ᠬᠠᠨᠳᠠᠭᠠᠢ ᠤᠯᠠ
ᠨᠡᠶᠢᠲᠡᠯᠡᠭᠰᠡᠨ ᠴᠠᠭ᠄
2023/2/1
     ᠤᠯᠠᠨ ᠨᠠᠰᠤᠲᠤ ᠡᠪᠡᠰᠦᠯᠢᠭ ᠤᠷᠭᠤᠮᠠᠯ ᠪᠤᠶᠤ ᠲᠤᠮᠤ ᠬᠡᠯᠪᠡᠷᠢ ᠶᠢᠨ ᠲᠤᠮᠳᠠᠰᠠᠭ ᠬᠤᠯᠢᠮᠠᠭ ᠤᠷᠭᠤᠮᠠᠯ᠃ ᠪᠡᠯᠴᠢᠭᠡᠷ ᠤᠨ ᠪᠦᠰᠡ᠂ ᠠᠭᠤᠯᠠᠷᠬᠠᠭ ᠭᠠᠵᠠᠷ ᠤᠨ ᠤᠶᠢᠲᠦ ᠪᠡᠯᠴᠢᠭᠡᠷ ᠤᠨ ᠪᠦᠰᠡᠨ ᠤ ᠤᠢ ᠶᠢᠨ ᠬᠦᠪᠡᠭᠡ᠂ ᠪᠤᠲᠠ ᠰᠦᠬᠡᠭ᠂ ᠠᠭᠤᠯᠠᠷᠬᠠᠭ ᠭᠠᠵᠠᠷ ᠤᠨ ᠪᠡᠯᠴᠢᠭᠡᠷ ᠢᠶᠠᠷ ᠦᠷᠬᠦᠯᠵᠢ ᠬᠠᠷᠠᠭᠳᠠᠳᠠᠭ ᠲᠠᠭᠠᠯᠳᠤᠬᠤ ᠲᠦᠷᠰᠦ ᠪᠤᠯᠤᠨ᠎ᠠ᠃ ᠮᠠᠨ ᠤ ᠤᠷᠤᠨ ᠤ ᠬᠢᠩᠭᠠᠨ ᠤ ᠬᠤᠶᠢᠲᠦ ᠬᠡᠰᠡᠭ᠂ ᠬᠢᠩᠭᠠᠨ ᠤ ᠡᠮᠦᠨᠡᠲᠦ ᠬᠡᠰᠡᠭ᠂ ᠬᠤᠷᠴᠢᠨ ᠲᠤᠭᠤᠷᠢᠭ᠂ ᠤᠯᠠᠭᠠᠨᠬᠠᠳᠠ ᠶᠢᠨ ᠲᠤᠪᠤ ᠲᠤᠪᠤᠷᠴᠠᠭ᠂ ᠶᠠᠨᠱᠠᠨ ᠠᠭᠤᠯᠠ ᠶᠢᠨ ᠬᠤᠶᠢᠲᠦ ᠬᠡᠰᠡᠭ᠂ ᠳᠠᠪᠠᠭᠠᠨ ᠤ ᠪᠠᠷᠠᠭᠤᠨ ᠲᠤᠭᠤᠷᠢᠭ᠂ ᠬᠦᠯᠦᠨ ᠪᠤᠶᠢᠷ— ᠰᠢᠯᠢ ᠶᠢᠨ ᠭᠤᠤᠯ ᠤᠨ ᠦᠨᠳᠦᠷᠯᠢᠭ ᠤᠨ ᠵᠡᠬᠦᠨ ᠬᠡᠰᠡᠭ ᠢᠶᠠᠷ ᠤᠷᠭᠤᠨ᠎ᠠ᠃ ᠮᠠᠨ ᠤ ᠤᠯᠤᠰ ᠤᠨ ᠵᠡᠬᠦᠨ ᠬᠤᠶᠢᠲᠦ ᠤᠷᠤᠨ᠂ ᠤᠮᠠᠷᠠᠲᠦ ᠤᠷᠤᠨ᠂ ᠲᠤᠮᠳᠠᠳᠤ ᠤᠷᠤᠨ ᠢᠶᠠᠷ ᠳᠠᠷᠬᠠᠨ᠂ ᠰᠤᠯᠤᠩᠭᠤᠰ᠂ ᠶᠠᠫᠤᠨ᠂ ᠮᠤᠩᠭᠤᠯ ᠤᠯᠤᠰ᠂ ᠤᠷᠤᠰ ᠤᠨ ᠰᠢᠪᠧᠷᠢᠶ᠎ᠠ ᠪᠤᠯᠤᠨ ᠠᠯᠤᠰ ᠲᠤᠷᠤᠨᠠᠲᠦ ᠶᠢᠨ ᠭᠠᠵᠠᠷ ᠤᠷᠤᠨ ᠢᠶᠠᠷ ᠪᠠᠰᠠ ᠲᠠᠷᠬᠠᠵᠤ ᠪᠠᠶᠢᠳᠠᠭ᠃ ᠨᠠᠮᠤᠷ ᠤᠨ ᠤᠯᠠᠷᠢᠯ ᠳᠤ ᠦᠬᠡᠷ ᠠᠮᠳᠠᠷᠬᠠᠨ ᠢᠳᠡᠳᠡᠭ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号