᠢ ᠶᠢᠨ | ᠳᠤᠷᠠᠰᠬᠠᠯ ᠤᠨ ᠣᠷᠳᠣᠨ ᠢᠶᠠᠷ ᠲᠣᠭᠤᠷᠢᠨ ᠦᠵᠡᠪᠡ᠃ ᠦᠵᠡᠭᠦᠯᠭᠡ ᠶᠢᠨ ᠲᠢᠩᠬᠢᠮ ᠳᠤ ᠠᠯᠢ ᠤᠯᠠᠨ ᠭᠡᠷᠡᠯ ᠵᠢᠷᠤᠭ᠂ | ᠲᠡᠦᠬᠡ ᠶᠢᠨ ᠮᠠᠲ᠋ᠧᠷᠢᠶᠠᠯ᠂ ᠲᠡᠦᠬᠡ ᠶᠢᠨ ᠳᠤᠷᠠᠰᠬᠠᠯᠲᠤ ᠵᠦᠢᠯᠡᠰ᠂ ᠳᠠᠭᠤᠷᠢᠶᠠᠮᠠᠯ ᠪᠣᠳᠠᠲᠤ ᠦᠵᠡᠭᠳᠡᠯ ᠨᠢ ᠰᠢᠨ᠎ᠡ | ᠳᠥᠷᠪᠡᠳᠦᠭᠡᠷ ᠠᠷᠮᠢ ᠶᠢ ᠳᠠᠭᠢᠨ ᠠᠮᠢᠯᠠᠭᠤᠯᠵᠤ᠂ ᠴᠢᠰᠤ ᠪᠠᠨ ᠤᠷᠤᠰᠬᠠᠨ ᠲᠡᠮᠡᠴᠡᠭᠰᠡᠨ ᠭᠡᠷᠡᠯ ᠰᠠᠴᠤᠷᠠᠩᠭᠤᠢ | ᠲᠡᠦᠬᠡ ᠶᠢ ᠨᠢ ᠪᠦᠷᠢᠨ ᠭᠦᠢᠴᠡᠳ ᠢᠯᠡᠷᠡᠭᠦᠯᠪᠡ᠃ ᠰᠢ ᠶᠢᠨ ᠫᠢᠩ ᠪᠠᠶᠢᠨ ᠪᠠᠶᠢᠨ ᠵᠣᠭᠰᠣᠨ ᠪᠠᠶᠢᠴᠠᠭᠠᠨ ᠦᠵᠡᠵᠦ᠂ | ᠤᠯᠠᠨ ᠲᠠᠢ ᠰᠠᠨᠠᠯ ᠢᠶᠠᠨ ᠰᠣᠯᠢᠯᠴᠠᠪᠠ᠃ ᠲᠡᠷᠡ᠂ ᠠᠷᠠᠳ ᠤᠨ ᠰᠡᠳᠬᠢᠯ ᠤᠨ ᠬᠠᠨᠳᠤᠰᠢ ᠲᠡᠦᠬᠡ ᠶᠢᠨ | ᠰᠣᠩᠭᠤᠯᠲᠠ ᠶᠢ ᠲᠣᠭᠲᠠᠭᠠᠵᠤ ᠪᠠᠶᠢᠳᠠᠭ᠂ ᠲᠦᠷᠦ ᠭᠦᠷᠦᠨ ᠪᠣᠯ ᠠᠷᠠᠳ ᠲᠦᠮᠡᠨ ᠮᠥᠨ᠂ ᠠᠷᠠᠳ ᠲᠦᠮᠡᠨ ᠪᠣᠯ | ᠲᠦᠷᠦ ᠭᠦᠷᠦᠨ ᠮᠥᠨ ᠭᠡᠳᠡᠭ ᠢ ᠰᠢᠨ᠎ᠡ ᠳᠥᠷᠪᠡᠳᠦᠭᠡᠷ ᠠᠷᠮᠢ ᠶᠢᠨ ᠲᠡᠦᠬᠡ ᠭᠦᠢᠴᠡᠳ ᠲᠣᠳᠣᠷᠬᠠᠶᠢᠯᠠᠵᠠᠢ᠃ ᠡᠨᠡ | ᠪᠣᠯ ᠬᠤᠪᠢᠰᠬᠠᠯᠲᠤ ᠤᠯᠠᠮᠵᠢᠯᠠᠯ ᠤᠨ ᠬᠥᠮᠦᠵᠢᠯ ᠢ ᠥᠷᠨᠢᠭᠦᠯᠬᠦ᠂ ᠤᠯᠤᠰ ᠢᠶᠠᠨ ᠬᠠᠶᠢᠷᠠᠯᠠᠬᠤ ᠦᠵᠡᠯ ᠤᠨ | ᠬᠥᠮᠦᠵᠢᠯ ᠢ ᠥᠷᠨᠢᠭᠦᠯᠬᠦ ᠠᠮᠢᠳᠤᠯᠢᠭ ᠵᠢᠭᠠᠬᠤ ᠮᠠᠲ᠋ᠧᠷᠢᠶᠠᠯ ᠮᠥᠨ᠂ ᠡᠨᠡ ᠬᠦ ᠵᠢᠭᠠᠬᠤ ᠮᠠᠲ᠋ᠧᠷᠢᠶᠠᠯ ᠢ ᠰᠠᠶᠢᠲᠤᠷ | ᠬᠡᠷᠡᠭᠯᠡᠵᠦ᠂ ᠨᠠᠮ ᠤᠨ ᠭᠡᠰᠢᠭᠦᠨ ᠺᠠᠳ᠋ᠷ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠬᠦᠴᠢᠷ ᠪᠡᠷᠬᠡᠰᠢᠶᠡᠯ ᠠᠴᠠ | ᠠᠶᠤᠬᠤ ᠦᠭᠡᠢ᠂ ᠠᠶᠤᠯ ᠲᠦᠭᠰᠢᠭᠦᠷᠢ ᠠᠴᠠ ᠠᠶᠤᠬᠤ ᠦᠭᠡᠢ᠂ ᠵᠣᠷᠢᠭᠲᠠᠢ ᠪᠠᠷ ᠲᠡᠮᠡᠴᠡᠯ ᠬᠢᠵᠦ ᠵᠣᠷᠢᠭᠲᠠᠢ ᠪᠠᠷ | ᠢᠯᠠᠯᠲᠠ ᠣᠯᠬᠤ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠠᠷᠠᠳ ᠲᠦᠮᠡᠨ ᠳᠤ ᠨᠢᠭᠲᠠ ᠲᠦᠰᠢᠭᠯᠡᠨ᠂ | ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠳᠠ ᠶᠢᠨ ᠠᠭᠤᠤ | ᠦᠢᠯᠡᠰ ᠢ ᠲᠠᠰᠤᠷᠠᠯᠳᠠ ᠦᠭᠡᠢ ᠤᠷᠤᠭᠰᠢᠯᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ | ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | ᠯᠢ ᠭᠠᠨ ᠵᠢᠶᠧ᠂ ᠾᠧ ᠯᠢ ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠳᠡᠭᠡᠷ᠎ᠡ ᠳᠤᠷᠠᠳᠤᠭᠰᠠᠨ ᠬᠤᠯᠪᠣᠭᠳᠠᠯ | ᠪᠦᠬᠦᠢ ᠠᠵᠢᠯᠯᠠᠭ᠎ᠠ ᠳᠤ ᠲᠤᠰ ᠲᠤᠰ ᠣᠷᠣᠯᠴᠠᠵᠤ᠂ ᠭᠤᠣᠯ ᠰᠡᠳᠦᠪᠲᠦ ᠬᠥᠮᠦᠵᠢᠯ ᠤᠨ ᠲᠥᠪ ᠤᠨ ᠲᠠᠪᠤᠳᠤᠭᠠᠷ | ᠲᠣᠭᠤᠷᠢᠨ ᠵᠢᠯᠤᠭᠤᠳᠬᠤ ᠳᠤᠭᠤᠶᠢᠯᠠᠩ ᠤᠨ ᠬᠠᠷᠢᠭᠤᠴᠠᠯᠭᠠᠲᠠᠨ ᠬᠠᠷᠢᠭᠤ ᠮᠡᠳᠡᠭᠦᠯᠦᠯᠲᠡ ᠶᠢᠨ ᠬᠤᠷᠠᠯ ᠳᠤ | ᠣᠷᠣᠯᠴᠠᠵᠠᠢ᠃ |