ᠵᠠᠰᠠᠭ ᠤᠨ ᠣᠷᠳᠣᠨ ᠤ ᠠᠵᠢᠯ ᠤᠨ ᠢᠯᠡᠳᠬᠡᠯ | — 2022 ᠣᠨ ᠤ 1 ᠳ᠋ᠦ᠋ᠭᠡᠷ ᠰᠠᠷ᠎ᠠ ᠶᠢᠨ 21 ᠤ ᠡᠳᠦᠷ ᠤᠨ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠵᠢᠷᠭᠤᠳᠤᠭᠠᠷ ᠬᠤᠷᠠᠯᠳᠤᠭᠠᠨ ᠳᠡᠭᠡᠷ᠎ᠡ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ | | | ᠲᠥᠯᠥᠭᠡᠯᠡᠭᠴᠢᠳ ᠠ᠋᠄ | ᠣᠳᠣ᠂ ᠪᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ | ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠥᠪᠡᠷᠲᠡᠭᠡᠨ ᠵᠠᠰᠠᠬᠤ ᠣᠷᠣᠨ ᠤ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢ ᠬᠡᠷᠡᠭᠵᠢᠭᠦᠯᠵᠦ ᠡᠬᠢᠯᠡᠭᠰᠡᠨ | ᠵᠢᠯ ᠤᠨ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠪᠣᠯ ᠨᠠᠮ ᠪᠠ ᠤᠯᠤᠰ ᠤᠨ ᠲᠡᠦᠬᠡᠨ ᠳᠠᠬᠢ ᠪᠡᠯᠭᠡ ᠲᠡᠮᠳᠡᠭ ᠤᠨ ᠠᠴᠢ | ᠬᠤᠯᠪᠣᠭᠳᠠᠯ ᠲᠠᠢ ᠨᠢᠭᠡ ᠵᠢᠯ᠂ ᠮᠥᠨ ᠴᠦ ᠥᠪᠥᠷ ᠮᠣᠩᠭᠤᠯ ᠤᠨ ᠬᠥᠭᠵᠢᠯᠲᠡ ᠶᠢᠨ ᠶᠠᠪᠤᠴᠠ ᠳᠠᠬᠢ ᠶᠡᠷᠦ | ᠪᠤᠰᠤ ᠶᠢᠨ ᠨᠢᠭᠡ ᠵᠢᠯ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠠ ᠨᠠᠮ ᠤᠨ | ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ | ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠪᠠᠲᠤ ᠲᠦᠰᠢᠭᠯᠡᠨ ᠡᠯ᠎ᠡ ᠵᠦᠢᠯ ᠤᠨ ᠠᠵᠢᠯ | ᠦᠢᠯᠡᠰ ᠤᠨ ᠬᠥᠭᠵᠢᠯᠲᠡ ᠶᠢ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ | ᠰᠠᠶᠢᠨ ᠰᠠᠶᠢᠬᠠᠨ ᠡᠬᠢᠯᠡᠯᠲᠡ ᠪᠠᠷ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠢ ᠶᠢ ᠪᠠᠶᠠᠷᠯᠠᠨ ᠪᠡᠯᠭᠡᠯᠡᠪᠡ᠃ | ᠨᠢᠭᠡ ᠵᠢᠯ ᠤᠨ ᠲᠤᠷᠰᠢ᠂ ᠪᠢᠳᠡ ᠡᠯ᠎ᠡ ᠵᠦᠢᠯ ᠤᠨ ᠬᠦᠴᠢᠷ ᠪᠠ ᠥᠷᠢᠰᠦᠯᠳᠦᠭᠡᠨ ᠲᠤᠯᠭᠠᠷᠠᠭᠰᠠᠨ ᠴᠦ᠂ | ᠲᠣᠭᠲᠠᠭᠤᠨ ᠪᠠᠶᠢᠯᠭᠠᠬᠤ ᠶᠢᠨ ᠳᠠᠭᠠᠤ ᠳᠤ ᠤᠷᠤᠭᠰᠢᠯᠠᠨ᠂ ᠬᠦᠨᠳᠦ ᠡᠭᠦᠷᠭᠡ ᠶᠢ ᠡᠭᠦᠷᠭᠡᠯᠡᠵᠦ ᠬᠦᠴᠦᠯᠡᠨ ᠴᠢᠷᠮᠠᠶᠢᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠠᠭᠠᠭᠤᠯᠭ᠎ᠠ ᠪᠠᠷ ᠬᠡᠳᠦᠨ ᠵᠦᠢᠯ ᠤᠨ ᠴᠢᠬᠤᠯᠠ | ᠮᠥᠷᠲᠡᠭᠡᠨ ᠬᠦᠴᠢᠷ ᠠᠵᠢᠯ ᠶᠠᠪᠤᠳᠠᠯ ᠢ ᠭᠤᠣᠯᠳᠠᠯᠭ᠎ᠠ ᠲᠠᠢ ᠠᠳᠬᠤᠪᠠ᠃ ᠲᠥᠯᠦᠪᠵᠢᠭᠦᠯᠭᠡ ᠶᠢᠨ ᠲᠣᠭᠲᠠᠯᠴᠠᠭ᠎ᠠ ᠶᠢ | ᠨᠠᠷᠢᠨ ᠨᠢᠮᠪᠠᠢ ᠨᠠᠶᠢᠷᠠᠭᠤᠯᠤᠨ ᠵᠣᠬᠢᠶᠠᠪᠠ᠂ ᠶᠡᠷᠦᠩᠬᠡᠢ ᠱᠦᠵᠢ ᠰᠢ ᠶᠢᠨ ᠫᠢᠩ ᠪᠠ ᠨᠠᠮ ᠤᠨ ᠲᠥᠪ ᠬᠤᠷᠢᠶᠠᠨ ᠠᠴᠠ | ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠ | ᠠᠵᠢᠯᠯᠠᠭᠠᠨ ᠤ ᠬᠥᠲᠥᠯᠪᠦᠷᠢ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠨᠢᠭᠲᠠ ᠤᠶᠠᠯᠳᠤᠨ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠦᠪᠵᠢᠭᠦᠯᠭᠡ ᠶᠢᠨ ᠰᠠᠨᠠᠭᠤᠯᠭ᠎ᠠ ᠶᠣᠰᠣᠭᠠᠷ ᠵᠢᠷᠤᠭ ᠲᠥᠰᠥᠪ ᠢᠶᠠᠨ ᠲᠤᠭᠤᠰᠢᠲᠠᠢ ᠵᠢᠷᠤᠭᠯᠠᠨ ᠵᠣᠬᠢᠶᠠᠬᠤ ᠶᠢ | ᠪᠠᠷᠢᠮᠲᠠᠯᠠᠨ᠂ ᠲᠥᠯᠦᠪᠵᠢᠭᠦᠯᠭᠡ ᠶᠢ ᠬᠡᠷᠡᠭᠵᠢᠭᠦᠯᠵᠦ ᠡᠬᠢᠯᠡᠭᠰᠡᠨ ᠵᠢᠯ ᠳᠤ ᠡᠯ᠎ᠡ ᠲᠥᠷᠥᠯ ᠤᠨ ᠶᠡᠷᠦᠩᠬᠡᠢ | ᠲᠥᠯᠦᠪᠵᠢᠭᠦᠯᠭᠡ ᠪᠠ ᠲᠤᠰᠬᠠᠢ ᠲᠥᠯᠦᠪᠵᠢᠭᠦᠯᠭᠡ ᠶᠢ ᠦᠨᠳᠦᠰᠦᠨ ᠳᠤ ᠪᠠᠨ ᠨᠠᠶᠢᠷᠠᠭᠤᠯᠤᠨ ᠵᠣᠬᠢᠶᠠᠵᠤ | ᠳᠠᠭᠤᠰᠬᠠᠭᠰᠠᠨ ᠪᠥᠭᠡᠳ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠥᠭᠵᠢᠯᠲᠡ ᠶᠢᠨ | ᠬᠡᠷᠡᠭᠵᠢᠭᠦᠯᠦᠨ ᠨᠠᠶᠢᠳᠠᠪᠤᠷᠢᠵᠢᠭᠤᠯᠬᠤ ᠲᠥᠰᠥᠯ ᠢ ᠨᠠᠶᠢᠷᠠᠭᠤᠯᠤᠨ ᠵᠣᠬᠢᠶᠠᠪᠠ᠃ ᠳᠠᠯᠳᠠ ᠬᠦᠴᠦᠨ ᠢᠶᠠᠨ ᠪᠥᠬᠦ | ᠲᠠᠯ᠎ᠠ ᠪᠠᠷ ᠠᠭᠤᠳᠠᠯᠵᠤ ᠨᠡᠭᠦᠷᠡᠰᠦ ᠴᠠᠬᠢᠯᠭᠠᠨ ᠤ ᠬᠠᠩᠭᠠᠯᠭ᠎ᠠ ᠶᠢ ᠪᠠᠲᠤᠯᠠᠪᠠ᠂ ᠶᠡᠭᠡ ᠲᠠᠯ᠎ᠠ ᠶᠢ ᠪᠠᠲᠤᠯᠠᠬᠤ ᠪᠠ | ᠠᠷᠠᠳ ᠤᠨ ᠠᠮᠢᠳᠤᠷᠠᠯ ᠢ ᠪᠠᠲᠤᠯᠠᠬᠤ ᠶᠢ ᠪᠠᠷᠢᠮᠲᠠᠯᠠᠨ᠂ ᠤᠷᠢᠳ ᠬᠤᠵᠢᠳ 50 ᠵᠦᠢᠯ ᠤᠨ ᠠᠷᠭ᠎ᠠ ᠬᠡᠮᠵᠢᠶ᠎ᠡ ᠶᠢ | ᠳᠤᠷᠠᠳᠤᠨ ᠭᠠᠷᠭᠠᠵᠤ ᠦᠢᠯᠡᠳᠪᠦᠷᠢᠯᠡᠯ ᠢᠶᠠᠨ ᠨᠡᠮᠡᠭᠳᠡᠭᠦᠯᠵᠦ ᠬᠠᠩᠭᠠᠯᠭ᠎ᠠ ᠶᠢ ᠪᠠᠲᠤᠯᠠᠨ᠂ ᠤᠯᠤᠰ ᠠᠴᠠ ᠲᠤᠰᠢᠶᠠᠵᠤ | ᠳᠠᠭᠠᠯᠭᠠᠭᠰᠠᠨ 18 ᠮᠤᠵᠢ ᠶᠢᠨ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠡᠭᠦᠷᠭᠡ ᠪᠠᠨ ᠲᠡᠭᠦᠰ ᠠᠮᠵᠢᠯᠲᠠ ᠲᠠᠢ | ᠪᠡᠶᠡᠯᠡᠭᠦᠯᠵᠦ᠂ ᠲᠠᠷᠢᠶᠠᠴᠢᠨ ᠮᠠᠯᠴᠢᠨ ᠡᠷᠦᠬᠡ ᠳᠤ ᠡᠩ ᠤᠨ ᠦᠨ᠎ᠡ ᠪᠠᠷ ᠨᠡᠭᠦᠷᠡᠰᠦ ᠬᠠᠩᠭᠠᠵᠤ ᠥᠭᠪᠡ᠂ | ᠨᠡᠭᠦᠷᠡᠰᠦᠨ ᠤ ᠡᠳᠦᠷ ᠤᠨ ᠭᠠᠷᠤᠯᠲᠠ ᠵᠠᠯᠭᠠᠭ᠎ᠠ ᠪᠠᠷ ᠰᠢᠨ᠎ᠡ ᠲᠦᠪᠰᠢᠨ ᠳᠤ ᠬᠦᠷᠴᠦ᠂ ᠭᠠᠳᠠᠭᠰᠢ ᠴᠠᠬᠢᠯᠭᠠᠨ | ᠳᠠᠮᠵᠢᠭᠤᠯᠤᠭᠰᠠᠨ ᠬᠡᠮᠵᠢᠶ᠎ᠡ ᠪᠥᠬᠦ ᠤᠯᠤᠰ ᠲᠤ ᠲᠦᠷᠦᠭᠦᠯᠡᠭᠡᠳ ᠤᠯᠤᠰ ᠤᠨ ᠬᠥᠭᠵᠢᠯᠲᠡ ᠪᠠ ᠠᠮᠤᠷ ᠲᠦᠪᠰᠢᠨ ᠤ | ᠶᠡᠭᠡ ᠲᠠᠯ᠎ᠠ ᠳᠤ ᠥᠪᠥᠷ ᠮᠣᠩᠭᠤᠯ ᠤᠨ ᠢᠶᠠᠨ ᠬᠤᠪᠢ ᠨᠡᠮᠡᠷᠢ ᠶᠢ ᠦᠵᠡᠭᠦᠯᠪᠡ᠃ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ ᠭᠡᠨᠡᠳᠲᠡ ᠡᠭᠦᠰᠦᠭᠰᠡᠨ ᠬᠢᠵᠢᠭ ᠤᠨ ᠪᠠᠶᠢᠳᠠᠯ ᠢ ᠰᠢᠢᠳᠪᠦᠷᠢᠯᠡᠪᠡ᠂ ᠠᠷᠠᠳ ᠲᠦᠮᠡᠨ ᠢ ᠳᠡᠭᠡᠳᠦᠯᠡᠬᠦ | ᠪᠠ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠨ᠂ ᠠᠷᠭ᠎ᠠ ᠪᠥᠬᠦᠨ ᠢ ᠰᠦᠪᠡᠭᠴᠢᠯᠡᠨ ᠪᠠᠶᠢᠵᠤ ᠬᠢᠯᠢ ᠬᠢᠵᠠᠭᠠᠷ | ᠣᠷᠣᠨ ᠤ ᠬᠤᠲᠠ ᠪᠠᠯᠭᠠᠰᠤᠨ ᠳᠠᠬᠢ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠨ ᠰᠢᠨᠵᠢᠬᠦ᠂ ᠡᠮᠴᠢᠯᠡᠵᠦ | ᠠᠪᠤᠷᠠᠨ ᠵᠠᠰᠠᠬᠤ᠂ ᠲᠤᠰᠠᠭᠠᠷᠯᠠᠵᠤ ᠲᠥᠪᠬᠢᠨᠡᠭᠦᠯᠬᠦ᠂ ᠡᠳ᠋ ᠪᠠᠷᠠᠭ᠎ᠠ ᠶᠢ ᠪᠠᠲᠤᠯᠠᠬᠤ ᠵᠡᠷᠭᠡ ᠡᠯ᠎ᠡ ᠲᠠᠯ᠎ᠠ ᠪᠠᠷ ᠬᠢ | ᠲᠥᠰᠥᠭᠡᠯᠡᠬᠦᠶ᠎ᠡ ᠪᠡᠷᠬᠡ ᠪᠠᠶᠢᠭᠰᠠᠨ ᠬᠦᠴᠢᠷᠳᠡᠯ ᠢ ᠢᠯᠡᠨ ᠳᠠᠪᠠᠪᠠ᠂ ᠢᠯᠠᠩᠭᠤᠶ᠎ᠠ ᠬᠦᠴᠢᠷ ᠪᠡᠷᠬᠡᠰᠢᠶᠡᠯ ᠢ ᠲᠤᠭᠤᠯᠵᠤ | ᠪᠠᠶᠢᠭᠠᠳ ᠲᠦᠮᠡ ᠭᠠᠷᠤᠢ ᠵᠢᠭᠤᠯᠴᠢᠯᠠᠭᠰᠠᠳ ᠢ ᠮᠤᠵᠢ ᠠᠯᠤᠰᠯᠠᠵᠤ ᠬᠠᠮᠠᠭᠠᠯᠠᠨ ᠬᠦᠷᠭᠡᠬᠦ᠂ ᠨᠢᠭᠲᠠ ᠣᠶᠢᠷᠠᠲᠤᠭᠰᠠᠨ | ᠲᠦᠮᠡ ᠭᠠᠷᠤᠢ ᠬᠥᠮᠥᠨ ᠢ ᠭᠠᠵᠠᠷ ᠣᠷᠣᠨ ᠬᠤᠪᠢᠶᠠᠵᠤ ᠲᠤᠰᠠᠭᠠᠷᠯᠠᠬᠤ᠂ ᠬᠡᠳᠦᠨ ᠵᠠᠭᠤᠨ ᠡᠪᠡᠳᠴᠢᠲᠡᠨ ᠢ ᠮᠢᠩᠭᠠᠨ | ᠭᠠᠵᠠᠷ ᠤᠨ ᠬᠤᠯᠠ ᠰᠢᠯᠵᠢᠭᠦᠯᠦᠨ ᠬᠦᠷᠭᠡᠬᠦ ᠠᠵᠢᠯ ᠢᠶᠠᠨ ᠠᠮᠵᠢᠯᠲᠠ ᠲᠠᠢ ᠵᠣᠬᠢᠶᠠᠨ ᠪᠠᠶᠢᠭᠤᠯᠵᠤ᠂ ᠡᠷᠢᠶᠡᠨ ᠬᠤᠲᠠ᠂ | ᠡᠵᠡᠨ᠎ᠡ᠂ ᠮᠠᠨᠵᠤᠤᠷ ᠵᠡᠷᠭᠡ ᠭᠠᠵᠠᠷ ᠤᠨ ᠬᠢᠵᠢᠭ ᠤᠨ ᠪᠠᠶᠢᠳᠠᠯ ᠢ ᠪᠦᠲᠦᠮᠵᠢᠲᠡᠢ ᠳᠥᠪᠬᠢᠨᠡᠭᠦᠯᠦᠨ ᠰᠢᠢᠳᠪᠦᠷᠢᠯᠡᠭᠡᠳ | ᠠᠷᠠᠳ ᠣᠯᠠᠨ ᠤ ᠠᠮᠤᠭᠤᠯᠠᠩ ᠪᠠ ᠨᠡᠶᠢᠭᠡᠮ ᠤᠨ ᠡᠮᠬᠢ ᠳᠢᠭᠯᠢᠮ ᠲᠣᠭᠲᠠᠭᠤᠨ ᠪᠠᠶᠢᠬᠤ ᠶᠢ ᠬᠦᠴᠦᠲᠡᠢ ᠬᠠᠮᠠᠭᠠᠯᠠᠨ | ᠪᠠᠲᠤᠯᠠᠪᠠ᠃ ᠬᠦᠨᠳᠦ ᠶᠡᠭᠡ ᠲᠦᠭᠰᠢᠭᠦᠷᠢ ᠶᠢ ᠡᠷᠡᠰ ᠰᠢᠭᠤᠷᠬᠠᠢ ᠪᠥᠭᠡᠳ ᠯᠠᠪᠳᠠᠭᠤᠨ ᠪᠠᠲᠤᠲᠠᠢ ᠪᠠᠷ ᠰᠡᠷᠭᠡᠶᠢᠯᠡᠵᠦ | ᠠᠷᠢᠯᠭᠠᠪᠠ᠂ ᠵᠠᠰᠠᠭ ᠤᠨ ᠣᠷᠳᠣᠨ ᠤ ᠳᠠᠯᠳᠠ ᠴᠢᠨᠠᠷᠲᠠᠢ ᠥᠷᠢ ᠥᠭᠴᠡᠭᠡ ᠶᠢ ᠠᠷᠢᠯᠭᠠᠬᠤ ᠣᠨ ᠤ ᠡᠭᠦᠷᠭᠡ ᠪᠠᠨ | ᠳᠠᠪᠠᠭᠤᠯᠤᠨ ᠪᠡᠶᠡᠯᠡᠭᠦᠯᠵᠦ᠂ ᠪᠣᠣ ᠱᠠᠩ ᠪᠠᠩᠬᠢ ᠶᠢᠨ ᠲᠦᠭᠰᠢᠭᠦᠷᠢ ᠪᠠ ᠥᠪᠥᠷ ᠮᠣᠩᠭᠤᠯ ᠤᠨ ᠡᠨᠧᠷᠬᠢ ᠶᠢᠨ | ᠪᠦᠲᠦᠭᠡᠨ ᠪᠠᠶᠢᠭᠤᠯᠤᠯᠲᠠ ᠶᠢᠨ ᠰᠲ᠋ᠣᠺ ᠢ ᠰᠢᠶᠠᠩᠭᠠᠩ ᠤᠨ ᠠᠷᠠᠯᠵᠢᠶᠠᠨ ᠤ ᠭᠠᠵᠠᠷ ᠤᠨ ᠵᠠᠬ᠎ᠠ ᠳᠡᠯᠭᠡᠭᠦᠷ ᠠᠴᠠ | ᠪᠤᠴᠠᠭᠠᠨ ᠭᠠᠷᠭᠠᠬᠤ ᠶᠢ ᠯᠠᠪᠳᠠᠭᠤᠨ ᠢᠶᠠᠷ ᠰᠢᠢᠳᠪᠦᠷᠢᠯᠡᠨ᠂ ᠬᠤᠲᠠ ᠶᠢᠨ ᠬᠤᠳᠠᠯᠳᠤᠭᠠᠨ ᠤ ᠪᠠᠩᠬᠢ ᠳᠤ | ᠥᠭᠡᠷᠡᠴᠢᠯᠡᠯᠲᠡ ᠬᠢᠵᠦ ᠲᠦᠭᠰᠢᠭᠦᠷᠢ ᠶᠢ ᠨᠢ ᠠᠷᠢᠯᠭᠠᠬᠤ ᠶᠢ ᠯᠠᠪᠳᠠᠭᠤᠨ ᠢᠶᠠᠷ ᠠᠬᠢᠭᠤᠯᠤᠨ᠂ ᠭᠡᠷ ᠪᠠᠶᠢᠰᠢᠩ ᠭᠠᠵᠠᠷ | ᠬᠥᠷᠥᠩᠭᠡ ᠶᠢᠨ ᠠᠵᠤ ᠠᠬᠤᠶᠢᠯᠠᠯ ᠤᠨ ᠭᠡᠷ᠎ᠡ ᠪᠠᠨ ᠭᠦᠢᠴᠡᠳᠬᠡᠬᠦ ᠲᠠᠯ᠎ᠠ ᠶᠢᠨ ᠲᠦᠭᠰᠢᠭᠦᠷᠢ ᠶᠢ ᠢᠳᠡᠪᠬᠢᠲᠡᠢ | ᠰᠡᠷᠭᠡᠶᠢᠯᠡᠨ ᠡᠵᠡᠮᠳᠡᠵᠦ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠣᠭᠲᠠᠭᠠᠯ ᠪᠠ ᠬᠠᠤᠯᠢ ᠠᠴᠠ | ᠵᠥᠷᠢᠴᠡᠭᠰᠡᠨ ᠠᠰᠠᠭᠤᠳᠠᠯ ᠢ ᠪᠠᠶᠢᠩᠭᠤᠵᠢᠭᠤᠯᠤᠨ ᠵᠠᠰᠠᠵᠤ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ | ᠲᠣᠭᠲᠠᠭᠠᠯ ᠪᠠ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶᠢᠯᠠᠨ ᠴᠡᠭᠴᠡᠯᠡᠵᠦ ᠵᠠᠰᠠᠨ᠂ ᠡᠯ᠎ᠡ ᠵᠦᠢᠯ ᠤᠨ | ᠠᠵᠢᠯ ᠦᠢᠯᠡᠰ ᠤᠨ ᠬᠥᠭᠵᠢᠯᠲᠡ ᠶᠢᠨ ᠲᠣᠭᠲᠠᠭᠤᠨ ᠪᠥᠭᠡᠳ ᠤᠷᠲᠤ ᠤᠳᠠᠭᠠᠨ ᠬᠥᠭᠵᠢᠬᠦ ᠳᠤ ᠰᠠᠶᠢᠨ ᠰᠠᠶᠢᠬᠠᠨ | ᠰᠠᠭᠤᠷᠢ ᠶᠢ ᠲᠠᠯᠪᠢᠪᠠ᠃ ᠠᠷᠭ᠎ᠠ ᠪᠣᠳᠣᠯᠭ᠎ᠠ ᠶᠢ ᠣᠨᠣᠴᠠᠲᠠᠢ ᠬᠡᠷᠡᠭᠵᠢᠭᠦᠯᠵᠦ ᠡᠨᠧᠷᠬᠢ ᠠᠷᠪᠢᠯᠠᠵᠤ ᠬᠤᠷᠣᠭᠳᠠᠯ ᠢ | ᠪᠠᠭᠤᠷᠠᠭᠤᠯᠬᠤ ᠪᠠᠨ ᠴᠢᠩᠭᠠᠷᠠᠭᠤᠯᠪᠠ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ | ᠬᠥᠭᠵᠢᠯᠲᠡ ᠶᠢ ᠪᠠᠷᠢᠮᠲᠠᠯᠠᠨ᠂ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠶᠢ ᠳᠠᠭᠠᠭᠠᠨ ᠲᠤᠯᠵᠤ᠂ | ᠲᠣᠭᠲᠠᠭᠠᠯ ᠠᠴᠠ ᠵᠥᠷᠢᠴᠡᠭᠰᠡᠨ ︽ᠬᠤᠶᠠᠷ ᠶᠡᠬᠡᠲᠡᠢ︾ ᠪᠠᠶᠢᠬᠤ ᠲᠥᠷᠥᠯ ᠵᠦᠢᠯ ᠢ ᠴᠡᠭᠴᠡᠯᠡᠨ ᠦᠭᠡᠶᠢᠰᠬᠡᠵᠦ᠂ | ᠡᠨᠧᠷᠬᠢ ᠶᠢᠨ ᠬᠤᠷᠣᠭᠳᠠᠯ ᠳᠤ ᠲᠥᠰᠥᠪ ᠤᠨ ᠬᠠᠮᠢᠶᠠᠷᠤᠯᠲᠠ ᠶᠢ ᠬᠡᠷᠡᠭᠵᠢᠭᠦᠯᠦᠨ᠂ ᠤᠯᠤᠰ ᠠᠴᠠ ᠪᠠᠭᠤᠯᠭᠠᠭᠰᠠᠨ | ᠡᠭᠦᠷᠭᠡ ᠶᠢ ᠪᠡᠶᠡᠯᠡᠭᠦᠯᠦᠭᠰᠡᠨ ᠪᠥᠭᠡᠳ ᠡᠬᠢ ᠪᠠᠶᠠᠯᠢᠭ ᠤᠨ ᠣᠷᠴᠢᠨ ᠲᠣᠭᠤᠷᠢᠨ ᠤ ᠬᠦᠯᠢᠶᠡᠰᠦᠯᠡᠬᠦ ᠴᠢᠨᠠᠷᠲᠠᠢ | ᠭᠦᠢᠴᠡᠳᠬᠡᠯ ᠲᠣᠭᠠᠨ ᠳᠤ ᠡᠵᠡᠮᠰᠢᠯ ᠠᠯᠳᠠᠭᠳᠠᠬᠤ ᠪᠠᠶᠢᠳᠠᠯ ᠢ ᠬᠤᠪᠢᠷᠠᠭᠤᠯᠪᠠ᠃ ᠬᠦᠴᠢᠷ ᠵᠦᠢᠯ ᠢ ᠲᠤᠯᠤᠨ | ᠬᠠᠷᠢᠭᠤᠴᠠᠵᠤ ᠦᠨᠡᠨ ᠪᠣᠳᠠᠲᠠᠢ ᠪᠠᠷ ᠠᠵᠢᠯᠯᠠᠵᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ | ᠰᠢᠯᠢᠳᠡᠭᠵᠢᠭᠦᠯᠪᠡ᠂ ᠪᠦᠬᠦᠯᠢ ᠴᠣᠭᠴᠠ ᠶᠢᠨ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠬᠦ ᠪᠠᠷ | ᠬᠥᠲᠥᠯᠥᠭᠦᠷ ᠪᠣᠯᠭᠠᠬᠤ ᠶᠢ ᠪᠠᠷᠢᠮᠲᠠᠯᠠᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ 3. | 0 ᠲᠥᠰᠥᠯ ᠢ ᠲᠣᠭᠲᠠᠭᠠᠨ᠂ ︽ᠨᠢᠭᠡ ᠯᠠ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ 2.0 ᠪᠠᠶᠢᠭᠤᠯᠤᠯᠲᠠ ᠶᠢ | ᠬᠡᠷᠡᠭᠵᠢᠭᠦᠯᠵᠦ᠂ ︽ᠮᠥᠩᠬᠡ ᠰᠤᠪᠠᠭ᠂ ᠳᠥᠷᠪᠡ ᠶᠢ ᠭᠦᠢᠴᠡᠳᠬᠡᠬᠦ︾ ᠦᠢᠯᠡᠴᠢᠯᠡᠭᠡ ᠶᠢ ᠥᠷᠨᠢᠭᠦᠯᠦᠨ᠂ ᠠᠵᠤ | ᠠᠬᠤᠶᠢᠯᠠᠯ ᠪᠠ ᠣᠯᠠᠨ ᠲᠦᠮᠡᠨ ᠳᠤ ᠣᠷᠴᠢᠨ ᠨᠥᠬᠦᠴᠡᠯ ᠬᠤᠪᠢᠷᠠᠵᠤ ᠪᠠᠶᠢᠬᠤ ᠪᠠ ᠦᠢᠯᠡᠴᠢᠯᠡᠭᠡ ᠰᠢᠯᠢᠳᠡᠭᠵᠢᠵᠦ | ᠪᠠᠶᠢᠬᠤ ᠶᠢ ᠮᠡᠳᠡᠷᠡᠭᠦᠯᠪᠡ᠃ ᠴᠥᠬᠦᠷᠡᠰᠢ ᠦᠭᠡᠢ ᠴᠢᠷᠮᠠᠶᠢᠭᠰᠠᠨ ᠢᠶᠠᠷ ᠪᠥᠬᠦ ᠣᠷᠣᠨ ᠤ ᠠᠵᠤ ᠠᠬᠤᠢ ᠨᠡᠶᠢᠭᠡᠮ ᠤᠨ | ᠬᠥᠭᠵᠢᠯᠲᠡ ᠳᠤ ᠰᠠᠶᠢᠨ ᠰᠠᠶᠢᠬᠠᠨ ᠬᠠᠨᠳᠤᠰᠢ ᠢᠯᠡᠷᠡᠵᠦ᠂ ᠪᠥᠬᠦ ᠵᠢᠯ ᠤᠨ ᠭᠤᠣᠯ ᠪᠣᠯᠬᠤ ᠬᠥᠭᠵᠢᠯᠲᠡ ᠶᠢᠨ | ᠬᠠᠷᠠᠯᠲᠠ ᠡᠭᠦᠷᠭᠡ ᠨᠡᠯᠢᠶᠡᠳ ᠰᠠᠶᠢᠨ ᠪᠡᠶᠡᠯᠡᠭᠳᠡᠪᠡ᠃ | ᠨᠢᠭᠡ ᠳᠤ ᠠᠵᠤ ᠠᠬᠤᠢ ᠲᠣᠭᠲᠠᠭᠤᠨ ᠪᠥᠭᠡᠳ ᠡᠷᠡᠭᠦᠯ ᠠᠵᠢᠯᠯᠠᠭᠠᠨ ᠢᠶᠠᠨ ᠪᠠᠲᠤᠯᠠᠪᠠ᠃ ᠪᠦᠲᠦᠮᠵᠢᠲᠡᠢ | ᠪᠡᠯᠡ ᠣᠷᠤᠭᠤᠯᠤᠯᠲᠠ ᠶᠢ ᠬᠦᠴᠦᠯᠡᠨ ᠥᠷᠭᠡᠳᠬᠡᠵᠦ᠂ 3074 ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠦᠨ᠂ | 4658 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠠᠵᠤ ᠦᠢᠯᠡᠳᠪᠦᠷᠢ ᠶᠢᠨ ᠪᠡᠯᠡ ᠣᠷᠤᠭᠤᠯᠤᠯᠲᠠ ᠪᠠ | ᠠᠷᠠᠳ ᠤᠨ ᠳᠤᠮᠳᠠᠬᠢ ᠪᠡᠯᠡ ᠣᠷᠤᠭᠤᠯᠤᠯᠲᠠ ᠲᠤᠰ ᠲᠤᠰ 21.1% ᠪᠠ 14.4% ᠨᠡᠮᠡᠭᠳᠡᠪᠡ᠃ ᠣᠯᠠᠨ | ᠵᠦᠢᠯ ᠤᠨ ᠠᠷᠭ᠎ᠠ ᠠᠪᠴᠢᠯ ᠢ ᠬᠡᠷᠡᠭᠯᠡᠵᠦ ᠪᠠᠶᠢᠭᠠᠳ ᠠᠵᠤ ᠠᠬᠤᠶᠢᠯᠠᠯ ᠢ ᠲᠤᠰᠠᠯᠠᠨ ᠬᠦᠴᠢᠷᠳᠡᠯ ᠢ ᠨᠢ ᠲᠠᠶᠢᠯᠵᠤ᠂ | ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ ᠨᠢ 59 ᠳ᠋ᠦᠩᠰᠢᠭᠤᠷ ᠲᠥᠭᠦᠷᠢᠭ | ᠪᠠᠭᠤᠷᠠᠭᠤᠯᠤᠨ᠂ ᠠᠵᠤ ᠠᠬᠤᠶᠢᠯᠠᠯ ᠳᠤ ᠭᠦᠢᠯᠭᠡᠭᠡᠨ ᠤ ᠴᠢᠨᠠᠷᠲᠠᠢ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠠᠭᠤᠷᠢ | ᠮᠥᠩᠭᠦ ᠪᠠ ᠬᠦᠴᠢᠷᠳᠡᠯ ᠢ ᠨᠢ ᠲᠠᠶᠢᠯᠬᠤ ᠬᠥᠭᠵᠢᠯᠲᠡ ᠶᠢᠨ ᠰᠠᠭᠤᠷᠢ ᠮᠥᠩᠭᠦ ᠶᠢ ᠰᠢᠨ᠎ᠡ ᠪᠠᠷ 38.4 ᠳ᠋ᠦᠩᠰᠢᠭᠤᠷ | ᠲᠥᠭᠦᠷᠢᠭ ᠲᠠᠯᠪᠢᠵᠤ ᠥᠭᠪᠡ᠂ ᠰᠢᠨ᠎ᠡ ᠪᠠᠷ 250 ᠳ᠋ᠦᠩᠰᠢᠭᠤᠷ ᠭᠠᠷᠤᠢ ᠲᠥᠭᠦᠷᠢᠭ ᠭᠠᠶᠢᠯᠢ ᠶᠢ ᠬᠥᠩᠭᠡᠷᠡᠭᠦᠯᠵᠦ | ᠰᠦᠢᠳᠬᠡᠯ ᠢ ᠪᠠᠭᠤᠷᠠᠭᠤᠯᠤᠨ᠂ ᠰᠢᠨ᠎ᠡ ᠪᠠᠶᠢᠭᠤᠯᠤᠭᠰᠠᠨ ᠵᠠᠬ᠎ᠠ ᠳᠡᠯᠭᠡᠭᠦᠷ ᠤᠨ ᠭᠤᠣᠯ ᠴᠣᠭᠴᠠ 38. 6 ᠲᠦᠮᠡ | ᠪᠣᠯᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠰᠢᠭ ᠣᠯᠵᠠᠪᠤᠷᠢ ᠶᠢᠨ ᠶᠡᠷᠦᠩᠬᠡᠢ ᠲᠤᠭ᠎ᠠ 3000 | ᠳ᠋ᠦᠩᠰᠢᠭᠤᠷ ᠲᠥᠭᠦᠷᠢᠭ ᠢ ᠳᠠᠪᠠᠭᠠᠳ ᠲᠡᠦᠬᠡ ᠶᠢᠨ ᠰᠢᠨ᠎ᠡ ᠲᠦᠪᠰᠢᠨ ᠢ ᠡᠭᠦᠳᠪᠡ᠃ ᠪᠡᠯᠡ ᠮᠥᠩᠭᠦ ᠶᠢ ᠰᠢᠭᠤᠳ | ᠪᠠᠭᠤᠯᠭᠠᠬᠤ ᠲᠣᠭᠲᠠᠴᠠ ᠶᠢ ᠨᠠᠶᠢᠳᠠᠪᠤᠷᠢᠵᠢᠭᠤᠯᠤᠨ᠂ ᠵᠠᠷᠤᠯᠭ᠎ᠠ ᠳᠤ ᠰᠢᠭᠤᠳ ᠪᠠᠭᠤᠯᠭᠠᠭᠰᠠᠨ ᠪᠡᠯᠡ ᠮᠥᠩᠭᠦ 758 | ᠳ᠋ᠦᠩᠰᠢᠭᠤᠷ ᠲᠥᠭᠦᠷᠢᠭ ᠲᠤ ᠬᠦᠷᠴᠦ᠂ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠪᠠ ᠠᠷᠠᠳ ᠤᠨ | ᠦᠨᠳᠦᠰᠦᠨ ᠠᠮᠢᠳᠤᠷᠠᠯ᠂ ᠦᠨᠳᠦᠰᠦᠨ ᠱᠠᠲᠤᠨ ᠤ ᠠᠵᠢᠯᠯᠠᠭᠠᠨ ᠢ ᠪᠠᠲᠤᠯᠠᠪᠠ᠃ ᠪᠥᠬᠦ ᠣᠷᠣᠨ ᠤ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 2 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ 6.3% | ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ 9.8% ᠨᠡᠮᠡᠭᠳᠡᠨ᠂ ᠨᠡᠶᠢᠭᠡᠮ ᠤᠨ ᠬᠡᠷᠡᠭᠯᠡᠭᠡ ᠶᠢᠨ | ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 6.3% ᠨᠡᠮᠡᠭᠳᠡᠵᠦ᠂ ᠡᠩ ᠤᠨ ᠣᠯᠠᠨ ᠨᠡᠶᠢᠲᠡ ᠶᠢᠨ | ᠲᠥᠰᠥᠪ ᠤᠨ ᠣᠷᠣᠯᠭ᠎ᠠ 14.6% ᠨᠡᠮᠡᠭᠳᠡᠨ᠂ ᠠᠵᠤ ᠠᠬᠤᠢ ᠦᠷᠭᠦᠯᠵᠢᠯᠡᠨ ᠲᠣᠭᠲᠠᠭᠤᠨ ᠢᠶᠠᠷ ᠰᠡᠷᠭᠦᠨ | ᠥᠷᠨᠢᠵᠦ᠂ ᠲᠣᠭᠲᠠᠭᠤᠨ ᠤ ᠳᠠᠭᠠᠤ ᠳᠤ ᠰᠠᠶᠢᠨ ᠬᠠᠨᠳᠤᠰᠢ ᠲᠠᠢ ᠪᠣᠯᠪᠠ᠃ | ᠬᠤᠶᠠᠷ ᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠢᠳᠡᠪᠬᠢ ᠠᠬᠢᠯᠲᠠ ᠲᠠᠢ | ᠪᠣᠯᠪᠠ᠃ ᠰᠦ ᠰᠠᠭᠠᠯᠢ ᠶᠢᠨ ᠦᠢᠯᠡᠰ ᠪᠠ ᠦᠷ᠎ᠡ ᠡᠭᠦᠯᠳᠡᠷ ᠤᠨ ᠦᠢᠯᠡᠰ ᠢ ᠬᠥᠭᠵᠢᠭᠦᠯᠦᠨ ᠮᠠᠨᠳᠤᠭᠤᠯᠬᠤ | ᠠᠵᠢᠯᠯᠠᠭᠠᠨ ᠢ ᠬᠡᠷᠡᠭᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ 460 ᠲᠦᠮᠡᠨ ᠮᠦ ᠰᠢᠨ᠎ᠡ ᠪᠠᠷ | ᠨᠡᠮᠡᠭᠳᠡᠨ᠂ ᠠᠮᠤ ᠪᠤᠳᠠᠭᠠᠨ ᠤ ᠦᠢᠯᠡᠳᠪᠦᠷᠢᠯᠡᠯ ︽ᠠᠷᠪᠠᠨ ᠨᠠᠢᠮᠠᠨ ᠵᠢᠯ ᠳᠠᠷᠠᠭᠠᠯᠠᠨ ᠡᠯᠪᠡᠭ ᠬᠤᠷᠢᠶᠠᠯᠲᠠ︾ ᠣᠯᠵᠤ᠂ | ᠮᠠᠯ ᠠᠵᠤ ᠠᠬᠤᠢ ᠶᠢᠨ ᠦᠢᠯᠡᠳᠪᠦᠷᠢᠯᠡᠯ ︽ᠠᠷᠪᠠᠨ ᠳᠣᠯᠣᠭᠠᠨ ᠵᠢᠯ ᠳᠠᠷᠠᠭᠠᠯᠠᠵᠤ ᠲᠣᠭᠲᠠᠭᠤᠨ ᠥᠰᠦᠯᠲᠡ︾ | ᠲᠠᠢ ᠪᠣᠯᠪᠠ᠃ ᠰᠢᠨ᠎ᠡ ᠡᠨᠧᠷᠬᠢ ᠶᠢ ᠳᠠᠬᠢᠨ ᠢᠶᠠᠷ ᠨᠡᠮᠡᠭᠳᠡᠭᠦᠯᠬᠦ ᠠᠵᠢᠯᠯᠠᠭᠠᠨ ᠢ ᠬᠡᠷᠡᠭᠵᠢᠭᠦᠯᠦᠨ᠂ ᠰᠠᠯᠬᠢᠨ ᠤ | ᠬᠦᠴᠦ ᠪᠠᠷ ᠴᠠᠬᠢᠯᠭᠠᠨ ᠭᠠᠷᠭᠠᠬᠤ ᠬᠢᠭᠡᠳ ᠭᠡᠷᠡᠯ ᠴᠡᠨᠡᠭ ᠤᠨ ᠲᠥᠷᠥᠯ ᠵᠦᠢᠯ ᠤᠨ ᠵᠥᠪᠰᠢᠶᠡᠷᠡᠯ ᠣᠯᠣᠭᠰᠠᠨ | ᠬᠡᠪᠴᠢᠶ᠎ᠡ 4000 ᠲᠦᠮᠡᠨ ᠺᠢᠯᠣᠸᠠᠲ ᠢ ᠳᠠᠪᠠᠭᠰᠠᠨ ᠪᠥᠭᠡᠳ ᠳᠠᠬᠢᠨ ᠡᠭᠦᠰᠴᠦ ᠪᠣᠯᠬᠤ ᠡᠨᠧᠷᠬᠢ ᠶᠢᠨ ᠴᠠᠬᠢᠯᠭᠠᠨ | ᠭᠠᠷᠭᠠᠭᠰᠠᠨ ᠬᠡᠮᠵᠢᠶ᠎ᠡ 27.5% ᠨᠡᠮᠡᠭᠳᠡᠪᠡ᠃ ᠠᠵᠤ ᠦᠢᠯᠡᠰ ᠤᠨ ᠬᠠᠭᠤᠴᠢᠨ ᠢ ᠨᠢ ᠥᠭᠡᠷᠡᠴᠢᠯᠡᠵᠦ ᠰᠢᠨ᠎ᠡ ᠪᠠᠷ | ᠪᠣᠢ ᠪᠣᠯᠭᠠᠬᠤ ᠶᠢ ᠲᠦᠷᠭᠡᠳᠬᠡᠨ᠂ ᠶᠤᠸᠠᠨᠵᠢᠩ ᠵᠡᠷᠭᠡ 15 ᠲᠣᠯᠣᠭᠠᠶᠢᠯᠠᠭᠴᠢ ᠠᠵᠤ ᠠᠬᠤᠶᠢᠯᠠᠯ ᠢ ᠣᠷᠣᠭᠤᠯᠤᠨ | ᠠᠪᠴᠢᠷᠠᠵᠤ᠂ ᠦᠢᠯᠡᠳᠬᠦ ᠦᠢᠯᠡᠰ ᠪᠠ ᠳᠡᠭᠡᠳᠦ ᠰᠢᠨ᠎ᠡ ᠮᠡᠷᠭᠡᠵᠢᠯ ᠤᠨ ᠦᠢᠯᠡᠰ ᠲᠤᠰ ᠲᠤᠰ 11.3% ᠪᠠ 22. | 4% ᠨᠡᠮᠡᠭᠳᠡᠪᠡ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠰᠢᠯᠢᠳᠡᠭᠵᠢᠭᠦᠯᠵᠦ ᠡᠮᠬᠢᠯᠡᠨ | ᠨᠡᠶᠢᠯᠡᠭᠦᠯᠬᠦ ᠪᠠᠨ ᠪᠡᠶᠡᠯᠡᠭᠦᠯᠵᠦ᠂ ᠪᠠᠶᠢᠭᠤᠯᠤᠮᠵᠢ ᠶᠢᠨ ᠲᠤᠭ᠎ᠠ ᠶᠢ ᠬᠠᠭᠠᠰ ᠢᠶᠠᠷ ᠪᠠᠭᠠᠰᠬᠠᠨ᠂ ᠲᠥᠯᠦᠪᠵᠢᠭᠦᠯᠭᠡ ᠶᠢᠨ | ᠲᠠᠯᠠᠪᠠᠢ ᠶᠢ 30% ᠬᠠᠰᠤᠵᠤ᠂ ᠦᠢᠯᠡᠳᠬᠦᠨ ᠤ ᠥᠷᠲᠡᠭ ᠨᠢ ᠮᠢᠩᠭᠠᠨ ᠳ᠋ᠦᠩᠰᠢᠭᠤᠷ ᠢ ᠳᠠᠪᠠᠭᠰᠠᠨ ᠬᠦᠷᠢᠶᠡᠯᠡᠩ | ᠲᠣᠭᠤᠷᠢᠭ 3 ᠪᠣᠯᠪᠠ᠃ ᠦᠢᠯᠡᠴᠢᠯᠡᠭᠡᠨ ᠤ ᠦᠢᠯᠡᠰ ᠤᠨ ᠲᠣᠭᠲᠠᠭᠤᠨ ᠪᠣᠯᠵᠤ ᠴᠢᠨᠠᠷ ᠴᠢᠨᠰᠠᠭ᠎ᠠ ᠪᠠᠨ | ᠳᠡᠭᠡᠭᠰᠢᠯᠡᠭᠦᠯᠬᠦ ᠶᠢ ᠠᠬᠢᠭᠤᠯᠤᠨ᠂ ᠤᠯᠤᠰ ᠤᠨ ᠳᠡᠰ ᠤᠨ ᠰᠣᠶᠣᠯ ᠵᠢᠭᠤᠯᠴᠢᠯᠠᠯ ᠤᠨ ᠰᠥᠨᠢ ᠶᠢᠨ ᠬᠡᠷᠡᠭᠯᠡᠭᠡ ᠶᠢᠨ | ᠲᠥᠪᠯᠡᠷᠡᠯ ᠤᠨ ᠲᠣᠭᠤᠷᠢᠭ ᠢ 3᠂ ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠪᠣᠯᠬᠤ | ᠲᠣᠰᠬᠤᠨ ᠪᠠᠯᠭᠠᠰᠤ ᠶᠢ 9 ᠰᠢᠨ᠎ᠡ ᠪᠠᠷ ᠡᠭᠦᠳᠦᠨ ᠪᠠᠶᠢᠭᠤᠯᠵᠤ᠂ ᠤᠯᠤᠰ ᠤᠨ ᠳᠡᠰ ᠤᠨ ᠰᠣᠶᠣᠯ ᠵᠢᠭᠤᠯᠴᠢᠯᠠᠯ ᠤᠨ | ᠬᠡᠷᠡᠭᠯᠡᠭᠡ ᠶᠢᠨ ᠲᠤᠷᠰᠢᠯᠲᠠ ᠶᠢᠨ ᠴᠡᠭ ᠤᠨ ᠬᠤᠲᠠ ᠳᠤ ᠪᠤᠭᠤᠲᠤ ᠬᠤᠲᠠ ᠰᠣᠩᠭᠤᠭᠳᠠᠨ ᠣᠷᠣᠪᠠ᠃ ᠪᠥᠬᠦ | ᠣᠷᠣᠨ ᠤ ᠬᠠᠳᠠᠭᠠᠯᠠᠮᠵᠢ ᠪᠠ ᠵᠢᠭᠡᠯᠡᠯᠭᠡ ᠶᠢᠨ ᠵᠣᠭᠤᠰᠤᠨ ᠤ ᠨᠡᠮᠡᠭᠳᠡᠯ ᠤᠨ ᠬᠤᠷᠳᠤᠴᠠ ᠨᠡᠮᠡᠭᠳᠡᠯ ᠤᠨ ᠬᠡᠮᠵᠢᠶ᠎ᠡ | ᠴᠥᠮ 4 ᠵᠢᠯ ᠳᠠᠬᠢ ᠰᠢᠨ᠎ᠡ ᠲᠦᠪᠰᠢᠨ ᠢ ᠡᠭᠦᠳᠴᠦ᠂ ᠪᠠᠩᠬᠢ ᠶᠢᠨ ᠦᠢᠯᠡᠰ ᠤᠨ ᠨᠠᠶᠢᠳᠠᠪᠤᠷᠢ ᠮᠠᠭᠤᠲᠠᠢ | ᠵᠢᠭᠡᠯᠡᠯᠭᠡ ᠶᠢᠨ ᠵᠣᠭᠤᠰᠤᠨ ᠤ ᠨᠣᠷᠮ᠎ᠠ ᠪᠠᠭᠤᠷᠠᠭᠠᠳ 6 ᠵᠢᠯ ᠳᠠᠬᠢ ᠬᠠᠮᠤᠭ ᠤᠨ ᠳᠣᠣᠷ᠎ᠠ ᠲᠦᠪᠰᠢᠨ ᠳᠤ ᠬᠦᠷᠪᠡ︔ | 4 ᠠᠵᠤ ᠠᠬᠤᠶᠢᠯᠠᠯ ᠠᠮᠵᠢᠯᠲᠠ ᠲᠠᠢ ᠪᠠᠷ ᠰᠲ᠋ᠣᠺ ᠤᠨ ᠵᠠᠬ᠎ᠠ ᠳᠡᠯᠭᠡᠭᠦᠷ ᠲᠤ ᠭᠠᠷᠴᠤ᠂ ᠮᠠᠨ ᠤ ᠣᠷᠣᠨ ᠤ ᠠᠵᠤ | ᠠᠬᠤᠶᠢᠯᠠᠯ 9 ᠵᠢᠯ A ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠦᠭᠡᠢ ᠲᠡᠮᠳᠡᠭᠯᠡᠯ ᠢ ᠡᠴᠦᠰᠯᠡᠭᠦᠯᠪᠡ᠃ | ᠭᠤᠷᠪᠠ ᠳᠤ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠬᠥᠭᠵᠢᠭᠦᠯᠦᠨ | ᠮᠠᠨᠳᠤᠭᠤᠯᠬᠤ︾ ᠠᠵᠢᠯᠯᠠᠭᠠᠨ ᠢ ᠪᠥᠬᠦ ᠲᠠᠯ᠎ᠠ ᠪᠠᠷ ᠭᠦᠨᠵᠡᠭᠡᠶᠢᠷᠡᠭᠦᠯᠪᠡ᠃ ᠰᠤᠳᠤᠯᠤᠨ ᠨᠡᠭᠡᠭᠡᠬᠦ ᠳᠤ ᠪᠡᠯᠡ | ᠣᠷᠣᠭᠤᠯᠤᠨ ᠰᠢᠪᠲᠤᠯᠤᠯᠲᠠ ᠬᠢᠬᠦ ᠠᠵᠢᠯᠯᠠᠭᠠᠨ ᠢ ᠬᠡᠷᠡᠭᠵᠢᠭᠦᠯᠦᠨ᠂ ᠡᠳ᠋ ᠤᠨ ᠵᠠᠰᠠᠭ ᠤᠨ ᠲᠥᠬᠦᠷᠵᠢᠭᠦᠯᠦᠨ | ᠳᠡᠮᠵᠢᠬᠦ 12 ᠠᠷᠭ᠎ᠠ ᠬᠡᠮᠵᠢᠶ᠎ᠡ ᠶᠢ ᠲᠣᠭᠲᠠᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠬᠢ | ᠡᠳ᠋ ᠤᠨ ᠵᠠᠰᠠᠭ ᠤᠨ ᠵᠠᠷᠤᠯᠭ᠎ᠠ ᠶᠢ ᠠᠳᠠᠯᠢ ᠪᠠᠷᠢᠮᠵᠢᠶ᠎ᠠ ᠪᠠᠷ 20.7% ᠨᠡᠮᠡᠭᠳᠡᠭᠦᠯᠪᠡ᠃ ᠤᠷᠤᠭᠰᠢ ᠳᠠᠪᠰᠢᠨ | ᠰᠢᠯᠢᠳᠡᠭᠵᠢᠬᠦ ᠶᠢ ᠠᠬᠢᠭᠤᠯᠵᠤ ᠲᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠶᠢ ᠬᠡᠷᠡᠭᠵᠢᠭᠦᠯᠦᠨ᠂ ᠪᠥᠬᠦ ᠤᠯᠤᠰ ᠤᠨ | ᠨᠡᠷᠡᠰ ᠤᠨ ᠵᠢᠭᠰᠠᠭᠠᠯᠲᠠ ᠳᠤ ᠬᠦᠬᠡᠬᠤᠲᠠ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠪᠠᠶᠢᠷᠢ ᠨᠢ | ᠤᠷᠤᠭᠰᠢ ᠪᠠᠨ 10 ᠳᠠᠪᠰᠢᠵᠤ᠂ ᠪᠥᠬᠦ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠲᠤᠰ ᠲᠤᠰ 1220 ᠪᠠ | 828 ᠪᠣᠯᠪᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠬᠤᠯᠠ ᠶᠡᠭᠡ 47 ᠲᠤᠰᠬᠠᠢ ᠵᠦᠢᠯ ᠢ ᠵᠣᠬᠢᠶᠠᠨ | ᠪᠠᠶᠢᠭᠤᠯᠵᠤ᠂ ᠮᠡᠷᠭᠡᠵᠢᠯ ᠤᠨ ᠰᠢᠪᠲᠤᠯᠤᠯᠲᠠ ᠶᠢᠨ ᠲᠥᠯᠥᠪᠯᠡᠭᠡ ᠶᠢᠨ 445 ᠵᠦᠢᠯ ᠢ ᠬᠡᠷᠡᠭᠵᠢᠭᠦᠯᠦᠨ᠂ ᠠᠩᠬᠠᠨ ᠤ | ᠪᠦᠯᠦᠭ ︽ᠵᠠᠷᠯᠠᠯ ᠬᠦᠯᠢᠶᠡᠵᠦ ᠬᠤᠰᠢᠭᠤᠷᠠᠨ ᠠᠵᠢᠯᠯᠠᠬᠤ︾ ᠲᠥᠷᠥᠯ ᠵᠦᠢᠯ ᠤᠨ 12 ᠵᠦᠢᠯ ᠢ ᠨᠢ ᠴᠢᠷᠮᠠᠶᠢᠨ | ᠪᠦᠲᠦᠭᠡᠵᠦ᠂ ᠠᠯᠤᠰ ᠰᠡᠷᠡᠯ ᠤᠨ ᠳᠠᠭᠠᠭᠤᠯᠢ ᠣᠳᠣᠨ ︽ᠥᠪᠥᠷ ᠮᠣᠩᠭᠤᠯ ᠤᠨ ᠨᠢᠭᠡᠳᠦᠭᠡᠷ ᠨᠣᠮᠧᠷᠲᠤ︾ ᠶᠢ | ᠠᠮᠵᠢᠯᠲᠠ ᠲᠠᠢ ᠬᠠᠷᠪᠤᠪᠠ᠃ ᠲᠠᠪᠴᠠᠩ ᠠᠴᠢᠶᠠᠯᠠᠪᠤᠷᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ | ᠴᠢᠩᠭᠠᠷᠠᠭᠤᠯᠤᠨ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠯ ᠤᠨ | ᠬᠦᠷᠢᠶᠡᠯᠡᠩ ᠢ ᠪᠠᠶᠢᠭᠤᠯᠵᠤ᠂ ᠬᠤᠪᠣᠷ ᠰᠢᠷᠣᠢ ᠪᠠ 5G ᠠᠵᠤ ᠦᠢᠯᠡᠰ ᠤᠨ ᠰᠢᠨ᠎ᠡ ᠡᠭᠦᠳᠦᠯᠲᠡ ᠶᠢᠨ | ᠬᠤᠯᠪᠣᠭ᠎ᠠ ᠶᠢ ᠪᠠᠶᠢᠭᠤᠯᠤᠨ᠂ ᠤᠯᠤᠰ ᠤᠨ ᠣᠷᠣᠨ ᠪᠦᠰᠡ ᠶᠢᠨ ᠰᠢᠨ᠎ᠡ ᠡᠭᠦᠳᠦᠯᠲᠡ ᠶᠢᠨ ᠬᠥᠭᠵᠢᠯᠲᠡ ᠶᠢᠨ | ᠬᠤᠯᠪᠣᠭᠠᠲᠤ ᠰᠠᠭᠤᠷᠢ ᠮᠥᠩᠭᠦ ᠪᠠ ᠬᠠᠲᠤᠨ ᠭᠤᠣᠯ ᠤᠨ ᠰᠠᠪᠠ ᠭᠠᠵᠠᠷ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠡᠭᠦᠳᠦᠯᠲᠡ ᠶᠢᠨ ᠬᠤᠯᠪᠣᠭ᠎ᠠ ᠳᠤ ᠣᠷᠣᠯᠴᠠᠵᠤ᠂ ᠤᠯᠤᠰ ᠤᠨ ᠳᠣᠲᠣᠭᠠᠳᠤ ᠶᠢᠨ ᠶᠡᠭᠡ | ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠯᠤᠭ᠎ᠠ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ 24 | ᠪᠠᠶᠢᠭᠤᠯᠤᠮᠵᠢ ᠶᠢ ᠬᠠᠮᠲᠤ ᠪᠠᠷ ᠪᠠᠶᠢᠭᠤᠯᠤᠨ᠂ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ | ᠡᠭᠦᠳᠦᠯᠲᠡ ᠶᠢᠨ ᠲᠥᠪ ᠪᠠ ᠰᠦ ᠴᠠᠭᠠᠨ ᠢᠳᠡᠭᠡᠨ ᠤ ᠠᠵᠤ ᠦᠢᠯᠡᠰ ᠤᠨ ᠬᠡᠮᠵᠢᠵᠦ ᠰᠢᠯᠭᠠᠨ ᠲᠤᠷᠰᠢᠬᠤ ᠲᠥᠪ ᠢ | ᠪᠠᠶᠢᠭᠤᠯᠬᠤ ᠠᠵᠢᠯ ᠠᠮᠵᠢᠯᠲᠠ ᠲᠠᠢ ᠪᠠᠷ ᠵᠥᠪᠰᠢᠶᠡᠷᠡᠭᠳᠡᠪᠡ᠃ | ᠳᠥᠷᠪᠡ ᠳᠤ ᠠᠮᠢ ᠠᠬᠤᠢ ᠶᠢᠨ ᠰᠢᠰᠲ᠋ᠧᠮ ᠤᠨ ᠴᠢᠨᠠᠷ ᠴᠢᠨᠰᠠᠭ᠎ᠠ ᠪᠠ ᠲᠣᠭᠲᠠᠭᠤᠨ ᠴᠢᠨᠠᠷ ᠦᠷᠭᠦᠯᠵᠢᠯᠡᠨ | ᠳᠡᠭᠡᠭᠰᠢᠯᠡᠪᠡ᠃ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠳᠠᠭᠤᠰᠬᠠᠨ᠂ ᠪᠥᠬᠦ ᠪᠦᠰᠡ ᠳᠤ ᠭᠤᠣᠯ ᠴᠣᠭᠴᠠ ᠶᠢᠨ | ᠴᠢᠳᠠᠮᠵᠢᠲᠤ ᠣᠷᠣᠨ ᠤ ᠪᠠᠶᠢᠷᠢ ᠲᠣᠭᠲᠠᠭᠠᠯᠲᠠ ᠶᠢ ᠲᠣᠳᠣᠷᠬᠠᠢ ᠲᠣᠭᠲᠠᠭᠠᠵᠤ᠂ ︽ᠭᠤᠷᠪᠠᠨ ᠲᠥᠷᠥᠯ ᠤᠨ ᠣᠷᠣᠨ | ᠵᠠᠢ ᠶᠢᠨ ᠲᠣᠭᠤᠷᠢᠭ ᠪᠠ ᠭᠤᠷᠪᠠᠨ ᠵᠤᠷᠪᠤᠰ ᠬᠢᠵᠠᠭᠠᠷᠯᠠᠬᠤ ᠱᠤᠭᠤᠮ︾ ᠢ ᠵᠣᠬᠢᠰᠲᠠᠢ ᠲᠣᠭᠲᠠᠭᠠᠨ᠂ ᠲᠥᠪ ᠤᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠭᠰᠠᠨ ᠵᠢᠴᠢ ︽ᠪᠤᠴᠠᠵᠤ ᠪᠠᠶᠢᠴᠠᠭᠠᠨ ᠦᠵᠡᠬᠦ︾ | ᠳᠤ ᠴᠡᠭᠴᠡᠯᠡᠨ ᠰᠠᠶᠢᠵᠢᠷᠠᠭᠤᠯᠬᠤ ᠪᠠᠷ ᠲᠤᠰᠬᠠᠭᠰᠠᠨ ᠡᠭᠦᠷᠭᠡ ᠪᠠᠨ ᠪᠡᠶᠡᠯᠡᠭᠦᠯᠵᠦ᠂ ᠬᠠᠲᠤᠨ ᠭᠤᠣᠯ᠂ ᠬᠥᠯᠥᠨ | ᠨᠠᠭᠤᠷ ᠳᠠᠭ᠎ᠠ ᠶᠢᠨ ᠨᠠᠭᠤᠷ ᠤᠯᠠᠭᠠᠨᠰᠤᠬᠠᠢ ᠨᠠᠭᠤᠷ᠂ ᠴᠠᠭᠠᠨᠨᠠᠭᠤᠷ ᠵᠡᠷᠭᠡ ᠭᠤᠣᠯᠳᠠᠯᠭ᠎ᠠ ᠪᠣᠯᠬᠤ ᠨᠠᠭᠤᠷ ᠭᠤᠣᠯ ᠤᠨ | ᠰᠠᠪᠠ ᠭᠠᠵᠠᠷ ᠢ ᠵᠠᠰᠠᠬᠤ ᠠᠵᠢᠯ ᠳᠤ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠪᠠ᠃ ᠪᠣᠬᠢᠷᠳᠤᠯ ᠢ ᠰᠡᠷᠭᠡᠶᠢᠯᠡᠨ | ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠭᠦᠨᠵᠡᠭᠡᠢ ᠰᠠᠶᠢᠨ ᠬᠢᠵᠦ᠂ ᠠᠭᠠᠷ ᠮᠠᠨᠳᠠᠯ᠂ ᠤᠰᠤ᠂ ᠭᠠᠵᠠᠷ | ᠬᠥᠷᠥᠰᠥᠨ ᠤ ᠣᠷᠴᠢᠨ ᠲᠣᠭᠤᠷᠢᠨ ᠤ ᠴᠢᠨᠠᠷ ᠦᠷᠭᠦᠯᠵᠢᠯᠡᠨ ᠰᠠᠶᠢᠵᠢᠷᠠᠪᠠ᠃ ︽2021 ᠣᠨ ᠤ ᠳᠤᠮᠳᠠᠳᠤ | ᠤᠯᠤᠰ ᠤᠨ ᠠᠮᠢ ᠠᠬᠤᠢ ᠶᠢᠨ ᠬᠠᠮᠤᠭ ᠤᠨ ᠥᠷᠢᠰᠦᠯᠳᠦᠬᠦ ᠬᠦᠴᠦᠨ ᠪᠦᠬᠦᠢ ᠬᠤᠲᠠ︾ ᠳᠤ ᠬᠥᠬᠡᠬᠤᠲᠠ | ᠰᠣᠩᠭᠤᠭᠳᠠᠨ ᠣᠷᠣᠵᠤ᠂ ᠬᠢᠩᠭᠠᠨ ᠠᠶᠢᠮᠠᠭ ᠪᠥᠬᠦ ᠣᠷᠣᠨ ᠤ ᠲᠤᠰᠬᠠᠢ ᠣᠷᠣᠨ ᠬᠤᠲᠠ ᠶᠢᠨ ᠳᠡᠰ ᠤᠨ ᠠᠩᠬᠠᠨ ᠤ | ︽ᠬᠥᠬᠡ ᠠᠭᠤᠯᠠ ᠬᠥᠬᠡᠮᠳᠦᠭ ᠤᠰᠤ ᠪᠣᠯ ᠠᠯᠲᠠ ᠮᠥᠩᠭᠦᠨ ᠠᠭᠤᠯᠠ︾ ᠶᠢᠨ ᠦᠢᠯᠡᠳᠦᠯᠭᠡᠵᠢᠭᠦᠯᠵᠦ ᠰᠢᠨ᠎ᠡ ᠶᠢ | ᠡᠭᠦᠳᠬᠦ ᠰᠠᠭᠤᠷᠢᠨ ᠭᠠᠵᠠᠷ ᠢ ᠠᠮᠵᠢᠯᠲᠠ ᠲᠠᠢ ᠡᠭᠦᠳᠦᠨ ᠪᠠᠶᠢᠭᠤᠯᠪᠠ᠃ ᠬᠠᠮᠠᠭᠠᠯᠠᠵᠤ ᠥᠩᠵᠢᠭᠦᠯᠬᠦ ᠴᠢᠬᠤᠯᠠ ᠶᠡᠭᠡ | ᠢᠨᠵᠧᠨᠧᠷᠢᠩ ᠢ ᠬᠡᠷᠡᠭᠵᠢᠭᠦᠯᠦᠨ᠂ 594 ᠲᠦᠮᠡᠨ ᠮᠦ ᠣᠢ ᠣᠶᠢᠵᠢᠭᠤᠯᠵᠤ᠂ 1667 ᠲᠦᠮᠡᠨ ᠮᠦ ᠡᠪᠡᠰᠦ | ᠲᠠᠷᠢᠵᠤ᠂ 530 ᠲᠦᠮᠡᠨ ᠮᠦ ᠡᠯᠡᠰᠦ ᠶᠢ ᠬᠠᠰᠢᠭᠰᠠᠨ ᠪᠠ ᠵᠠᠰᠠᠵᠤ᠂ ᠪᠣᠬᠢᠷᠳᠤᠯ ᠦᠭᠡᠢ ᠠᠭᠤᠷᠬᠠᠢ ᠶᠢ 133 | ᠰᠢᠨ᠎ᠡ ᠪᠠᠷ ᠪᠠᠶᠢᠭᠤᠯᠤᠨ᠂ ᠠᠮᠢ ᠠᠬᠤᠢ ᠶᠢᠨ ᠦᠢᠯᠡᠴᠢᠯᠡᠭᠡᠨ ᠤ ᠴᠢᠳᠠᠮᠵᠢ ᠦᠷᠭᠦᠯᠵᠢᠯᠡᠨ ᠳᠡᠭᠡᠭᠰᠢᠯᠡᠪᠡ᠃ | ᠲᠠᠪᠤ ᠳᠤ ᠬᠤᠲᠠ ᠬᠥᠳᠡᠭᠡ ᠶᠢᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠯᠠᠪᠳᠠᠭᠤᠨ ᠪᠠᠲᠤᠲᠠᠢ | ᠠᠬᠢᠪᠠ᠃ ᠶᠠᠳᠠᠭᠤ ᠠᠴᠠ ᠠᠩᠭᠢᠵᠢᠷᠠᠭᠤᠯᠤᠭᠰᠠᠨ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ | ᠥᠷᠭᠡᠳᠬᠡᠨ᠂ ᠬᠥᠳᠡᠭᠡ ᠲᠣᠰᠬᠤᠨ ᠢᠶᠠᠨ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠤᠨ᠂ | ᠠᠵᠢᠭᠯᠠᠯᠲᠠ ᠳᠤ ᠪᠠᠶᠢᠭᠰᠠᠨ 4.7 ᠲᠦᠮᠡᠨ ᠬᠥᠮᠥᠨ ᠤ ᠪᠤᠴᠠᠭᠠᠳ ᠶᠠᠳᠠᠭᠤᠷᠠᠬᠤ ᠪᠠ ᠶᠠᠳᠠᠭᠤ ᠪᠠᠶᠢᠳᠠᠯ ᠳᠤ | ᠣᠷᠣᠬᠤ ᠲᠦᠭᠰᠢᠭᠦᠷᠢ ᠶᠢ ᠦᠭᠡᠶᠢᠰᠬᠡᠵᠦ᠂ ᠲᠠᠷᠢᠶᠠᠯᠠᠬᠤ ᠮᠠᠯᠵᠢᠬᠤ ᠣᠷᠣᠨ ᠳᠤ 4704 ᠺᠢᠯᠤᠮᠧᠲᠷ ᠵᠠᠰᠠᠮᠠᠯ ᠵᠠᠮ | ᠳᠡᠪᠢᠰᠦᠨ᠂ ᠨᠤᠷᠠᠬᠤ ᠠᠶᠤᠯᠲᠠᠢ ᠪᠠᠶᠢᠭᠰᠠᠨ 6814 ᠡᠷᠦᠬᠡ ᠶᠢᠨ ᠭᠡᠷ ᠪᠠᠶᠢᠰᠢᠩ ᠢ ᠵᠠᠰᠠᠨ ᠰᠠᠶᠢᠵᠢᠷᠠᠭᠤᠯᠵᠤ᠂ | ᠭᠡᠮ ᠠᠰᠠᠭᠤᠳᠠᠯ ᠲᠠᠢ 15.1 ᠲᠦᠮᠡᠨ ᠵᠣᠷᠯᠣᠩ ᠢ ᠴᠡᠭᠴᠡᠯᠡᠨ ᠰᠠᠶᠢᠵᠢᠷᠠᠭᠤᠯᠪᠠ᠃ ᠪᠡᠭᠡᠵᠢᠩ ᠪᠠ ᠥᠪᠥᠷ | ᠮᠣᠩᠭᠤᠯ ᠤᠨ ᠬᠠᠮᠵᠢᠯᠴᠠᠨ ᠠᠵᠢᠯᠯᠠᠬᠤ ᠶᠢ ᠭᠦᠨᠵᠡᠭᠡᠶᠢᠷᠡᠭᠦᠯᠦᠨ᠂ 97 ᠠᠵᠤ ᠠᠬᠤᠶᠢᠯᠠᠯ ᠢ ᠣᠷᠣᠭᠤᠯᠤᠨ | ᠠᠪᠴᠢᠷᠠᠵᠤ᠂ ᠲᠤᠰᠠᠯᠠᠨ ᠬᠠᠪᠰᠤᠷᠬᠤ ᠪᠡᠯᠡ ᠮᠥᠩᠭᠦ ᠶᠢ 19.4 ᠳ᠋ᠦᠩᠰᠢᠭᠤᠷ ᠲᠥᠭᠦᠷᠢᠭ ᠣᠷᠣᠭᠤᠯᠤᠨ᠂ | ᠬᠠᠪᠰᠤᠷᠴᠤ ᠲᠡᠳᠬᠦᠬᠦ ᠬᠡᠷᠡᠭᠯᠡᠭᠡ 100 ᠳ᠋ᠦᠩᠰᠢᠭᠤᠷ ᠲᠥᠭᠦᠷᠢᠭ ᠢ ᠳᠠᠪᠠᠪᠠ᠃ ᠠᠭᠠᠷ ᠤᠨ ᠠᠶᠠᠯᠠᠯ ᠤᠨ ᠭᠤᠣᠯ | ᠱᠤᠭᠤᠮ ᠢ ᠰᠠᠯᠪᠤᠷᠢ ᠱᠤᠭᠤᠮ ᠯᠤᠭ᠎ᠠ ᠨᠡᠪᠲᠡᠷᠡᠭᠦᠯᠬᠦ᠂ ᠰᠠᠯᠪᠤᠷᠢ ᠱᠤᠭᠤᠮ ᠢ ᠰᠠᠯᠪᠤᠷᠢ ᠱᠤᠭᠤᠮ ᠯᠤᠭ᠎ᠠ | ᠨᠡᠪᠲᠡᠷᠡᠭᠦᠯᠬᠦ ᠶᠢ ᠲᠦᠷᠭᠡᠳᠬᠡᠨ ᠠᠬᠢᠭᠤᠯᠵᠤ᠂ ᠬᠥᠬᠡᠬᠤᠲᠠ ᠠᠴᠠ ᠵᠧᠩᠵᠧᠦ᠂ ᠵᠢᠨᠠᠨ᠂ ᠰᠢ ᠠᠨ ᠳᠤ ᠰᠢᠭᠤᠳ | ᠬᠦᠷᠬᠦ ᠬᠦᠳᠡᠯᠭᠡᠭᠦᠷᠲᠦ ᠴᠤᠪᠤᠭ᠎ᠠ ᠲᠡᠷᠭᠡ ᠶᠢ ᠵᠠᠯᠭᠠᠯᠳᠤᠭ᠎ᠠ ᠪᠠᠷ ᠨᠡᠪᠲᠡᠷᠡᠭᠦᠯᠦᠨ᠂ ᠬᠥᠬᠡᠬᠤᠲᠠ ᠪᠤᠭᠤᠲᠤ ᠣᠷᠳᠣᠰ | ᠤᠯᠠᠭᠠᠨᠴᠠᠪ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ 161 ᠵᠦᠢᠯᠡᠰ ᠲᠤ ︽ᠳᠥᠷᠪᠡᠨ ᠬᠤᠲᠠ ᠶᠢᠨ | ᠬᠤᠭᠤᠷᠣᠨᠳᠤ ᠵᠥᠷᠢᠶ᠎ᠡ ᠦᠭᠡᠢ ᠪᠠᠷ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠪᠡ᠃ | ᠵᠢᠷᠭᠤᠭ᠎ᠠ ᠳᠤ ᠥᠭᠡᠷᠡᠴᠢᠯᠡᠯᠲᠡ ᠨᠡᠭᠡᠭᠡᠯᠲᠡ ᠢᠯᠡᠳᠲᠡ ᠦᠷ᠎ᠡ ᠪᠦᠲᠦᠮᠵᠢ ᠲᠠᠢ ᠪᠣᠯᠪᠠ᠃ ︽ᠲᠠᠯᠪᠢᠬᠤ | ᠬᠠᠮᠢᠶᠠᠷᠬᠤ ᠦᠢᠯᠡᠴᠢᠯᠡᠬᠦ︾ ᠶᠢ ᠭᠦᠨᠵᠡᠭᠡᠶᠢᠷᠡᠭᠦᠯᠦᠨ᠂ ᠠᠵᠤ ᠠᠬᠤᠶᠢᠯᠠᠯ ᠡᠷᠬᠢᠯᠡᠨ ᠨᠡᠭᠡᠭᠡᠬᠦ ᠠᠵᠢᠯ ᠢ ︽ᠨᠢᠭᠡ ᠯᠠ | ᠡᠳᠦᠷ ᠲᠤ ᠭᠦᠢᠴᠡᠳᠬᠡᠨ ᠳᠠᠭᠤᠰᠬᠠᠵᠤ︾᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ 67.8% ᠵᠦᠢᠯᠡᠰ ᠤᠨ | ᠪᠥᠬᠦ ᠶᠠᠪᠤᠴᠠ ᠶᠢ ᠨᠢ ᠰᠦᠯᠵᠢᠶ᠎ᠡ ᠪᠠᠷ ᠭᠦᠢᠴᠡᠳᠬᠡᠬᠦ ᠶᠢ ᠳᠡᠮᠵᠢᠨ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠠᠯ᠎ᠠ ᠪᠠᠷ ᠬᠢ ᠣᠯᠠᠨᠲᠠ ᠦᠢᠯᠡᠴᠢᠯᠡᠬᠦ ᠵᠦᠢᠯᠡᠰ ᠲᠤ ︽ᠮᠤᠵᠢ ᠠᠯᠤᠰᠯᠠᠨ ᠨᠡᠶᠢᠳᠡᠮ | ᠭᠦᠢᠴᠡᠳᠬᠡᠬᠦ︾ ᠶᠢ ᠪᠡᠶᠡᠯᠡᠭᠦᠯᠪᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ | ᠭᠤᠷᠪᠠᠨ ᠵᠢᠯ ᠤᠨ ᠠᠵᠢᠯᠯᠠᠭᠠᠨ ᠢ ᠭᠦᠨᠵᠡᠭᠡᠢ ᠬᠡᠷᠡᠭᠵᠢᠭᠦᠯᠵᠦ᠂ ᠺᠣᠮᠫᠠᠨᠢ ᠶᠢᠨ ᠳᠦᠷᠢᠮ ᠤᠨ ᠥᠭᠡᠷᠡᠴᠢᠯᠡᠯᠲᠡ ᠶᠢ | ᠦᠨᠳᠦᠰᠦᠨ ᠳᠤ ᠪᠠᠨ ᠳᠠᠭᠤᠰᠬᠠᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠡᠯᠡ ᠣᠷᠤᠭᠤᠯᠤᠯᠲᠠ ᠶᠢᠨ | ᠪᠦᠯᠦᠭᠯᠡᠯ ᠢ ᠪᠠᠶᠢᠯᠳᠤᠬᠤ ᠪᠣᠳᠣᠯᠭ᠎ᠠ ᠶᠢᠨ ᠲᠠᠯ᠎ᠠ ᠪᠠᠷ ᠳᠠᠬᠢᠨᠲᠠ ᠵᠣᠬᠢᠶᠠᠨ ᠪᠠᠶᠢᠭᠤᠯᠵᠤ᠂ ᠥᠪᠥᠷ ᠮᠣᠩᠭᠤᠯ ᠤᠨ | ᠡᠨᠧᠷᠬᠢ ᠶᠢᠨ ᠪᠡᠯᠡ ᠣᠷᠤᠭᠤᠯᠤᠯᠲᠠ ᠪᠠ ᠡᠨᠧᠷᠬᠢ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠢ ᠡᠮᠬᠢᠯᠡᠨ | ᠨᠡᠶᠢᠯᠡᠭᠦᠯᠪᠡ᠃ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ | ᠬᠤᠪᠢᠶᠠᠷᠢᠯᠠᠬᠤ ᠥᠭᠡᠷᠡᠴᠢᠯᠡᠯᠲᠡ ᠪᠠᠨ ᠬᠦᠷᠢᠶ᠎ᠡ ᠴᠠᠷᠠᠭ᠎ᠠ ᠪᠠᠷ ᠨᠢ ᠢᠯᠭᠠᠨ ᠠᠬᠢᠭᠤᠯᠵᠤ᠂ ᠨᠣᠭᠤᠭᠠᠨ ᠮᠥᠩᠭᠦᠨ | ᠭᠦᠢᠯᠭᠡᠭᠡᠨ ᠤ ᠲᠤᠰᠬᠠᠢ ᠡᠵᠡᠩᠨᠡᠯᠲᠡ ᠶᠢᠨ ᠪᠠᠶᠢᠭᠤᠯᠤᠮᠵᠢ ᠶᠢ ᠪᠠᠶᠢᠭᠤᠯᠤᠨ᠂ ᠨᠣᠭᠤᠭᠠᠨ ᠵᠢᠭᠡᠯᠡᠯᠭᠡ ᠶᠢᠨ ᠵᠣᠭᠤᠰ | 18.4% ᠨᠡᠮᠡᠭᠳᠡᠪᠡ᠃ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠵᠡᠷᠭᠡ | ᠲᠤᠷᠰᠢᠯᠲᠠ ᠶᠢᠨ ᠴᠡᠭ ᠢ ᠯᠠᠪᠳᠠᠭᠤᠨ ᠪᠠᠲᠤᠲᠠᠢ ᠠᠬᠢᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠬᠠᠮᠲᠤ ᠶᠢᠨ | ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠦᠨᠳᠦᠰᠦᠨ ᠳᠤ ᠪᠠᠨ ᠪᠡᠶᠡᠯᠡᠭᠦᠯᠪᠡ᠃ | ᠭᠠᠳᠠᠭᠠᠳᠤ ᠳᠤ ᠨᠡᠭᠡᠭᠡᠯᠲᠡ ᠬᠢᠬᠦ ᠨᠢᠭᠡ ᠪᠦᠯᠦᠭ ᠭᠤᠣᠯᠳᠠᠯᠭ᠎ᠠ ᠪᠣᠯᠬᠤ ᠢᠨᠵᠧᠨᠧᠷᠢᠩ ᠤᠨ ᠲᠥᠷᠥᠯ ᠵᠦᠢᠯ ᠢ ᠰᠡᠳᠦᠨ | ᠲᠥᠯᠥᠪᠯᠡᠵᠦ ᠬᠡᠷᠡᠭᠵᠢᠭᠦᠯᠦᠨ᠂ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡ ᠶᠢ 304 ᠴᠤᠪᠤᠭ᠎ᠠ | ᠶᠠᠪᠤᠭᠤᠯᠵᠤ᠂ ᠬᠢᠯᠢ ᠪᠠᠷ ᠭᠠᠷᠴᠤ ᠣᠷᠣᠭᠰᠠᠨ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡ 6162 | ᠴᠤᠪᠤᠭ᠎ᠠ ᠪᠠᠶᠢᠵᠤ᠂ 13.3% ᠨᠡᠮᠡᠭᠳᠡᠪᠡ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ | ᠶᠡᠷᠦᠩᠬᠡᠢ ᠲᠤᠭ᠎ᠠ 1235.6 ᠳ᠋ᠦᠩᠰᠢᠭᠤᠷ ᠲᠥᠭᠦᠷᠢᠭ ᠪᠣᠯᠵᠤ᠂ 17.2% ᠨᠡᠮᠡᠭᠳᠡᠪᠡ᠃ ᠪᠥᠬᠦ ᠤᠯᠤᠰ ᠤᠨ | ᠠᠵᠤ ᠦᠢᠯᠡᠳᠪᠦᠷᠢ ᠬᠤᠳᠠᠯᠳᠤᠭ᠎ᠠ ᠶᠢᠨ ᠬᠤᠯᠪᠣᠭᠠᠲᠤ ᠬᠤᠷᠠᠯ ᠤᠨ ᠲᠡᠷᠢᠭᠦᠯᠡᠭᠴᠢ ᠶᠢᠨ ᠳᠡᠭᠡᠳᠦ ᠳᠡᠰ ᠤᠨ | ᠲᠦᠷᠦᠭᠦᠴᠦᠳ ᠤᠨ ᠬᠤᠷᠠᠯ ᠬᠢᠭᠡᠳ ᠪᠥᠬᠦ ᠤᠯᠤᠰ ᠤᠨ ᠠᠷᠠᠳ ᠠᠴᠠ ᠡᠵᠡᠩᠨᠡᠭᠰᠡᠨ ᠰᠢᠯᠢᠳᠡᠭ ᠬᠦᠴᠦᠷᠬᠡᠭ ᠠᠵᠤ | ᠠᠬᠤᠶᠢᠯᠠᠯ ᠤᠨ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠬᠠᠪᠰᠤᠷᠤᠨ ᠠᠬᠢᠭᠤᠯᠬᠤ ᠶᠡᠭᠡ ᠬᠤᠷᠠᠯ ᠢ | ᠡᠷᠬᠢᠯᠡᠨ᠂ ᠤᠯᠤᠰ ᠤᠨ ᠳᠣᠲᠣᠭᠠᠳᠤ ᠳᠠᠬᠢ ᠭᠤᠣᠯᠳᠠᠯᠭ᠎ᠠ ᠪᠣᠯᠬᠤ ᠭᠠᠵᠠᠷ ᠣᠷᠣᠨ ᠯᠤᠭ᠎ᠠ ᠶᠢᠨ ᠰᠣᠯᠢᠯᠴᠠᠭ᠎ᠠ | ᠬᠠᠮᠲᠤᠷᠠᠯᠴᠠᠭ᠎ᠠ ᠶᠢ ᠴᠢᠩᠭᠠᠳᠬᠠᠵᠤ᠂ ᠤᠯᠤᠰ ᠤᠨ ᠳᠣᠲᠣᠭᠠᠳᠤ ᠠᠴᠠ ᠣᠷᠣᠭᠤᠯᠵᠤ ᠠᠪᠴᠢᠷᠠᠭᠰᠠᠨ ᠪᠡᠯᠡ ᠮᠥᠩᠭᠦ | 2112 ᠳ᠋ᠦᠩᠰᠢᠭᠤᠷ ᠲᠥᠭᠦᠷᠢᠭ ᠪᠠᠶᠢᠵᠤ᠂ 15.3% ᠨᠡᠮᠡᠭᠳᠡᠪᠡ᠃ | ᠳᠣᠯᠤᠭ᠎ᠠ ᠳᠤ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠪᠠᠬᠢᠵᠢᠨ ᠬᠥᠭᠵᠢᠪᠡ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠡᠷᠡᠰ ᠪᠠᠲᠤᠳᠬᠠᠨ᠂ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠦᠰᠦᠭ ᠪᠢᠴᠢᠭ ᠢ ᠬᠦᠴᠦᠲᠡᠢ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠤᠨ ᠨᠢᠭᠡᠳᠦᠯᠲᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ︽ᠳᠡᠯᠭᠡᠷᠡᠭᠦᠯᠦᠨ ᠲᠦᠭᠡᠮᠡᠯᠵᠢᠭᠦᠯᠪᠡᠰᠦ ᠵᠣᠬᠢᠬᠤ ᠪᠦᠬᠦᠨ ᠢ ᠵᠠᠪᠠᠯ | ᠳᠡᠯᠭᠡᠷᠡᠭᠦᠯᠦᠨ ᠲᠦᠭᠡᠮᠡᠯᠵᠢᠭᠦᠯᠵᠦ︾᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠪᠠᠷ ᠠᠰᠠᠷᠠᠨ ᠬᠥᠮᠥᠵᠢᠭᠦᠯᠬᠦ | ᠬᠥᠮᠦᠵᠢᠯ ᠢ ᠬᠡᠦᠬᠡᠳ ᠤᠨ ᠴᠡᠴᠡᠷᠯᠢᠭ ᠪᠦᠬᠦᠨ ᠳᠤ ᠬᠠᠮᠤᠷᠤᠭᠤᠯᠬᠤ ᠶᠢ ᠪᠡᠶᠡᠯᠡᠭᠦᠯᠦᠨ᠂ ᠬᠤᠲᠠ ᠶᠢᠨ ᠦᠭᠡ ᠬᠡᠯᠡ | ᠦᠰᠦᠭ ᠪᠢᠴᠢᠭ ᠤᠨ ᠳᠦᠷᠢᠮᠵᠢᠭᠦᠯᠦᠯᠲᠡ ᠶᠢᠨ ᠦᠨᠡᠯᠡᠨ ᠵᠢᠱᠢᠬᠦ ᠠᠵᠢᠯ ᠢ ᠶᠡᠷᠦᠩᠬᠡᠢ ᠳᠤ ᠨᠢ ᠪᠡᠶᠡᠯᠡᠭᠦᠯᠪᠡ᠃ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠬᠥᠭᠵᠢᠯᠲᠡ ᠶᠢᠨ ᠲᠥᠯᠦᠪᠵᠢᠭᠦᠯᠭᠡ ᠶᠢ | ᠲᠣᠭᠲᠠᠭᠠᠨ ᠬᠡᠷᠡᠭᠵᠢᠭᠦᠯᠵᠦ᠂ ᠬᠢᠩᠭᠠᠨ ᠠᠶᠢᠮᠠᠭ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶ᠎ᠡ ᠦᠵᠡᠭᠦᠯᠬᠦ ᠠᠶᠢᠮᠠᠭ ᠢ ᠳᠠᠬᠢᠨᠲᠠ ᠠᠮᠵᠢᠯᠲᠠ ᠲᠠᠢ ᠪᠠᠷ ᠡᠭᠦᠳᠦᠨ ᠪᠠᠶᠢᠭᠤᠯᠪᠠ᠃ ᠨᠡᠩ ᠢᠯᠠᠩᠭᠤᠶ᠎ᠠ | ᠮᠠᠷᠲᠠᠭᠳᠠᠰᠢ ᠦᠭᠡᠢ ᠪᠣᠯᠤᠭᠰᠠᠨ ᠶᠠᠪᠤᠳᠠᠯ ᠪᠣᠯ᠂ ᠬᠢᠵᠢᠭ ᠤᠨ ᠪᠠᠶᠢᠳᠠᠯ ᠭᠡᠨᠡᠳᠲᠡ ᠡᠭᠦᠰᠦᠭᠰᠡᠨ ᠪᠠ ᠴᠠᠰᠤ ᠵᠤᠳ | ᠪᠣᠯᠤᠭᠰᠠᠨ ᠦᠶ᠎ᠡ ᠳᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠰᠡᠳᠬᠢᠯ ᠵᠢᠷᠦᠬᠡ ᠪᠠᠨ ᠬᠤᠯᠪᠣᠨ᠂ ᠡᠯ᠎ᠡ | ᠱᠠᠲᠤ ᠡᠯ᠎ᠡ ᠭᠠᠵᠠᠷ ᠤᠨ ᠬᠢᠨ ᠲᠦᠷᠭᠡᠨ ᠢᠶᠠᠷ ᠬᠦᠴᠦᠯᠡᠨ ᠲᠤᠰᠠᠯᠠᠵᠤ᠂ ᠵᠢᠷᠭᠠᠯ ᠵᠣᠪᠠᠯ ᠢᠶᠠᠨ ᠬᠠᠮᠲᠤᠳᠬᠠᠬᠤ᠂ | ᠢᠷᠠᠭᠤ ᠠᠯᠳᠠᠷ ᠢᠴᠢᠭᠦᠷᠢ ᠭᠤᠲᠤᠮᠰᠢᠭ ᠢᠶᠠᠨ ᠬᠠᠮᠲᠤᠳᠬᠠᠬᠤ᠂ ᠦᠬᠦᠵᠦ ᠰᠡᠬᠡᠬᠦ ᠪᠠᠨ ᠬᠠᠮᠲᠤᠳᠬᠠᠬᠤ᠂ ᠬᠤᠪᠢ | ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠨᠣᠯᠵᠢᠬᠤᠨ ᠢ ᠳᠠᠶᠢᠯᠤᠨ ᠲᠣᠳᠣᠷᠠᠭᠤᠯᠵᠤ᠂ ᠰᠠᠬᠢᠨ | ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ ᠰᠦᠷᠯᠢᠭ ᠰᠠᠶᠢᠬᠠᠨ ᠬᠠᠭᠤᠳᠠᠰᠤ ᠶᠢ ᠵᠢᠷᠤᠭᠯᠠᠨ ᠪᠢᠴᠢᠵᠦ᠂ ︽ᠵᠢᠱᠢᠶᠡᠴᠢ | ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢᠶᠠᠨ ᠬᠠᠮᠠᠭᠠᠯᠠᠪᠠ᠃ | ᠨᠠᠢᠮᠠ ᠳᠤ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠪᠡ᠃ | ᠠᠵᠢᠯ ᠣᠯᠭᠤᠵᠤ ᠣᠷᠤᠯᠭ᠎ᠠ ᠨᠡᠮᠡᠭᠳᠡᠭᠦᠯᠬᠦ ᠠᠷᠭ᠎ᠠ ᠬᠡᠮᠵᠢᠶ᠎ᠡ ᠶᠢ ᠴᠢᠩᠭᠠᠷᠠᠭᠤᠯᠵᠤ᠂ ᠬᠤᠲᠠ ᠪᠠᠯᠭᠠᠰᠤᠨ ᠤ ᠠᠵᠢᠯ | ᠣᠯᠣᠭᠰᠠᠳ 22.4 ᠲᠦᠮᠡ ᠰᠢᠨ᠎ᠡ ᠪᠠᠷ ᠨᠡᠮᠡᠭᠳᠡᠵᠦ᠂ ᠣᠨ ᠤ ᠲᠥᠯᠥᠪᠯᠡᠭᠡ ᠶᠢ 112% ᠪᠡᠶᠡᠯᠡᠭᠦᠯᠦᠨ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠲᠤᠰ ᠲᠤᠰ 7.3% ᠪᠠ 10.7% ᠨᠡᠮᠡᠭᠳᠡᠪᠡ᠃ ᠲᠦᠭᠡᠮᠡᠯ | ᠬᠠᠷᠠᠭᠠᠯᠵᠠᠯ ᠤᠨ ᠴᠢᠨᠠᠷᠲᠠᠢ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠠᠮᠤᠷᠬᠤ ᠬᠡᠪᠴᠢᠶ᠎ᠡ ᠶᠢ | ᠥᠷᠭᠡᠳᠬᠡᠵᠦ᠂ ︽ᠬᠤᠶᠠᠷ ᠢ ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠪᠦᠲᠦᠮᠵᠢᠲᠡᠢ ᠨᠠᠶᠢᠳᠠᠪᠤᠷᠢᠵᠢᠭᠤᠯᠤᠨ᠂ | ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢ ᠦᠨᠳᠦᠰᠦᠨ ᠳᠤ ᠪᠠᠨ | ᠲᠡᠩᠴᠡᠭᠦᠷᠢᠰᠢᠭᠦᠯᠬᠦ ᠮᠠᠭᠠᠳᠯᠠᠯᠲᠠ ᠶᠢ ᠪᠦᠬᠦ ᠬᠦᠷᠢᠶ᠎ᠡ ᠴᠠᠷᠠᠭᠠᠨ ᠳᠤ ᠪᠠᠲᠤᠯᠠᠪᠠ᠃ ᠬᠦᠨᠳᠦ ᠶᠡᠭᠡ ᠬᠢᠵᠢᠭ ᠤᠨ | ᠪᠠᠶᠢᠳᠠᠯ ᠳᠤ ᠠᠪᠤᠷᠠᠨ ᠵᠠᠰᠠᠬᠤ ᠰᠠᠭᠤᠷᠢᠨ ᠭᠠᠵᠠᠷ᠂ ᠬᠤᠲᠠ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ | ᠬᠤᠷᠢᠭᠯᠠᠬᠤ ᠪᠠᠶᠢᠭᠤᠯᠤᠮᠵᠢ ᠶᠢᠨ ᠪᠠᠶᠢᠭᠤᠯᠤᠯᠲᠠ ᠪᠠ ᠪᠦᠬᠦ ᠠᠷᠠᠳ ᠤᠨ ᠡᠷᠡᠭᠦᠯ ᠮᠡᠨᠳᠦ ᠶᠢᠨ ᠪᠠᠲᠤᠯᠠᠭ᠎ᠠ ᠶᠢᠨ | ᠢᠨᠵᠧᠨᠧᠷᠢᠩ ᠢ ᠠᠬᠢᠭᠤᠯᠵᠤ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠬᠦ ᠴᠢᠳᠠᠪᠤᠷᠢ | ᠪᠦᠬᠦᠯᠢ ᠴᠣᠭᠴᠠ ᠪᠠᠷ ᠢᠶᠠᠨ ᠳᠡᠭᠡᠭᠰᠢᠯᠡᠪᠡ᠃ ᠤᠯᠠᠭᠠᠨᠮᠥ᠋ᠴᠢᠷ ᠤᠨ ᠥᠭᠡᠷᠡᠴᠢᠯᠡᠯᠲᠡ ᠰᠢᠨ᠎ᠡ ᠡᠭᠦᠳᠦᠯᠲᠡ ᠶᠢ | ᠳᠡᠮᠵᠢᠵᠦ᠂ ᠯᠢᠶᠤᠤ ᠤᠯᠤᠰ ᠤᠨ ᠦᠶ᠎ᠡ ᠶᠢᠨ ᠦ᠋ ᠠᠨ ᠵᠧᠦ ᠶᠢᠨ ᠰᠤᠪᠤᠷᠭ᠎ᠠ ᠶᠢ ᠬᠠᠮᠠᠭᠠᠯᠠᠵᠤ ᠰᠡᠯᠪᠢᠨ ᠵᠠᠰᠠᠬᠤ | ᠠᠵᠢᠯ ᠢᠶᠠᠨ ᠪᠡᠶᠡᠯᠡᠭᠦᠯᠵᠦ᠂ ᠬᠢᠯᠢ ᠬᠢᠵᠠᠭᠠᠷ ᠪᠤᠶᠢᠲᠠ ᠪᠥᠭᠯᠡᠭᠦᠦ ᠭᠠᠵᠠᠷ ᠤᠨ 12.12 ᠲᠦᠮᠡᠨ ᠮᠠᠯᠵᠢᠬᠤ | ᠡᠷᠦᠬᠡ ᠳᠤ ᠣᠶᠤᠨᠯᠢᠭ ᠷᠠᠳᠢᠣ᠋ ᠲᠧᠯᠸᠢᠰ ᠤᠨ ᠰᠦᠯᠵᠢᠶ᠎ᠡ ᠶᠢ ᠨᠠᠪᠲᠠᠷᠡᠭᠦᠯᠵᠦ᠂ ᠪᠦᠬᠦ ᠤᠯᠤᠰ ᠤᠨ ᠬᠤᠯᠪᠣᠭᠠᠲᠤ | ᠣᠷᠤᠯᠳᠤᠭᠠᠨ ᠳᠤ ᠥᠪᠥᠷ ᠮᠣᠩᠭᠤᠯ ᠤᠨ ᠬᠥᠳᠡᠭᠡ ᠲᠤᠰᠬᠤᠨ ᠤ ᠢᠲᠡᠭᠡᠮᠵᠢ ᠶᠢᠨ ᠬᠤᠷᠰᠢᠶᠠᠨ ᠤ ᠡᠮᠡᠭᠲᠡᠢ ᠶᠢᠨ | ᠰᠠᠭᠰᠤᠨ ᠪᠥᠮᠪᠦᠭᠡ ᠶᠢᠨ ᠠᠩᠭᠢ ᠮᠠᠩᠯᠠᠶᠢᠯᠠᠪᠠ᠂ ᠣᠯᠠᠨ ᠲᠦᠮᠡᠨᠴᠢ ᠴᠢᠨᠠᠷᠲᠠᠢ ᠮᠥᠰᠥ ᠴᠠᠰᠤᠨ ᠤ ᠬᠥᠳᠡᠯᠭᠡᠭᠡᠨ | ᠥᠷᠨᠢᠵᠦ ᠡᠬᠢᠯᠡᠪᠡ᠃ ᠨᠡᠶᠢᠭᠡᠮ ᠤᠨ ᠳᠠᠭᠠᠳᠬᠠᠯ ᠳᠤ ᠣᠷᠤᠯᠴᠠᠬᠤ ᠬᠡᠪᠴᠢᠶ᠎ᠡ ᠶᠢ ᠥᠷᠭᠡᠳᠬᠡᠬᠦ ᠡᠭᠦᠷᠭᠡ ᠪᠠᠨ | ᠳᠠᠪᠠᠭᠤᠯᠤᠨ ᠪᠡᠶᠡᠯᠡᠭᠦᠯᠵᠦ᠂ ᠨᠠᠰᠤᠵᠢᠯ ᠤᠨ ᠮᠥᠩᠭᠦ᠂ ᠡᠮᠴᠢᠯᠡᠭᠡᠨ ᠤ ᠳᠠᠭᠠᠳᠬᠠᠯ ᠤᠨ ᠨᠥᠬᠦᠪᠦᠷᠢ᠂ ᠠᠮᠢᠳᠤᠷᠠᠯ ᠤᠨ | ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ | ᠪᠠᠷᠢᠮᠵᠢᠶ᠎ᠠ ᠤᠯᠠᠮ ᠨᠢᠭᠡ ᠠᠯᠬᠤᠮ ᠳᠡᠭᠡᠭᠰᠢᠯᠡᠵᠦ᠂ ᠨᠠᠰᠤᠵᠢᠯ ᠤᠨ ᠦᠨᠳᠦᠰᠦᠨ ᠦᠢᠯᠡᠴᠢᠯᠡᠭᠡᠨ ᠤ | ᠲᠣᠭᠲᠠᠯᠴᠠᠭ᠎ᠠ ᠶᠢᠨ ᠪᠠᠶᠢᠭᠤᠯᠤᠯᠲᠠ ᠯᠠᠪᠳᠠᠭᠤᠨ ᠪᠠᠲᠤᠲᠠᠢ ᠠᠬᠢᠪᠠ᠃ ᠬᠠᠭᠤᠴᠢᠨ ᠰᠠᠭᠤᠭᠠᠯᠢ ᠲᠣᠭᠤᠷᠢᠭ ᠲᠠᠬᠢ | 23.8 ᠲᠦᠮᠡᠨ ᠡᠷᠦᠬᠡ ᠶᠢ ᠥᠭᠡᠷᠡᠴᠢᠯᠡᠨ ᠰᠢᠨᠡᠳᠬᠡᠵᠦ᠂ ᠳᠦᠭᠦᠮ ᠪᠦᠲᠦᠴᠡᠲᠦ ᠣᠷᠣᠨ ᠰᠠᠭᠤᠴᠠ ᠶᠢᠨ | ᠲᠣᠭᠤᠷᠢᠭ ᠤᠨ 2.59 ᠲᠦᠮᠡᠨ ᠢᠵᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠵᠦ᠂ ᠨᠡᠶᠢᠲᠡ 2947 2947 | ᠲᠣᠷᠤᠯ ᠵᠦᠢᠯ᠂ 139.7 ᠲᠦᠮᠡᠨ ᠢᠵᠢ ᠭᠡᠷ ᠪᠠᠶᠢᠰᠢᠩ ᠭᠠᠵᠠᠷ ᠬᠥᠷᠥᠩᠭᠡ ᠶᠢᠨ ᠥᠩᠭᠡᠷᠡᠭᠰᠡᠨ ᠤ ᠦᠯᠡᠳᠡᠭᠳᠡᠵᠦ | ᠪᠠᠶᠢᠭᠰᠠᠨ ᠠᠰᠠᠭᠤᠳᠠᠯ ᠢ ᠰᠢᠢᠳᠪᠦᠷᠢᠯᠡᠪᠡ᠃ ᠨᠡᠶᠢᠭᠡᠮ ᠤᠨ ᠵᠠᠰᠠᠯᠲᠠ ᠶᠢ ᠴᠢᠩᠭᠠᠳᠬᠠᠨ ᠰᠢᠨ᠎ᠡ ᠶᠢ ᠡᠭᠦᠳᠴᠦ᠂ | ᠬᠦᠬᠡᠬᠤᠲᠠ ︽2021 ᠣᠨ ᠤ ᠳᠤᠮᠳᠠᠳᠤ ᠤᠯᠤᠰ ᠤᠨ ᠳᠠᠭᠠᠭᠤᠯᠤᠭᠴᠢ ᠣᠶᠤᠨᠯᠢᠭ ᠬᠤᠲᠠ︾ ᠪᠠᠷ | ᠰᠣᠩᠭᠤᠭᠳᠠᠨ᠂ ᠣᠷᠳᠣᠰ ᠠᠮᠤᠭᠤᠯᠠᠩᠲᠤ ᠳᠤᠮᠳᠠᠳᠤ ᠤᠯᠤᠰ ᠤᠨ ᠪᠠᠶᠢᠭᠤᠯᠤᠯᠲᠠ ᠶᠢᠨ ︽ᠴᠠᠩ ᠠᠨ ᠬᠤᠨᠳᠠᠭᠠᠲᠤ︾ | ᠶᠢᠨ ᠢᠷᠠᠭᠤ ᠠᠯᠳᠠᠷ ᠢ ᠬᠦᠷᠲᠡᠵᠦ᠂ ᠪᠥᠬᠦ ᠣᠷᠣᠨ ᠤ ᠭᠤᠷᠪᠠᠨ ᠱᠠᠲᠤᠨ ᠤ ᠨᠡᠶᠢᠭᠡᠮ ᠤᠨ ᠠᠵᠢᠯ ᠤᠨ ᠲᠠᠪᠴᠠᠩ᠂ | ᠴᠠᠬᠢᠯᠭᠠᠨ ᠬᠤᠯᠪᠣᠭᠠᠨ ᠤ ᠮᠡᠬᠡᠯᠡᠯ ᠢ ᠡᠰᠡᠷᠭᠦᠴᠡᠬᠦ ᠲᠥᠪ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠪᠠᠷ | ᠠᠬᠢᠭᠤᠯᠵᠤ᠂ ᠳᠠᠬᠢᠨ ᠳᠠᠪᠲᠠᠨ ᠵᠠᠬᠢᠳᠠᠯ ᠰᠤᠷᠪᠤᠯᠵᠢᠯᠠᠯ ᠬᠢᠬᠦ ᠶᠢ ᠵᠠᠰᠠᠭᠰᠠᠨ ᠪᠠ ᠵᠠᠬᠢᠳᠠᠯ ᠰᠤᠷᠪᠤᠯᠵᠢᠯᠠᠯ ᠤᠨ | ᠳᠠᠷᠤᠭᠳᠠᠮᠠᠯ ᠬᠡᠷᠡᠭ ᠢ ᠠᠷᠢᠯᠭᠠᠭᠰᠠᠨ ᠲᠤᠰᠬᠠᠢ ᠠᠵᠢᠯ ᠤᠨ ᠦᠷ᠎ᠡ ᠪᠦᠲᠦᠮᠵᠢ ᠢᠯᠡᠷᠬᠡᠢ ᠪᠣᠯᠪᠠ᠃ ᠪᠠᠶᠢᠭᠠᠯᠢ ᠶᠢᠨ | ᠭᠠᠢ ᠭᠠᠮᠰᠢᠭ ᠢ ᠪᠦᠲᠦᠮᠵᠢᠲᠡᠢ ᠠᠷᠭᠠᠴᠠᠭᠠᠵᠤ᠂ ᠠᠮᠤᠷ ᠲᠦᠪᠰᠢᠨ ᠤ ᠲᠠᠯ᠎ᠠ ᠪᠠᠷ ᠬᠢ ᠳᠠᠯᠳᠠ ᠭᠡᠮ ᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠦᠨ᠂ ᠠᠶᠤᠯ ᠦᠭᠡᠢ ᠦᠢᠯᠡᠳᠪᠦᠷᠢᠯᠡᠯ ᠤᠨ | ᠠ᠊ᠨᠳᠡᠯ ᠬᠡᠷᠡᠭ ᠭᠠᠷᠤᠭᠰᠠᠨ ᠲᠤᠭ᠎ᠠ ᠪᠠ ᠠ᠊ᠨᠳᠡᠭᠰᠡᠨ ᠬᠥᠮᠥᠨ ᠤ ᠲᠤᠭ᠎ᠠ ᠴᠥᠮ ᠪᠠᠭᠠᠰᠴᠤ᠂ ᠢᠳᠡᠭᠡᠨ ᠪᠠ ᠡᠮ ᠤᠨ | ᠵᠦᠢᠯ ᠤᠨ ᠠᠮᠤᠷ ᠲᠦᠪᠰᠢᠨ ᠤ ᠲᠠᠯ᠎ᠠ ᠳᠤ ᠬᠦᠨᠳᠦ ᠶᠡᠭᠡ ᠬᠡᠷᠡᠭ ᠡᠭᠦᠰᠦᠭᠰᠡᠨ ᠦᠭᠡᠢ ᠪᠠᠶᠢᠵᠤ᠂ ᠨᠡᠶᠢᠭᠡᠮ ᠤᠨ ᠶᠡᠭᠡ | ᠲᠠᠯ᠎ᠠ ᠶᠢᠨ ᠲᠣᠭᠲᠠᠭᠤᠨ ᠪᠠᠶᠢᠬᠤ ᠶᠢ ᠪᠠᠲᠤᠯᠠᠪᠠ᠃ | ᠨᠢᠭᠡ ᠵᠢᠯ ᠤᠨ ᠲᠤᠷᠰᠢ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠬᠤᠶᠠᠷ ᠢ ᠬᠦᠷᠢᠶᠡᠯᠡᠬᠦ | ᠪᠠ ᠠᠰᠠᠷᠠᠨ ᠬᠠᠷᠠᠭᠠᠯᠵᠠᠬᠤ᠂ ᠴᠡᠷᠢᠭ ᠤᠨ ᠠᠯᠪᠠ ᠠᠴᠠ ᠬᠠᠯᠠᠭᠳᠠᠭᠰᠠᠳ᠂ ᠠᠷᠠᠳ ᠤᠨ ᠠᠭᠠᠷ ᠤᠨ ᠰᠡᠷᠭᠡᠶᠢᠯᠡᠯᠲᠡ | ᠵᠡᠷᠭᠡ ᠠᠵᠢᠯ ᠳᠤ ᠴᠥᠮ ᠰᠢᠨ᠎ᠡ ᠠᠮᠵᠢᠯᠲᠠ ᠣᠯᠵᠤ᠂ ᠭᠠᠳᠠᠭᠠᠳᠤ ᠶᠠᠪᠤᠳᠠᠯ ᠪᠠ ᠬᠠᠷᠢᠶᠠᠲᠤ ᠶᠢᠨ ᠶᠠᠪᠤᠳᠠᠯ᠂ ᠲᠤᠭ᠎ᠠ | ᠪᠦᠷᠢᠳᠬᠡᠯ ᠪᠠᠶᠢᠴᠠᠭᠠᠯᠲᠠ᠂ ᠰᠣᠨᠢᠨ ᠮᠡᠳᠡᠭᠡ ᠷᠠᠳᠢᠣ᠋ ᠲᠧᠯᠸᠢᠰ᠂ ᠨᠡᠶᠢᠭᠡᠮ ᠤᠨ ᠰᠢᠨᠵᠢᠯᠡᠬᠦ ᠤᠬᠠᠭᠠᠨ᠂ ᠳᠠᠩᠰᠠ | ᠡᠪᠬᠡᠮᠡᠯ ᠪᠠ ᠨᠢᠭᠤᠴᠠ ᠶᠢ ᠬᠠᠮᠠᠭᠠᠯᠠᠬᠤ᠂ ᠵᠥᠪᠳᠡᠭᠴᠢ ᠪᠠ ᠲᠡᠦᠬᠡ ᠰᠣᠶᠣᠯ᠂ ᠭᠠᠵᠠᠷ ᠬᠥᠳᠡᠯᠦᠯᠲᠡ ᠪᠠ ᠴᠠᠭ | ᠠᠭᠤᠷ᠂ ᠭᠠᠵᠠᠷ ᠰᠢᠨᠵᠢᠯᠡᠭᠡᠨ ᠤ ᠬᠡᠮᠵᠢᠨ ᠵᠢᠷᠤᠭᠯᠠᠯ ᠵᠡᠷᠭᠡ ᠠᠵᠢᠯ ᠦᠢᠯᠡᠰ ᠲᠤ ᠴᠥᠮ ᠰᠢᠨ᠎ᠡ ᠦᠷ᠎ᠡ | ᠪᠦᠲᠦᠮᠵᠢ ᠲᠠᠢ ᠪᠣᠯᠵᠤ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ | ᠬᠤᠯᠪᠣᠭᠠᠲᠤ ᠬᠤᠷᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ ᠬᠢᠨ ᠤ | ᠬᠤᠯᠪᠣᠭᠠᠲᠤ ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ | ᠨᠠᠰᠤᠲᠠᠶᠢᠴᠤᠳ ᠤᠨ ᠠᠵᠢᠯ ᠤᠨ ᠵᠥᠪᠯᠡᠯ᠂ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠵᠡᠷᠭᠡ | ᠵᠣᠬᠢᠶᠠᠨ ᠪᠠᠶᠢᠭᠤᠯᠤᠯᠲᠠ ᠴᠥᠮ ᠰᠢᠨ᠎ᠡ ᠳᠦᠷᠰᠦ ᠪᠠᠶᠢᠳᠠᠯ ᠢᠯᠡᠷᠡᠪᠡ᠃ | ᠨᠢᠭᠡ ᠵᠢᠯ ᠤᠨ ᠲᠤᠷᠰᠢ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠰᠢᠨ᠎ᠡ ᠪᠠᠷ ᠴᠢᠩᠭᠠᠷᠠᠪᠠ᠃ | ᠪᠢᠳᠡ ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ︽ᠪᠢ ᠣᠯᠠᠨ ᠲᠦᠮᠡᠨ ᠳᠤ ᠪᠣᠳᠠᠲᠠᠢ ᠶᠠᠪᠤᠳᠠᠯ | ᠬᠢᠬᠦ︾ ᠨᠠᠷᠢᠨ ᠳᠠᠩᠰᠠᠨ ᠤ ᠵᠦᠢᠯᠡᠰ ᠢ ᠪᠥᠬᠦ ᠲᠠᠯ᠎ᠠ ᠪᠠᠷ ᠪᠡᠶᠡᠯᠡᠭᠦᠯᠦᠨ᠂ ᠲᠥᠪ ᠤᠨ ᠲᠣᠭᠤᠷᠢᠨ ᠪᠠᠶᠢᠴᠠᠭᠠᠯᠲᠠ ᠪᠠ | ᠬᠢᠨᠠᠨ ᠪᠣᠳᠣᠯᠲᠠ ᠪᠠᠷ ᠲᠤᠰᠬᠠᠭᠰᠠᠨ ᠴᠡᠭᠴᠡᠯᠡᠵᠦ ᠰᠠᠶᠢᠵᠢᠷᠠᠭᠤᠯᠬᠤ ᠠᠵᠢᠯ ᠢ ᠬᠢᠨᠠᠮᠠᠭᠠᠢ ᠰᠠᠶᠢᠲᠤᠷ ᠠᠳᠬᠤᠵᠤ᠂ | ᠮᠥᠩᠭᠦᠨ ᠭᠦᠢᠯᠭᠡᠭᠡᠨ ᠤ ᠬᠦᠷᠢᠶ᠎ᠡ ᠪᠠ ᠤᠯᠤᠰ ᠤᠨ ᠥᠮᠴᠢᠯᠡᠯᠲᠦ ᠬᠥᠷᠥᠩᠭᠡ ᠤᠯᠤᠰ ᠤᠨ ᠥᠮᠴᠢᠯᠡᠯᠲᠦ ᠠᠵᠤ | ᠠᠬᠤᠶᠢᠯᠠᠯ᠂ ᠨᠡᠭᠡᠭᠡᠯᠲᠡ ᠶᠢᠨ ᠲᠣᠭᠤᠷᠢᠭ ᠤᠨ ᠰᠢᠰᠲ᠋ᠧᠮ ᠳᠠᠬᠢ ᠬᠡᠷᠡᠭ ᠢᠶᠠᠷ ᠴᠡᠭᠴᠡᠯᠡᠯᠲᠡ ᠰᠠᠶᠢᠵᠢᠷᠠᠭᠤᠯᠤᠯᠲᠠ ᠶᠢ | ᠠᠬᠢᠭᠤᠯᠬᠤ ᠠᠵᠢᠯ ᠢᠶᠠᠨ ᠭᠦᠨᠵᠡᠭᠡᠶᠢᠷᠡᠭᠦᠯᠦᠨ ᠠᠬᠢᠭᠤᠯᠵᠤ᠂ ᠵᠠᠰᠠᠭ ᠤᠨ ᠣᠷᠳᠣᠨ ᠤ ᠠᠵᠢᠯ ᠤᠨ ᠦᠷ᠎ᠡ ᠠᠰᠢᠭ᠂ | ᠨᠠᠶᠢᠳᠠᠪᠤᠷᠢᠵᠢᠭᠤᠯᠤᠭᠰᠠᠨ ᠦᠷ᠎ᠡ ᠪᠦᠲᠦᠮᠵᠢ᠂ ᠵᠠᠰᠠᠯᠲᠠ ᠬᠢᠭᠰᠡᠨ ᠦᠷ᠎ᠡ ᠴᠢᠳᠠᠮᠵᠢ ᠲᠠᠰᠤᠷᠠᠯᠲᠠ ᠦᠭᠡᠢ | ᠳᠡᠭᠡᠭᠰᠢᠯᠡᠪᠡ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠂ ᠡᠯ᠎ᠡ ᠲᠠᠯ᠎ᠠ ᠶᠢᠨ ᠬᠢᠨᠠᠯᠲᠠ ᠲᠠᠯᠪᠢᠯᠲᠠ ᠶᠢ | ᠤᠬᠠᠮᠰᠠᠷ ᠠᠴᠠ ᠪᠠᠨ ᠬᠦᠯᠢᠶᠡᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠡᠪᠰᠢᠭᠦᠯᠵᠦ ᠬᠢᠨᠠᠨ ᠵᠥᠪᠰᠢᠶᠡᠷᠡᠭᠦᠯᠦᠭᠰᠡᠨ ᠬᠠᠤᠯᠢ ᠲᠣᠭᠲᠠᠭᠠᠯ ᠤᠨ | ᠲᠠᠯ᠎ᠠ ᠶᠢᠨ ᠰᠠᠨᠠᠯ ᠵᠥᠪᠯᠡᠯᠭᠡ 36 ᠪᠠᠶᠢᠵᠤ᠂ ᠵᠠᠰᠠᠭ ᠤᠨ ᠣᠷᠳᠣᠨ ᠤ 29 ᠲᠣᠭᠲᠠᠭᠠᠯ ᠳᠦᠷᠢᠮ ᠢ ᠲᠣᠭᠲᠠᠭᠠᠵᠤ᠂ | ᠵᠠᠰᠠᠪᠤᠷᠢ ᠣᠷᠣᠭᠤᠯᠤᠭᠰᠠᠨ ᠪᠠ ᠬᠦᠴᠦᠨ ᠦᠭᠡᠢ ᠪᠣᠯᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ 585 ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ 583 ᠰᠠᠨᠠᠯ ᠳᠤᠷᠠᠳᠤᠯᠭ᠎ᠠ ᠶᠢ | ᠴᠥᠮ ᠭᠦᠢᠴᠡᠳᠬᠡᠵᠦ ᠳᠠᠭᠤᠰᠬᠠᠪᠠ᠃ ᠠᠷᠪᠢᠴᠢ ᠭᠠᠮᠲᠠᠢ ᠠᠮᠢᠳᠤᠷᠠᠬᠤ ᠶᠢ ᠪᠠᠷᠢᠮᠲᠠᠯᠠᠨ᠂ ᠥᠪᠡᠷᠲᠡᠭᠡᠨ ᠵᠠᠰᠠᠬᠤ | ᠣᠷᠣᠨ ᠤ ᠲᠤᠰ ᠱᠠᠲᠤᠨ ᠤ ᠭᠤᠣᠯᠳᠠᠯᠭ᠎ᠠ ᠶᠢᠨ ᠪᠤᠰᠤ᠂ ᠵᠠᠪᠠᠯ ᠬᠡᠷᠡᠭᠰᠡᠬᠦ ᠪᠤᠰᠤ ᠴᠢᠨᠠᠷᠲᠠᠢ ᠵᠠᠷᠤᠯᠭ᠎ᠠ ᠶᠢᠨ | ᠲᠥᠰᠥᠪ ᠢ 55.5 ᠳ᠋ᠦᠩᠰᠢᠭᠤᠷ ᠲᠥᠭᠦᠷᠢᠭ ᠬᠠᠰᠤᠨ ᠪᠠᠭᠠᠰᠬᠠᠵᠤ᠂ ᠶᠡᠷᠦᠩᠬᠡᠢ ᠳᠤ ᠨᠢ ᠬᠠᠰᠤᠵᠤ ᠪᠠᠭᠠᠰᠬᠠᠭᠰᠠᠨ | ᠨᠤᠷᠮ᠎ᠠ 34.4% ᠪᠣᠯᠪᠠ᠃ | ᠲᠥᠯᠥᠭᠡᠯᠡᠭᠴᠢᠳ ᠠ᠋᠂ ᠥᠩᠭᠡᠷᠡᠭᠰᠡᠨ ᠨᠢᠭᠡ ᠵᠢᠯ ᠳᠤ᠂ ᠬᠦᠴᠢᠷᠳᠡᠯ ᠣᠯᠠᠨ ᠥᠷᠢᠰᠦᠯᠳᠦᠭᠡᠨ ᠶᠡᠭᠡ ᠪᠠᠶᠢᠳᠠᠯ | ᠳᠣᠣᠷ᠎ᠠ᠂ ᠮᠠᠨ ᠤ ᠣᠷᠣᠨ ᠤ ᠡᠯ᠎ᠡ ᠵᠦᠢᠯ ᠤᠨ ᠠᠵᠢᠯ ᠦᠢᠯᠡᠰ ᠬᠥᠭᠵᠢᠨ ᠳᠠᠪᠰᠢᠵᠤ ᠴᠢᠳᠠᠭᠰᠠᠨ ᠶᠠᠪᠤᠳᠠᠯ ᠪᠣᠯ | ᠦᠨᠳᠦᠰᠦᠨ ᠳᠤ ᠪᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ | ᠴᠢᠩᠭ᠎ᠠ ᠤᠳᠤᠷᠢᠳᠤᠯᠭ᠎ᠠ ᠳᠤ ᠪᠣᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠪᠠᠷ ᠵᠢᠯᠣᠭᠤᠳᠤᠨ | ᠳᠠᠭᠠᠭᠤᠯᠤᠭᠰᠠᠨ ᠪᠠ ᠶᠡᠷᠦᠩᠬᠡᠢ ᠱᠦᠵᠢ ᠰᠢ ᠶᠢᠨ ᠫᠢᠩ ᠪᠡᠶ᠎ᠡ ᠪᠠᠷ ᠢᠶᠠᠨ ᠥᠪᠥᠷ ᠮᠣᠩᠭᠤᠯ ᠳᠤ ᠴᠢᠭᠯᠡᠯ | ᠲᠣᠭᠲᠠᠭᠠᠵᠤ ᠵᠠᠮ ᠵᠢᠭᠠᠵᠤ ᠤᠳᠤᠷᠢᠳᠤᠭᠰᠠᠨ ᠳᠤ ᠪᠣᠢ᠃ ᠮᠠᠨ ᠤ ᠣᠷᠣᠨ ᠤ ᠡᠯ᠎ᠡ ᠵᠦᠢᠯ ᠤᠨ ᠠᠵᠢᠯ ᠳᠤ | ᠣᠯᠣᠭᠰᠠᠨ ᠠᠮᠵᠢᠯᠲᠠ ᠪᠦᠲᠦᠮᠵᠢ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠪᠦᠬᠦ ᠣᠷᠣᠨ ᠤ | ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠴᠢᠷᠮᠠᠶᠢᠨ ᠲᠡᠮᠡᠴᠡᠭᠰᠡᠨ ᠤ ᠦᠷ᠎ᠡ | ᠳ᠋ᠦᠩ ᠪᠣᠯᠬᠤ ᠪᠥᠭᠡᠳ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ | ᠤᠯᠤᠰ ᠲᠥᠷᠥ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠪᠦᠲᠦᠮᠵᠢᠲᠡᠢ ᠬᠢᠨᠠᠯᠲᠠ ᠲᠠᠯᠪᠢᠵᠤ | ᠶᠡᠭᠡ ᠪᠠᠷ ᠳᠡᠮᠵᠢᠭᠰᠡᠨ ᠤ ᠦᠷ᠎ᠡ ᠳ᠋ᠦᠩ ᠪᠣᠯᠣᠨ᠎ᠠ᠃ ᠡ᠊ᠨᠳᠡ᠂ ᠪᠢ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠡᠮᠦᠨ᠎ᠡ ᠠᠴᠠ᠂ ᠪᠦᠬᠦ ᠣᠷᠣᠨ ᠤ ᠦᠨᠳᠦᠰᠦᠲᠡᠨ ᠨᠦᠭᠦᠳ ᠤᠨ 2400 ᠲᠦᠮᠡ ᠭᠠᠷᠤᠢ | ᠠᠷᠠᠳ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠳ ᠪᠠ ᠡᠯ᠎ᠡ ᠠᠷᠠᠳᠴᠢᠯᠠᠭᠰᠠᠨ ᠨᠠᠮ ᠪᠦᠯᠦᠭ᠂ ᠠᠵᠤ ᠦᠢᠯᠡᠳᠪᠦᠷᠢ ᠬᠤᠳᠠᠯᠳᠤᠭᠠᠨ ᠤ | ᠬᠤᠯᠪᠣᠭᠠᠲᠤ ᠬᠤᠷᠠᠯ᠂ ᠠᠷᠠᠳ ᠤᠨ ᠪᠦᠯᠬᠦᠮ᠂ ᠨᠡᠶᠢᠭᠡᠮ ᠤᠨ ᠡᠯ᠎ᠡ ᠡᠲᠡᠭᠡᠳ ᠤᠨ ᠬᠢᠨ᠂ ᠲᠥᠪ ᠤᠨ ᠡᠯ᠎ᠡ ᠰᠠᠯᠠᠭ᠎ᠠ | ᠮᠥᠴᠢᠷ᠂ ᠠᠬ᠎ᠠ ᠳᠡᠭᠦᠦ ᠮᠤᠵᠢ ᠣᠷᠣᠨ ᠬᠤᠲᠠ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠴᠢᠯᠦᠭᠡᠯᠡᠬᠦ | ᠴᠡᠷᠢᠭ ᠪᠠ ᠵᠡᠪᠰᠡᠭᠲᠦ ᠴᠠᠭᠳᠠᠭᠠᠨ ᠤ ᠴᠡᠷᠢᠭ ᠠᠩᠭᠢ᠂ ᠥᠪᠥᠷ ᠮᠣᠩᠭᠤᠯ ᠢ ᠬᠠᠯᠠᠮᠵᠢᠯᠠᠨ ᠳᠡᠮᠵᠢᠭᠰᠡᠨ ᠪᠦᠬᠦ ᠨᠠᠶᠢᠵᠠ | ᠨᠥᠬᠦᠳ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠬᠤᠶᠠᠷ᠂ 2022 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠱᠠᠭᠠᠷᠳᠠᠯᠭ᠎ᠠ | ᠡᠨᠡ ᠵᠢᠯ ᠨᠠᠮ ᠤᠨ ᠬᠤᠷᠢᠳᠤᠭᠠᠷ ᠶᠡᠭᠡ ᠬᠤᠷᠠᠯ ᠠᠮᠵᠢᠯᠲᠠ ᠲᠠᠢ ᠬᠤᠷᠠᠯᠳᠤᠬᠤ ᠪᠠᠷ ᠪᠠᠶᠢᠨ᠎ᠠ᠂ ᠥᠪᠡᠷᠲᠡᠭᠡᠨ | ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠬᠤᠷᠠᠯ ᠤᠨ ᠵᠣᠷᠢᠭ | ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠶᠠᠭ ᠭᠦᠨᠵᠡᠭᠡᠢ ᠥᠷᠨᠢᠵᠦ ᠪᠠᠶᠢᠨ᠎ᠠ᠂ ᠡᠳᠡᠭᠡᠷ ᠨᠢ | ᠥᠪᠥᠷ ᠮᠣᠩᠭᠤᠯ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠠᠪᠤᠴᠠ ᠳᠤ ᠴᠢᠬᠤᠯᠠ ᠶᠡᠭᠡ | ᠠᠴᠢ ᠬᠤᠯᠪᠣᠭᠳᠠᠯ ᠲᠠᠢ ᠶᠤᠮ᠃ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ | ᠲᠥᠪ ᠬᠤᠷᠢᠶᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ᠂ ᠲᠥᠪ ᠤᠨ ᠠᠵᠤ ᠠᠬᠤᠢ ᠶᠢᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ | ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠬᠤᠷᠠᠯ ᠤᠨ ᠵᠣᠷᠢᠭ ᠰᠠᠨᠠᠭ᠎ᠠ ᠶᠢ | ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ | ᠪᠠᠳᠠᠷᠠᠭᠤᠯᠵᠤ᠂ ᠲᠣᠭᠲᠠᠭᠤᠨ ᠤ ᠳᠠᠭᠠᠤ ᠤᠷᠤᠭᠰᠢᠯᠠᠬᠤ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠨ᠂ ᠰᠢᠨ᠎ᠡ | ᠬᠥᠭᠵᠢᠯᠲᠡ ᠶᠢᠨ ᠣᠨᠣᠯᠵᠢᠬᠤᠨ ᠢ ᠪᠦᠷᠢᠨ ᠭᠦᠢᠴᠡᠳ᠂ ᠵᠥᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ | ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠦᠢᠯᠡᠴᠢᠯᠡᠬᠦ ᠪᠠ ᠠᠭᠤᠰᠤᠯᠴᠠᠵᠤ᠂ ᠥᠭᠡᠷᠡᠴᠢᠯᠡᠯᠲᠡ | ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ | ᠬᠥᠭᠵᠢᠯᠲᠡ ᠶᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ | ᠭᠤᠣᠯ ᠰᠢᠵᠢᠮ ᠪᠣᠯᠭᠠᠬᠤ ᠶᠢ ᠪᠠᠷᠢᠮᠲᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ | ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ | ᠲᠥᠯᠥᠪᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠥᠬᠦᠷᠡᠰᠢ ᠦᠭᠡᠢ | ᠪᠠᠲᠤᠳᠬᠠᠨ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ | ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ︽ᠬᠤᠶᠠᠷ | ᠬᠠᠯᠬᠠᠪᠴᠢ︾᠂ ︽ᠬᠤᠶᠠᠷ ᠰᠠᠭᠤᠷᠢᠨ ᠭᠠᠵᠠᠷ︾᠂ ︽ᠨᠢᠭᠡ ᠬᠥᠭᠦᠷᠭᠡᠨ ᠪᠠᠬᠢᠯᠡᠯᠲᠡ︾ ᠶᠢ ᠲᠦᠷᠭᠡᠳᠬᠡᠨ | ᠪᠠᠶᠢᠭᠤᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠠᠵᠢᠯ ᠢ | ᠦᠷᠭᠦᠯᠵᠢᠯᠡᠨ ᠰᠠᠶᠢᠲᠤᠷ ᠬᠢᠵᠦ᠂ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠬᠤ ᠪᠠ ᠰᠠᠶᠢᠵᠢᠷᠠᠭᠤᠯᠵᠤ᠂ ᠠᠵᠤ | ᠠᠬᠤᠢ ᠶᠢᠨ ᠠᠵᠢᠯᠯᠠᠭᠠᠨ ᠢ ᠵᠣᠬᠢᠰᠲᠠᠢ ᠬᠡᠪᠴᠢᠶᠡᠨ ᠳᠤ ᠪᠠᠶᠢᠯᠭᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ | ᠪᠠᠲᠤᠯᠠᠨ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ | ᠬᠤᠷᠠᠯᠳᠤᠬᠤ ᠶᠢ ᠪᠠᠶᠠᠷᠯᠠᠨ ᠤᠭᠲᠤᠶ᠎ᠠ᠃ | ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠣᠷᠴᠢᠮ ᠨᠡᠮᠡᠭᠳᠡᠭᠦᠯᠦᠨ᠎ᠡ︔ ᠬᠤᠲᠠ ᠪᠠᠯᠭᠠᠰᠤᠨ ᠤ | ᠠᠵᠢᠯ ᠣᠯᠣᠭᠰᠠᠳ ᠢ 20 ᠭᠠᠷᠤᠢ ᠲᠦᠮᠡ ᠰᠢᠨ᠎ᠡ ᠪᠠᠷ ᠨᠡᠮᠡᠭᠳᠡᠭᠦᠯᠵᠦ᠂ ᠬᠤᠲᠠ ᠪᠠᠯᠭᠠᠰᠤᠨ ᠤ | ᠪᠠᠶᠢᠴᠠᠭᠠᠯᠲᠠ ᠳᠠᠬᠢ ᠠᠵᠢᠯ ᠠᠯᠳᠠᠭᠰᠠᠳ ᠤᠨ ᠨᠤᠷᠮ᠎ᠠ ᠶᠢ 6% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ | ᠬᠡᠷᠡᠭᠯᠡᠭᠡ ᠶᠢᠨ ᠦᠨ᠎ᠡ ᠬᠠᠩᠰᠢ ᠶᠢᠨ ᠥᠰᠦᠯᠲᠡ ᠶᠢᠨ ᠬᠡᠮᠵᠢᠶ᠎ᠡ ᠶᠢ 3% ᠣᠷᠴᠢᠮ ᠪᠠᠶᠢᠯᠭᠠᠨ᠎ᠠ︔ ᠰᠠᠭᠤᠭᠠᠯᠢ | ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠯᠦᠭᠡ ᠦᠨᠳᠦᠰᠦᠨ ᠳᠤ ᠪᠠᠨ ᠠᠳᠠᠯᠢ | ᠪᠠᠶᠢᠯᠭᠠᠨ᠎ᠠ︔ ᠠᠮᠢ ᠠᠬᠤᠢ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ ᠰᠠᠶᠢᠵᠢᠷᠠᠭᠤᠯᠵᠤ᠂ | ᠤᠯᠤᠰ ᠠᠴᠠ ᠪᠠᠭᠤᠯᠭᠠᠭᠰᠠᠨ ᠡᠨᠧᠷᠬᠢ ᠠᠷᠪᠢᠯᠠᠵᠤ ᠪᠣᠬᠢᠷᠳᠤᠯ ᠢ ᠭᠠᠳᠠᠭᠰᠢᠯᠠᠭᠤᠯᠬᠤ ᠪᠠᠨ ᠪᠠᠭᠠᠰᠬᠠᠬᠤ ᠬᠠᠷᠠᠯᠲᠠ | ᠡᠭᠦᠷᠭᠡ ᠶᠢ ᠪᠡᠶᠡᠯᠡᠭᠦᠯᠦᠨ᠎ᠡ᠃ ᠠᠵᠤ ᠠᠬᠤᠢ ᠶᠢᠨ ᠨᠡᠮᠡᠭᠳᠡᠯ ᠤᠨ ᠬᠠᠷᠠᠯᠲᠠ ᠶᠢ 6% ᠣᠷᠴᠢᠮ ᠪᠠᠶᠢᠯᠭᠠᠬᠤ ᠪᠠᠷ | ᠲᠣᠭᠲᠠᠭᠠᠭᠰᠠᠨ ᠶᠠᠪᠤᠳᠠᠯ ᠪᠣᠯ ᠲᠣᠭᠲᠠᠭᠤᠨ ᠢ ᠲᠡᠷᠢᠭᠦᠨ ᠳᠤ ᠲᠠᠯᠪᠢᠵᠤ᠂ ᠲᠣᠭᠲᠠᠭᠤᠨ ᠤ ᠳᠠᠭᠠᠤ ᠤᠷᠤᠭᠰᠢᠯᠠᠬᠤ | ᠱᠠᠭᠠᠷᠳᠠᠯᠭ᠎ᠠ ᠶᠢ ᠲᠤᠭᠤᠰᠢᠯᠠᠭᠤᠯᠤᠨ᠂ ᠬᠥᠳᠡᠯᠭᠡᠭᠦ ᠬᠦᠴᠦᠨ ᠤ ᠲᠤᠯᠭᠠᠭᠤᠷᠢᠯᠠᠯ᠂ ᠳᠠᠷᠤᠯᠲᠠ ᠬᠦᠯᠢᠶᠡᠬᠦ ᠳᠠᠭᠠᠭᠠᠴᠠ | ᠪᠠ ᠪᠤᠰᠤᠳ ᠵᠢᠱᠢᠭᠰᠡᠨ ᠬᠠᠷᠠᠯᠲᠠ ᠲᠠᠢ ᠬᠠᠷᠢᠯᠴᠠᠨ ᠵᠣᠬᠢᠴᠠᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠦᠪᠵᠢᠭᠦᠯᠭᠡ ᠶᠢᠨ ᠬᠠᠷᠠᠯᠲᠠ ᠲᠠᠢ ᠵᠣᠯᠭᠠᠭᠤᠯᠬᠤ ᠪᠠᠷ ᠪᠣᠳᠣᠯᠬᠢᠯᠠᠪᠠ᠂ ᠡᠨᠡ ᠨᠢ ᠠᠵᠢᠯ ᠣᠯᠭᠤᠯᠲᠠ ᠶᠢ | ᠪᠠᠲᠤᠯᠠᠬᠤ᠂ ᠲᠦᠭᠰᠢᠭᠦᠷᠢ ᠶᠢ ᠰᠡᠷᠭᠡᠶᠢᠯᠡᠬᠦ᠂ ᠵᠢᠱᠢᠯᠲᠡ ᠶᠢ ᠲᠣᠭᠲᠠᠪᠤᠷᠢᠵᠢᠭᠤᠯᠬᠤ ᠳᠤ ᠠᠰᠢᠭᠲᠠᠢ᠂ ᠪᠦᠲᠦᠴᠡ ᠶᠢ | ᠲᠣᠬᠢᠷᠠᠭᠤᠯᠬᠤ᠂ ᠴᠢᠳᠠᠮᠵᠢ ᠶᠢ ᠬᠤᠪᠢᠷᠠᠭᠤᠯᠬᠤ᠂ ᠴᠢᠨᠠᠷ ᠢ ᠳᠡᠭᠡᠭᠰᠢᠯᠡᠭᠦᠯᠬᠦ ᠳᠤ ᠠᠰᠢᠭᠲᠠᠢ ᠪᠥᠭᠡᠳ ᠡᠯ᠎ᠡ | ᠲᠠᠯ᠎ᠠ ᠶᠢᠨ ᠬᠢᠨ ᠤ ᠬᠥᠭᠵᠢᠯᠲᠡ ᠶᠢ ᠠᠳᠬᠤᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠨᠢ ᠳᠠᠶᠢᠴᠢᠯᠠᠨ | ᠳᠡᠭᠡᠭᠰᠢᠯᠡᠭᠦᠯᠬᠦ ᠳᠤ ᠠᠰᠢᠭᠲᠠᠢ ᠶᠤᠮ᠃ | ᠶᠡᠷᠦᠩᠬᠡᠶᠢᠯᠡᠨ ᠵᠠᠳᠠᠯᠪᠠᠯ᠂ ᠡᠳᠡᠭᠡᠷ ᠬᠠᠷᠠᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠳᠤ ᠲᠤᠯᠭᠠᠭᠤᠷᠢᠯᠠᠬᠤ | ᠨᠥᠬᠦᠴᠡᠯ ᠲᠠᠢ ᠪᠠᠶᠢᠬᠤ ᠮᠥᠷᠲᠡᠭᠡᠨ ᠬᠦᠴᠢᠷᠳᠡᠯ ᠥᠷᠢᠰᠦᠯᠳᠦᠭᠡᠨ ᠪᠠᠰᠠ ᠲᠤᠯᠭᠠᠷᠠᠵᠤ ᠪᠠᠶᠢᠨ᠎ᠠ᠃ ᠪᠦᠬᠦ | ᠤᠯᠤᠰ ᠤᠨ ᠪᠠᠶᠢᠳᠠᠯ ᠠᠴᠠ ᠦᠵᠡᠪᠡᠯ᠂ ᠮᠠᠨ ᠤ ᠤᠯᠤᠰ ᠤᠨ ᠠᠵᠤ ᠠᠬᠤᠢ ᠤᠶᠠᠨ ᠬᠠᠳᠠᠨ ᠴᠢᠨᠠᠷ ᠢᠶᠠᠷ ᠴᠢᠩᠭ᠎ᠠ᠂ | ᠤᠷᠲᠤ ᠬᠤᠭᠤᠴᠠᠭ᠎ᠠ ᠪᠠᠷ ᠰᠠᠶᠢᠵᠢᠷᠠᠵᠤ ᠪᠠᠶᠢᠭ᠎ᠠ ᠦᠨᠳᠦᠰᠦᠨ ᠪᠠᠶᠢᠳᠠᠯ ᠳᠤ ᠬᠤᠪᠢᠷᠠᠯᠲᠠ ᠦᠭᠡᠢ᠂ ᠭᠡᠪᠡᠴᠦ ᠲᠤᠰ | ᠡᠷᠢᠨ ᠵᠠᠭᠤᠨ ᠳᠠᠬᠢ ᠬᠢᠵᠢᠭ ᠤᠨ ᠪᠠᠶᠢᠳᠠᠯ ᠤᠨ ᠳᠠᠭᠠᠷᠢᠯᠲᠠ ᠳᠣᠣᠷ᠎ᠠ ᠵᠠᠭᠤᠨ ᠣᠨ ᠤ ᠶᠡᠷᠦ ᠪᠤᠰᠤ ᠶᠢᠨ ᠪᠠᠶᠢᠳᠠᠯ | ᠲᠦᠷᠭᠡᠨ ᠢᠶᠠᠷ ᠤᠯᠠᠷᠢᠨ ᠬᠤᠪᠢᠰᠴᠤ ᠪᠠᠶᠢᠨ᠎ᠠ᠂ ᠭᠠᠳᠠᠷ ᠣᠷᠴᠢᠨ ᠨᠡᠩ ᠨᠠᠷᠢᠨ ᠪᠤᠳᠤᠯᠢᠶᠠᠨ ᠲᠠᠢ ᠨᠡᠩ ᠬᠦᠨᠳᠦ | ᠨᠣᠴᠢᠲᠠᠢ ᠪᠠ ᠲᠣᠭᠲᠠᠪᠤᠷᠢ ᠦᠭᠡᠢ ᠪᠣᠯᠵᠤ ᠪᠣᠢ᠂ ᠠᠵᠤ ᠠᠬᠤᠢ ᠶᠢᠨ ᠬᠥᠭᠵᠢᠯᠲᠡ ᠳᠤ ᠬᠡᠷᠡᠭᠴᠡᠭᠡ ᠱᠠᠭᠠᠷᠳᠠᠯᠭ᠎ᠠ | ᠪᠠᠭᠠᠰᠬᠤ᠂ ᠬᠠᠩᠭᠠᠯᠭ᠎ᠠ ᠶᠢᠨ ᠲᠠᠯ᠎ᠠ ᠳᠠᠭᠠᠷᠢᠭᠳᠠᠬᠤ᠂ ᠵᠢᠱᠢᠯᠲᠡ ᠪᠠᠭᠤᠷᠠᠬᠤ ᠭᠤᠷᠪᠠᠨ ᠳᠠᠪᠬᠤᠷ ᠳᠠᠷᠤᠯᠲᠠ | ᠲᠤᠯᠭᠠᠷᠠᠵᠤ ᠪᠠᠶᠢᠨ᠎ᠠ᠃ ᠮᠠᠨ ᠤ ᠣᠷᠣᠨ ᠤ ᠪᠠᠶᠢᠳᠠᠯ ᠠᠴᠠ ᠦᠵᠡᠪᠡᠯ᠂ ᠠᠮᠢ ᠠᠬᠤᠢ ᠶᠢ ᠤᠷᠢᠳ ᠢᠶᠠᠷ | ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠰᠦᠪᠡᠭᠴᠢᠯᠡᠬᠦ ᠠᠰᠠᠭᠤᠳᠠᠯ ᠢᠶᠠᠨ | ᠲᠠᠰᠤᠷᠠᠯᠲᠠ ᠦᠭᠡᠢ ᠰᠢᠢᠳᠪᠦᠷᠢᠯᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠦᠬᠦ ᠲᠠᠯ᠎ᠠ ᠪᠠᠷ ᠪᠣᠬᠢᠷᠳᠤᠯ | ᠦᠭᠡᠢ ᠪᠣᠯᠭᠠᠬᠤ ᠲᠡᠶᠢᠰᠢ ᠬᠡᠯᠪᠡᠷᠢ ᠪᠠᠨ ᠬᠤᠪᠢᠷᠠᠭᠤᠯᠬᠤ ᠪᠠᠶᠢᠳᠠᠯ ᠦᠷᠭᠦᠯᠵᠢᠯᠡᠨ ᠰᠠᠶᠢᠵᠢᠷᠠᠵᠤ ᠪᠠᠶᠢᠭ᠎ᠠ ᠪᠣᠯᠪᠠᠴᠤ᠂ | ᠬᠥᠭᠵᠢᠯᠲᠡ ᠶᠢᠨ ᠲᠡᠩᠴᠡᠭᠦᠷᠢ ᠦᠭᠡᠢ ᠭᠦᠢᠴᠡᠳ ᠪᠤᠰᠤ ᠠᠰᠠᠭᠤᠳᠠᠯ ᠮᠥᠨ ᠬᠦ ᠲᠣᠪᠤᠶᠢᠮ᠎ᠠ ᠪᠠᠶᠢᠭᠰᠠᠭᠠᠷ᠂ ᠴᠢᠨᠠᠷ | ᠰᠠᠶᠢᠲᠠᠢ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠪᠠᠶᠢᠷᠢᠰᠢᠭᠤᠯᠤᠯ ᠤᠨ ᠵᠥᠷᠢᠴᠡᠯ᠂ ᠪᠦᠲᠦᠴᠡ ᠶᠢᠨ ᠠᠰᠠᠭᠤᠳᠠᠯ | ᠪᠠ ᠪᠠᠶᠢᠭᠤᠯᠤᠯ ᠤᠨ ᠲᠠᠯ᠎ᠠ ᠶᠢᠨ ᠬᠠᠷᠰᠢ ᠰᠠᠭᠠᠳ ᠮᠥᠨ ᠬᠦ ᠲᠣᠪᠤᠶᠢᠮ᠎ᠠ ᠪᠠᠶᠢᠭᠰᠠᠭᠠᠷ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠰᠠᠭᠤᠷᠢ ᠪᠡᠯᠡᠳᠬᠡᠮᠵᠢ᠂ ᠠᠵᠤ ᠦᠢᠯᠡᠰ ᠤᠨ ᠪᠦᠲᠦᠭᠡᠨ | ᠪᠠᠶᠢᠭᠤᠯᠤᠯᠲᠠ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠣᠯᠠᠨ ᠨᠡᠶᠢᠲᠡ ᠶᠢᠨ ᠦᠢᠯᠡᠴᠢᠯᠡᠭᠡ ᠪᠠ | ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠳᠤᠲᠠᠭᠤᠳᠠᠯ ᠮᠥᠨ ᠬᠦ ᠲᠣᠪᠤᠶᠢᠮ᠎ᠠ ᠪᠠᠶᠢᠨ᠎ᠠ᠃ ᠠᠵᠤ ᠠᠬᠤᠢ ᠶᠢᠨ | ᠪᠠᠭᠤᠷᠠᠯᠲᠠ ᠶᠢᠨ ᠳᠠᠷᠤᠯᠲᠠ ᠦᠷᠭᠦᠯᠵᠢᠯᠡᠨ ᠬᠦᠨᠳᠦᠷᠡᠵᠦ᠂ ᠲᠦᠷᠦᠯ ᠵᠦᠢᠯ ᠤᠨ ᠨᠥᠭᠡᠴᠡ ᠬᠢᠭᠡᠳ ᠴᠢᠨᠠᠷ ᠰᠠᠶᠢᠲᠠᠢ | ᠬᠥᠭᠵᠢᠯᠲᠡ ᠶᠢᠨ ᠵᠣᠯᠭᠠᠭᠤᠯᠬᠤ ᠴᠢᠨᠠᠷ ᠴᠢᠩᠭ᠎ᠠ ᠪᠤᠰᠤ᠂ ᠲᠦᠷᠦᠯ ᠵᠦᠢᠯ ᠤᠨ ᠪᠦᠲᠦᠴᠡ ᠬᠢᠭᠡᠳ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢᠨ ᠢᠵᠢᠯᠢᠰᠢᠬᠦ ᠴᠢᠨᠠᠷ ᠥᠨᠳᠥᠷ ᠪᠤᠰᠤ | ᠪᠠᠶᠢᠵᠤ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠬᠦ ᠲᠦᠷᠦᠯ ᠵᠦᠢᠯ ᠤᠨ ᠬᠡᠪᠴᠢᠶᠡᠵᠢᠯ ᠤᠨ ᠲᠤᠯᠭᠠᠭᠤᠷᠢᠯᠠᠬᠤ | ᠬᠦᠴᠦᠨ ᠬᠦᠷᠦᠯᠴᠡᠬᠦ ᠦᠭᠡᠢ ᠪᠠᠶᠢᠨ᠎ᠠ᠃ ᠣᠷᠣᠨ ᠨᠤᠲᠤᠭ ᠤᠨ ᠬᠡᠷᠡᠭᠯᠡᠵᠦ ᠪᠣᠯᠬᠤᠶᠢᠴᠠ ᠡᠳ᠋ ᠤᠨ ᠬᠦᠴᠦᠨ | ᠶᠡᠷᠦᠩᠬᠡᠢ ᠳᠤ ᠪᠠᠨ ᠭᠦᠢᠴᠡᠳ ᠪᠤᠰᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠲᠡᠩᠴᠡᠭᠦᠷᠢᠰᠢᠯ ᠲᠠᠲᠠᠭᠤ | ᠪᠠᠶᠢᠳᠠᠯ ᠲᠠᠢ᠂ ᠢᠯᠠᠩᠭᠤᠶ᠎ᠠ ᠦᠨᠳᠦᠰᠦᠨ ᠱᠠᠲᠤᠨ ᠤ ᠵᠠᠰᠠᠭ ᠤᠨ ᠣᠷᠳᠣᠨ ᠥᠷᠢ ᠥᠭᠴᠡᠭᠡ ᠶᠢ ᠠᠷᠢᠯᠭᠠᠬᠤ᠂ | ᠠᠵᠤ ᠠᠬᠤᠶᠢᠯᠠᠯ ᠢ ᠲᠤᠰᠠᠯᠠᠨ ᠬᠦᠴᠢᠷᠳᠡᠯ ᠢ ᠨᠢ ᠲᠠᠶᠢᠯᠬᠤ ᠪᠠ ᠠᠷᠠᠳ ᠤᠨ ᠠᠮᠢᠳᠤᠷᠠᠯ ᠢ ᠪᠠᠲᠤᠯᠠᠬᠤ᠂ ᠴᠠᠯᠢᠩ ᠢ | ᠪᠠᠲᠤᠯᠠᠬᠤ᠂ ᠠᠵᠢᠯᠯᠠᠵᠤ ᠡᠷᠭᠢᠯᠳᠦᠭᠦᠯᠬᠦ ᠶᠢ ᠪᠠᠲᠤᠯᠠᠬᠤ ᠲᠠᠯ᠎ᠠ ᠳᠤ ᠨᠡᠯᠢᠶᠡᠳ ᠶᠡᠭᠡ ᠬᠦᠴᠢᠷ ᠲᠤᠯᠭᠠᠷᠠᠵᠤ ᠪᠣᠢ᠃ | ᠡᠯ᠎ᠡ ᠲᠦᠷᠦᠯ ᠤᠨ ᠲᠦᠭᠰᠢᠭᠦᠷᠢ ᠪᠠ ᠥᠷᠢᠰᠦᠯᠳᠦᠭᠡᠨ ᠢᠯᠡᠷᠬᠡᠢ ᠣᠯᠠᠰᠢᠷᠠᠵᠤ᠂ ᠠᠵᠤ ᠠᠬᠤᠢ ᠮᠥᠩᠭᠦᠨ | ᠭᠦᠢᠯᠭᠡᠭᠡᠨ ᠤ ᠬᠦᠷᠢᠶᠡᠨ ᠳᠠᠬᠢ ᠲᠦᠭᠰᠢᠭᠦᠷᠢ ᠬᠤᠷᠠᠮᠳᠤᠨ ᠳᠠᠪᠬᠤᠴᠠᠵᠤ᠂ ᠠᠮᠢ ᠠᠬᠤᠢ ᠣᠷᠴᠢᠨ ᠲᠣᠭᠤᠷᠢᠨ ᠤ | ᠲᠣᠪᠤᠶᠢᠮ᠎ᠠ ᠠᠰᠠᠭᠤᠳᠠᠯ ᠤᠨ ᠦᠯᠡᠳᠡᠭᠳᠡᠯ ᠨᠡᠯᠢᠶᠡᠳ ᠶᠡᠭᠡ ᠪᠠᠶᠢᠨ᠎ᠠ᠂ ᠬᠡᠪᠴᠢᠶᠡᠵᠢᠯ ᠤᠨ ᠴᠢᠨᠠᠷᠲᠠᠢ ᠪᠠᠷ ᠪᠤᠴᠠᠭᠠᠳ | ᠶᠠᠳᠠᠭᠤᠷᠠᠬᠤ ᠶᠢ ᠰᠡᠷᠭᠡᠶᠢᠯᠡᠬᠦ ᠰᠠᠭᠤᠷᠢ ᠶᠢ ᠤᠯᠠᠮ ᠨᠢᠭᠡ ᠠᠯᠬᠤᠮ ᠴᠢᠩᠭᠠᠳᠬᠠᠨ ᠪᠠᠲᠤᠳᠬᠠᠬᠤ ᠴᠢᠬᠤᠯᠠᠲᠠᠢ᠂ | ᠢᠯᠠᠩᠭᠤᠶ᠎ᠠ ᠬᠢᠵᠢᠭ ᠤᠨ ᠪᠠᠶᠢᠳᠠᠯ ᠭᠡᠨᠡᠳᠲᠡ ᠡᠭᠦᠰᠬᠦ ᠲᠦᠭᠰᠢᠭᠦᠷᠢ ᠢᠮᠠᠭᠲᠠ ᠣᠷᠣᠰᠢᠵᠤ ᠪᠠᠶᠢᠬᠤ ᠪᠣᠯᠬᠤᠷ᠂ | ᠠᠵᠢᠯ ᠢᠶᠠᠨ ᠥᠴᠥᠬᠡᠨ ᠰᠤᠯᠠᠷᠠᠭᠤᠯᠵᠤ᠂ ᠥᠴᠥᠬᠡᠨ ᠠᠯᠳᠠᠰᠢ ᠭᠠᠷᠭᠠᠪᠠᠯ ᠲᠥᠰᠥᠭᠡᠯᠡᠬᠦᠶ᠎ᠡ ᠪᠡᠷᠬᠡ ᠨᠥᠯᠥᠭᠡ | ᠭᠠᠷᠴᠤ ᠮᠡᠳᠡᠬᠦ ᠪᠣᠯᠣᠮᠵᠢ ᠲᠠᠢ ᠮᠥᠷᠲᠡᠭᠡᠨ ᠳᠠᠭᠠᠭᠠᠬᠤᠶᠠ ᠪᠡᠷᠬᠡ ᠦᠨ᠎ᠡ ᠲᠥᠯᠥᠪᠦᠷᠢ ᠭᠠᠷᠭᠠᠬᠤ ᠪᠣᠯᠣᠨ᠎ᠠ᠃ | ᠶᠡᠷᠦᠩᠬᠡᠶᠢᠯᠡᠭᠡᠳ ᠬᠡᠯᠡᠪᠡᠯ᠂ ᠲᠥᠰᠥᠭᠡᠯᠡᠯ ᠤᠨ ᠴᠢᠨᠠᠷᠲᠠᠢ ᠭᠦᠢᠴᠡᠳᠬᠡᠯ ᠲᠤᠭ᠎ᠠ ᠶᠢ ᠪᠡᠶᠡᠯᠡᠭᠦᠯᠬᠦ ᠳᠤ ᠪᠠᠨ | ᠥᠨᠳᠥᠷ ᠪᠠᠷᠢᠮᠵᠢᠶᠠᠨ ᠳᠤ ᠬᠦᠷᠭᠡᠬᠦ ᠪᠠᠷ ᠴᠢᠷᠮᠠᠶᠢᠨ᠂ ᠬᠢᠵᠠᠭᠠᠷᠯᠠᠬᠤ ᠴᠢᠨᠠᠷᠲᠠᠢ ᠭᠦᠢᠴᠡᠳᠬᠡᠯ ᠲᠤᠭ᠎ᠠ ᠶᠢ | ᠪᠡᠶᠡᠯᠡᠭᠦᠯᠬᠦ ᠳᠤ ᠪᠠᠨ ᠳᠠᠷᠤᠯᠲᠠ ᠶᠢ ᠳᠠᠭᠠᠭᠠᠵᠤ ᠬᠦᠨᠳᠦ ᠶᠢ ᠡᠭᠦᠷᠭᠡᠯᠡᠬᠦ ᠬᠡᠷᠡᠭᠲᠡᠢ᠃ ᠪᠢᠳᠡ ᠬᠤᠷᠢᠭ᠎ᠠ ᠱᠤᠭᠤᠮ ᠤᠨ | ᠰᠡᠳᠬᠢᠬᠦᠢ ᠶᠢ ᠪᠣᠢ ᠪᠣᠯᠭᠠᠨ᠂ ᠰᠢᠰᠲ᠋ᠧᠮ ᠤᠨ ᠦᠵᠡᠯᠲᠡ ᠪᠠᠨ ᠴᠢᠩᠭᠠᠷᠠᠭᠤᠯᠤᠨ᠂ ᠨᠢᠭᠡᠳᠦᠯᠲᠡᠢ ᠲᠥᠯᠥᠪᠯᠡᠬᠦ | ᠠᠷᠭ᠎ᠠ ᠶᠢ ᠰᠠᠶᠢᠲᠤᠷ ᠬᠡᠷᠡᠭᠯᠡᠵᠦ᠂ ᠪᠦᠷᠢᠨ ᠭᠦᠢᠴᠡᠳ ᠪᠡᠯᠡᠳᠬᠡᠯ ᠬᠢᠵᠦ᠂ ᠪᠦᠬᠦ ᠬᠦᠴᠦ ᠪᠠᠷ ᠢᠶᠠᠨ ᠴᠢᠷᠮᠠᠶᠢᠨ | ᠠᠵᠢᠯᠯᠠᠵᠤ᠂ ᠨᠡᠩ ᠰᠠᠶᠢᠨ ᠦᠷ᠎ᠡ ᠳ᠋ᠦᠩ ᠢ ᠲᠡᠮᠡᠴᠡᠨ ᠣᠯᠬᠤ ᠬᠡᠷᠡᠭᠲᠡᠢ᠃ ᠡᠷᠬᠡᠪᠰᠢ ᠰᠢᠨ᠎ᠡ ᠬᠥᠭᠵᠢᠯᠲᠡ ᠶᠢᠨ | ᠣᠨᠣᠯᠵᠢᠬᠤᠨ ᠢ ᠪᠦᠷᠢᠨ ᠭᠦᠢᠴᠡᠳ᠂ ᠵᠥᠪ ᠣᠨᠣᠪᠴᠢᠳᠠᠢ᠂ ᠪᠦᠭᠦ ᠲᠠᠯ᠎ᠠ ᠪᠠᠷ ᠲᠤᠭᠤᠰᠢᠯᠠᠭᠤᠯᠤᠨ᠎ᠠ᠂ ᠠᠮᠢ | ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠯᠲᠡ ᠶᠢ ᠪᠠᠷᠢᠮᠲᠠᠯᠠᠵᠤ᠂ ᠰᠠᠶᠢᠨ ᠢ ᠨᠢ | ᠪᠠᠳᠠᠷᠠᠭᠤᠯᠤᠨ ᠰᠢᠭᠠᠷᠤ ᠪᠠᠨ ᠲᠡᠪᠴᠢᠭᠦ ᠪᠠ ᠰᠢᠯᠢᠳᠡᠭ ᠢ ᠬᠥᠮᠥᠵᠢᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠶᠢ | ᠪᠠᠷᠢᠮᠲᠠᠯᠠᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠪᠦᠳᠣᠮᠵᠢᠳᠠᠢ ᠵᠠᠮ | ᠮᠥᠷ ᠢ ᠣᠨᠣᠪᠴᠢᠳᠠᠢ ᠡᠷᠢᠵᠦ᠂ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠬᠡᠯᠪᠡᠷᠢ ᠶᠢ ᠬᠦᠴᠦᠯᠡᠨ | ᠬᠤᠪᠢᠷᠠᠭᠤᠯᠵᠤ᠂ ᠪᠣᠬᠢᠷᠳᠤᠯ ᠦᠭᠡᠢ ᠪᠥᠭᠡᠳ ᠣᠨᠴᠠᠯᠢᠭ ᠲᠠᠢ ᠳᠠᠪᠠᠭᠤᠯᠢᠭ ᠣᠳᠣ ᠦᠶ᠎ᠡ ᠶᠢᠨ ᠠᠵᠤ ᠦᠢᠯᠡᠰ ᠤᠨ | ᠲᠣᠭᠲᠠᠯᠴᠠᠭ᠎ᠠ ᠶᠢ ᠲᠦᠷᠭᠡᠳᠬᠡᠨ ᠴᠣᠭᠴᠠᠯᠠᠵᠤ᠂ ᠪᠦᠭᠦ ᠬᠦᠴᠦᠨ ᠢᠶᠠᠷ ᠢᠶᠠᠨ ᠪᠦᠲᠦᠴᠡ ᠳᠤ ᠲᠣᠬᠢᠷᠠᠭᠤᠯᠤᠯᠲᠠ | ᠬᠢᠵᠦ᠂ ᠴᠢᠳᠠᠮᠵᠢ ᠪᠠᠨ ᠬᠤᠪᠢᠷᠠᠭᠤᠯᠤᠨ᠂ ᠶᠠᠰᠤ ᠴᠢᠨᠠᠷ ᠢᠶᠠᠨ ᠳᠡᠭᠡᠭᠰᠢᠯᠡᠭᠦᠯᠣᠨ᠎ᠡ᠃ ᠡᠷᠬᠡᠪᠰᠢ ᠲᠣᠭᠲᠠᠭᠤᠨ | ᠪᠠᠶᠢᠯᠭᠠᠬᠤ ᠶᠢ ᠲᠡᠷᠢᠭᠦᠨ ᠳᠤ ᠲᠠᠯᠪᠢᠵᠤ᠂ ᠲᠣᠭᠲᠠᠭᠤᠨ ᠤ ᠳᠠᠭᠠᠤ ᠤᠷᠤᠭᠰᠢᠯᠠᠬᠤ ᠶᠢ ᠪᠠᠷᠢᠮᠲᠠᠯᠠᠨ᠎ᠠ᠂ ᠠᠵᠤ | ᠠᠬᠤᠢ ᠶᠢ ᠲᠣᠭᠲᠠᠪᠤᠷᠢᠵᠢᠭᠤᠯᠬᠤ᠂ ᠪᠣᠭᠤᠮᠲᠠ ᠰᠢᠪᠲᠤᠯᠬᠤ ᠳᠤ ᠠᠰᠢᠭᠲᠠᠢ ᠪᠠᠶᠢᠬᠤ ᠲᠦᠷᠣ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢ ᠢᠳᠡᠪᠬᠢᠲᠡᠢ ᠳᠤᠷᠠᠳᠤᠨ ᠭᠠᠷᠭᠠᠵᠤ᠂ ᠠᠵᠤ ᠠᠬᠤᠢ ᠶᠢᠨ ᠦᠨᠳᠦᠰᠦᠨ ᠰᠠᠭᠤᠷᠢ ᠶᠢ ᠡᠷᠡᠰ | ᠲᠣᠭᠲᠠᠪᠤᠷᠢᠵᠢᠭᠤᠯᠵᠤ᠂ ᠨᠡᠶᠢᠭᠡᠮ ᠤᠨ ᠦᠨᠳᠦᠰᠦᠨ ᠲᠠᠯ᠎ᠠ ᠶᠢ ᠲᠣᠭᠲᠠᠭᠤᠨ ᠪᠠᠶᠢᠯᠭᠠᠵᠤ᠂ ᠠᠵᠤ ᠠᠬᠤᠢ ᠶᠢᠨ | ᠬᠥᠭᠵᠢᠯᠲᠡ ᠶᠢᠨ ᠶᠠᠰᠤ ᠴᠢᠨᠠᠷ ᠤᠨ ᠬᠤᠪᠢᠰᠤᠯᠲᠠ᠂ ᠦᠷ᠎ᠡ ᠪᠦᠲᠦᠮᠵᠢ ᠶᠢᠨ ᠬᠤᠪᠢᠰᠤᠯᠲᠠ᠂ ᠬᠥᠳᠡᠯᠭᠡᠭᠦ | ᠬᠦᠴᠦᠨ ᠤ ᠬᠤᠪᠢᠰᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠠᠵᠤ ᠠᠬᠤᠢ ᠶᠢᠨ ᠬᠡᠮᠵᠢᠶᠡᠨ ᠤ ᠵᠦᠢ | ᠵᠣᠬᠢᠰᠲᠠᠢ ᠪᠠᠷ ᠨᠡᠮᠡᠭᠳᠡᠬᠦ ᠪᠠ ᠴᠢᠨᠠᠷ ᠤᠨ ᠲᠣᠭᠲᠠᠭᠤᠨ ᠢᠶᠠᠷ ᠳᠡᠭᠡᠭᠰᠢᠯᠡᠬᠦ ᠶᠢ ᠪᠡᠶᠡᠯᠡᠭᠦᠯᠬᠦ ᠪᠠᠨ ᠦᠨᠡᠨ ᠬᠦ ᠪᠠᠲᠤᠯᠠᠨ᠎ᠠ᠃ | ᠡᠷᠬᠡᠪᠰᠢ ᠰᠢᠰᠲ᠋ᠧᠮ ᠤᠨ ᠴᠢᠨᠠᠷᠲᠠᠢ ᠲᠦᠭᠰᠢᠭᠦᠷᠢ ᠡᠭᠦᠰᠬᠡᠬᠦ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠨ᠎ᠠ᠂ | ᠲᠦᠭᠰᠢᠭᠦᠷᠢ ᠶᠢ ᠠᠷᠢᠯᠭᠠᠨ ᠲᠦᠭᠰᠢᠭᠦᠷᠢ ᠶᠢᠨ ᠬᠤᠪᠢᠷᠠᠬᠤ ᠠᠴᠠ ᠰᠡᠷᠭᠡᠶᠢᠯᠡᠬᠦ ᠶᠢ ᠠᠯᠢᠪᠠ ᠠᠵᠢᠯ ᠤᠨ ᠤᠷᠢᠳᠡᠬᠢ | ᠨᠥᠬᠦᠴᠡᠯ ᠪᠣᠯᠭᠠᠵᠣ᠂ ᠡᠯ᠎ᠡ ᠲᠠᠯ᠎ᠠ ᠶᠢᠨ ᠲᠦᠭᠰᠢᠭᠦᠷᠢ ᠶᠢ ᠠᠷᠢᠯᠭᠠᠬᠤ ᠪᠠ ᠲᠣᠭᠲᠠᠭᠤᠨ ᠢ ᠪᠠᠲᠤᠯᠠᠬᠤ | ᠬᠠᠷᠢᠭᠤᠴᠠᠯᠭ᠎ᠠ ᠶᠢ ᠨᠢ ᠴᠢᠩᠭ᠎ᠠ ᠪᠣᠳᠠᠲᠠᠶᠢᠵᠢᠭᠤᠯᠵᠤ᠂ ᠡᠯ᠎ᠡ ᠬᠦᠷᠢᠶ᠎ᠡ ᠴᠠᠷᠠᠭᠠᠨ ᠳᠠᠬᠢ ᠲᠦᠭᠰᠢᠭᠦᠷᠢ ᠶᠢ | ᠰᠡᠷᠡᠮᠵᠢᠯᠡᠭᠦᠯᠵᠣ ᠬᠢᠨᠠᠨ ᠰᠢᠨᠵᠢᠭᠦ ᠪᠠ ᠰᠡᠷᠭᠡᠶᠢᠯᠡᠵᠦ ᠠᠷᠭᠠᠴᠠᠭᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠪᠣᠳᠠᠲᠠᠢ | ᠬᠡᠷᠡᠭᠵᠢᠭᠦᠯᠵᠦ᠂ ᠡᠷᠲᠡ ᠠᠴᠠ ᠨᠢ ᠠᠩᠬᠠᠷᠤᠨ ᠵᠢᠵᠢᠭ ᠪᠠᠶᠢᠬᠤ ᠳᠤ ᠨᠢ ᠠᠳᠬᠤᠵᠤ ᠴᠤᠬᠤᠶᠢᠵᠤ ᠭᠠᠷᠪᠠᠯ | ᠰᠢᠢᠳᠪᠦᠷᠢᠯᠡᠨ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨ ᠬᠦ ᠪᠠᠲᠤᠯᠠᠨ᠎ᠠ᠃ ᠡᠷᠬᠡᠪᠰᠢ ᠰᠡᠳᠬᠢᠯ | ᠨᠢᠭᠡᠳᠦᠨ ᠬᠦᠴᠦ ᠪᠠᠨ ᠬᠠᠮᠲᠤᠳᠬᠠᠨ ᠬᠦᠴᠢᠷ ᠪᠡᠷᠬᠡᠰᠢᠶᠡᠯ ᠢ ᠢᠯᠡᠨ ᠳᠠᠪᠠᠨ᠎ᠠ᠂ ᠣᠷᠣᠨ ᠳᠠᠶᠠᠭᠠᠷ ᠢᠶᠠᠨ ᠬᠠᠮᠲᠤ ᠪᠠᠷ | ᠬᠥᠭᠵᠢᠯᠲᠡ ᠶᠢ ᠠᠳᠬᠤᠵᠤ ᠣᠳᠣᠬᠠᠨ ᠤ ᠬᠦᠴᠢᠷ ᠵᠣᠪᠠᠭᠤᠷᠢ ᠶᠢ ᠲᠤᠭᠤᠯᠵᠤ᠂ ᠡᠳ᠋ ᠤᠨ ᠬᠦᠴᠦᠨ ᠢᠶᠠᠨ | ᠦᠨᠳᠦᠰᠦᠨ ᠱᠠᠲᠤᠨ ᠳᠤ ᠪᠠᠭᠤᠯᠭᠠᠬᠤ᠂ ᠲᠦᠷᠣ ᠶᠢᠨ ᠪᠣᠳᠣᠯᠭ᠎ᠠ ᠪᠠᠨ ᠦᠨᠳᠦᠰᠦᠨ ᠱᠠᠲᠤ ᠲᠡᠶᠢᠰᠢ ᠬᠡᠯᠪᠠᠶᠢᠯᠭᠡᠬᠦ ᠶᠢ | ᠠᠬᠢᠭᠤᠯᠵᠤ᠂ ᠨᠡᠩ ᠣᠯᠡᠨ ᠡᠬᠢ ᠪᠠᠶᠠᠯᠢᠭ ᠬᠦᠴᠦᠨ ᠴᠢᠳᠠᠯ ᠢ ᠲᠠᠶᠢᠴᠢᠯᠠᠵᠣ ᠪᠠᠶᠢᠭᠠᠳ ᠦᠨᠳᠦᠰᠦᠨ ᠱᠠᠲᠤᠨ ᠤ | ᠬᠦᠴᠢᠷ ᠠᠰᠠᠭᠤᠳᠠᠯ ᠢ ᠰᠢᠢᠳᠪᠦᠷᠢᠯᠡᠬᠦ᠂ ᠬᠦᠴᠢᠷᠳᠡᠯᠲᠡᠢ ᠴᠠᠭ ᠢ ᠲᠣᠭᠤᠯᠬᠤ ᠳᠤ ᠨᠢ ᠬᠠᠪᠰᠤᠷᠴᠤ᠂ ᠲᠠᠯ᠎ᠠ | ᠲᠠᠯ᠎ᠠ ᠶᠢᠨ ᠡᠷᠴᠢ ᠵᠣᠷᠢᠭ ᠢ ᠭᠦᠢᠴᠡᠳ ᠳᠠᠶᠢᠴᠢᠯᠠᠵᠣ ᠥᠭᠡᠷᠡᠴᠢᠯᠡᠯᠲᠡ ᠪᠠ ᠬᠥᠭᠵᠢᠯᠲᠡ ᠶᠢ ᠠᠬᠢᠭᠤᠯᠤᠨ᠎ᠠ᠃ | ᠭᠤᠷᠪᠠ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠭᠤᠣᠯ ᠡᠭᠦᠷᠭᠡ | ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠪᠠᠶᠢᠳᠠᠯ ᠪᠠ ᠬᠠᠲᠠᠭᠤ ᠪᠡᠷᠬᠡ ᠡᠭᠦᠷᠭᠡ ᠶᠢᠨ ᠡᠮᠦᠨ᠎ᠡ᠂ ᠪᠢᠳᠠ | ᠢᠲᠡᠭᠡᠯ ᠵᠣᠷᠢᠭ ᠢᠶᠠᠨ ᠪᠠᠲᠤᠳᠬᠠᠵᠤ᠂ ᠰᠠᠨᠠᠭᠠᠴᠢᠯᠠᠭ᠎ᠠ ᠠᠴᠠ ᠪᠠᠨ ᠵᠢᠳᠬᠦᠨ ᠴᠢᠷᠮᠠᠶᠢᠵᠤ ᠠᠵᠢᠯ ᠢᠶᠠᠨ ᠰᠠᠶᠢᠲᠤᠷ | ᠬᠢᠨ᠎ᠡ᠃ | ︵ᠨᠢᠭᠡ︶ ᠪᠡᠯᠡ ᠣᠷᠣᠭᠤᠯᠤᠯᠳᠡ ᠶᠢ ᠥᠷᠭᠡᠳᠬᠡᠨ ᠬᠡᠷᠡᠭᠯᠡᠭᠡ ᠶᠢ ᠠᠬᠢᠭᠤᠯᠵᠤ ᠲᠦᠭᠰᠢᠭᠦᠷᠢ ᠶᠢ | ᠰᠡᠷᠭᠡᠶᠢᠯᠡᠬᠦ ᠪᠠᠷ ᠬᠦᠴᠦᠯᠡᠨ ᠴᠢᠷᠮᠠᠶᠢᠵᠤ᠂ ᠠᠵᠤ ᠠᠬᠤᠢ ᠶᠢᠨ ᠲᠣᠭᠲᠠᠭᠤᠨ ᠪᠥᠭᠡᠳ ᠡᠷᠡᠭᠦᠯ ᠢᠶᠠᠷ ᠭᠦᠭᠵᠢᠭᠦ ᠶᠢ | ᠪᠠᠲᠤᠯᠠᠨ᠎ᠠ᠃ ᠪᠡᠯᠡ ᠣᠷᠣᠭᠤᠯᠣᠯᠳᠡ ᠶᠢᠨ ᠵᠠᠩᠭᠢᠯᠠᠭ᠎ᠠ ᠶᠢᠨ ᠦᠢᠯᠡᠳᠦᠯ ᠪᠠ ᠬᠡᠷᠡᠭᠯᠡᠭᠡ ᠶᠢᠨ ᠰᠠᠭᠤᠷᠢᠯᠠᠬᠤ | ᠦᠢᠯᠡᠳᠦᠯ ᠢ ᠭᠦᠢᠴᠡᠳ ᠪᠠᠳᠠᠷᠠᠭᠤᠯᠤᠨ᠂ ᠬᠦᠨᠳᠦ ᠶᠡᠭᠡ ᠲᠦᠭᠰᠢᠭᠦᠷᠢ ᠶᠢ ᠦᠨᠡᠨ ᠬᠦ ᠰᠡᠷᠭᠡᠶᠢᠯᠡᠨ ᠠᠷᠢᠯᠭᠠᠵᠤ᠂ | ᠲᠣᠭᠲᠠᠭᠤᠨ ᠢ ᠪᠠᠲᠤᠯᠠᠵᠤ ᠤᠷᠤᠭᠰᠢᠯᠠᠬᠤ ᠶᠢ ᠠᠬᠢᠭᠤᠯᠬᠤ ᠬᠠᠲᠠᠭᠤ ᠰᠢᠷᠦᠭᠦᠨ ᠳᠠᠶᠢᠯᠠᠯᠳᠤᠭᠠᠨ ᠢ ᠰᠠᠶᠢᠲᠤᠷ ᠬᠢᠨ᠎ᠡ᠃ | | ᠪᠦᠳᠣᠮᠵᠢᠳᠠᠢ ᠪᠡᠯᠡ ᠣᠷᠣᠭᠤᠯᠣᠯᠳᠡ ᠶᠢ ᠢᠳᠡᠪᠬᠢᠲᠡᠢ ᠥᠷᠭᠡᠳᠬᠡᠨ᠎ᠡ᠃ ᠤᠯᠤᠰ ᠤᠨ ᠲᠥᠰᠥᠪ ᠲᠠᠬᠢ ᠪᠡᠯᠡ | ᠣᠷᠣᠭᠤᠯᠣᠯᠳᠡ ᠶᠢ ᠵᠣᠬᠢᠬᠤ ᠬᠡᠮᠵᠢᠶ᠎ᠡ ᠪᠠᠷ ᠨᠡᠮᠡᠭᠳᠡᠭᠦᠯᠬᠦ᠂ ᠪᠣᠳᠠᠲᠤ ᠴᠣᠭᠴᠠ ᠶᠢᠨ ᠠᠵᠤ ᠠᠬᠤᠢ ᠶᠢᠨ ᠪᠡᠯᠡ | ᠲᠣᠬᠢᠷᠠᠭᠤᠯᠬᠤ ᠶᠢ ᠬᠦᠴᠦᠲᠡᠢ ᠳᠡᠮᠵᠢᠭᠦ ᠵᠡᠷᠭᠡ ᠲᠦᠷᠣ ᠶᠢᠨ ᠪᠣᠳᠣᠯᠭ᠎ᠠ ᠶᠢ ᠭᠦᠢᠴᠡᠳ ᠰᠠᠶᠢᠨ ᠠᠰᠢᠭᠯᠠᠵᠤ᠂ | ᠲᠥᠯᠦᠪᠵᠢᠭᠦᠯᠭᠡ ᠶᠢᠨ ᠴᠢᠬᠤᠯᠠ ᠶᠡᠭᠡ ᠲᠦᠷᠣᠯ ᠵᠦᠢᠯ ᠪᠠ ᠣᠨ ᠤ ᠭᠤᠣᠯᠳᠠᠯᠭ᠎ᠠ ᠪᠣᠯᠬᠤ ᠲᠦᠷᠣᠯ ᠵᠦᠢᠯ ᠢ | ᠴᠢᠩᠭ᠎ᠠ ᠠᠩᠬᠠᠷᠴᠤ᠂ ᠶᠡᠷᠦ ᠪᠤᠰᠤ ᠶᠢᠨ ᠠᠷᠭ᠎ᠠ ᠬᠡᠮᠵᠢᠶ᠎ᠡ ᠶᠢ ᠠᠪᠴᠤ ᠬᠦᠴᠦᠨ ᠵᠦᠢᠯ ᠤᠨ ᠪᠠᠲᠤᠯᠠᠭ᠎ᠠ ᠶᠢ | ᠴᠢᠩᠭᠠᠷᠠᠭᠤᠯᠤᠨ᠂ ᠡᠬᠢᠨ ᠤ ᠬᠤᠭᠤᠴᠠᠭᠠᠨ ᠳᠠᠬᠢ ᠠᠵᠢᠯ ᠢ ᠰᠠᠶᠢᠲᠤᠷ ᠬᠢᠵᠦ᠂ 5200 ᠳ᠋ᠦᠩᠰᠢᠭᠤᠷ | ᠲᠥᠭᠦᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠬᠢᠬᠦ ᠬᠠᠷᠠᠯᠲᠠ ᠶᠢ ᠪᠦᠬᠦ ᠬᠦᠴᠦ ᠪᠠᠷ ᠢᠶᠠᠨ | ᠪᠡᠶᠡᠯᠡᠭᠦᠯᠦᠨ᠎ᠡ᠃ ᠲᠦᠷᠣᠯ ᠵᠦᠢᠯ ᠤᠨ ᠬᠥᠮᠥᠷᠭᠡ ᠳᠤ ᠲᠣᠬᠢᠷᠠᠭᠤᠯᠤᠯᠲᠠ ᠬᠢᠵᠦ ᠳᠡᠰ ᠳᠠᠪᠰᠢᠭᠦᠯᠭᠦ ᠶᠢ ᠲᠦᠷᠭᠡᠳᠬᠡᠨ᠂ | ᠭᠤᠣᠯᠳᠠᠯᠭ᠎ᠠ ᠪᠣᠯᠬᠤ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ᠂ ᠰᠢᠨ᠎ᠡ ᠶᠢ ᠡᠭᠦᠣᠡᠭᠦ | ᠬᠡᠯᠬᠢᠶᠡᠨ ᠤ ᠲᠣᠭᠤᠷᠢᠨ ᠳᠤ ᠲᠦᠷᠣᠯ ᠵᠦᠢᠯ ᠢ ᠠᠬᠢᠭᠤᠯᠬᠤ ᠪᠠᠨ ᠰᠡᠳᠬᠢᠨ ᠰᠦᠪᠡᠭᠴᠢᠯᠡᠵᠦ᠂ ᠠᠵᠤ | ᠦᠢᠯᠡᠳᠪᠦᠷᠢ ᠶᠢᠨ ᠮᠡᠷᠭᠡᠵᠢᠯ ᠢᠶᠠᠨ ᠥᠭᠡᠷᠡᠴᠢᠯᠡᠨ ᠰᠢᠨᠡᠴᠢᠯᠡᠬᠦ᠂ ᠲᠡᠷᠢᠭᠦᠨ ᠤ ᠦᠢᠯᠡᠣᠡᠭᠦ᠂ ᠰᠢᠨ᠎ᠡ ᠪᠠᠷ ᠪᠣᠢ | ᠪᠣᠯᠤᠭᠰᠠᠨ ᠠᠵᠤ ᠦᠢᠯᠡᠰ ᠪᠠ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢᠶᠠᠨ ᠤᠯᠠᠷᠢᠭᠤᠯᠬᠤ ᠳᠤ ᠪᠡᠯᠡ | ᠣᠷᠣᠭᠤᠯᠣᠯᠳᠡ ᠪᠠᠨ ᠶᠡᠭᠡ ᠪᠠᠷ ᠨᠡᠮᠡᠭᠳᠡᠭᠦᠯᠬᠦ ᠶᠢ ᠠᠬᠢᠭᠤᠯᠤᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠠᠵᠢᠯ ᠢ ᠴᠢᠩᠳᠠᠯᠠᠨ᠂ ᠭᠠᠳᠠᠭᠰᠢ ᠭᠠᠷᠭᠠᠬᠤ ᠶᠢ ᠪᠠᠶᠢᠩᠭᠤᠵᠢᠭᠤᠯᠵᠤ᠂ ᠲᠠᠲᠠᠵᠤ ᠣᠷᠣᠭᠤᠯᠤᠨ ᠠᠪᠴᠢᠷᠠᠬᠤ ᠶᠢ | ᠣᠨᠣᠴᠠᠲᠠᠢ ᠪᠣᠯᠭᠠᠨ᠂ ᠨᠡᠶᠢᠭᠡᠮ ᠤᠨ ᠬᠥᠷᠥᠩᠭᠡ ᠶᠢᠨ ᠪᠡᠯᠡ ᠣᠷᠣᠭᠤᠯᠣᠯᠳᠡ ᠶᠢ ᠠᠬᠢᠭᠤᠯᠬᠤ ᠪᠠ ᠣᠷᠣᠨ ᠤ | ᠭᠠᠳᠠᠨᠠᠬᠢ ᠪᠡᠯᠡ ᠣᠷᠣᠭᠤᠯᠣᠯᠳᠡ ᠶᠢ ᠣᠷᠣᠭᠤᠯᠵᠤ ᠠᠪᠴᠢᠷᠠᠬᠤ ᠪᠠᠨ ᠶᠡᠭᠡ ᠪᠠᠷ ᠨᠡᠮᠡᠭᠳᠡᠭᠦᠯᠦᠨ᠎ᠡ᠃ | ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠎ᠡ᠃ ᠤᠯᠤᠰ ᠤᠨ | ᠰᠠᠭᠤᠷᠢ ᠪᠡᠯᠡᠳᠬᠡᠮᠵᠢ ᠶᠢᠨ ᠪᠡᠯᠡ ᠣᠷᠣᠭᠤᠯᠣᠯᠳᠡ ᠪᠠᠨ ᠵᠣᠬᠢᠬᠤ ᠬᠡᠮᠵᠢᠶ᠎ᠡ ᠪᠠᠷ ᠤᠷᠢᠳᠴᠢᠯᠠᠨ ᠥᠷᠨᠢᠭᠦᠯᠬᠦ ᠠᠵᠠ | ᠲᠣᠬᠢᠶᠠᠯ ᠢ ᠠᠳᠬᠤᠵᠤ᠂ ᠪᠦᠭᠦ ᠤᠯᠤᠰ ᠲᠤ ᠬᠤᠯᠪᠣᠵᠤ ᠨᠡᠪᠲᠡᠷᠡᠭᠰᠡᠨ᠂ ᠪᠦᠬᠦ ᠣᠷᠣᠨ ᠳᠤ ᠬᠠᠷᠢᠯᠴᠠᠨ | ᠨᠡᠪᠲᠡᠷᠡᠯᠴᠡᠭᠰᠡᠨ ᠣᠳᠣ ᠦᠶ᠎ᠡ ᠶᠢᠨ ᠰᠠᠭᠤᠷᠢ ᠪᠡᠯᠡᠳᠬᠡᠮᠵᠢ ᠶᠢᠨ ᠲᠣᠣᠷ ᠰᠦᠯᠵᠢᠶᠡᠨ ᠤ ᠲᠣᠭᠲᠠᠯᠴᠠᠭ᠎ᠠ ᠶᠢ | ᠱᠠᠯᠠᠪᠳᠠᠨ ᠪᠠᠶᠢᠭᠤᠯᠤᠨ᠎ᠠ᠃ ᠪᠤᠭᠤᠲᠤ ᠠᠴᠠ ᠢᠷᠭᠠᠢ ᠬᠦᠷᠬᠦ ᠳᠡᠭᠡᠳᠦ ᠬᠤᠷᠳᠤ ᠶᠢᠨ ᠲᠡᠮᠦᠷ ᠵᠠᠮ᠂ ᠵᠢᠨᠢᠩ ᠳ᠋ᠠᠲ᠋ᠦ᠋ᠩ | ᠶᠣᠸᠠᠨᠫᠢᠩ ᠤᠨ ᠳᠡᠭᠡᠳᠦ ᠬᠤᠷᠳᠤ ᠶᠢᠨ ᠲᠡᠮᠦᠷ ᠵᠠᠮ ᠢ ᠪᠦᠲᠦᠭᠡᠨ ᠪᠠᠶᠢᠭᠤᠯᠬᠤ ᠪᠠ ᠵᠢᠨᠢᠩ ᠠᠴᠠ ᠲᠦᠩᠯᠢᠶᠣᠣ | ᠬᠦᠷᠬᠦ ᠲᠡᠮᠦᠷ ᠵᠠᠮ ᠢ ᠴᠠᠬᠢᠯᠭᠠᠨᠵᠢᠭᠤᠯᠤᠨ ᠥᠭᠡᠷᠡᠴᠢᠯᠡᠬᠦ ᠶᠢ ᠲᠦᠷᠭᠡᠳᠬᠡᠵᠦ᠂ ᠣᠷᠳᠣᠰ ᠲᠡᠮᠡᠭᠡᠲᠦ ᠶᠠᠨ ᠠᠨ ᠤ | ᠳᠡᠭᠡᠳᠦ ᠬᠤᠷᠳᠤ ᠶᠢᠨ ᠲᠡᠮᠦᠷ ᠵᠠᠮ ᠵᠡᠷᠭᠡ ᠲᠦᠷᠣᠯ ᠵᠦᠢᠯ ᠢ ᠡᠷᠲᠡᠬᠡᠨ ᠪᠣᠳᠠᠲᠠᠶᠢᠵᠢᠭᠤᠯᠬᠤ ᠠᠵᠢᠯ ᠢᠶᠠᠨ | ᠡᠬᠢᠯᠡᠭᠦᠯᠭᠦ ᠪᠠᠷ ᠴᠢᠷᠮᠠᠶᠢᠨ᠎ᠠ᠃ S43 ᠨᠢᠰᠬᠡᠯ ᠤᠨ ᠪᠠᠭᠤᠳᠠᠯ ᠤᠨ ᠳᠡᠭᠡᠳᠦ ᠬᠤᠷᠳᠤ ᠶᠢᠨ ᠵᠠᠮ ᠵᠡᠷᠭᠡ ᠲᠦᠷᠣᠯ | ᠵᠦᠢᠯ ᠢ ᠠᠵᠢᠯ ᠡᠬᠢᠯᠡᠭᠦᠯᠦᠨ ᠪᠠᠶᠢᠭᠤᠯᠬᠤ ᠶᠢ ᠠᠬᠢᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ | 5000 ᠭᠠᠷᠤᠢ ᠺᠢᠯᠣᠮᠧᠳ᠋ᠷ ᠰᠢᠨ᠎ᠡ ᠪᠠᠷ ᠥᠭᠡᠷᠡᠴᠢᠯᠡᠨ ᠰᠢᠨᠡᠳᠬᠡᠵᠦ᠂ ᠶᠡᠭᠡ ᠬᠢᠩᠭᠠᠨ ᠳᠠᠪᠠᠭ᠎ᠠ ᠶᠢᠨ ᠰᠢᠭᠤᠶᠢᠲᠤ | ᠣᠷᠣᠨ ᠤ ᠵᠠᠰᠠᠮᠠᠯ ᠵᠠᠮ ᠪᠠ ᠴᠢᠮᠡᠭᠡ ᠬᠤᠯᠪᠣᠭᠠᠨ ᠤ ᠲᠣᠣᠷ ᠰᠦᠯᠵᠢᠶ᠎ᠡ᠂ ᠮᠠᠯᠵᠢᠬᠤ ᠣᠷᠣᠨ ᠤ ᠮᠡᠳᠡᠭᠡ | ᠬᠤᠯᠪᠣᠭᠠᠨ ᠤ ᠰᠠᠭᠤᠷᠢ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠭᠦᠭᠡᠬᠤᠳᠠ ᠰᠢᠨ᠎ᠡ | ᠨᠢᠰᠬᠡᠯ ᠤᠨ ᠪᠠᠭᠤᠳᠠᠯ ᠵᠡᠷᠭᠡ ᠢᠨᠵᠧᠨᠧᠷᠢᠩ ᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠨᠡᠶᠢᠳᠡᠮ ᠬᠡᠷᠡᠭᠯᠡᠬᠦ | ᠨᠢᠰᠬᠡᠯ ᠤᠨ ᠪᠠᠭᠤᠳᠠᠯ ᠢ 3 ᠪᠠᠶᠢᠭᠤᠯᠵᠤ᠂ ᠨᠡᠶᠢᠳᠡᠮ ᠬᠡᠷᠡᠭᠯᠡᠬᠦ ᠠᠭᠠᠷ ᠤᠨ ᠠᠶᠠᠯᠠᠯ ᠤᠨ ᠲᠣᠣᠷ ᠰᠦᠯᠵᠢᠶ᠎ᠡ ᠶᠢ | ᠲᠡᠭᠦᠯᠳᠡᠷᠵᠢᠭᠦᠯᠦᠨ᠂ ᠪᠦᠭᠦ ᠣᠷᠣᠨ ᠤ ᠠᠭᠠᠷ ᠤᠨ ᠠᠶᠠᠯᠠᠯ ᠤᠨ ᠭᠤᠣᠯ ᠱᠤᠭᠤᠮ ᠢ ᠰᠠᠯᠪᠤᠷᠢ ᠱᠤᠭᠤᠮ ᠯᠤᠭ᠎ᠠ | ᠨᠡᠪᠲᠡᠷᠡᠭᠦᠯᠬᠦ᠂ ᠪᠦᠭᠦ ᠰᠦᠯᠵᠢᠶ᠎ᠡ ᠪᠠᠷ ᠬᠤᠯᠪᠣᠬᠤ ᠶᠢ ᠠᠬᠢᠭᠤᠯᠤᠨ᠎ᠠ᠃ ᠥᠪᠥᠷ ᠮᠣᠩᠭᠤᠯ ᠤᠨ ᠬᠡᠰᠡᠭ ᠲᠠᠬᠢ | ᠬᠠᠲᠤᠨ ᠭᠤᠣᠯ ᠤᠨ ᠦᠶᠡᠷ ᠢ ᠰᠡᠷᠭᠡᠶᠢᠯᠡᠬᠦ ᠭᠤᠷᠪᠠᠳᠤᠭᠠᠷ ᠬᠤᠭᠤᠴᠠᠭ᠎ᠠ᠂ ᠴᠤᠤᠯ ᠭᠤᠣᠯ ᠤᠨ ᠤᠰᠤ ᠶᠢ ᠵᠠᠯᠠᠵᠤ | ᠯᠢᠶᠣᠣ ᠾᠧ ᠭᠤᠣᠯ ᠳᠤ ᠨᠡᠮᠡᠷᠢᠯᠡᠬᠦ ᠬᠤᠶᠠᠳᠤᠭᠠᠷ ᠬᠤᠭᠤᠴᠠᠭ᠎ᠠ᠂ ᠠᠶᠤᠯ ᠭᠡᠮ ᠲᠠᠢ ᠤᠰᠣᠨ ᠴᠦᠭᠦᠷᠣᠮ ᠤᠨ | ᠠᠶᠤᠯ ᠢ ᠠᠷᠢᠯᠭᠠᠨ ᠪᠠᠬᠢᠵᠢᠭᠦᠯᠬᠦ ᠵᠡᠷᠭᠡ ᠢᠨᠵᠧᠨᠧᠷᠢᠩ ᠢ ᠱᠠᠯᠠᠪᠳᠠᠨ ᠬᠡᠷᠡᠭᠵᠢᠭᠦᠯᠵᠦ᠂ ᠤᠰᠤ ᠵᠠᠯᠠᠵᠤ ᠲᠠᠲᠠᠬᠤ | ᠭᠤᠣᠯᠯᠠᠭᠴᠢ ᠢᠨᠵᠧᠨᠧᠷᠢᠩ ᠪᠠ ᠲᠠᠷᠢᠶᠠᠨ ᠭᠠᠵᠠᠷ ᠤᠨ ᠣᠰᠣᠨ ᠠᠰᠢᠭᠯᠠᠯᠲᠠ ᠶᠢᠨ ᠲᠦᠷᠣᠯ ᠵᠦᠢᠯ ᠢ ᠢᠳᠡᠪᠬᠢᠲᠡᠢ | ᠰᠡᠳᠬᠢᠨ ᠲᠥᠯᠥᠪᠵᠢᠭᠦᠯᠦᠨ᠎ᠡ᠃ ᠬᠤᠳᠡ ᠶᠢᠨ ᠰᠢᠨᠡᠴᠢᠯᠡᠯᠲᠡ ᠶᠢᠨ ᠠᠵᠢᠯᠯᠠᠭᠠᠨ ᠢ ᠭᠦᠨᠵᠡᠭᠡᠢ ᠠᠬᠢᠭᠤᠯᠤᠨ᠂ | ᠬᠠᠭᠤᠴᠢᠨ ᠬᠤᠭᠤᠯᠠᠢ ᠭᠤᠤᠷᠰᠤ ᠣᠨᠴᠠᠭᠠᠶᠢᠯᠠᠨ ᠰᠢᠲᠠᠮᠠᠬᠠᠢ ᠬᠡᠢ ᠶᠢᠨ ᠬᠤᠭᠤᠯᠠᠢ ᠭᠤᠤᠷᠰᠤ ᠶᠢᠨ ᠥᠭᠡᠷᠡᠴᠢᠯᠡᠨ | ᠰᠢᠨᠡᠳᠬᠡᠬᠦ ᠶᠢ ᠴᠢᠩᠳᠠᠯᠠᠵᠤ᠂ ᠬᠤᠳᠡ ᠶᠢᠨ ᠨᠠᠷᠢᠯᠢᠭᠵᠢᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠵᠦ᠂ ᠬᠤᠳᠡ ᠶᠢᠨ ᠠᠮᠤᠷ ᠲᠦᠪᠰᠢᠨ ᠪᠠ ᠰᠠᠭᠤᠷᠢᠰᠢᠬᠤ ᠳᠤ ᠲᠣᠬᠢᠷᠠᠬᠤ ᠴᠢᠨᠠᠷ ᠢ ᠳᠡᠭᠡᠭᠰᠢᠯᠡᠭᠦᠯᠦᠨ᠎ᠡ᠃ | ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭ ᠤᠨ ᠲᠦᠷᠣᠯ ᠵᠦᠢᠯ ᠢ ᠪᠡᠯᠡᠳᠬᠡᠨ ᠠᠬᠢᠭᠤᠯᠬᠤ ᠲᠣᠭᠲᠠᠴᠠ ᠶᠢ | ᠪᠠᠶᠢᠭᠤᠯᠵᠤ᠂ ᠠᠶᠢᠮᠠᠭ ᠬᠤᠳᠡ᠂ ᠬᠤᠰᠢᠭᠤ ᠰᠢᠶᠠᠨ ᠤ ᠵᠢᠭᠡᠯᠡᠯᠭᠡ ᠶᠢᠨ ᠲᠡᠮᠳᠡᠭ ᠤᠨ ᠲᠦᠷᠣᠯ ᠵᠦᠢᠯ ᠳᠤ ᠵᠢᠭᠠᠨ | ᠵᠢᠯᠤᠭᠤᠳᠴᠤ ᠵᠣᠬᠢᠴᠠᠭᠤᠯᠬᠤ ᠪᠠᠨ ᠴᠢᠩᠭᠠᠳᠬᠠᠨ᠂ ᠨᠢᠭᠡ ᠪᠦᠯᠦᠭ ᠢ ᠨᠢ ᠠᠵᠢᠯ ᠡᠬᠢᠯᠡᠭᠦᠯᠵᠦ ᠪᠦᠲᠦᠭᠡᠨ | ᠪᠠᠶᠢᠭᠤᠯᠪᠠᠯ ᠲᠡᠷᠡ ᠨᠢᠭᠡ ᠪᠦᠯᠦᠭ ᠢ ᠨᠢ ᠨᠥᠭᠡᠴᠡᠯᠡᠬᠦ ᠶᠢ ᠪᠡᠶᠡᠯᠡᠭᠦᠯᠵᠦ᠂ ᠪᠣᠳᠠᠲᠤ ᠵᠦᠢᠯ ᠤᠨ ᠠᠵᠢᠯ ᠤᠨ | ᠬᠡᠮᠵᠢᠶ᠎ᠡ ᠶᠢ ᠲᠦᠷᠭᠡᠬᠡᠨ ᠪᠣᠢ ᠪᠣᠯᠭᠠᠨ᠎ᠠ᠃ | ᠬᠡᠷᠡᠭᠯᠡᠭᠡ ᠶᠢᠨ ᠪᠠᠭᠲᠠᠭᠠᠮᠵᠢ ᠪᠠᠨ ᠥᠷᠭᠡᠳᠬᠡᠨ ᠳᠡᠰ ᠳᠡᠪᠰᠢᠭᠦᠯᠭᠦ ᠶᠢ ᠦᠷᠭᠦᠯᠵᠢᠯᠡᠨ ᠠᠬᠢᠭᠤᠯᠤᠨ᠎ᠠ᠃ ᠡᠯ᠎ᠡ | ᠱᠠᠲᠤᠨ ᠤ ᠵᠠᠰᠠᠭ ᠤᠨ ᠣᠷᠳᠣᠨ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠥᠷᠭᠡᠨ ᠤᠯᠠᠨ ᠠᠷᠠᠳ ᠲᠦᠮᠡᠨ ᠤ | ︽ᠵᠣᠭᠤᠰ ᠮᠥᠩᠭᠦᠨ ᠤ ᠴᠦᠩᠬᠦ︾ ᠶᠢ ᠨᠢ ᠳᠦᠭᠦᠷᠭᠡᠵᠦ᠂ ᠤᠯᠠᠨ ᠲᠦᠮᠡᠨ ᠤ ᠭᠠᠷ ᠦᠵᠦᠭᠦᠷ ᠵᠠᠷᠤᠬᠤ | ᠵᠣᠭᠤᠰ ᠢ ᠨᠢ ᠠᠷᠪᠢᠳᠬᠠᠪᠠᠯ ᠬᠡᠷᠡᠭᠯᠡᠭᠡ ᠰᠠᠶ᠋ᠢ ᠨᠡᠮᠡᠭᠳᠡᠨ᠂ ᠬᠡᠷᠡᠭᠯᠡᠭᠡ ᠶᠢᠨ ᠪᠦᠲᠦᠴᠡ ᠰᠠᠶ᠋ᠢ ᠰᠠᠶᠢᠵᠢᠷᠠᠵᠤ᠂ | ᠬᠡᠷᠡᠭᠯᠡᠭᠡ ᠶᠢᠨ ᠴᠢᠨᠠᠷ ᠴᠢᠨᠰᠠᠭ᠎ᠠ ᠳᠡᠭᠡᠭᠰᠢᠯᠡᠵᠦ ᠴᠢᠳᠠᠨ᠎ᠠ᠃ ᠳᠤᠮᠳᠠ ᠵᠢᠵᠢᠭ ᠪᠢᠴᠢᠯ ᠠᠵᠤ ᠠᠬᠤᠶᠢᠯᠠᠯ᠂ | ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠣᠭᠡ᠂ ᠬᠠᠮᠢᠶ᠎ᠠ ᠪᠦᠬᠦᠢ ᠦᠢᠯᠡᠴᠢᠯᠡᠭᠡᠨ ᠤ ᠦᠢᠯᠡᠰ ᠲᠤ | ᠳᠡᠮᠵᠢᠯᠭᠡ ᠦᠵᠡᠭᠦᠯᠭᠦ ᠲᠦᠷᠣ ᠶᠢᠨ ᠪᠣᠳᠣᠯᠭ᠎ᠠ ᠶᠢ ᠦᠷᠭᠦᠯᠵᠢᠯᠡᠭᠦᠯᠬᠦ ᠪᠠ ᠲᠡᠭᠦᠯᠳᠡᠷᠵᠢᠭᠦᠯᠵᠦ᠂ ᠬᠡᠷᠡᠭᠯᠡᠭᠡ ᠶᠢᠨ | ᠨᠡᠮᠡᠭᠳᠡᠯ ᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠢ ᠲᠣᠭᠲᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠬᠢᠭᠡᠳ ᠦᠢᠯᠡᠴᠢᠯᠡᠭᠡ ᠡᠵᠡᠩᠨᠡᠯᠲᠡ ᠶᠢᠨ ᠠᠵᠢᠯᠯᠠᠬᠤ ᠳᠦᠷᠢᠮᠯᠡᠯ ᠢ ᠠᠵᠢᠯ ᠲᠦᠷᠣᠯ ᠬᠤᠪᠢᠶᠠᠵᠤ ᠪᠠᠶᠢᠭᠠᠳ | ᠲᠡᠭᠦᠯᠳᠡᠷᠵᠢᠭᠦᠯᠵᠦ᠂ ᠰᠢᠭᠤᠳ ᠣᠷᠣᠯᠴᠠᠬᠤᠢ ᠬᠡᠷᠡᠭᠯᠡᠭᠡ ᠶᠢ ᠲᠦᠷᠭᠡᠪᠴᠢᠯᠡᠨ ᠰᠡᠷᠭᠦᠭᠡᠬᠦ ᠶᠢ ᠠᠬᠢᠭᠤᠯᠵᠤ᠂ | ᠠᠮᠠᠷᠠᠯᠲᠠ ᠶᠢᠨ ᠡᠳᠦᠷ ᠤᠨ ᠬᠡᠷᠡᠭᠯᠡᠭᠡ᠂ ᠵᠡᠭᠡᠯᠢ ᠲᠣᠭᠤᠷᠢᠭ ᠤᠨ ᠵᠠᠬ᠎ᠠ ᠳᠡᠯᠭᠡᠭᠦᠷ᠂ ᠳᠡᠯᠭᠡᠭᠦᠷ ᠬᠤᠳᠠᠯᠳᠤᠭᠠᠨ ᠤ | ᠫᠦᠰᠡ᠂ ᠰᠥᠨᠢ ᠶᠢᠨ ᠠᠵᠤ ᠠᠬᠤᠢ ᠵᠡᠷᠭᠡ ᠶᠢᠨ ᠪᠦᠭᠦ ᠲᠠᠯ᠎ᠠ ᠪᠠᠷ ᠬᠥᠭᠵᠢᠭᠡᠨ ᠲᠠᠢ ᠪᠣᠯᠬᠤ ᠶᠢ ᠠᠬᠢᠭᠤᠯᠤᠨ᠎ᠠ᠃ | ᠪᠦᠭᠦ ᠤᠯᠤᠰ ᠤᠨ ᠵᠠᠬ᠎ᠠ ᠳᠡᠯᠭᠡᠭᠦᠷ ᠲᠤ ᠰᠠᠭᠤᠷᠢᠯᠠᠨ ᠵᠢᠭᠤᠯᠴᠢᠯᠠᠯ ᠤᠨ ᠬᠡᠷᠡᠭᠯᠡᠭᠡ᠂ ᠪᠣᠬᠢᠷᠳᠤᠯ ᠦᠭᠡᠢ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠡᠷᠡᠭᠯᠡᠭᠡ ᠶᠢ ᠥᠷᠭᠡᠳᠬᠡᠨ᠂ ᠰᠢᠨ᠎ᠡ ᠡᠨᠧᠷᠬᠢ ᠶᠢᠨ ᠮᠠᠰᠢᠨ | ᠲᠡᠷᠭᠡ ᠶᠢ ᠳᠡᠯᠭᠡᠷᠡᠭᠦᠯᠦᠨ ᠬᠡᠷᠡᠭᠯᠡᠬᠦ ᠪᠠᠨ ᠠᠬᠢᠭᠤᠯᠵᠤ᠂ ᠭᠡᠷ ᠤᠨ ᠪᠣᠬᠢᠷᠳᠤᠯ ᠦᠭᠡᠢ ᠣᠶᠤᠨᠴᠢ ᠴᠠᠬᠢᠯᠭᠠᠨ | ᠬᠡᠷᠡᠭᠰᠡᠯ ᠢᠶᠠᠨ ᠬᠥᠳᠡᠭᠡ ᠪᠠᠭᠤᠯᠭᠠᠬᠤ ᠶᠢ ᠵᠣᠷᠢᠭᠵᠢᠭᠤᠯᠤᠨ᠎ᠠ᠃ ᠰᠢᠨ᠎ᠡ ᠬᠡᠯᠪᠡᠷᠢ ᠶᠢᠨ ᠬᠤᠳᠠᠯᠳᠤᠭᠠᠨ ᠤ ᠲᠣᠭᠤᠷᠢᠭ᠂ | ᠰᠢᠶᠠᠨ ᠤ ᠬᠤᠳᠡ ᠶᠢᠨ ᠶᠡᠷᠦᠩᠬᠡᠶᠢᠯᠡᠭᠰᠡᠨ ᠬᠤᠳᠠᠯᠳᠤᠭᠠᠨ ᠤ ᠴᠣᠭᠴᠠ᠂ ᠨᠡᠶᠢᠭᠡᠮ ᠲᠣᠭᠤᠷᠢᠭ ᠤᠨ | ᠬᠤᠳᠠᠯᠳᠤᠭᠠᠨ ᠤ ᠲᠥᠬᠦᠷᠵᠢᠭᠰᠡᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠬᠡᠷᠡᠭᠯᠡᠭᠡ ᠶᠢᠨ | ᠰᠦᠯᠵᠢᠶᠡᠨ ᠳᠤ ᠪᠠ ᠰᠦᠯᠵᠢᠶᠡᠨ ᠤ ᠭᠠᠳᠠᠨ᠎ᠠ ᠠᠭᠤᠰᠤᠯᠴᠠᠨ ᠭᠦᠭᠵᠢᠭᠦ ᠶᠢ ᠠᠬᠢᠭᠤᠯᠵᠤ᠂ ᠡᠷᠬᠡ ᠳᠤ ᠬᠠᠯᠳᠠᠵᠤ | ᠬᠤᠳᠠᠯ ᠬᠠᠭᠤᠷᠮᠠᠭ ᠢᠶᠠᠷ ᠵᠣᠬᠢᠶᠠᠬᠤ ᠳᠤ ᠴᠣᠬᠢᠯᠲᠠ ᠥᠭᠴᠦ᠂ ᠬᠡᠷᠡᠭᠯᠡᠭᠡ ᠶᠢᠨ ᠰᠠᠶᠢᠨ ᠰᠠᠶᠢᠬᠠᠨ ᠣᠷᠴᠢᠨ | ᠨᠥᠬᠦᠴᠡᠯ ᠢ ᠪᠣᠢ ᠪᠣᠯᠭᠠᠨ᠎ᠠ᠃ | ᠠᠵᠤ ᠠᠬᠤᠢ ᠮᠥᠩᠭᠦᠨ ᠭᠦᠢᠯᠭᠡᠭᠡᠨ ᠤ ᠲᠦᠭᠰᠢᠭᠦᠷᠢ ᠶᠢ ᠣᠨᠣᠴᠠᠲᠠᠢ ᠰᠡᠷᠭᠡᠶᠢᠯᠡᠵᠦ ᠠᠷᠢᠯᠭᠠᠨ᠎ᠠ᠃ | ᠦᠨᠳᠦᠰᠦᠨ ᠱᠠᠲᠤᠨ ᠤ ᠵᠠᠰᠠᠭ ᠤᠨ ᠣᠷᠳᠣᠨ ᠤ ᠥᠷᠢ ᠥᠭᠴᠡᠭᠡᠨ ᠤ ᠳᠠᠷᠤᠭᠠᠰᠤ ᠬᠦᠨᠳᠦ ᠪᠠ ᠲᠡᠭᠦᠨ ᠢ | ᠠᠷᠢᠯᠭᠠᠬᠤ ᠳᠤ ᠬᠦᠴᠢᠷ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠣᠷᠣᠨ ᠨᠤᠲᠤᠭ ᠤᠨ ᠬᠠᠷᠢᠭᠤᠴᠠᠯᠭ᠎ᠠ ᠪᠠ | ᠣᠨ ᠤ ᠡᠭᠦᠷᠭᠡ ᠶᠢ ᠪᠣᠳᠠᠲᠠᠶᠢᠵᠢᠭᠤᠯᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ | ᠨᠢᠭᠡ ᠪᠦᠯᠦᠭ ᠢ ᠨᠢ ᠴᠡᠪᠡᠷᠯᠡᠨ᠂ ᠨᠢᠭᠡ ᠪᠦᠯᠦᠭ ᠢ ᠨᠢ ᠰᠣᠯᠢᠵᠤ᠂ ᠨᠢᠭᠡ ᠪᠦᠯᠦᠭ ᠲᠤ ᠨᠢ ᠳᠠᠮ ᠬᠦᠦ ᠥᠭᠴᠦ᠂ | ᠨᠢᠭᠡ ᠪᠦᠯᠦᠭ ᠢ ᠨᠢ ᠬᠤᠪᠢᠶᠠᠷᠢᠯᠠᠨ ᠰᠢᠯᠵᠢᠭᠦᠯᠬᠦ ᠠᠷᠭ᠎ᠠ ᠬᠡᠮᠵᠢᠶ᠎ᠡ ᠶᠢ ᠠᠪᠴᠤ ᠪᠠᠶᠢᠭᠠᠳ ᠦᠨᠳᠦᠰᠦᠨ | ᠱᠠᠲᠤᠨ ᠤ ᠬᠢ ᠶᠢ ᠪᠦᠭᠦ ᠬᠦᠴᠦ ᠪᠠᠷ ᠢᠶᠠᠨ ᠬᠠᠪᠰᠣᠷᠣᠨ ᠪᠠᠶᠢᠵᠤ ᠥᠷᠢ ᠥᠭᠴᠡᠭᠡ ᠶᠢ ᠨᠢ ᠠᠷᠢᠯᠭᠠᠨ᠎ᠠ᠃ ᠡᠳ᠋ ᠤᠨ | ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠲᠥᠰᠥᠪ ᠤᠨ ᠠᠮᠵᠢᠯᠲᠠ ᠪᠦᠳᠣᠮᠵᠢ ᠶᠢᠨ | ᠬᠠᠮᠢᠶᠠᠷᠤᠯᠲᠠ ᠶᠢ ᠴᠢᠩᠳᠠᠯᠠᠨ᠂ ᠳᠠᠯᠳᠡ ᠴᠢᠨᠠᠷᠲᠠᠢ ᠥᠷᠢ ᠥᠭᠴᠡᠭᠡ ᠶᠢᠨ ᠰᠢᠨ᠎ᠡ ᠪᠠᠷ ᠨᠡᠮᠡᠭᠳᠡᠬᠦ ᠶᠢ ᠡᠷᠡᠰ | ᠬᠤᠷᠢᠭᠯᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢ ᠲᠣᠭᠲᠠᠭᠠᠯ ᠠᠴᠠ ᠵᠥᠷᠢᠴᠡᠨ ᠬᠡᠷᠡᠭᠯᠡᠬᠦ᠂ ᠭᠠᠶᠢᠯᠢ ᠶᠢ | ᠳᠠᠷᠤᠵᠤ ᠭᠠᠶᠢᠯᠢ ᠲᠤᠰᠢᠶᠠᠬᠤ ᠠᠴᠠ ᠵᠠᠶᠢᠯᠠᠬᠤ᠂ ᠡᠳ᠋ ᠤᠨ ᠶᠠᠪᠤᠳᠠᠯ ᠢ ᠬᠠᠭᠤᠷᠮᠠᠭ ᠢᠶᠠᠷ ᠵᠣᠬᠢᠶᠠᠬᠤ ᠵᠡᠷᠭᠡ ᠦᠢᠯᠨ | ᠠᠵᠢᠯᠯᠠᠭ᠎ᠠ ᠶᠢ ᠡᠷᠡᠰ ᠬᠤᠷᠢᠭᠯᠠᠨ᠎ᠠ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠠᠰᠠᠯᠲᠠ ᠶᠢᠨ | ᠲᠣᠭᠲᠠᠯᠴᠠᠭ᠎ᠠ ᠶᠢ ᠪᠦᠷᠢᠨᠰᠢᠭᠦᠯᠵᠦ᠂ ᠮᠥᠩᠭᠦᠨ ᠭᠦᠢᠯᠭᠡᠭᠡᠨ ᠤ ᠬᠠᠮᠵᠢᠯᠴᠠᠨ ᠬᠢᠨᠠᠵᠤ ᠬᠠᠮᠢᠶᠠᠷᠬᠤ ᠲᠣᠭᠲᠠᠴᠠ ᠶᠢ | ᠪᠠᠶᠢᠭᠤᠯᠤᠨ᠂ ᠠᠵᠤ ᠠᠬᠤᠶᠢᠯᠠᠯ ᠤᠨ ᠥᠪᠡᠷ ᠢᠶᠠᠨ ᠲᠡᠩᠬᠡᠷᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠢ | ᠴᠢᠩᠳᠠᠯᠠᠵᠤ᠂ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠲᠦᠭᠰᠢᠭᠦᠷᠢ ᠶᠢ ᠯᠠᠪᠳᠠᠭᠤᠨ ᠢᠶᠠᠷ ᠠᠷᠢᠯᠭᠠᠵᠤ᠂ ᠢᠲᠡᠭᠡᠮᠵᠢ ᠶᠢᠨ ᠲᠦᠷᠣᠯ ᠤᠨ ᠵᠢᠭᠡᠯᠡᠯᠭᠡ ᠶᠢᠨ ᠲᠡᠮᠳᠡᠭ ᠤᠨ | ᠭᠡᠷ᠎ᠡ ᠠᠴᠠ ᠵᠥᠷᠢᠴᠡᠬᠦ ᠲᠦᠭᠰᠢᠭᠦᠷᠢ ᠶᠢ ᠰᠡᠷᠭᠡᠶᠢᠯᠡᠵᠦ ᠠᠷᠢᠯᠭᠠᠨ᠎ᠠ᠃ ᠬᠤᠳᠡ ᠶᠢᠨ ᠪᠠᠶᠢᠳᠠᠯ ᠳᠤ ᠨᠢ ᠲᠣᠬᠢᠷᠠᠭᠤᠯᠤᠨ | ᠪᠣᠳᠣᠯᠭ᠎ᠠ ᠬᠡᠷᠡᠭᠵᠢᠭᠦᠯᠵᠦ ᠪᠠᠶᠢᠭᠠᠳ ᠭᠡᠷ ᠪᠠᠶᠢᠰᠢᠩ ᠭᠠᠵᠠᠷ ᠬᠥᠷᠥᠩᠭᠡ ᠶᠢᠨ ᠲᠣᠬᠢᠷᠠᠭᠤᠯᠭ᠎ᠠ ᠡᠵᠡᠮᠳᠡᠯ ᠢ ᠰᠠᠶᠢᠲᠤᠷ | ᠬᠢᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠭᠡᠷ᠎ᠡ ᠭᠦᠢᠴᠡᠳᠬᠡᠬᠦ ᠶᠢᠨ ᠲᠦᠭᠰᠢᠭᠦᠷᠢ ᠶᠢ | ᠯᠠᠪᠳᠠᠭᠤᠨ ᠪᠠᠲᠤᠲᠠᠢ ᠰᠢᠢᠳᠪᠦᠷᠢᠯᠡᠨ᠎ᠡ᠃ | ︵ᠬᠤᠶᠠᠷ︶ ᠠᠵᠤ ᠦᠢᠯᠡᠰ ᠢ ᠲᠣᠭᠲᠠᠭᠤᠨ ᠪᠠᠶᠢᠯᠭᠠᠵᠤ ᠬᠡᠯᠬᠢᠶᠡᠰᠦ ᠶᠢ ᠴᠢᠩᠭᠠᠷᠠᠭᠤᠯᠤᠨ ᠬᠥᠳᠡᠯᠭᠡᠭᠦ | ᠴᠢᠳᠠᠮᠵᠢ ᠶᠢ ᠪᠣᠢ ᠪᠣᠯᠭᠠᠬᠤ ᠪᠠᠷ ᠬᠦᠴᠦᠯᠡᠨ ᠴᠢᠷᠮᠠᠶᠢᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠬᠦ | ᠦᠨᠳᠦᠰᠦᠨ ᠰᠠᠭᠤᠷᠢ ᠶᠢ ᠪᠠᠬᠢᠵᠢᠭᠦᠯᠦᠨ᠎ᠡ᠃ ᠤᠯᠤᠰ ᠤᠨ ᠡᠨᠧᠷᠬᠢ ᠶᠢᠨ ᠠᠮᠤᠷ ᠲᠦᠪᠰᠢᠨ᠂ ᠠᠮᠤ ᠪᠤᠳᠠᠭᠠᠨ ᠤ | ᠠᠮᠤᠷ ᠲᠦᠪᠰᠢᠨ᠂ ᠠᠵᠤ ᠦᠢᠯᠡᠰ ᠤᠨ ᠠᠮᠤᠷ ᠲᠦᠪᠰᠢᠨ᠂ ᠠᠮᠢ ᠠᠬᠤᠢ ᠶᠢᠨ ᠠᠮᠤᠷ ᠲᠦᠪᠰᠢᠨ ᠢ ᠨᠡᠩ ᠰᠠᠶᠢᠨ | ᠪᠠᠲᠤᠯᠠᠬᠤ ᠶᠢᠨ ᠲᠣᠭᠤᠷᠢᠨ ᠳᠤ᠂ ︽ᠬᠤᠶᠠᠷ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢ ᠴᠢᠩᠭ᠎ᠠ | ᠠᠳᠬᠤᠨ᠂ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠪᠣᠬᠢᠷᠳᠤᠯ ᠦᠭᠡᠢ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠡᠳ᠋ᠰᠢᠭᠦᠯᠦᠨ ᠪᠤᠯᠪᠠᠰᠤᠷᠠᠭᠤᠯᠬᠤ᠂ ᠰᠢᠨ᠎ᠡ ᠡᠨᠧᠷᠬᠢ᠂ | ᠰᠢᠨ᠎ᠡ ᠮᠠᠲ᠋ᠧᠷᠢᠶᠠᠯ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ᠂ ᠣᠳᠣ ᠦᠶ᠎ᠡ ᠶᠢᠨ ᠲᠣᠨᠤᠭ | ᠲᠥᠬᠦᠭᠡᠷᠦᠮᠵᠢ ᠦᠢᠯᠡᠳᠬᠦ᠂ ᠠᠮᠢᠳᠤ ᠪᠣᠳᠠᠰ ᠤᠨ ᠡᠮ ᠡᠮᠨᠡᠯᠭᠡ᠂ ᠲᠣᠭᠠᠵᠢᠯᠲᠤ ᠠᠵᠤ ᠠᠬᠤᠢ᠂ ᠣᠳᠣ ᠦᠶ᠎ᠡ ᠶᠢᠨ | ᠦᠢᠯᠡᠴᠢᠯᠡᠭᠡᠨ ᠤ ᠦᠢᠯᠡᠰ ᠵᠡᠷᠭᠡ ᠠᠵᠤ ᠦᠢᠯᠡᠰ ᠤᠨ ᠪᠦᠯᠦᠭᠵᠢᠯ ᠢ ᠲᠥᠪᠯᠡᠷᠡᠭᠦᠯᠦᠨ ᠪᠠᠶᠢᠭᠤᠯᠵᠤ᠂ ᠭᠤᠣᠯᠳᠠᠯᠭ᠎ᠠ | ᠪᠣᠯᠬᠤ 12 ᠠᠵᠤ ᠦᠢᠯᠡᠰ ᠤᠨ ᠬᠡᠯᠬᠢᠶ᠎ᠡ ᠶᠢ ᠤᠷᠢᠳ ᠢᠶᠠᠷ ᠪᠠᠶᠢᠭᠤᠯᠤᠨ᠂ ᠠᠵᠤ ᠦᠢᠯᠡᠰ ᠤᠨ ᠪᠦᠲᠦᠴᠡ ᠶᠢ | ᠲᠣᠬᠢᠷᠠᠭᠤᠯᠵᠤ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠳᠠᠶᠢᠴᠢᠯᠠᠨ᠎ᠠ᠃ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ | ᠴᠢᠨᠠᠷ ᠰᠠᠶᠢᠲᠠᠢ ᠪᠥᠭᠡᠳ ᠥᠨᠳᠥᠷ ᠪᠦᠲᠦᠮᠵᠢᠲᠠᠢ ᠪᠠᠷ ᠬᠡᠯᠪᠡᠷᠢ ᠪᠠᠨ ᠬᠤᠪᠢᠷᠠᠭᠤᠯᠬᠤ ᠶᠢ ᠬᠦᠴᠦᠲᠡᠢ ᠠᠬᠢᠭᠤᠯᠤᠨ᠎ᠠ᠃ | ᠪᠦᠲᠦᠭᠡᠭᠳᠡᠬᠦᠨ ᠤ ᠵᠦᠢᠯ ᠢ ᠰᠢᠯᠢᠳᠡᠭᠵᠢᠭᠦᠯᠬᠦ᠂ ᠶᠠᠰᠤ ᠴᠢᠨᠠᠷ ᠢ ᠨᠢ ᠳᠡᠭᠡᠭᠰᠢᠯᠡᠭᠦᠯᠬᠦ᠂ ᠨᠡᠷᠡᠲᠦ ᠲᠡᠮᠳᠡᠭ ᠢ ᠪᠣᠢ | ᠪᠣᠯᠭᠠᠬᠤ ᠶᠢ ᠨᠡᠩ ᠴᠢᠬᠤᠯᠠᠴᠢᠯᠠᠨ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠪᠦᠬᠦ ᠠᠵᠤ | ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠤᠨᠠᠯᠲᠠ ᠭᠠᠷᠤᠯᠲᠠ ᠶᠢᠨ ᠲᠣᠮᠣ ᠣᠷᠣᠨ ᠪᠠᠶᠢᠭᠰᠠᠨ ᠠᠴᠠ ᠪᠠᠨ ᠲᠠᠷᠢᠶᠠᠯᠠᠩ ᠮᠠᠯ ᠠᠵᠤ | ᠠᠬᠤᠢ ᠶᠢᠨ ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠲᠡᠶᠢᠰᠢ ᠳᠠᠪᠰᠢᠬᠤ ᠶᠢ ᠠᠬᠢᠭᠤᠯᠤᠨ᠎ᠠ᠃ ᠦᠷ᠎ᠡ | ᠡᠭᠦᠯᠳᠡᠷ ᠤᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭᠠᠨ ᠢ ᠶᠡᠭᠡ ᠪᠠᠷ ᠬᠡᠷᠡᠭᠵᠢᠭᠦᠯᠦᠨ᠂ ᠦᠷ᠎ᠡ ᠡᠳ᠋ ᠤᠨ | ᠡᠬᠢ ᠪᠠᠶᠠᠯᠢᠭ ᠢ ᠬᠠᠮᠠᠭᠠᠯᠠᠵᠤ ᠠᠰᠢᠭᠯᠠᠬᠤ᠂ ᠰᠠᠶᠢᠨ ᠡᠭᠦᠯᠳᠡᠷᠵᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠬᠦ᠂ | ᠰᠢᠯᠢᠳᠡᠭ ᠳᠠᠪᠠᠭᠤᠯᠢᠭ ᠣᠨᠴᠠᠯᠢᠭ ᠲᠠᠢ ᠦᠷ᠎ᠡ ᠡᠭᠦᠯᠳᠡᠷ ᠢ ᠪᠤᠶᠢᠵᠢᠭᠤᠯᠬᠤ ᠭᠤᠷᠪᠠᠨ ᠲᠣᠮᠣ ᠢᠨᠵᠧᠨᠧᠷᠢᠩ ᠢ | ᠲᠥᠪᠯᠡᠷᠡᠭᠦᠯᠦᠨ ᠠᠬᠢᠭᠤᠯᠤᠨ᠎ᠠ᠃ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭᠠᠨ ᠢ | ᠭᠦᠨᠵᠡᠭᠡᠢ ᠬᠡᠷᠡᠭᠵᠢᠭᠦᠯᠵᠦ᠂ ᠰᠢᠯᠢᠳᠡᠭ ᠰᠠᠶᠢᠨ ᠦᠷ᠎ᠡ ᠶᠢᠨ ᠢᠷᠡᠯᠲᠡ᠂ ᠲᠡᠵᠢᠭᠡᠯ ᠡᠪᠡᠰᠦ᠂ ᠰᠦ ᠰᠠᠭᠠᠯᠢ ᠶᠢᠨ | ᠢᠷᠡᠯᠲᠡ ᠶᠢᠨ ᠰᠠᠭᠤᠷᠢᠨ ᠭᠠᠵᠠᠷ ᠢ ᠪᠠᠶᠢᠭᠤᠯᠤᠨ᠂ ᠢᠯᠢ ᠶᠢᠨ ᠣᠳᠣ ᠦᠶ᠎ᠡ ᠶᠢᠨ ᠣᠶᠤᠨᠯᠢᠭ ᠡᠷᠡᠭᠦᠯ ᠮᠡᠨᠳᠦ ᠶᠢᠨ | ᠵᠢᠯᠠᠭ᠎ᠠ᠂ ᠮᠧᠩ ᠨᠢᠦ ᠳᠤᠮᠳᠠᠲᠤ ᠤᠯᠤᠰ ᠤᠨ ᠰᠦ ᠶᠢᠨ ᠠᠵᠤ ᠦᠢᠯᠡᠰ ᠤᠨ ᠬᠦᠷᠢᠶᠡᠯᠡᠩ ᠵᠡᠷᠭᠡ ᠴᠢᠬᠤᠯᠠ ᠶᠡᠭᠡ | ᠲᠥᠷᠥᠯ ᠵᠦᠢᠯ ᠢ ᠰᠠᠶᠢᠲᠤᠷ ᠪᠠᠶᠢᠭᠤᠯᠤᠨ᠂ ︽ᠨᠢᠭᠡ ᠰᠢᠷᠬᠡᠭ ᠡᠪᠡᠰᠦ ᠶᠢ ᠰᠠᠶᠢᠨ ᠲᠠᠷᠢᠬᠤ ᠠᠴᠠ ᠨᠢᠭᠡ ᠴᠣᠮᠣ | ᠴᠢᠨᠠᠷ ᠰᠠᠶᠢᠲᠠᠢ ᠰᠦ ᠤᠤᠭᠤᠬᠤ ᠬᠦᠷᠲᠡᠯᠡᠬᠢ︾ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ | ᠪᠡᠶᠡᠯᠡᠭᠦᠯᠬᠦ ᠳᠤ ᠰᠠᠭᠤᠷᠢ ᠶᠢ ᠰᠠᠶᠢᠨ ᠲᠠᠯᠪᠢᠨ᠎ᠠ᠃ ᠲᠠᠷᠢᠶᠠᠯᠠᠩ ᠮᠠᠯ ᠠᠵᠤ ᠠᠬᠤᠢ ᠶᠢᠨ ᠡᠷᠴᠢᠮᠵᠢᠬᠦ᠂ ᠬᠡᠪᠴᠢᠶᠡᠵᠢᠬᠦ᠂ | ᠳᠡᠭᠡᠳᠦ ᠳᠡᠰᠴᠢᠯᠡᠬᠦ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠰᠦ ᠰᠠᠭᠠᠯᠢ ᠶᠢᠨ ᠦᠢᠯᠡᠰ ᠡᠷᠳᠡᠨᠢ ᠰᠢᠰᠢ ᠶᠢᠨ | ᠮᠢᠩᠭᠠᠨ ᠳ᠋ᠦᠩᠰᠢᠭᠤᠷ ᠳᠡᠰ ᠤᠨ ᠬᠤᠶᠠᠷ ᠠᠵᠤ ᠦᠢᠯᠡᠰ ᠪᠠ ᠠᠯᠠᠰᠢᠨ ᠦᠬᠡᠷ᠂ ᠠᠯᠠᠰᠢᠨ ᠬᠤᠨᠢ᠂ ᠢᠮᠠᠭᠠᠨ | ᠨᠣᠣᠯᠣᠭᠤᠷ᠂ ᠲᠥᠮᠥᠰᠥ ᠵᠡᠷᠭᠡ ᠵᠠᠭᠤᠨ ᠳ᠋ᠦᠩᠰᠢᠭᠤᠷ ᠳᠡᠰ ᠤᠨ ᠠᠵᠤ ᠦᠢᠯᠡᠰ ᠢ ᠰᠢᠯᠢᠳᠡᠭᠵᠢᠭᠦᠯᠦᠨ | ᠬᠦᠴᠦᠷᠬᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠬᠥᠲᠥᠴᠢ ᠠᠵᠤ ᠠᠬᠤᠶᠢᠯᠠᠯ ᠢ | ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ︽ᠥᠪᠥᠷ ᠮᠣᠩᠭᠤᠯ︾ ᠨᠡᠷᠡᠮᠵᠢᠲᠦ ᠨᠡᠷᠡᠲᠦ ᠲᠡᠮᠳᠡᠭ ᠤᠨ | ᠮᠠᠭᠠᠳᠯᠠᠯᠲᠠ ᠪᠠᠷ ᠬᠥᠲᠥᠯᠥᠭᠦᠷ ᠪᠣᠯᠭᠠᠵᠤ ᠨᠢᠭᠡ ᠪᠦᠯᠦᠭ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ | ᠲᠡᠮᠳᠡᠭ ᠪᠠ ᠪᠦᠲᠦᠭᠡᠭᠳᠡᠬᠦᠨ ᠤ ᠨᠡᠷᠡᠲᠦ ᠲᠡᠮᠳᠡᠭ ᠢ ᠠᠯᠳᠠᠷᠰᠢᠯᠠᠭᠤᠯᠤᠨ ᠳᠠᠭᠤᠷᠢᠰᠬᠠᠨ᠎ᠠ᠃ ᠠᠮᠤ ᠪᠤᠳᠠᠭ᠎ᠠ ᠶᠢᠨ | ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠲᠠᠷᠢᠶᠠᠯᠠᠬᠤ ᠭᠠᠵᠠᠷ ᠤᠨ | ᠤᠯᠠᠭᠠᠨ ᠱᠤᠭᠤᠮ ᠢ ᠪᠠᠲᠤ ᠰᠠᠬᠢᠨ᠂ ᠴᠢᠨᠠᠷ ᠰᠠᠶᠢᠲᠠᠢ ᠪᠥᠭᠡᠳ ᠥᠨᠳᠥᠷ ᠪᠦᠲᠦᠮᠵᠢᠲᠠᠢ ᠪᠠᠷ ᠤᠨᠠᠯᠲᠠ ᠪᠠᠨ | ᠨᠡᠮᠡᠭᠳᠡᠭᠦᠯᠦᠭᠰᠡᠨ ᠵᠢᠱᠢᠶ᠎ᠡ ᠦᠵᠡᠭᠦᠯᠬᠦ ᠠᠵᠢᠯᠯᠠᠭᠠᠨ ᠢ ᠬᠡᠷᠡᠭᠵᠢᠭᠦᠯᠵᠦ᠂ ᠠᠮᠤ ᠪᠤᠳᠠᠭᠠᠨ ᠤ ᠲᠠᠷᠢᠬᠤ ᠲᠠᠯᠠᠪᠠᠢ ᠪᠠ | ᠤᠨᠠᠯᠲᠠ ᠶᠢ ᠲᠣᠭᠲᠠᠪᠤᠷᠢᠵᠢᠭᠤᠯᠤᠨ᠂ ᠰᠢᠷ᠎ᠠ ᠪᠤᠷᠴᠠᠭ ᠢ 500 ᠲᠦᠮᠡᠨ ᠮᠦ ᠲᠠᠯᠠᠪᠠᠢ ᠥᠷᠭᠡᠳᠬᠡᠨ ᠲᠠᠷᠢᠬᠤ | ᠡᠭᠦᠷᠭᠡ ᠪᠠᠨ ᠪᠡᠶᠡᠯᠡᠭᠦᠯᠵᠦ᠂ 400 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ᠂ 1350 ᠲᠦᠮᠡᠨ ᠮᠦ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠬᠤ ᠴᠢᠨᠠᠷᠲᠠᠢ ᠪᠠᠷ ᠲᠠᠷᠢᠶᠠᠯᠠᠬᠤ | ᠡᠭᠦᠷᠭᠡ ᠶᠢ ᠰᠠᠶᠢᠲᠤᠷ ᠠᠳᠬᠤᠨ᠂ ᠬᠤᠵᠢᠷᠰᠢᠭᠰᠠᠨ ᠭᠠᠵᠠᠷ ᠢ ᠥᠭᠡᠷᠡᠴᠢᠯᠡᠨ ᠰᠠᠶᠢᠵᠢᠷᠠᠭᠤᠯᠵᠤ ᠠᠰᠢᠭᠯᠠᠬᠤ ᠪᠠᠨ | ᠴᠢᠩᠭᠠᠳᠬᠠᠵᠤ᠂ ᠨᠡᠩ ᠣᠯᠠᠨ ᠲᠠᠷᠢᠶᠠᠨ ᠭᠠᠵᠠᠷ ᠢ ᠰᠠᠶᠢᠨ ᠲᠠᠷᠢᠶ᠎ᠠ ᠪᠣᠯᠭᠠᠨ᠎ᠠ᠃ ︽ᠬᠤᠯᠢᠰᠢᠨ ᠢᠳᠡᠭᠡ︾ ᠶᠢ | ᠲᠡᠭᠦᠯᠳᠡᠷᠵᠢᠭᠦᠯᠦᠨ᠂ ᠭᠤᠣᠯᠳᠠᠯᠭ᠎ᠠ ᠪᠣᠯᠬᠤ ᠬᠤᠲᠠ ᠶᠢᠨ ᠢᠳᠡᠰᠢᠨ ᠨᠣᠭᠤᠭ᠎ᠠ ᠶᠢᠨ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠦᠢᠯᠡᠳᠪᠦᠷᠢᠯᠡᠵᠦ ᠬᠠᠩᠭᠠᠬᠤ ᠲᠠᠯ᠎ᠠ ᠶᠢᠨ ᠥᠪᠡᠰᠦᠪᠡᠨ ᠬᠠᠩᠭᠠᠬᠤ | ᠴᠢᠳᠠᠪᠤᠷᠢ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ | ᠡᠨᠧᠷᠬᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢᠶᠠᠨ ᠰᠢᠯᠢᠳᠡᠭᠵᠢᠭᠦᠯᠵᠦ | ᠳᠡᠰ ᠳᠡᠪᠰᠢᠭᠦᠯᠬᠦ ᠶᠢ ᠬᠦᠴᠦᠲᠡᠢ ᠠᠬᠢᠭᠤᠯᠤᠨ᠎ᠠ᠃ ᠡᠨᠡ ᠬᠦ ᠣᠳᠣ ᠦᠶ᠎ᠡ ᠶᠢᠨ ᠡᠨᠧᠷᠬᠢ ᠶᠢᠨ ᠠᠵᠤ ᠠᠬᠤᠢ ᠶᠢᠨ | ᠠᠵᠢᠯ ᠢ ᠰᠠᠶᠢᠲᠤᠷ ᠬᠢᠵᠦ᠂ ︽ᠬᠤᠶᠠᠷ ᠢ ᠤᠷᠢᠳ ᠢᠶᠠᠷ ᠴᠣᠭᠴᠠᠯᠠᠬᠤ︾᠂ ︽ᠬᠤᠶᠠᠷ ᠢ ᠳᠠᠪᠠᠭᠤᠯᠬᠤ︾ ᠶᠢᠨ | ᠬᠠᠷᠠᠯᠲᠠ ᠳᠤ ᠴᠢᠭᠯᠡᠭᠦᠯᠦᠨ᠂ ᠥᠪᠥᠷ ᠮᠣᠩᠭᠤᠯ ᠤᠨ ᠵᠡᠭᠦᠨ ᠬᠡᠰᠡᠭ᠂ ᠥᠪᠥᠷ ᠮᠣᠩᠭᠤᠯ ᠤᠨ ᠪᠠᠷᠠᠭᠤᠨ | ᠬᠡᠰᠡᠭ ᠲᠠᠬᠢ ᠮᠢᠩᠭᠠᠨ ᠲᠦᠮᠡᠨ ᠺᠢᠯᠣᠸᠠᠲ ᠳᠡᠰ ᠤᠨ ᠰᠢᠨ᠎ᠡ ᠡᠨᠧᠷᠬᠢ ᠶᠢᠨ ᠰᠠᠭᠤᠷᠢᠨ ᠭᠠᠵᠠᠷ ᠪᠠ ᠤᠰᠤ ᠲᠠᠲᠠᠵᠤ | ᠡᠨᠧᠷᠬᠢ ᠬᠠᠳᠠᠭᠠᠯᠠᠬᠤ ᠴᠠᠬᠢᠯᠭᠠᠨ ᠥᠷᠲᠡᠭᠡ᠂ ᠰᠢᠨ᠎ᠡ ᠬᠡᠯᠪᠡᠷᠢ ᠶᠢᠨ ᠡᠨᠧᠷᠬᠢ ᠨᠥᠭᠡᠴᠡᠯᠡᠬᠦ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠡᠯᠡᠰᠦ ᠮᠠᠩᠬ᠎ᠠ ᠭᠤᠪᠢ ᠴᠦᠯ ᠤᠨ ᠪᠦᠰᠡ ᠳᠠᠬᠢ ᠶᠡᠭᠡ | ᠬᠡᠪᠴᠢᠶ᠎ᠡ ᠪᠠᠷ ᠰᠢᠨ᠎ᠡ ᠡᠨᠧᠷᠬᠢ ᠶᠢ ᠨᠡᠭᠡᠭᠡᠨ ᠠᠰᠢᠭᠯᠠᠬᠤ ᠲᠥᠯᠦᠪᠵᠢᠭᠦᠯᠭᠡ ᠶᠢᠨ ᠪᠠᠶᠢᠷᠢᠰᠢᠭᠤᠯᠤᠯ ᠢ ᠲᠦᠷᠭᠡᠳᠬᠡᠨ᠂ | ᠴᠠᠬᠢᠯᠭᠠᠨ ᠰᠤᠷᠪᠤᠯᠵᠢ ᠪᠠ ᠲᠣᠣᠷ ᠳᠠᠭᠠᠭᠠᠴᠠ ᠨᠥᠭᠡᠴᠡ᠂ ᠰᠠᠯᠬᠢ ᠭᠡᠷᠡᠯ ᠴᠡᠨᠡᠭ ᠢᠯᠴᠢ ᠨᠥᠭᠡᠴᠡ ᠡᠨᠧᠷᠬᠢ ᠶᠢ | ᠨᠢᠭᠡ ᠴᠣᠭᠴᠠᠵᠢᠭᠤᠯᠤᠭᠰᠠᠨ ᠶᠡᠷᠦᠩᠬᠡᠢ ᠬᠡᠷᠡᠭᠯᠡᠭᠡᠨ ᠤ ᠵᠢᠱᠢᠶ᠎ᠡ ᠦᠵᠡᠭᠦᠯᠬᠦ ᠠᠵᠢᠯ ᠢ ᠲᠦᠷᠭᠡᠳᠬᠡᠵᠦ᠂ ᠰᠠᠯᠬᠢ ᠭᠡᠷᠡᠯ | ᠤᠰᠦᠳᠦ᠋ᠷᠦᠭᠴᠢ ᠨᠥᠭᠡᠴᠡ ᠡᠨᠧᠷᠬᠢ ᠶᠢᠨ ᠠᠵᠤ ᠦᠢᠯᠡᠰ ᠤᠨ ᠪᠦᠯᠦᠭᠵᠢᠯ ᠢ ᠪᠤᠵᠠᠭᠠᠶᠢᠷᠠᠭᠤᠯᠵᠤ᠂ ᠰᠢᠨ᠎ᠡ | ᠬᠡᠯᠪᠡᠷᠢ ᠶᠢᠨ ᠴᠠᠬᠢᠯᠭᠠᠨ ᠬᠦᠴᠦᠨ ᠤ ᠠᠮᠤᠷ ᠲᠦᠪᠰᠢᠨ᠂ ᠤᠶᠠᠨ ᠬᠠᠲᠠᠨ᠂ ᠥᠨᠳᠥᠷ ᠪᠦᠲᠦᠮᠵᠢᠲᠦ ᠰᠢᠰᠲ᠋ᠧᠮ ᠢ | ᠪᠠᠶᠢᠭᠤᠯᠤᠨ᠂ ᠰᠢᠨ᠎ᠡ ᠡᠨᠧᠷᠬᠢ ᠶᠢᠨ ᠲᠣᠣᠷ ᠲᠤ ᠨᠡᠶᠢᠯᠡᠭᠦᠯᠬᠦ ᠬᠡᠪᠴᠢᠶ᠎ᠡ ᠶᠢ 2000 ᠲᠦᠮᠡᠨ ᠺᠢᠯᠣᠸᠠᠲ ᠠᠴᠠ | ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠳᠠᠬᠢᠨ ᠡᠭᠦᠰᠴᠦ ᠪᠣᠯᠬᠤ ᠡᠨᠧᠷᠬᠢ ᠶᠢᠨ ᠮᠠᠰᠢᠨ ᠴᠣᠭᠴᠠᠯᠠᠪᠤᠷᠢ ᠶᠢᠨ | ᠬᠤᠪᠢ ᠶᠢᠨ ᠵᠢᠩ ᠢ 40% ᠠᠴᠠ ᠢᠯᠡᠭᠦᠦ ᠪᠣᠯᠭᠠᠨ ᠳᠡᠭᠡᠭᠰᠢᠯᠡᠭᠦᠯᠦᠨ᠎ᠡ᠃ ᠰᠢᠨ᠎ᠡ ᠡᠨᠧᠷᠬᠢ ᠶᠢᠨ ᠲᠣᠨᠤᠭ | ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ ᠶᠢ ᠢᠳᠡᠪᠬᠢᠲᠡᠢ ᠪᠡᠯᠡᠳᠬᠡᠨ | ᠪᠠᠶᠢᠭᠤᠯᠵᠤ᠂ ᠰᠢᠨ᠎ᠡ ᠡᠨᠧᠷᠬᠢ ᠶᠢᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠪᠠ ᠠᠵᠢᠯᠯᠠᠭᠤᠯᠵᠤ ᠬᠠᠮᠠᠭᠠᠯᠠᠬᠤ | ᠦᠢᠯᠡᠴᠢᠯᠡᠭᠡᠨ ᠤ ᠦᠢᠯᠡᠰ ᠢ ᠬᠦᠴᠦᠲᠡᠢ ᠬᠥᠭᠵᠢᠭᠦᠯᠦᠨ᠂ ᠮᠢᠩᠭᠠᠨ ᠳ᠋ᠦᠩᠰᠢᠭᠤᠷ ᠳᠡᠰ ᠤᠨ ᠰᠢᠨ᠎ᠡ ᠡᠨᠧᠷᠬᠢ ᠶᠢᠨ | ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠪᠦᠯᠦᠭᠵᠢᠯ ᠪᠠ ᠤᠰᠤᠲᠥ᠋ᠷᠥᠭᠴᠢᠲᠤ ᠡᠨᠧᠷᠭᠢ ᠶᠢᠨ ᠲᠣᠨᠤᠭ | ᠲᠥᠬᠦᠭᠡᠷᠦᠮᠵᠢ᠂ ᠡᠨᠧᠷᠬᠢ ᠬᠠᠳᠠᠭᠠᠯᠠᠬᠤ ᠲᠥᠬᠦᠭᠡᠷᠦᠮᠵᠢ ᠶᠢᠨ ᠠᠵᠤ ᠦᠢᠯᠡᠰ ᠤᠨ ᠰᠠᠭᠤᠷᠢᠨ ᠭᠠᠵᠠᠷ ᠢ | ᠲᠥᠪᠯᠡᠷᠡᠭᠦᠯᠦᠨ ᠪᠠᠶᠢᠭᠤᠯᠤᠨ᠎ᠠ᠃ ᠡᠨᠧᠷᠬᠢ ᠶᠢᠨ ᠥᠭᠡᠷᠡᠴᠢᠯᠡᠯᠲᠡ ᠶᠢ ᠬᠠᠮᠵᠢᠯᠴᠠᠵᠤ ᠬᠤᠯᠪᠤᠭᠠᠯᠠᠨ | ᠭᠦᠨᠵᠡᠭᠡᠶᠢᠷᠡᠭᠦᠯᠵᠦ᠂ ᠴᠡᠪᠡᠷ ᠡᠨᠧᠷᠬᠢ ᠶᠢ ᠪᠠᠭᠲᠠᠭᠠᠨ ᠰᠢᠩᠭᠡᠭᠡᠬᠦ ᠤᠷᠲᠤ ᠬᠤᠭᠤᠴᠠᠭᠠᠨ ᠤ ᠪᠦᠲᠦᠮᠵᠢᠲᠠᠢ | ᠲᠣᠭᠲᠠᠴᠠ ᠶᠢ ᠪᠠᠶᠢᠭᠤᠯᠤᠨ᠂ ᠰᠢᠨ᠎ᠡ ᠡᠨᠧᠷᠬᠢ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ ᠶᠢ | ᠪᠦᠷᠢᠨᠰᠢᠭᠦᠯᠵᠦ᠂ ᠡᠨᠧᠷᠬᠢ ᠶᠢᠨ ᠦᠨ᠎ᠡ ᠬᠠᠩᠰᠢ ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠴᠡᠪᠡᠷ | ᠡᠨᠧᠷᠬᠢ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠭᠤᠷᠬᠠᠢ ᠶᠢᠨ ᠭᠠᠷᠤᠯᠲᠠ ᠶᠢ ᠬᠠᠶᠢᠨ ᠪᠠᠶᠢᠴᠠᠭᠠᠬᠤ | ᠡᠷᠴᠢᠮ ᠢᠶᠠᠨ ᠴᠢᠩᠭᠠᠷᠠᠭᠤᠯᠤᠨ᠂ ᠪᠠᠴᠢᠮ ᠪᠠᠶᠢᠳᠠᠯ ᠢ ᠠᠷᠭᠠᠴᠠᠭᠠᠬᠤ ᠲᠠᠯ᠎ᠠ ᠳᠠᠬᠢ ᠨᠡᠭᠦᠷᠡᠰᠦᠨ ᠤ ᠦᠢᠯᠡᠳᠪᠦᠷᠢᠯᠡᠬᠦ | ᠴᠢᠳᠠᠮᠵᠢ ᠶᠢᠨ ᠨᠥᠭᠡᠴᠡ ᠶᠢ ᠨᠡᠮᠡᠭᠳᠡᠭᠦᠯᠵᠦ᠂ ᠣᠨᠴᠠ ᠥᠨᠳᠥᠷ ᠬᠦᠴᠦᠳᠡᠯᠲᠦ ᠴᠠᠬᠢᠯᠭᠠᠨ ᠢ ᠭᠠᠳᠠᠭᠰᠢ ᠭᠦᠷᠭᠡᠭᠦ | ᠵᠠᠮ ᠬᠤᠭᠤᠯᠠᠢ ᠪᠠ ᠲᠥᠬᠦᠷᠵᠢᠭᠰᠡᠨ ᠴᠠᠬᠢᠯᠭᠠᠨ ᠰᠣᠷᠪᠣᠯᠵᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠂ ᠥᠪᠥᠷ ᠮᠣᠩᠭᠤᠯ ᠤᠨ ᠪᠠᠷᠠᠭᠤᠨ ᠳᠠᠬᠢ ᠴᠠᠬᠢᠯᠭᠠᠨ ᠬᠦᠴᠦᠨ ᠤ ᠲᠣᠣᠷ ᠤᠨ ᠵᠡᠭᠦᠨ ᠬᠡᠰᠡᠭ ᠤᠨ | ᠲᠡᠭᠦᠰᠬᠡᠯ ᠦᠵᠦᠭᠦᠷ ᠤᠨ ᠴᠠᠬᠢᠯᠭᠠᠨ ᠬᠦᠴᠦᠨ ᠤ ᠲᠣᠣᠷᠯᠢᠭ ᠪᠠ ᠴᠠᠬᠢᠯᠭᠠᠨ ᠰᠤᠷᠪᠤᠯᠵᠢ ᠶᠢᠨ ᠲᠤᠯᠭᠠᠭᠤᠷᠢᠯᠠᠬᠤ | ᠪᠠᠶᠢᠷᠢᠰᠢᠯ ᠢ ᠦᠷᠭᠦᠯᠵᠢᠯᠡᠨ ᠰᠢᠯᠢᠳᠡᠭᠵᠢᠭᠦᠯᠵᠦ᠂ ᠴᠠᠬᠢᠯᠭᠠᠨ ᠬᠦᠴᠦᠨ ᠤ ᠭᠦᠢᠴᠡᠳ ᠬᠠᠩᠭᠠᠬᠤ ᠶᠢ ᠠᠬᠢᠭᠤᠯᠤᠨ᠂ | ᠨᠡᠭᠦᠷᠡᠰᠦ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠬᠤ ᠠᠵᠢᠯ ᠢᠶᠠᠨ ᠰᠠᠶᠢᠲᠤᠷ ᠬᠢᠨ᠎ᠡ᠃ ᠬᠤᠪᠣᠷ | ᠰᠢᠷᠣᠢ ᠶᠢᠨ ᠠᠵᠤ ᠦᠢᠯᠡᠰ ᠤᠨ ᠬᠡᠯᠬᠢᠶᠡᠰᠦ ᠶᠢ ᠤᠷᠲᠤᠳᠬᠠᠨ᠂ ᠳᠡᠭᠡᠳᠦ ᠳᠡᠰ ᠤᠨ ᠮᠠᠲ᠋ᠧᠷᠢᠶᠠᠯ ᠪᠠ ᠦᠵᠦᠭᠦᠷ ᠤᠨ | ᠦᠢᠯᠡᠳᠬᠦᠨ ᠳᠤ ᠭᠤᠣᠯᠳᠠᠯᠭ᠎ᠠ ᠲᠠᠢ ᠰᠢᠪᠲᠤᠯᠤᠯᠲᠠ ᠬᠢᠵᠦ᠂ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ | ᠬᠡᠮᠵᠢᠶ᠎ᠡ ᠪᠠ ᠶᠡᠷᠦᠩᠬᠡᠶᠢᠯᠡᠨ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠦᠨ᠎ᠡ᠃ | ᠦᠢᠯᠡᠳᠬᠦ ᠦᠢᠯᠡᠰ ᠤᠨ ᠳᠡᠭᠡᠳᠦ ᠳᠡᠰᠵᠢᠬᠦ᠂ ᠣᠶᠤᠨᠴᠢᠯᠠᠬᠤ ᠪᠠ ᠪᠣᠬᠢᠷᠳᠤᠯ ᠦᠭᠡᠢ ᠪᠠᠷ ᠬᠥᠭᠵᠢᠬᠦ ᠶᠢ | ᠬᠦᠴᠦᠯᠡᠨ ᠠᠬᠢᠭᠤᠯᠤᠨ᠎ᠠ᠃ ᠦᠢᠯᠡᠣᠡᠭᠦ ᠦᠢᠯᠡᠰ᠂ ᠳᠤᠮᠳᠠ ᠵᠢᠵᠢᠭ ᠠᠵᠤ ᠠᠬᠤᠶᠢᠯᠠᠯ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠲᠦᠷᠣ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ᠢ ᠲᠣᠭᠲᠠᠭᠠᠵᠤ᠂ ᠬᠡᠯᠬᠢᠶ᠎ᠡ ᠶᠢ ᠨᠢ | ᠤᠷᠲᠤᠳᠬᠠᠨ ᠬᠡᠯᠬᠢᠶ᠎ᠡ ᠶᠢ ᠨᠢ ᠨᠥᠬᠦᠪᠦᠷᠢᠯᠡᠬᠦ ᠬᠡᠯᠬᠢᠶ᠎ᠡ ᠶᠢ ᠨᠢ ᠴᠢᠩᠭᠠᠷᠠᠭᠤᠯᠬᠤ ᠠᠵᠢᠯᠯᠠᠭᠠᠨ ᠢ ᠬᠡᠷᠡᠭᠵᠢᠭᠦᠯᠵᠦ᠂ | ᠠᠵᠤ ᠦᠢᠯᠡᠰ ᠤᠨ ᠰᠠᠭᠤᠷᠢ ᠶᠢ ᠳᠠᠬᠢᠨᠲᠠ ᠪᠠᠶᠢᠭᠤᠯᠬᠤ ᠨᠢᠭᠡ ᠪᠦᠯᠦᠭ ᠢᠨᠵᠧᠨᠧᠷᠢᠩ ᠤᠨ ᠲᠦᠷᠣᠯ ᠵᠦᠢᠯ ᠢ | ᠡᠬᠢᠯᠡᠭᠦᠯᠵᠦ᠂ ᠨᠢᠭᠡ ᠪᠦᠯᠦᠭ ᠲᠤᠰᠬᠠᠢ ᠨᠠᠷᠢᠯᠢᠭ ᠣᠨᠴᠠ ᠰᠢᠨ᠎ᠡ ︽ᠬᠡᠪᠴᠢᠶ᠎ᠡ ᠨᠢ ᠵᠢᠵᠢᠭ ᠪᠣᠯᠪᠠᠴᠤ ᠬᠥᠭᠵᠢᠯᠲᠡ | ᠰᠠᠶᠢᠲᠠᠢ ᠠᠪᠤᠷᠭᠤ︾ ᠠᠵᠤ ᠠᠬᠤᠶᠢᠯᠠᠯ ᠢ ᠪᠣᠢ ᠪᠣᠯᠭᠠᠨ᠂ ᠨᠢᠭᠡ ᠪᠦᠯᠦᠭ ᠮᠢᠩᠭᠠᠨ ᠳ᠋ᠦᠩᠰᠢᠭᠤᠷ ᠳᠡᠰ ᠤᠨ | ᠳᠠᠪᠠᠭᠤᠯᠢᠭ ᠣᠨᠴᠠᠯᠢᠭ ᠲᠠᠢ ᠠᠵᠤ ᠦᠢᠯᠡᠰ ᠢ ᠪᠣᠢ ᠪᠣᠯᠭᠠᠨ᠎ᠠ᠃ ᠴᠡᠷᠢᠭ ᠤᠨ ᠠᠵᠤ ᠦᠢᠯᠡᠳᠪᠦᠷᠢ ᠶᠢᠨ | ᠳᠠᠪᠠᠭᠤᠯᠢᠭ ᠢ ᠪᠠᠳᠠᠷᠠᠭᠤᠯᠤᠨ᠂ ᠪᠤᠭᠤᠲᠤ ᠶᠢᠨ ᠴᠡᠷᠢᠭ ᠪᠠ ᠠᠷᠠᠳ ᠤᠨ ᠬᠡᠷᠡᠭᠴᠡᠭᠡ ᠶᠢ ᠠᠭᠤᠰᠤᠯᠴᠠᠭᠤᠯᠤᠭᠰᠠᠨ | ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠡᠨᠧᠷᠬᠢ᠂ ᠬᠢᠮᠢ ᠶᠢᠨ ᠠᠵᠤ ᠦᠢᠯᠡᠳᠪᠦᠷᠢ ᠵᠡᠷᠭᠡ | ᠬᠦᠷᠢᠶ᠎ᠡ ᠴᠠᠷᠠᠭᠠᠨ ᠳᠤ ᠠᠵᠤ ᠠᠬᠤᠶᠢᠯᠠᠯ ᠤᠨ ᠳᠡᠰ ᠤᠨ᠂ ᠠᠵᠢᠯ ᠲᠦᠷᠦᠯ ᠤᠨ ᠳᠡᠰ ᠤᠨ᠂ ᠣᠷᠣᠨ ᠪᠦᠰᠡ ᠶᠢᠨ | ᠳᠡᠰ ᠤᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠢ 10 ᠪᠠᠶᠢᠭᠤᠯᠵᠤ᠂ ᠣᠶᠤᠨᠴᠢᠯᠠᠭᠰᠠᠨ | ᠦᠢᠯᠡᠳᠪᠦᠷᠢ᠂ ᠲᠣᠭᠠᠵᠢᠭᠤᠯᠤᠭᠰᠠᠨ ᠦᠢᠯᠡᠳᠪᠦᠷᠢ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠡᠮᠬᠢᠯᠡᠵᠦ ᠨᠡᠶᠢᠯᠡᠭᠦᠯᠦᠭᠰᠡᠨ ᠦᠷ᠎ᠡ ᠪᠦᠲᠦᠭᠡᠯ ᠢ | ᠪᠠᠬᠢᠵᠢᠭᠦᠯᠦᠨ᠂ ᠣᠷᠣᠨ ᠪᠦᠰᠡ ᠶᠢᠨ ᠦᠨᠡᠯᠡᠨ ᠵᠢᠱᠢᠬᠦ ᠶᠢ ᠪᠡᠶᠡᠯᠡᠭᠦᠯᠵᠦ᠂ ᠬᠦᠷᠢᠶᠡᠯᠡᠩ ᠲᠣᠭᠤᠷᠢᠭ ᠪᠦᠬᠦᠨ ᠢ | ᠣᠶᠤᠨᠯᠢᠭ ᠬᠦᠷᠢᠶᠡᠯᠡᠩ ᠲᠣᠭᠤᠷᠢᠭ ᠪᠣᠯᠭᠠᠨ᠎ᠠ᠃ ᠦᠯᠡᠭᠦᠳᠡᠭᠰᠡᠨ ᠪᠠ ᠳᠣᠣᠷ᠎ᠠ ᠦᠷ᠎ᠡ ᠠᠰᠢᠭ ᠲᠠᠢ | ᠦᠢᠯᠡᠳᠪᠦᠷᠢᠯᠡᠬᠦ ᠴᠢᠳᠠᠮᠵᠢ ᠶᠢ ᠨᠢ ᠪᠤᠴᠠᠭᠠᠨ ᠭᠠᠷᠭᠠᠬᠤ ᠶᠢ ᠲᠦᠷᠭᠡᠳᠬᠡᠨ᠂ ᠡᠨᠧᠷᠬᠢ ᠠᠷᠪᠢᠯᠠᠬᠤ ᠤᠰᠤ ᠠᠷᠪᠢᠯᠠᠬᠤ | ᠪᠠ ᠪᠣᠬᠢᠷᠳᠤᠯ ᠡᠳ᠋ ᠢ ᠬᠡᠳᠦ ᠳᠣᠣᠷ᠎ᠠ ᠭᠠᠳᠠᠭᠰᠢᠯᠠᠭᠤᠯᠬᠤ ᠪᠠᠷ ᠥᠭᠡᠷᠡᠴᠢᠯᠡᠨ ᠰᠢᠨᠡᠳᠬᠡᠬᠦ ᠶᠢ ᠡᠮᠬᠢ ᠵᠢᠷᠤᠮ ᠲᠠᠢ | ᠠᠬᠢᠭᠤᠯᠵᠤ᠂ ᠬᠦᠷᠢᠶᠡᠯᠡᠩ ᠲᠣᠭᠤᠷᠢᠭ ᠲᠠᠬᠢ ᠥᠪᠡᠷ ᠤᠨ ᠪᠡᠯᠡᠳᠬᠡᠯ ᠴᠠᠬᠢᠯᠭᠠᠨ ᠤ ᠦᠢᠯᠡᠳᠪᠦᠷᠢ᠂ ᠡᠨᠧᠷᠬᠢ ᠶᠢᠨ | ᠬᠤᠷᠣᠭᠳᠠᠯ ᠶᠡᠬᠡᠲᠡᠢ ᠠᠵᠤ ᠠᠬᠤᠶᠢᠯᠠᠯ ᠳᠤ ᠬᠡᠷᠡᠭᠰᠡᠬᠦ ᠴᠠᠬᠢᠯᠭᠠᠨ ᠢ ᠨᠢ ᠪᠣᠬᠢᠷᠳᠤᠯ ᠦᠭᠡᠢ ᠴᠠᠬᠢᠯᠭᠠᠨ ᠢᠶᠠᠷ | ᠣᠷᠣᠯᠠᠭᠤᠯᠬᠤ ᠶᠢ ᠬᠡᠷᠡᠭᠵᠢᠭᠦᠯᠦᠨ᠂ ᠪᠣᠬᠢᠷᠳᠤᠯ ᠦᠭᠡᠢ ᠦᠢᠯᠡᠳᠬᠦ ᠶᠢ ᠬᠥᠭᠵᠢᠭᠦᠯᠵᠦ᠂ ᠨᠢᠭᠡ ᠪᠦᠯᠦᠭ | ᠨᠡᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ᠂ ᠨᠡᠭᠦᠷᠡᠰᠦᠲᠦ᠋ᠷᠦᠭᠴᠢ ᠦᠯᠦ | ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠢ ᠪᠠᠶᠢᠭᠤᠯᠤᠨ᠎ᠠ᠃ | ᠲᠣᠭᠠᠵᠢᠯᠲᠤ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠤᠨ᠎ᠠ᠃ ᠮᠡᠳᠡᠭᠡ | ᠵᠠᠩᠭᠢ ᠶᠢᠨ ᠰᠠᠭᠤᠷᠢ ᠪᠡᠯᠡᠳᠬᠡᠮᠵᠢ ᠶᠢ ᠪᠦᠷᠢᠨᠰᠢᠭᠦᠯᠦᠨ᠂ ᠭᠦᠬᠡᠬᠤᠳᠠ᠂ ᠪᠤᠭᠤᠲᠤ ᠶᠢᠨ ︽ᠮᠢᠩᠭᠠᠨ ᠰᠠᠶ᠎ᠠ | ᠰᠦᠯᠵᠢᠶᠡᠨ ᠤ ᠬᠤᠳᠡ︾ ᠪᠠ ᠨᠡᠭᠦᠷᠡᠰᠦ᠂ ᠬᠤᠪᠣᠷ ᠰᠢᠷᠣᠢ᠂ ᠬᠢᠮᠢ ᠶᠢᠨ ᠠᠵᠤ ᠦᠢᠯᠡᠳᠪᠦᠷᠢ ᠵᠡᠷᠭᠡ ᠠᠵᠤ | ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠡᠮᠳᠡᠭ ᠤᠨ ᠵᠠᠳᠠᠯᠤᠯᠲᠠ ᠶᠢᠨ ᠬᠤᠶᠠᠳᠤᠭᠠᠷ ᠳᠡᠰ ᠤᠨ ᠵᠠᠩᠭᠢᠶᠠᠰᠤ ᠶᠢ | ᠪᠠᠶᠢᠭᠤᠯᠵᠤ᠂ ᠪᠦᠭᠦ ᠤᠯᠤᠰ ᠤᠨ ᠨᠢᠭᠡ ᠴᠣᠭᠴᠠᠵᠢᠭᠰᠠᠨ ᠰᠢᠢᠳᠪᠦᠷᠢᠯᠡᠬᠦ ᠬᠤᠷᠳᠤᠴᠠ ᠶᠢᠨ ᠲᠣᠣᠷ ᠰᠦᠯᠵᠢᠶᠡᠨ ᠤ | ᠤᠯᠤᠰ ᠤᠨ ᠬᠦᠢᠰᠦ ᠪᠣᠯᠬᠤ ᠵᠠᠩᠭᠢᠶᠠᠰᠤ ᠶᠢ ᠪᠠᠶᠢᠭᠤᠯᠵᠤ᠂ 5G ᠰᠠᠭᠤᠷᠢ ᠦᠷᠲᠡᠭᠡ ᠶᠢ 1 ᠲᠦᠮᠡ ᠰᠢᠨ᠎ᠡ ᠪᠠᠷ | ᠪᠠᠶᠢᠭᠤᠯᠤᠨ᠎ᠠ᠃ ᠠᠵᠤ ᠦᠢᠯᠡᠰ ᠤᠨ ᠲᠣᠭᠠᠵᠢᠭᠤᠯᠤᠯᠲᠠ ᠶᠢ ᠠᠬᠢᠭᠤᠯᠤᠨ᠂ ᠲᠣᠭᠠᠵᠢᠭᠤᠯᠤᠭᠰᠠᠨ ᠬᠡᠯᠪᠡᠷᠢ ᠪᠠᠷ | ᠬᠤᠪᠢᠷᠠᠭᠤᠯᠬᠤ ᠠᠵᠢᠯ ᠤᠨ ᠵᠠᠮ ᠱᠤᠭᠤᠮ ᠢ ᠠᠵᠢᠯ ᠲᠦᠷᠣᠯ ᠬᠤᠪᠢᠶᠠᠨ ᠲᠣᠭᠲᠠᠭᠠᠵᠤ᠂ ᠤᠯᠠᠮᠵᠢᠯᠠᠯᠲᠤ ᠠᠵᠤ | ᠦᠢᠯᠡᠰ ᠢ ᠪᠦᠭᠦ ᠲᠠᠯ᠎ᠠ ᠪᠠᠷ᠂ ᠪᠦᠭᠦ ᠬᠡᠯᠬᠢᠶᠡᠨ ᠳᠤ ᠲᠣᠭᠠᠵᠢᠭᠤᠯᠵᠤ ᠥᠭᠡᠷᠡᠴᠢᠯᠡᠨ ᠰᠠᠶᠢᠵᠢᠷᠠᠭᠤᠯᠬᠤ ᠠᠬᠢᠴᠠ ᠶᠢ | ᠲᠦᠷᠭᠡᠳᠬᠡᠨ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠵᠠᠩᠭᠢᠯᠠᠭ᠎ᠠ ᠶᠢᠨ ᠠᠵᠢᠯᠯᠠᠬᠤ ᠳᠠᠷᠠᠭᠠᠯᠠᠯ ᠤᠨ | ᠲᠣᠭᠠᠵᠢᠭᠤᠯᠤᠨ ᠡᠵᠡᠮᠳᠡᠬᠦ ᠨᠣᠷᠮ᠎ᠠ ᠪᠠ ᠲᠣᠭᠠᠵᠢᠭᠤᠯᠤᠭᠰᠠᠨ ᠰᠤᠳᠤᠯᠵᠤ ᠨᠡᠭᠡᠭᠡᠨ ᠵᠢᠷᠤᠵᠤ ᠲᠥᠯᠥᠪᠯᠡᠬᠦ ᠪᠠᠭᠠᠵᠢ ᠶᠢ | ᠲᠦᠭᠡᠮᠡᠯᠵᠢᠭᠦᠯᠬᠦ ᠨᠣᠷᠮ᠎ᠠ ᠪᠠᠨ ᠳᠡᠭᠡᠭᠰᠢᠯᠡᠭᠦᠯᠦᠨ᠂ 5G+ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ | ᠠᠭᠤᠰᠤᠯᠴᠠᠭᠤᠯᠤᠨ ᠬᠡᠷᠡᠭᠯᠡᠬᠦ ᠶᠢ ᠠᠬᠢᠭᠤᠯᠤᠨ᠂ 5G+ ᠣᠶᠤᠨᠯᠢᠭ ᠠᠭᠤᠷᠬᠠᠢ ᠶᠢ ᠪᠦᠲᠦᠭᠡᠨ ᠪᠠᠶᠢᠭᠤᠯᠵᠤ᠂ | ᠰᠤᠷᠭᠠᠨ ᠬᠥᠮᠦᠵᠢᠯ᠂ ᠡᠮᠴᠢᠯᠡᠭᠡ᠂ ᠵᠠᠮ ᠬᠠᠷᠢᠯᠴᠠᠭ᠎ᠠ ᠵᠡᠷᠭᠡ ᠶᠢᠨ 5G ᠳᠠᠯᠠᠪᠡᠢ ᠦᠵᠡᠭᠳᠡᠯ ᠤᠨ ᠵᠢᠱᠢᠶ᠎ᠡ | ᠦᠵᠡᠭᠦᠯᠬᠦ ᠶᠢ ᠠᠬᠢᠭᠤᠯᠤᠨ᠂ ᠨᠢᠭᠡ ᠪᠦᠯᠦᠭ ᠲᠡᠷᠭᠡᠨ ᠵᠣᠭᠰᠣᠭᠠᠯ ᠤᠨ ᠣᠶᠤᠨᠴᠢ ᠦᠷᠲᠡᠭᠡ᠂ ᠴᠠᠬᠢᠯᠭᠠᠨ ᠴᠡᠨᠡᠭᠯᠡᠬᠦ | ᠱᠣᠩ ᠢ ᠪᠦᠲᠦᠭᠡᠨ ᠪᠠᠶᠢᠭᠤᠯᠤᠨ᠎ᠠ᠃ ᠲᠣᠭᠠᠵᠢᠯᠳᠣ ᠠᠵᠤ ᠦᠢᠯᠡᠰᠵᠢᠯᠲᠡ ᠶᠢ ᠠᠬᠢᠭᠤᠯᠵᠤ᠂ ᠬᠦᠭᠡᠬᠤᠳᠠ ᠪᠤᠭᠤᠲᠤ | ᠣᠷᠳᠣᠰ ᠤᠯᠠᠭᠠᠨᠴᠠᠪ᠂ ᠤᠯᠠᠭᠠᠨᠬᠠᠳᠠ ᠪᠠᠷ ᠭᠤᠣᠯᠳᠠᠯᠭ᠎ᠠ ᠪᠣᠯᠭᠠᠭᠰᠠᠨ ᠥᠪᠡᠷᠮᠢᠴᠡ ᠣᠨᠴᠠᠯᠢᠭ ᠲᠠᠢ ᠲᠣᠭᠠᠵᠢᠯᠳᠣ | ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠠᠶᠢᠭᠤᠯᠤᠨ᠂ ᠡᠭᠦᠯᠡᠨ ᠪᠣᠳᠣᠯᠲᠠ᠂ ᠬᠡᠰᠡᠭ ᠤᠳ ᠤᠨ ᠬᠡᠯᠬᠢᠶ᠎ᠡ᠂ | ᠵᠣᠬᠢᠶᠠᠮᠠᠯ ᠣᠶᠣᠨ᠂ ᠵᠥᠭᠡᠯᠡᠨ ᠬᠡᠷᠡᠭᠰᠡᠯ ᠢ ᠨᠡᠭᠡᠭᠡᠨ ᠠᠰᠢᠭᠯᠠᠬᠤ ᠵᠡᠷᠭᠡ ᠲᠣᠭᠠᠵᠢᠯᠳᠣ ᠠᠵᠤ ᠦᠢᠯᠡᠰ ᠢ | ᠲᠦᠷᠭᠡᠳᠬᠡᠨ ᠬᠥᠭᠵᠢᠭᠦᠯᠦᠨ᠎ᠡ᠃ | ᠦᠢᠯᠡᠴᠢᠯᠡᠭᠡᠨ ᠤ ᠦᠢᠯᠡᠰ ᠤᠨ ᠴᠢᠨᠠᠷ ᠴᠢᠨᠰᠠᠭ᠎ᠠ ᠪᠠᠨ ᠳᠡᠭᠡᠭᠰᠢᠯᠡᠭᠦᠯᠵᠦ ᠦᠷ᠎ᠡ ᠠᠰᠢᠭ ᠢᠶᠠᠨ | ᠨᠡᠮᠡᠭᠳᠡᠭᠦᠯᠬᠦ ᠶᠢ ᠬᠦᠴᠦᠯᠡᠨ ᠠᠬᠢᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡ᠂ ᠠᠵᠤ | ᠦᠢᠯᠡᠳᠪᠦᠷᠢ ᠶᠢᠨ ᠵᠢᠷᠤᠭ ᠲᠥᠯᠥᠪᠯᠡᠭᠡ᠂ ᠬᠤᠳᠠᠯᠳᠤᠭᠠᠨ ᠤ ᠶᠠᠪᠤᠳᠠᠯ ᠤᠨ ᠴᠤᠭᠯᠠᠭᠠᠨ ᠦᠵᠡᠭᠦᠯᠭᠡ ᠵᠡᠷᠭᠡ | ᠰᠢᠨ᠎ᠡ ᠪᠠᠷ ᠪᠣᠢ ᠪᠣᠯᠤᠭᠰᠠᠨ ᠦᠢᠯᠡᠴᠢᠯᠡᠭᠡᠨ ᠤ ᠦᠢᠯᠡᠰ ᠢ ᠬᠥᠭᠵᠢᠭᠦᠯᠦᠨ᠂ ᠪᠤᠭᠤᠲᠤ ᠶᠢᠨ ᠪᠣᠯᠣᠳ ᠲᠡᠮᠦᠷ᠂ ᠢᠯᠢ᠂ | ᠤᠮᠠᠷᠠᠲᠤ ᠶᠢᠨ ᠬᠦᠨᠳᠦ ᠠᠵᠤ ᠦᠢᠯᠡᠳᠪᠦᠷᠢ ᠵᠡᠷᠭᠡ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠬᠢᠭᠡᠳ | ᠲᠡᠷᠢᠭᠦᠨ ᠤ ᠦᠢᠯᠡᠳᠬᠦ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠲᠤᠷᠰᠢᠯᠲᠠ ᠶᠢᠨ ᠴᠡᠭ ᠢ ᠰᠠᠶᠢᠲᠤᠷ | ᠠᠳᠬᠤᠨ᠎ᠠ᠃ ᠪᠠᠷᠠᠭᠠᠨ ᠤ ᠭᠦᠢᠯᠭᠡᠭᠡᠨ ᠤ ᠦᠢᠯᠡᠰ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠠᠬᠢᠭᠤᠯᠤᠨ᠂ | ᠬᠦᠬᠡᠬᠤᠲᠠ᠂ ᠤᠯᠠᠭᠠᠨᠴᠠᠪ — ᠡᠷᠢᠶᠡᠨ ᠬᠤᠲᠠ᠂ ᠮᠠᠨᠵᠤᠤᠷ ᠲᠠᠬᠢ ᠤᠯᠤᠰ ᠤᠨ ᠪᠠᠷᠠᠭᠠᠨ ᠤ ᠭᠦᠢᠯᠭᠡᠭᠡᠨ ᠤ | ᠬᠦᠢᠰᠦ ᠪᠠ ᠪᠠᠶᠠᠨᠨᠠᠭᠤᠷ ᠲᠠᠬᠢ ᠤᠯᠤᠰ ᠤᠨ ᠭᠤᠣᠯᠯᠠᠬᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠠᠷᠢᠶᠠᠯᠠᠬᠤ ᠮᠠᠯᠵᠢᠬᠤ ᠣᠷᠣᠨ ᠤ ᠭᠤᠪᠢᠭᠤᠯᠵᠤ | ᠢᠯᠡᠭᠡᠬᠦ ᠪᠠᠷᠠᠭᠠᠨ ᠤ ᠭᠦᠢᠯᠭᠡᠭᠡᠨ ᠤ ᠲᠣᠭᠲᠠᠯᠴᠠᠭ᠎ᠠ ᠶᠢ ᠪᠦᠷᠢᠨᠰᠢᠭᠦᠯᠦᠨ᠂ ᠲᠣᠰᠬᠤᠨ ᠪᠣᠯᠭᠠᠨ ᠳᠤ ᠲᠦᠷᠭᠡᠨ | ᠬᠦᠷᠭᠡᠯᠲᠡ ᠨᠡᠪᠲᠡᠷᠡᠬᠦ ᠶᠢ ᠦᠨᠳᠦᠰᠦᠨ ᠳᠤ ᠪᠠᠨ ᠪᠡᠶᠡᠯᠡᠭᠦᠯᠦᠨ᠎ᠡ᠃ ᠮᠥᠩᠭᠦᠨ ᠭᠦᠢᠯᠭᠡᠭᠡᠨ ᠢᠶᠠᠷ ᠪᠣᠳᠠᠲᠤ | ᠴᠣᠭᠴᠠ ᠶᠢᠨ ᠠᠵᠤ ᠠᠬᠤᠢ ᠶᠢᠨ ᠬᠥᠭᠵᠢᠯᠲᠡ ᠶᠢ ᠪᠦᠲᠦᠮᠵᠢᠲᠠᠢ ᠳᠡᠮᠵᠢᠬᠦ ᠶᠢ ᠠᠬᠢᠭᠤᠯᠵᠤ᠂ ᠨᠣᠭᠤᠭᠠᠨ ᠮᠥᠩᠭᠦᠨ | ᠭᠦᠢᠯᠭᠡᠭᠡ᠂ ᠨᠡᠶᠢᠳᠡᠮ ᠬᠠᠷᠠᠭᠠᠯᠵᠠᠯᠲᠤ ᠮᠥᠩᠭᠦᠨ ᠭᠦᠢᠯᠭᠡᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠮᠥᠩᠭᠦᠨ ᠭᠦᠢᠯᠭᠡᠭᠡ ᠶᠢ ᠶᠡᠭᠡ ᠪᠠᠷ ᠬᠥᠭᠵᠢᠭᠦᠯᠵᠦ᠂ ᠳᠤᠮᠳᠠ ᠵᠢᠵᠢᠭ ᠪᠢᠴᠢᠯ ᠠᠵᠤ | ᠠᠬᠤᠶᠢᠯᠠᠯ ᠤᠨ ᠪᠡᠯᠡ ᠲᠣᠬᠢᠷᠠᠭᠤᠯᠬᠤ ᠳᠤ ᠳᠦᠭᠦᠮ ᠦᠵᠡᠭᠦᠯᠬᠦ ᠬᠡᠮᠵᠢᠶ᠎ᠡ ᠪᠠᠨ ᠳᠡᠭᠡᠭᠰᠢᠯᠡᠭᠦᠯᠦᠨ᠂ ᠪᠡᠯᠡ | ᠲᠣᠬᠢᠷᠠᠭᠤᠯᠬᠤ ᠲᠠᠯ᠎ᠠ ᠶᠢᠨ ᠥᠪᠡᠷ ᠤᠨ ᠦᠷᠲᠡᠭ ᠢ ᠨᠢ ᠪᠠᠭᠤᠷᠠᠭᠤᠯᠤᠨ᠎ᠠ᠃ ᠵᠢᠭᠤᠯᠴᠢᠯᠠᠯ ᠤᠨ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠭᠤᠣᠯᠳᠠᠯᠭ᠎ᠠ ᠪᠣᠯᠬᠤ ᠦᠵᠡᠮᠵᠢ ᠶᠢᠨ ᠣᠷᠣᠨ ᠤ | ᠴᠢᠨᠠᠷ ᠴᠢᠨᠰᠠᠭ᠎ᠠ ᠪᠠᠨ ᠳᠡᠭᠡᠭᠰᠢᠯᠡᠭᠦᠯᠬᠦ ᠠᠵᠢᠯᠯᠠᠭᠠᠨ ᠪᠠ ᠰᠣᠶᠣᠯ ᠵᠢᠭᠤᠯᠴᠢᠯᠠᠯ ᠤᠨ ᠲᠣᠭᠠᠵᠢᠭᠤᠯᠤᠯᠲᠠ ᠶᠢᠨ | ᠢᠨᠵᠧᠨᠧᠷᠢᠩ ᠢ ᠬᠡᠷᠡᠭᠵᠢᠭᠦᠯᠦᠨ᠂ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠪᠡᠯᠡ | ᠣᠷᠤᠭᠤᠯᠤᠯᠲᠠ ᠶᠢᠨ ᠪᠦᠯᠦᠭᠯᠡᠯ ᠢ ᠵᠣᠬᠢᠶᠠᠨ ᠪᠠᠶᠢᠭᠤᠯᠵᠤ᠂ ᠬᠠᠳᠣᠨ ᠭᠤᠣᠯ ᠤᠨ ᠲᠣᠬᠤᠢ᠂ ᠷᠠᠰᠢᠶᠠᠨ᠂ ᠡᠵᠡᠨ᠎ᠡ | ᠵᠡᠷᠭᠡ ᠳᠠᠪᠠᠭᠤᠯᠢᠭ ᠣᠷᠣᠨ ᠬᠡᠰᠡᠭ ᠤᠳ ᠢ ᠤᠷᠢᠳ ᠢᠶᠠᠷ ᠬᠥᠭᠵᠢᠭᠦᠯᠬᠦ ᠶᠢ ᠳᠡᠮᠵᠢᠵᠣ᠂ ᠨᠢᠭᠡ ᠪᠦᠯᠦᠭ ᠡᠬᠢ | ᠪᠠᠶᠠᠯᠢᠭ ᠢᠶᠠᠨ ᠭᠦᠨᠵᠡᠭᠡᠢ ᠡᠮᠬᠢᠯᠡᠵᠦ ᠨᠡᠶᠢᠯᠡᠭᠦᠯᠦᠭᠰᠡᠨ ᠪᠠ ᠰᠣᠶᠣᠯ ᠵᠢᠭᠤᠯᠴᠢᠯᠠᠯ ᠢᠶᠠᠨ ᠭᠦᠨᠵᠡᠭᠡᠢ | ᠠᠭᠤᠰᠤᠯᠴᠠᠭᠤᠯᠤᠭᠰᠠᠨ ᠰᠢᠨ᠎ᠡ ᠦᠯᠢᠭᠡᠷ ᠳᠠᠭᠤᠷᠢᠶᠠᠯ ᠢ ᠪᠣᠢ ᠪᠣᠯᠭᠠᠨ᠂ ᠪᠦᠬᠦ ᠣᠷᠣᠨ ᠤ ᠵᠢᠭᠤᠯᠴᠢᠯᠠᠯ ᠢ | ᠵᠡᠭᠦᠨ ᠠᠴᠠ ᠪᠠᠷᠠᠭᠤᠨᠰᠢ ᠪᠠᠨ ᠪᠦᠷ ᠬᠥᠭᠵᠢᠶᠡᠨᠲᠡᠢ ᠪᠣᠯᠭᠠᠵᠣ᠂ ᠵᠢᠯ ᠤᠨ ᠳᠦᠷᠪᠡᠨ ᠤᠯᠠᠷᠢᠯ ᠳᠤ ᠴᠥᠮ ᠥᠷᠨᠢᠩᠭᠦᠢ | ᠪᠣᠯᠭᠠᠨ᠎ᠠ᠃ | ︵ᠭᠤᠷᠪᠠ︶ ᠠᠮᠢ ᠠᠬᠤᠢ ᠣᠷᠴᠢᠨ ᠲᠣᠭᠤᠷᠢᠨ ᠢᠶᠠᠨ ᠬᠠᠮᠠᠭᠠᠯᠠᠵᠤ ᠵᠠᠰᠠᠬᠤ ᠶᠢ ᠬᠦᠴᠦᠯᠡᠨ ᠰᠠᠶᠢᠲᠤᠷ | ᠠᠳᠬᠤᠵᠤ᠂ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠴᠢᠬᠤᠯᠠ ᠬᠠᠯᠬᠠᠪᠴᠢ ᠶᠢ | ᠪᠠᠲᠤ ᠴᠣᠭᠴᠠᠯᠠᠨ᠎ᠠ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ | ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠨ᠂ ᠠᠮᠢ ᠠᠬᠤᠢ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ | ᠦᠷᠭᠦᠯᠵᠢᠯᠡᠨ ᠰᠠᠶᠢᠵᠢᠷᠠᠭᠤᠯᠵᠤ᠂ ᠥᠪᠥᠷ ᠮᠣᠩᠭᠤᠯ ᠤᠨ ᠨᠣᠮᠢᠨ ᠨᠣᠭᠤᠭᠠᠨ᠂ ᠴᠡᠩᠬᠡᠷ ᠬᠥᠬᠡ᠂ ᠠᠷᠢᠭᠤᠨ | ᠴᠡᠪᠡᠷ ᠢ ᠬᠠᠮᠠᠭᠠᠯᠠᠵᠤ ᠰᠠᠬᠢᠨ᠎ᠠ᠃ | ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠠᠶᠢᠮᠠᠭ ᠬᠤᠲᠠ᠂ | ᠬᠤᠰᠢᠭᠤ ᠰᠢᠶᠠᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠠᠵᠢᠯ ᠢᠶᠠᠨ ᠪᠡᠶᠡᠯᠡᠭᠦᠯᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠬᠡᠷᠡᠭᠴᠡᠭᠡᠨ ᠳᠤ | ᠬᠠᠮᠢᠶᠠᠷᠤᠨ ᠵᠠᠬᠢᠷᠬᠤ ᠶᠢ ᠴᠢᠩᠭᠠᠷᠠᠭᠤᠯᠤᠨ᠂ ︽ᠭᠤᠷᠪᠠᠨ ᠱᠤᠭᠤᠮ ᠨᠢᠭᠡ ᠳᠠᠩᠰᠠ︾ ᠶᠢᠨ ᠣᠷᠣᠨ ᠪᠦᠰᠡ | ᠬᠤᠪᠢᠶᠠᠵᠤ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ | ᠪᠠᠲᠤ ᠰᠠᠬᠢᠨ᠎ᠠ᠃ ᠠᠭᠤᠯᠠ ᠤᠰᠤ ᠤᠢ ᠲᠠᠷᠢᠶ᠎ᠠ ᠨᠠᠭᠤᠷ ᠪᠡᠯᠴᠢᠭᠡᠷ ᠡᠯᠡᠰᠦ ᠶᠢ ᠰᠢᠰᠲ᠋ᠧᠮ ᠲᠠᠢ ᠵᠠᠰᠠᠬᠤ ᠶᠢ | ᠪᠠᠷᠢᠮᠲᠠᠯᠠᠵᠤ᠂ ᠲᠠᠯ᠎ᠠ ᠨᠤᠲᠤᠭ ᠪᠠ ᠤᠢ ᠰᠢᠭᠤᠢ ᠶᠢ ᠬᠠᠮᠠᠭᠠᠯᠠᠬᠤ ᠪᠠᠨ ᠲᠡᠷᠢᠭᠦᠨ ᠴᠢᠬᠤᠯᠠ ᠡᠭᠦᠷᠭᠡ ᠪᠣᠯᠭᠠᠨ᠂ ᠮᠠᠯ | ᠪᠠ ᠪᠡᠯᠴᠢᠭᠡᠷ ᠢ ᠲᠡᠩᠴᠡᠭᠦᠷᠢᠰᠢᠭᠦᠯᠬᠦ ᠳᠦᠷᠢᠮ ᠢ ᠨᠠᠶᠢᠳᠠᠪᠤᠷᠢᠵᠢᠭᠤᠯᠵᠤ᠂ ᠤᠢ ᠰᠢᠭᠤᠢ ᠡᠪᠡᠰᠦ ᠪᠡᠯᠴᠢᠭᠡᠷ ᠤᠨ ᠭᠡᠮ | ᠬᠥᠨᠥᠭᠡᠯ ᠢ ᠰᠡᠷᠭᠡᠶᠢᠯᠡᠨ ᠡᠵᠡᠮᠳᠡᠬᠦ ᠪᠠᠨ ᠴᠢᠩᠭᠠᠷᠠᠭᠤᠯᠵᠤ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠡᠭᠴᠡᠯᠡᠨ ᠵᠠᠰᠠᠬᠤ ᠪᠠᠨ ᠭᠦᠨᠵᠡᠭᠡᠶᠢᠷᠡᠭᠦᠯᠦᠨ᠂ ᠠᠮᠢ ᠠᠬᠤᠢ | ᠣᠷᠴᠢᠨ ᠲᠣᠭᠤᠷᠢᠨ ᠤ ᠬᠡᠪᠡᠷᠡᠭ ᠣᠷᠣᠨ ᠬᠡᠰᠡᠭ ᠲᠤ ᠠᠩᠬᠠᠷᠤᠯ ᠢᠶᠠᠨ ᠴᠢᠭᠯᠡᠭᠦᠯᠦᠭᠰᠡᠨ ᠬᠠᠮᠠᠭᠠᠯᠠᠵᠤ ᠰᠡᠷᠭᠦᠭᠡᠬᠦ | ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠵᠦ᠂ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠪᠠ | ᠡᠯᠡᠰᠦ ᠶᠢ ᠰᠡᠷᠭᠡᠶᠢᠯᠡᠨ ᠵᠠᠰᠠᠬᠤ ᠠᠵᠢᠯ ᠢᠶᠠᠨ ᠰᠢᠨᠵᠢᠯᠡᠬᠦ ᠤᠬᠠᠭᠠᠨᠴᠢ ᠪᠠᠷ ᠠᠬᠢᠭᠤᠯᠤᠨ᠎ᠠ᠃ ᠬᠠᠲᠤᠨ ᠭᠤᠣᠯ ᠢ | ᠶᠡᠭᠡ ᠪᠠᠷ ᠬᠠᠮᠠᠭᠠᠯᠠᠵᠤ ᠶᠡᠭᠡ ᠪᠠᠷ ᠵᠠᠰᠠᠬᠤ ᠪᠠᠨ ᠲᠦᠷᠦᠭᠦᠯᠡᠨ ᠬᠢᠬᠦ ᠶᠢ ᠪᠠᠷᠢᠮᠲᠠᠯᠠᠨ᠂ ᠣᠷᠴᠢᠨ ᠲᠣᠭᠤᠷᠢᠨ ᠤ | ᠠᠰᠠᠭᠤᠳᠠᠯ ᠢ ᠴᠡᠭᠴᠡᠯᠡᠨ ᠵᠠᠰᠠᠬᠤ᠂ ᠤᠰᠤ ᠶᠢ ᠲᠤᠩ ᠰᠠᠶᠢᠨ ᠠᠷᠪᠢᠯᠠᠬᠤ ᠪᠠ ᠡᠵᠡᠮᠳᠡᠬᠦ᠂ ᠠᠮᠢ ᠠᠬᠤᠢ ᠶᠢ | ᠬᠠᠮᠠᠭᠠᠯᠠᠵᠤ ᠰᠡᠷᠭᠦᠭᠡᠬᠦ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠵᠦ᠂ ᠠᠷᠪᠠᠨ ᠲᠣᠮᠣ ᠬᠥᠨᠳᠡᠢ ᠶᠢ | ᠶᠡᠷᠦᠩᠬᠡᠶᠢᠯᠡᠨ ᠵᠠᠰᠠᠬᠤ ᠪᠠ ᠰᠠᠶᠢᠷᠭᠠᠯ ᠭᠠᠵᠠᠷ ᠲᠠᠬᠢ ᠰᠠᠭᠤᠭᠠᠯᠢ ᠠᠷᠠᠳ ᠢ ᠨᠡᠭᠦᠯᠭᠡᠨ ᠰᠢᠯᠵᠢᠭᠦᠯᠬᠦ ᠪᠠᠨ | ᠲᠦᠷᠭᠡᠳᠬᠡᠨ ᠠᠬᠢᠭᠤᠯᠵᠤ᠂ ᠬᠥᠯᠥᠨ ᠨᠠᠭᠤᠷ᠂ ᠤᠯᠠᠭᠠᠨᠰᠤᠬᠠᠢ ᠨᠠᠭᠤᠷ᠂ ᠲᠠᠭ᠎ᠠ ᠶᠢᠨ ᠨᠠᠭᠤᠷ᠂ ᠴᠠᠭᠠᠨᠨᠠᠭᠤᠷ᠂ | ᠪᠠᠷᠠᠭᠤᠨ ᠯᠢᠶᠣᠣ ᠾᠧ ᠭᠤᠣᠯ ᠵᠡᠷᠭᠡ ᠭᠤᠣᠯᠳᠠᠯᠭ᠎ᠠ ᠪᠤᠯᠬᠤ ᠨᠠᠭᠤᠷ ᠭᠤᠣᠯ ᠨᠤᠭᠤ ᠭᠠᠵᠠᠷ ᠢ ᠶᠡᠷᠦᠩᠬᠡᠶᠢᠯᠡᠨ | ᠵᠠᠰᠠᠬᠤ ᠶᠢ ᠲᠣᠪᠤᠶᠢᠮ᠎ᠠ ᠰᠠᠶᠢᠲᠤᠷ ᠠᠳᠬᠤᠵᠤ᠂ ᠪᠠᠷᠢᠯᠭ᠎ᠠ ᠶᠢᠨ ᠲᠦᠷᠣᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ ᠲᠥᠯᠥᠪᠵᠢᠭᠦᠯᠦᠨ᠎ᠡ᠃ ᠤᠢ ᠰᠢᠭᠤᠢ ᠶᠢᠨ ᠳᠠᠷᠤᠭ᠎ᠠ ᠶᠢᠨ ᠳᠦᠷᠢᠮ᠂ ᠭᠤᠣᠯ ᠮᠥᠷᠡᠨ ᠨᠠᠭᠤᠷ | ᠴᠦᠬᠦᠷᠦᠮ ᠤᠨ ᠳᠠᠷᠤᠭ᠎ᠠ ᠶᠢᠨ ᠳᠦᠷᠢᠮ ᠢ ᠴᠢᠩᠭᠠᠷᠠᠭᠤᠯᠵᠤ᠂ ᠨᠤᠲᠤᠭ ᠪᠡᠯᠴᠢᠭᠡᠷ᠂ ᠭᠤᠣᠯ ᠮᠥᠷᠡᠨ ᠨᠠᠭᠤᠷ | ᠴᠦᠬᠦᠷᠦᠮ ᠵᠡᠷᠭᠡ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠶᠢ ᠲᠣᠭᠠᠵᠢᠭᠤᠯᠵᠤ ᠬᠢᠨᠠᠨ ᠬᠠᠮᠢᠶᠠᠷᠬᠤ᠂ | ᠲᠣᠣᠷᠯᠢᠬᠵᠢᠭᠤᠯᠵᠤ ᠬᠠᠷᠢᠭᠤᠴᠠᠯᠭ᠎ᠠ ᠨᠠᠶᠢᠳᠠᠪᠤᠷᠢᠵᠢᠭᠤᠯᠬᠤ᠂ ᠬᠠᠤᠯᠢᠵᠢᠭᠤᠯᠵᠤ ᠵᠢᠷᠤᠮᠵᠢᠭᠤᠯᠬᠤ ᠲᠣᠭᠲᠠᠯᠴᠠᠭ᠎ᠠ ᠶᠢ | ᠪᠠᠶᠢᠭᠤᠯᠤᠨ᠎ᠠ᠃ ᠠᠭᠤᠷᠬᠠᠢ ᠶᠢᠨ ᠠᠮᠢ ᠠᠬᠤᠢ ᠶᠢ ᠰᠡᠷᠭᠦᠭᠡᠨ ᠵᠠᠰᠠᠬᠤ ᠡᠷᠴᠢᠮ ᠢᠶᠠᠨ ᠴᠢᠩᠭᠠᠷᠠᠭᠤᠯᠤᠨ᠂ ᠪᠣᠬᠢᠷᠳᠤᠯ | ᠦᠭᠡᠢ ᠠᠭᠤᠷᠬᠠᠢ ᠶᠢ 100 ᠭᠠᠷᠤᠢ ᠰᠢᠨ᠎ᠡ ᠪᠠᠷ ᠪᠠᠶᠢᠭᠤᠯᠤᠨ᠎ᠠ᠃ ᠤᠯᠤᠰ ᠤᠨ ᠠᠮᠢ ᠠᠬᠤᠢ ᠶᠢᠨ ᠪᠣᠯᠪᠠᠰᠤᠨ ᠤ | ᠲᠤᠷᠰᠢᠯᠲᠠ ᠶᠢᠨ ᠲᠣᠭᠤᠷᠢᠭ ᠢ ᠡᠭᠦᠳᠦᠨ ᠪᠠᠶᠢᠭᠤᠯᠬᠤ ᠪᠠᠨ ᠲᠦᠷᠭᠡᠳᠬᠡᠨ᠂ ᠠᠮᠢᠳᠤ ᠪᠣᠳᠠᠰ ᠤᠨ ᠤᠯᠠᠨ ᠶᠠᠩᠵᠤᠲᠤ | ᠴᠢᠨᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠲᠣᠭᠲᠠᠯᠴᠠᠭ᠎ᠠ ᠶᠢ | ᠢᠳᠡᠪᠬᠢᠲᠡᠢ ᠪᠠᠶᠢᠭᠤᠯᠤᠨ᠂ ᠡᠯ᠎ᠡ ᠭᠠᠵᠠᠷ ᠤᠨ ᠠᠮᠢ ᠠᠬᠤᠢ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠪᠠᠷ ᠡᠭᠦᠳᠦᠨ | ᠪᠠᠶᠢᠭᠤᠯᠬᠤ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠵᠤ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ | ᠬᠠᠮᠲᠤ ᠣᠷᠣᠰᠢᠬᠤ ᠰᠠᠶᠢᠨ ᠰᠠᠶᠢᠬᠠᠨ ᠨᠤᠲᠤᠭ ᠣᠷᠣᠨ ᠢ ᠬᠠᠮᠲᠤ ᠪᠠᠷ ᠪᠦᠲᠦᠭᠡᠨ ᠪᠠᠶᠢᠭᠤᠯᠤᠨ᠎ᠠ᠃ | ᠪᠣᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠭᠦᠨ ᠭᠦᠨᠵᠡᠭᠡᠢ ᠰᠠᠶᠢᠲᠤᠷ ᠬᠢᠨ᠎ᠡ᠃ | ᠠᠭᠠᠷ ᠤᠨ ᠴᠡᠪᠡᠷᠴᠡ ᠶᠢ ᠰᠠᠶᠢᠵᠢᠷᠠᠭᠤᠯᠬᠤ ᠠᠵᠢᠯ ᠢ ᠬᠦᠴᠦᠲᠡᠢ ᠠᠬᠢᠭᠤᠯᠤᠨ᠂ ᠦᠬᠠᠢ ᠵᠢᠴᠢ ᠲᠡᠭᠦᠨ ᠤ ᠡᠷᠭᠢᠨ | ᠲᠣᠭᠤᠷᠢᠨ ᠳᠠᠬᠢ ᠭᠠᠵᠠᠷ ᠣᠷᠣᠨ ᠵᠡᠷᠭᠡ ᠭᠤᠣᠯᠳᠠᠯᠭ᠎ᠠ ᠪᠣᠯᠬᠤ ᠣᠷᠣᠨ ᠪᠦᠰᠡᠨ ᠤ ᠠᠭᠠᠷ ᠮᠠᠨᠳᠠᠯ ᠤᠨ ᠪᠣᠬᠢᠷᠳᠤᠯ ᠢ | ᠬᠤᠯᠪᠤᠭᠠᠯᠠᠨ ᠰᠡᠷᠭᠡᠶᠢᠯᠡᠵᠦ ᠬᠠᠮᠠᠭᠠᠯᠠᠨ ᠵᠠᠰᠠᠬᠤ ᠠᠵᠢᠯ ᠢ ᠭᠦᠨᠵᠡᠭᠡᠶᠢᠷᠡᠭᠦᠯᠵᠦ᠂ ᠪᠣᠯᠣᠳ ᠲᠡᠮᠦᠷ᠂ ᠥᠩᠭᠡᠲᠦ | ᠲᠡᠮᠦᠷᠯᠢᠭ᠂ ᠬᠢᠮᠢ ᠶᠢᠨ ᠠᠵᠤ ᠦᠢᠯᠡᠳᠪᠦᠷᠢ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠪᠣᠬᠢᠷᠳᠤᠯ ᠢ ᠭᠦᠨᠵᠡᠭᠡᠢ | ᠵᠠᠰᠠᠬᠤ ᠪᠠᠨ ᠠᠬᠢᠭᠤᠯᠤᠨ᠂ ᠪᠣᠬᠢᠷᠳᠤᠯ ᠡᠭᠦᠰᠬᠡᠬᠦ ᠤᠯᠠᠨ ᠪᠣᠳᠠᠰ ᠢ ᠬᠠᠮᠵᠢᠯᠴᠠᠵᠤ ᠪᠠᠶᠢᠭᠠᠳ ᠬᠠᠮᠢᠶᠠᠷᠤᠨ | ᠡᠷᠬᠡᠰᠢᠶᠡᠬᠦ ᠪᠠᠨ ᠴᠢᠩᠭᠠᠷᠠᠭᠤᠯᠵᠤ᠂ ᠴᠡᠪᠡᠷ ᠳᠤᠯᠠᠭᠠᠯᠠᠭ᠎ᠠ ᠶᠢ ᠲᠦᠷᠭᠡᠳᠬᠡᠨ ᠠᠬᠢᠭᠤᠯᠵᠤ᠂ ᠬᠦᠨᠳᠦ ᠪᠣᠬᠢᠷᠳᠤᠯ ᠲᠠᠢ | ᠴᠠᠭ ᠠᠭᠠᠷ ᠢ ᠦᠨᠳᠦᠰᠦᠨ ᠳᠤ ᠪᠠᠨ ᠠᠷᠢᠯᠭᠠᠨ᠎ᠠ᠃ ᠤᠰᠤᠨ ᠤ ᠪᠣᠬᠢᠷᠳᠤᠯ ᠢ ᠰᠡᠷᠭᠡᠶᠢᠯᠡᠨ ᠵᠠᠰᠠᠬᠤ ᠪᠠᠨ ᠬᠦᠴᠦᠲᠡᠢ | ᠠᠬᠢᠭᠤᠯᠵᠤ᠂ ᠭᠤᠣᠯ ᠤᠷᠤᠭᠤ ᠪᠣᠬᠢᠷᠳᠤᠯ ᠭᠠᠳᠠᠭᠰᠢᠯᠠᠭᠤᠯᠬᠤ ᠠᠮᠠᠰᠠᠷ ᠪᠠ ᠪᠠᠷᠢᠮᠵᠢᠶ᠎ᠠ ᠳᠤ ᠦᠯᠦ ᠬᠦᠷᠬᠦ | ᠣᠭᠲᠣᠯᠣᠭᠠᠰᠤ ᠶᠢᠨ ᠤᠰᠤᠨ ᠴᠣᠭᠴᠠ ᠶᠢ ᠭᠤᠣᠯᠳᠠᠯᠭ᠎ᠠ ᠲᠠᠢ ᠴᠡᠭᠴᠡᠯᠡᠨ ᠵᠠᠰᠠᠵᠤ᠂ ᠪᠤᠵᠠᠷ ᠤᠰᠤ ᠰᠢᠢᠳᠪᠦᠷᠢᠯᠡᠬᠦ | ᠦᠢᠯᠡᠳᠪᠦᠷᠢ ᠶᠢᠨ ᠪᠠᠷᠢᠮᠵᠢᠶ᠎ᠠ ᠶᠢ ᠣᠨᠣᠴᠠᠲᠠᠢ ᠳᠡᠭᠡᠭᠰᠢᠯᠡᠭᠦᠯᠬᠦ ᠪᠠᠨ ᠲᠦᠷᠭᠡᠳᠬᠡᠨ ᠠᠬᠢᠭᠤᠯᠵᠤ᠂ ᠰᠢᠶᠠᠨ ᠤ | ᠱᠠᠲᠤᠨ ᠤ ᠬᠤᠲᠠ ᠶᠢᠨ ᠪᠠᠶᠢᠭᠤᠯᠤᠭᠰᠠᠨ ᠲᠣᠭᠤᠷᠢᠭ ᠲᠠᠬᠢ ᠪᠣᠬᠢᠷ ᠦᠮᠡᠬᠡᠢ ᠤᠰᠤᠨ ᠴᠣᠭᠴᠠ ᠶᠢ ᠨᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠎ᠡ᠃ ᠬᠥᠷᠥᠰᠥ ᠰᠢᠷᠣᠢ ᠶᠢᠨ ᠲᠦᠭᠰᠢᠭᠦᠷᠢ ᠶᠢ ᠬᠠᠮᠢᠶᠠᠷᠤᠨ | ᠡᠵᠡᠮᠳᠡᠬᠦ ᠶᠢ ᠬᠦᠴᠦᠲᠡᠢ ᠠᠬᠢᠭᠤᠯᠤᠨ᠂ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠦᠨᠳᠦ ᠲᠡᠮᠦᠷᠯᠢᠭ ᠤᠨ ᠪᠣᠬᠢᠷᠳᠤᠯ ᠢ | ᠡᠬᠢ ᠢᠷᠡᠯᠲᠡ ᠠᠴᠠ ᠨᠢ ᠰᠡᠷᠭᠡᠶᠢᠯᠡᠨ ᠵᠠᠰᠠᠬᠤ ᠠᠵᠢᠯ ᠢ ᠥᠷᠨᠢᠭᠦᠯᠵᠦ᠂ ᠬᠢᠮᠢ ᠶᠢᠨ ᠪᠣᠷᠳᠣᠭᠤᠷ ᠲᠠᠷᠢᠶᠠᠨ ᠡᠮ | ᠬᠡᠷᠡᠭᠯᠡᠬᠦ ᠬᠡᠮᠵᠢᠶ᠎ᠡ ᠶᠢ ᠨᠢ ᠪᠠᠭᠠᠰᠬᠠᠨ ᠤᠨᠠᠯᠲᠠ ᠬᠤᠷᠢᠶᠠᠯᠲᠠ ᠶᠢ ᠨᠢ ᠨᠡᠮᠡᠭᠳᠡᠭᠦᠯᠬᠦ ᠪᠠ ᠲᠠᠷᠢᠶᠠᠨ ᠤ ᠰᠦᠯᠢᠶᠥᠦ | ᠪᠦᠷᠬᠦᠪᠴᠢ ᠶᠢ ᠪᠤᠴᠠᠭᠠᠨ ᠬᠤᠷᠢᠶᠠᠬᠤ ᠡᠷᠴᠢᠮ ᠢᠶᠠᠨ ᠴᠢᠩᠭᠠᠷᠠᠭᠤᠯᠤᠨ᠂ ᠬᠤᠭ ᠨᠣᠪᠰᠢ ᠶᠢ ᠲᠦᠷᠦᠯ ᠬᠤᠪᠢᠶᠠᠬᠤ | ᠪᠠ ᠡᠬᠢ ᠪᠠᠶᠠᠯᠢᠭᠵᠢᠭᠤᠯᠬᠤ ᠶᠢ ᠠᠬᠢᠭᠤᠯᠵᠤ᠂ ᠣᠷᠳᠣᠰ᠂ ᠪᠤᠭᠤᠲᠤ ᠶᠢᠨ ᠶᠡᠭᠡ ᠬᠡᠮᠵᠢᠶᠡᠨ ᠤ ᠬᠠᠲᠠᠭᠤ ᠬᠠᠶᠠᠭᠳᠠᠮᠠᠯ | ᠪᠣᠳᠠᠰ ᠢ ᠶᠡᠷᠦᠩᠬᠡᠶᠢᠯᠡᠨ ᠠᠰᠢᠭᠯᠠᠭᠰᠠᠨ ᠠᠵᠢᠯ ᠤᠨ ᠵᠢᠱᠢᠶ᠎ᠡ ᠦᠵᠡᠭᠦᠯᠬᠦ ᠶᠢ ᠨᠢ ᠳᠡᠮᠵᠢᠨ᠎ᠡ᠃ | ᠠᠷᠪᠢᠯᠠᠨ ᠡᠷᠴᠢᠮᠵᠢᠭᠦᠯᠵᠦ ᠤᠷᠴᠢᠯᠳᠤᠭᠤᠯᠤᠨ ᠬᠥᠭᠵᠢᠭᠦᠯᠬᠦ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ | ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ ᠶᠢ ᠤᠷᠭᠢᠯ ᠬᠡᠮᠵᠢᠭᠳᠡᠯ ᠠᠴᠠ ᠪᠠᠭᠤᠷᠠᠭᠤᠯᠬᠤ᠂ | ᠨᠡᠭᠦᠷᠡᠰᠦᠳᠦ᠋ᠷᠦᠭᠴᠢ ᠶᠢ ᠰᠠᠭᠠᠷᠮᠠᠭᠵᠢᠭᠤᠯᠬᠤ ᠲᠦᠷᠦ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠰᠢᠨᠵᠢᠯᠡᠬᠦ | ᠤᠬᠠᠭᠠᠨᠴᠢ ᠪᠠᠷ ᠪᠠᠶᠢᠭᠤᠯᠵᠤ᠂ ᠨᠡᠭᠦᠷᠡᠰᠦ ᠶᠢ ᠠᠷᠢᠭᠤᠨ ᠴᠡᠪᠡᠷ ᠪᠥᠭᠡᠳ ᠥᠨᠳᠥᠷ ᠪᠦᠲᠦᠮᠵᠢᠲᠡᠢ ᠠᠰᠢᠭᠯᠠᠬᠤ ᠶᠢ | ᠴᠢᠩᠭᠠᠳᠬᠠᠵᠤ᠂ ᠭᠤᠣᠯᠳᠠᠯᠭ᠎ᠠ ᠪᠣᠯᠬᠤ ᠬᠦᠷᠢᠶᠡᠨ ᠳᠠᠬᠢ ᠡᠨᠧᠷᠬᠢ ᠠᠷᠪᠢᠯᠠᠨ ᠨᠡᠭᠦᠷᠡᠰᠦᠳᠦ᠋ᠷᠦᠭᠴᠢ ᠶᠢᠨ | ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠡᠷᠴᠢᠮ ᠢ ᠨᠢ ᠴᠢᠩᠭᠠᠷᠠᠭᠤᠯᠤᠨ᠂ ᠭᠦᠢᠯᠭᠡᠭᠡᠨ ᠰᠠᠶᠢᠲᠠᠢ ᠪᠠᠷᠠᠭᠠᠨ ᠤ | ᠲᠡᠭᠡᠭᠡᠪᠦᠷᠢ ᠶᠢᠨ ︽ᠵᠠᠰᠠᠮᠠᠯ ᠵᠠᠮ ᠠᠴᠠ ᠲᠡᠮᠦᠷ ᠵᠠᠮ ᠳᠤ ᠰᠢᠯᠵᠢᠭᠦᠯᠬᠦ︾᠂ ︽ᠰᠤᠯᠠ ᠠᠴᠠ ᠴᠢᠩᠭᠡᠯᠢᠭ ᠢᠶᠠᠷ | ᠲᠡᠭᠡᠭᠡᠪᠦᠷᠢᠯᠡᠬᠦ ᠪᠣᠯᠭᠠᠨ ᠬᠤᠪᠢᠷᠠᠭᠤᠯᠬᠤ︾ ᠶᠢ ᠲᠦᠷᠭᠡᠳᠬᠡᠵᠦ᠂ ᠠᠭᠤᠷ ᠠᠮᠢᠰᠬᠤᠯ ᠤᠨ ᠬᠤᠪᠢᠷᠠᠯᠲᠠ ᠶᠢ | ᠠᠷᠭᠠᠴᠠᠭᠠᠬᠤ ᠴᠢᠳᠠᠪᠤᠷᠢ ᠪᠠᠨ ᠦᠷᠭᠦᠯᠵᠢᠯᠡᠨ ᠲᠡᠭᠡᠭᠰᠢᠯᠡᠬᠦᠯᠦᠨ᠎ᠡ᠃ ᠡᠨᠧᠷᠭᠢ ᠬᠤᠷᠣᠭᠳᠠᠭᠤᠯᠬᠤ ᠬᠦᠴᠦᠯᠡᠴᠡ ᠶᠢ | ᠴᠢᠩᠭ᠎ᠠ ᠡᠵᠡᠮᠳᠡᠬᠦ᠂ ᠶᠡᠷᠦᠩᠬᠡᠢ ᠬᠡᠮᠵᠢᠶ᠎ᠡ ᠶᠢ ᠨᠢ ᠤᠶᠠᠨ ᠬᠠᠷᠢᠮᠠᠬᠠᠢ ᠪᠠᠷ ᠬᠠᠮᠢᠶᠠᠷᠬᠤ ᠶᠢ ᠬᠡᠷᠡᠭᠵᠢᠭᠦᠯᠵᠦ᠂ ᠡᠨᠧᠷᠭᠢ | ᠬᠡᠷᠡᠭᠯᠡᠬᠦ ᠲᠥᠰᠥᠪ ᠤᠨ ᠬᠠᠮᠢᠶᠠᠷᠤᠯᠲᠠ ᠶᠢ ᠲᠡᠭᠦᠯᠳᠡᠷᠵᠢᠭᠦᠯᠦᠨ᠂ ᠡᠨᠧᠷᠭᠢ ᠬᠤᠷᠣᠭᠳᠠᠯ ᠤᠨ ᠬᠦᠴᠦᠯᠡᠴᠡ ᠶᠢᠨ | ᠪᠠᠷᠢᠮᠵᠢᠶᠠᠯᠠᠵᠤ ᠬᠥᠲᠥᠯᠥᠨ ᠵᠢᠯᠤᠭᠤᠳᠬᠤ ᠶᠢ ᠴᠢᠩᠭᠠᠷᠠᠭᠤᠯᠵᠤ᠂ ︽ᠬᠤᠶᠠᠷ ᠶᠡᠬᠡᠲᠡᠢ︾ ᠲᠦᠷᠦᠯ ᠵᠦᠢᠯ ᠢ ᠳᠣᠣᠷ᠎ᠠ | ᠲᠦᠪᠰᠢᠨ ᠲᠠᠢ ᠪᠠᠷ ᠰᠣᠬᠤᠷ ᠪᠠᠯᠠᠢ ᠪᠠᠷ ᠬᠥᠭᠵᠢᠭᠦᠯᠬᠦ ᠶᠢ ᠡᠷᠡᠰ ᠬᠤᠷᠢᠭᠯᠠᠨ᠂ ᠰᠢᠨ᠎ᠡ ᠪᠠᠷ ᠪᠠᠶᠢᠭᠤᠯᠬᠤ ᠲᠦᠷᠦᠯ | ᠵᠦᠢᠯ ᠳᠤ ᠴᠥᠮ ︽ᠬᠤᠶᠠᠷ ᠲᠡᠷᠢᠭᠦᠨ ᠤ︾ ᠬᠢᠨᠠᠨ ᠪᠠᠶᠢᠴᠠᠭᠠᠬᠤ ᠪᠠᠷᠢᠮᠵᠢᠶ᠎ᠠ ᠶᠢ ᠬᠡᠷᠡᠭᠵᠢᠭᠦᠯᠵᠦ᠂ ᠰᠢᠨ᠎ᠡ ᠪᠠᠷ ᠪᠤᠢ | ᠪᠣᠯᠤᠭᠰᠠᠨ ᠡᠨᠧᠷᠭᠢ ᠬᠡᠷᠡᠭᠯᠡᠬᠦ ᠣᠷᠣᠨ ᠵᠠᠢ ᠶᠢ ᠪᠣᠬᠢᠷᠳᠤᠯ ᠦᠭᠡᠢ ᠪᠥᠭᠡᠳ ᠣᠨᠴᠠᠯᠢᠭ ᠲᠠᠢ ᠳᠠᠪᠠᠭᠤᠯᠢᠭ ᠠᠵᠤ | ᠦᠢᠯᠡᠰ ᠢ ᠬᠥᠭᠵᠢᠭᠦᠯᠬᠦ ᠳᠤ ᠤᠷᠢᠳ ᠢᠶᠠᠷ ᠬᠡᠷᠡᠭᠯᠡᠨ᠎ᠡ᠃ ᠤᠰᠤᠨ ᠤ ᠡᠬᠢ ᠰᠤᠷᠪᠤᠯᠵᠢ ᠶᠢᠨ ᠬᠠᠲᠠᠭᠤ | ᠬᠢᠵᠠᠭᠠᠷᠯᠠᠯ ᠤᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ︽ᠤᠰᠤ ᠪᠠᠷ ᠳᠥᠷᠪᠡ ᠶᠢ ᠲᠣᠭᠲᠠᠭᠠᠬᠤ︾ ᠵᠠᠷᠴᠢᠮ | ᠪᠠ ︽ᠤᠰᠤᠨ ᠤ ᠬᠡᠮᠵᠢᠶ᠎ᠡ ᠪᠠᠷ ᠪᠣᠳᠣᠯᠭ᠎ᠠ ᠬᠡᠷᠡᠭᠵᠢᠭᠦᠯᠬᠦ︾ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ | ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠠᠪᠴᠤ ᠬᠡᠷᠡᠭᠯᠡᠬᠦ ᠶᠢ ᠴᠢᠩᠭ᠎ᠠ ᠠᠳᠬᠤᠵᠤ ᠵᠠᠰᠠᠨ᠂ ᠲᠠᠷᠢᠶᠠᠯᠠᠩ ᠤᠨ | ᠤᠰᠤ ᠠᠷᠪᠢᠯᠠᠨ ᠦᠷ᠎ᠡ ᠪᠦᠳᠣᠮᠵᠢ ᠪᠠᠨ ᠳᠡᠭᠡᠭᠰᠢᠯᠡᠭᠦᠯᠬᠦ᠂ ᠠᠵᠤ ᠦᠢᠯᠡᠳᠪᠦᠷᠢ ᠶᠢᠨ ᠤᠰᠤ ᠠᠷᠪᠢᠯᠠᠨ ᠪᠣᠬᠢᠷᠳᠤᠯ | ᠡᠳ᠋ ᠭᠠᠳᠠᠭᠰᠢᠯᠠᠭᠤᠯᠬᠤ ᠪᠠᠨ ᠪᠠᠭᠠᠰᠬᠠᠬᠤ᠂ ᠬᠤᠲᠠ ᠪᠠᠯᠭᠠᠰᠤᠨ ᠤ ᠤᠰᠤ ᠠᠷᠪᠢᠯᠠᠨ ᠤᠰᠤ ᠰᠦᠢᠳᠬᠡᠬᠦ ᠶᠢ | ᠪᠠᠭᠠᠰᠬᠠᠬᠤ ᠪᠠᠨ ᠪᠦᠬᠦ ᠲᠠᠯ᠎ᠠ ᠪᠠᠷ ᠴᠢᠩᠭᠠᠷᠠᠭᠤᠯᠤᠨ᠎ᠠ᠃ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ︽ | ᠨᠡᠮᠡᠵᠦ ᠬᠠᠳᠠᠭᠠᠯᠠᠬᠤ ᠶᠢ ᠬᠤᠯᠪᠣᠭᠳᠠᠭᠤᠯᠬᠤ︾ ᠪᠠᠨ ᠴᠢᠩᠭᠠᠳᠬᠠᠵᠤ᠂ ᠵᠥᠪᠰᠢᠶᠡᠷᠡᠭᠰᠡᠨ ᠪᠠᠶᠢᠲᠠᠯ᠎ᠠ ᠬᠠᠩᠭᠠᠵᠤ | ᠥᠭᠭᠦᠭᠡᠳᠦᠢ ᠪᠠ ᠰᠤᠯᠠ ᠪᠠᠶᠢᠭ᠎ᠠ ᠭᠠᠵᠠᠷ ᠰᠢᠷᠣᠢ ᠶᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠂ | ᠠᠰᠢᠭᠯᠠᠮᠵᠢ ᠪᠠᠷ ᠪᠠᠷᠤᠭᠲᠠᠢ ᠭᠠᠵᠠᠷ ᠢ ᠳᠠᠬᠢᠨᠲᠠ ᠨᠡᠭᠡᠭᠡᠨ ᠬᠥᠭᠵᠢᠭᠦᠯᠬᠦ ᠪᠠ ᠦᠢᠯᠡᠳᠪᠦᠷᠢ ᠠᠭᠤᠷᠬᠠᠢ ᠶᠢᠨ | ᠬᠠᠶᠠᠭᠳᠠᠮᠠᠯ ᠭᠠᠵᠠᠷ ᠢ ᠳᠠᠬᠢᠨᠲᠠ ᠬᠠᠭᠠᠯᠪᠤᠷᠢᠯᠠᠵᠤ ᠠᠰᠢᠭᠯᠠᠬᠤ ᠪᠠᠨ ᠠᠬᠢᠭᠤᠯᠤᠨ᠎ᠠ᠃ ᠠᠵᠢᠯᠴᠢ ᠠᠷᠪᠢᠴᠢ ᠠᠷᠪᠢᠯᠠᠨ | ᠭᠠᠮᠨᠠᠬᠤ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠳᠦᠭᠦᠮ ᠲᠣᠬᠢᠲᠠᠢ᠂ ᠪᠣᠬᠢᠷᠳᠤᠯ ᠦᠭᠡᠢ ᠪᠥᠭᠡᠳ | ᠨᠡᠭᠦᠷᠡᠰᠦᠳᠦ᠋ᠷᠦᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ | ᠦᠨᠳᠦᠰᠦᠲᠡᠨ ᠨᠦᠭᠦᠳ ᠤᠨ ᠠᠷᠠᠳ ᠲᠦᠮᠡᠨ ᠢ ᠵᠣᠷᠢᠭᠵᠢᠭᠤᠯᠤᠨ ᠦᠵᠡᠰᠬᠦᠯᠡᠩᠲᠦ ᠰᠠᠶᠢᠬᠠᠨ ᠥᠪᠥᠷ | ᠮᠣᠩᠭᠤᠯ ᠢᠶᠠᠨ ᠬᠠᠮᠲᠤ ᠪᠠᠷ ᠪᠦᠲᠦᠭᠡᠨ ᠪᠠᠶᠢᠭᠤᠯᠤᠨ᠎ᠠ᠃ | ︵ᠳᠥᠷᠪᠡ︶ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠰᠢᠨ᠎ᠡ ᠡᠭᠦᠳᠦᠯᠲᠡ ᠶᠢ ᠠᠬᠢᠭᠤᠯᠵᠤ ᠨᠡᠭᠡᠭᠡᠯᠲᠡ | ᠬᠢᠬᠦ ᠶᠢ ᠥᠷᠭᠡᠳᠬᠡᠬᠦ ᠪᠠᠷ ᠬᠦᠴᠦᠯᠡᠨ ᠴᠢᠷᠮᠠᠶᠢᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ | ᠬᠦᠴᠦᠨ ᠪᠠ ᠬᠥᠭᠵᠢᠯᠲᠡ ᠶᠢᠨ ᠳᠣᠲᠣᠭᠠᠳᠤ ᠳᠠᠬᠢ ᠬᠥᠳᠡᠯᠭᠡᠭᠦ ᠬᠦᠴᠦᠨ ᠢ ᠬᠥᠭᠵᠢᠭᠡᠨ᠎ᠡ᠃ ᠬᠥᠭᠵᠢᠭᠦᠯᠬᠦ ᠳᠤ | ᠬᠦᠴᠢᠷ ᠪᠠ ᠬᠤᠪᠢᠷᠠᠭᠤᠯᠬᠤ ᠳᠤ ᠪᠡᠷᠬᠡ ᠲᠠᠢ ᠪᠤᠯᠬᠤ ᠳᠤᠲᠤᠮ ᠢᠶᠠᠨ ᠥᠭᠡᠷᠡᠴᠢᠯᠡᠯᠲᠡ ᠬᠢᠵᠦ ᠪᠠᠶᠢᠭᠠᠳ | ᠠᠮᠢᠵᠢᠷᠠᠯ ᠤᠨ ᠬᠦᠴᠦᠨ ᠣᠯᠬᠤ᠂ ᠰᠢᠨ᠎ᠡ ᠶᠢ ᠡᠭᠦᠳᠴᠦ ᠪᠠᠶᠢᠭᠠᠳ ᠬᠥᠳᠡᠯᠭᠡᠭᠦ ᠬᠦᠴᠦᠨ ᠣᠯᠬᠤ᠂ ᠨᠡᠭᠡᠭᠡᠯᠲᠡ | ᠬᠢᠵᠦ ᠪᠠᠶᠢᠭᠠᠳ ᠠᠰᠢᠭ ᠣᠯᠬᠤ ᠶᠢ ᠪᠠᠷᠢᠮᠲᠠᠯᠠᠨ᠎ᠠ᠃ | ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠶᠡᠭᠡ ᠪᠠᠷ ᠬᠦᠴᠦᠯᠡᠵᠦ | ᠰᠢᠯᠢᠳᠡᠭᠵᠢᠭᠦᠯᠦᠨ᠎ᠡ᠃ ᠲᠡᠷᠢᠭᠦᠨ ᠤ ᠬᠢ ᠲᠠᠢ ᠬᠠᠷᠢᠴᠠᠭᠤᠯᠵᠤ᠂ ᠲᠡᠷᠢᠭᠦᠨ ᠤ ᠬᠢ ᠠᠴᠠ ᠰᠤᠷᠤᠯᠴᠠᠵᠤ ᠪᠠᠶᠢᠭᠠᠳ | ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢᠶᠠᠨ ᠰᠢᠯᠢᠳᠡᠭᠵᠢᠭᠦᠯᠵᠦ ᠳᠡᠰ ᠳᠡᠪᠰᠢᠭᠰᠡᠨ ᠪᠠᠷᠯᠠᠯ ᠢ ᠪᠦᠬᠦ | ᠬᠦᠴᠦ ᠪᠠᠷ ᠢᠶᠠᠨ ᠴᠣᠭᠴᠠᠯᠠᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ ᠠᠬᠢᠭᠤᠯᠵᠤ᠂ ᠬᠦᠬᠡᠬᠤᠲᠠ ᠪᠤᠭᠤᠲᠤ ᠣᠷᠳᠣᠰ ᠤᠯᠠᠭᠠᠨᠴᠠᠪ ᠲᠤ ᠥᠪᠡᠷᠲᠡᠭᠡᠨ ᠵᠠᠰᠠᠬᠤ | ᠣᠷᠣᠨ ᠤ ᠲᠤᠰ ᠱᠠᠲᠤᠨ ᠤ ᠡᠷᠬᠡ ᠶᠢᠨ ᠵᠦᠢᠯᠡᠰ ᠢ ᠪᠦᠬᠦ ᠲᠠᠯ᠎ᠠ ᠪᠠᠷ ᠳᠣᠷᠣᠭᠰᠢ ᠲᠠᠯᠪᠢᠬᠤ ᠲᠤᠷᠰᠢᠯᠲᠠ ᠶᠢᠨ | ᠴᠡᠭ ᠤᠨ ᠠᠵᠢᠯ ᠢ ᠥᠷᠨᠢᠭᠦᠯᠦᠨ᠎ᠡ᠃ ︽ᠨᠢᠭᠡ ᠯᠠ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ | ᠰᠢᠯᠢᠳᠡᠭᠵᠢᠭᠦᠯᠦᠨ᠂ ︽ᠨᠢᠭᠡ ᠯᠠ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ︾ ᠶᠢ ᠡᠬᠢᠯᠡᠭᠦᠯᠵᠦ᠂ ︽ᠮᠥᠩᠬᠡ | ᠰᠤᠪᠠᠭ • ᠳᠥᠷᠪᠡ ᠶᠢ ᠭᠦᠢᠴᠡᠳᠬᠡᠬᠦ︾ ᠦᠢᠯᠡᠴᠢᠯᠡᠭᠡ ᠶᠢ ᠭᠦᠨᠵᠡᠭᠡᠶᠢᠷᠡᠭᠦᠯᠦᠨ᠂ ᠰᠤᠷᠭᠠᠨ ᠬᠥᠮᠦᠵᠢᠯ᠂ | ᠨᠡᠶᠢᠭᠡᠮ ᠤᠨ ᠪᠠᠲᠤᠯᠠᠭ᠎ᠠ᠂ ᠡᠮᠴᠢᠯᠡᠭᠡ ᠪᠠ ᠠᠵᠤ ᠠᠬᠤᠶᠢᠯᠠᠯ ᠨᠡᠭᠡᠭᠡᠨ ᠡᠷᠬᠢᠯᠡᠬᠦ᠂ ᠡᠵᠡᠩᠨᠡᠯᠲᠡ ᠶᠢᠨ ᠵᠥᠪᠰᠢᠶᠡᠷᠡᠯ | ᠵᠡᠷᠭᠡ ᠣᠯᠠᠨᠲᠠ ᠳᠠᠪᠲᠠᠨ ᠭᠦᠢᠴᠡᠳᠬᠡᠬᠦ ᠵᠦᠢᠯᠡᠰ ᠢ ︽ᠨᠢᠭᠡ ᠯᠠ ᠤᠳᠠᠭ᠎ᠠ ᠳᠤ ᠭᠦᠢᠴᠡᠳᠬᠡᠬᠦ︾᠂ ︽ᠭᠠᠷ | ᠤᠲᠠᠰᠤ ᠪᠠᠷ ᠭᠦᠢᠴᠡᠳᠬᠡᠬᠦ︾᠂ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠵᠦ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠪᠣᠯᠬᠤ 12345 ᠶᠢᠨ ︽ᠨᠢᠭᠡ ᠤᠲᠠᠰᠤ ᠪᠠᠷ ᠨᠡᠶᠢᠳᠡᠮ | ᠨᠡᠪᠲᠡᠷᠡᠬᠦ︾ ᠶᠢ ᠠᠬᠢᠭᠤᠯᠵᠤ᠂ ᠣᠯᠠᠨ ᠲᠦᠮᠡᠨ ᠤ ᠲᠤᠰᠬᠠᠭᠰᠠᠨ ᠠᠵᠢᠯ ᠶᠠᠪᠤᠳᠠᠯ ᠳᠤ ᠳᠠᠭᠠᠵᠦ ᠰᠢᠮᠳᠠᠭᠤᠯᠬᠤ ᠪᠠ | ᠲᠡᠭᠦᠨ ᠢ ᠨᠢ ᠭᠦᠢᠴᠡᠳᠬᠡᠬᠦ ᠬᠥᠮᠥᠨ ᠲᠠᠢ ᠪᠣᠯᠭᠠᠨ᠎ᠠ᠃ ︽ᠬᠤᠶᠠᠷ ᠢ ᠣᠭᠲᠤ ᠭᠤᠶᠢᠪᠢᠰᠢ ᠦᠭᠡᠢ ᠪᠠᠶᠢᠯᠭᠠᠬᠤ︾ ᠶᠢ | ᠪᠠᠷᠢᠮᠲᠠᠯᠠᠨ᠂ ᠲᠥᠪ ᠭᠤᠤᠯᠴᠢ ᠪᠠᠷ ᠥᠷᠢᠰᠦᠯᠳᠦᠬᠦ ᠳᠤ ᠬᠢᠨᠠᠨ ᠪᠠᠶᠢᠴᠠᠭᠠᠬᠤ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ ᠵᠦᠢᠯᠡᠰ ᠢ ᠴᠢᠩᠭ᠎ᠠ | ᠡᠵᠡᠮᠳᠡᠨ᠂ ᠤᠯᠤᠰ ᠤᠨ ᠭᠠᠶᠢᠯᠢ ᠬᠥᠩᠭᠡᠷᠡᠭᠦᠯᠵᠦ ᠰᠦᠢᠳᠬᠡᠯ ᠪᠠᠭᠤᠷᠠᠭᠤᠯᠬᠤ ᠰᠢᠨ᠎ᠡ ᠲᠦᠷᠦ ᠶᠢᠨ ᠪᠣᠳᠣᠯᠭ᠎ᠠ ᠶᠢ | ᠴᠥᠮ ᠬᠡᠷᠡᠭᠵᠢᠭᠦᠯᠦᠨ ᠪᠣᠳᠠᠲᠠᠶᠢᠵᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠠ ᠳᠤᠮᠳᠠ ᠵᠢᠵᠢᠭ | ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠮᠠᠷᠭᠤᠭᠠᠨ ᠦᠭᠡᠢ ᠳᠠᠩᠰᠠᠨ ᠳᠠᠬᠢ ᠵᠣᠭᠤᠰ ᠢ ᠨᠢ ᠪᠦᠬᠦᠨ ᠢ ᠲᠥᠯᠥᠵᠦ | ᠳᠠᠭᠤᠰᠬᠠᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠪᠠ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠠᠯᠢ ᠨᠢ ᠴᠦ ᠭᠡᠰᠡᠨ᠂ ᠬᠦᠴᠢᠷᠳᠡᠯ ᠲᠠᠢ ᠪᠣᠯᠬᠤ ᠲᠣᠳᠣᠮ᠂ ᠵᠠᠰᠠᠭ ᠤᠨ ᠣᠷᠳᠣᠨ ᠤᠯᠠᠮ ᠢᠯᠡᠭᠦᠦ | ᠬᠠᠪᠰᠤᠷᠴᠤ ᠬᠦᠴᠦᠨ ᠣᠯᠭᠤᠨ᠂ ᠵᠠᠰᠠᠭ ᠤᠨ ᠣᠷᠳᠣᠨ ᠬᠢᠭᠡᠳ ᠠᠵᠤ ᠠᠬᠤᠶᠢᠯᠠᠯ ᠨᠢ ᠳᠣᠲᠣᠨᠣ ᠪᠤᠯᠪᠠᠴᠦ ᠳᠦᠷᠢᠮ | ᠵᠥᠷᠢᠴᠡᠬᠦ ᠦᠭᠡᠢ᠂ ᠴᠢᠬᠡᠴᠢ ᠪᠤᠯᠪᠠᠴᠦ ᠬᠤᠯᠠ ᠵᠠᠶᠢᠳᠠᠬᠤ ᠦᠭᠡᠢ ᠪᠠᠶᠢᠵᠤ᠂ ᠢᠲᠡᠭᠡᠯ ᠲᠡᠭᠦᠯᠳᠡᠷ ᠢᠶᠠᠷ ᠠᠵᠤ | ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠨᠢ ᠳᠡᠮᠵᠢᠨ᠎ᠡ᠃ | ᠭᠤᠣᠯᠳᠠᠯᠭ᠎ᠠ ᠪᠣᠯᠬᠤ ᠬᠦᠷᠢᠶᠡᠨ ᠳᠠᠬᠢ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠢ | ᠪᠡᠶᠡᠯᠡᠭᠦᠯᠬᠦ ᠪᠠ ᠠᠬᠢᠭᠤᠯᠵᠤ᠂ ᠠᠯᠳᠠᠭᠳᠠᠯ ᠲᠠᠢ ᠭᠤᠣᠯᠳᠠᠯᠭ᠎ᠠ ᠪᠣᠯᠬᠤ ᠠᠵᠤ ᠠᠬᠤᠶᠢᠯᠠᠯ ᠳᠤ ᠲᠤᠰᠬᠠᠢ ᠴᠡᠭᠴᠡᠯᠡᠨ | ᠵᠠᠰᠠᠬᠤ ᠶᠢ ᠪᠡᠶᠡᠯᠡᠭᠦᠯᠦᠨ᠂ ᠥᠪᠡᠷᠲᠡᠭᠡᠨ ᠵᠠᠰᠠᠬᠤ ᠣᠷᠣᠨ ᠳᠤ ᠬᠠᠷᠢᠶᠠᠯᠠᠭᠳᠠᠬᠤ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠪᠠᠷ ᠳᠠᠬᠢᠨᠲᠠ ᠵᠣᠬᠢᠶᠠᠨ ᠪᠠᠶᠢᠭᠤᠯᠬᠤ ᠪᠠ | ᠲᠤᠰᠬᠠᠶᠢᠵᠢᠭᠤᠯᠤᠨ ᠡᠮᠬᠢᠯᠡᠵᠦ ᠨᠡᠶᠢᠯᠡᠭᠦᠯᠬᠦ ᠶᠢ ᠨᠡᠩ ᠬᠦᠴᠦᠲᠡᠢ ᠠᠬᠢᠭᠤᠯᠵᠤ᠂ ᠠᠵᠢᠯ ᠲᠦᠷᠦᠯ ᠤᠨ ᠲᠡᠷᠢᠭᠦᠨ ᠤ | ᠬᠠᠮᠢᠶᠠᠷᠤᠯᠲᠠ ᠯᠤᠭ᠎ᠠ ᠪᠠᠷᠢᠮᠵᠢᠶᠠᠯᠠᠵᠤ ᠳᠡᠭᠡᠭᠰᠢᠯᠡᠭᠦᠯᠬᠦ ᠲᠤᠰᠬᠠᠢ ᠠᠵᠢᠯᠯᠠᠭᠠᠨ ᠢ ᠥᠷᠨᠢᠭᠦᠯᠦᠨ᠂ ᠤᠯᠤᠰ ᠤᠨ | ᠥᠮᠴᠢᠯᠡᠯᠲᠦ ᠬᠥᠷᠥᠩᠭᠡ ᠪᠠ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠭᠤᠶᠢᠪᠢᠰᠢ ᠦᠭᠡᠢ | ᠬᠦᠴᠦᠷᠬᠡᠭᠵᠢᠭᠦᠯᠦᠨ ᠰᠢᠯᠢᠳᠡᠭᠵᠢᠭᠦᠯᠦᠨ᠎ᠡ᠃ ᠡᠳ᠋ ᠤᠨ ᠵᠠᠰᠠᠭ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠪᠦᠬᠦ ᠣᠷᠣᠨ ᠤ ᠨᠢᠭᠡᠳᠦᠯᠲᠡᠢ ᠲᠥᠯᠥᠪᠯᠡᠬᠦ ᠴᠢᠳᠠᠪᠤᠷᠢ ᠶᠢ ᠴᠢᠩᠭᠠᠷᠠᠭᠤᠯᠤᠨ᠂ ᠡᠳ᠋ ᠤᠨ | ᠵᠠᠰᠠᠭ ᠤᠨ ᠪᠡᠯᠡ ᠮᠥᠩᠭᠦᠨ ᠤ ᠲᠠᠯ᠎ᠠ ᠪᠠᠷ ᠬᠢ ᠬᠥᠲᠥᠯᠥᠨ ᠳᠠᠭᠠᠭᠤᠯᠬᠤ᠂ ᠲᠣᠬᠢᠷᠠᠭᠤᠯᠤᠨ ᠡᠵᠡᠮᠳᠡᠬᠦ᠂ ᠳᠠᠶᠢᠴᠢᠯᠠᠨ | ᠬᠥᠭᠵᠢᠭᠡᠬᠦ ᠦᠢᠯᠡᠳᠦᠯ ᠢ ᠪᠠᠳᠠᠷᠠᠭᠤᠯᠵᠤ᠂ ᠦᠨᠳᠦᠰᠦᠨ ᠱᠠᠲᠤᠨ ᠳᠠᠬᠢ ᠨᠢᠭᠡᠳᠦᠯᠲᠡᠢ ᠲᠥᠯᠥᠪᠯᠡᠵᠦ ᠵᠢᠭᠠᠨ | ᠵᠢᠯᠤᠭᠤᠳᠬᠤ ᠶᠢ ᠴᠢᠩᠭᠠᠳᠬᠠᠨ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠡᠭᠦᠷᠭᠡ ᠪᠠ ᠭᠤᠣᠯᠳᠠᠯᠭ᠎ᠠ ᠪᠣᠯᠬᠤ | ᠲᠦᠷᠦᠯ ᠵᠦᠢᠯ ᠳᠠᠬᠢ ᠪᠠᠲᠤᠯᠠᠭ᠎ᠠ ᠶᠢ ᠴᠢᠩᠭᠠᠳᠬᠠᠨ᠎ᠠ᠃ ᠬᠤᠲᠠ ᠶᠢᠨ ᠬᠤᠳᠠᠯᠳᠤᠭᠠᠨ ᠤ ᠪᠠᠩᠬᠢ᠂ ᠬᠥᠳᠡᠭᠡ | ᠲᠤᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ | ᠵᠠᠬ᠎ᠠ ᠳᠡᠯᠭᠡᠭᠦᠷ ᠲᠤ ᠭᠠᠷᠬᠤ ︽ᠲᠢᠶᠠᠨ ᠵᠢᠶᠦ᠋ᠨ ᠦᠢᠯᠡᠴᠢᠯᠡᠭᠡ︾ ᠶᠢᠨ ᠲᠥᠯᠥᠪᠯᠡᠭᠡ ᠶᠢ ᠦᠷᠬᠦᠯᠵᠢᠯᠡᠨ | ᠠᠬᠢᠭᠤᠯᠵᠤ᠂ ᠠᠵᠤ ᠠᠬᠤᠶᠢᠯᠠᠯ ᠤᠨ ᠰᠲ᠋ᠣᠺ ᠤᠨ ᠵᠠᠬ᠎ᠠ ᠳᠡᠯᠭᠡᠭᠦᠷ ᠪᠠ ᠵᠢᠭᠡᠯᠡᠯᠭᠡ ᠶᠢᠨ ᠲᠡᠮᠳᠡᠭᠲᠦ ᠶᠢᠨ ᠪᠡᠯᠡ | ᠲᠣᠬᠢᠷᠠᠭᠤᠯᠭ᠎ᠠ ᠪᠠᠨ ᠥᠷᠭᠡᠳᠬᠡᠬᠦ᠂ ᠢᠲᠡᠭᠡᠮᠵᠢᠲᠦ ᠪᠡᠯᠡ ᠲᠣᠬᠢᠷᠠᠭᠤᠯᠭ᠎ᠠ ᠥᠷᠨᠢᠭᠦᠯᠬᠦ ᠶᠢ ᠳᠠᠮᠵᠢᠵᠦ᠂ ᠢᠲᠡᠭᠡᠮᠵᠢᠲᠦ | ᠵᠢᠭᠡᠯᠡᠯᠭᠡ ᠶᠢᠨ ᠶᠡᠷᠦᠩᠬᠡᠢ ᠬᠡᠮᠵᠢᠶ᠎ᠡ ᠶᠢ ᠥᠷᠭᠡᠳᠬᠡᠨ᠂ ᠪᠡᠯᠡ ᠲᠣᠬᠢᠷᠠᠭᠤᠯᠬᠤ ᠪᠦᠲᠦᠴᠡ ᠳᠤ ᠨᠢ ᠲᠣᠬᠢᠷᠠᠭᠤᠯᠤᠯᠲᠠ | ᠬᠢᠨ᠎ᠡ᠃ ᠴᠠᠬᠢᠯᠭᠠᠨ ᠤ ᠦᠨ᠎ᠡ ᠪᠠᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠠᠷᠠᠯᠵᠢᠶᠠᠯᠠᠬᠤ ᠴᠠᠬᠢᠯᠭᠠᠨ ᠤ ᠦᠨ᠎ᠡ ᠶᠢᠨ ᠬᠥᠪᠥᠮᠡᠯ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠭᠠᠵᠠᠷ ᠰᠢᠷᠣᠢ | ᠨᠤᠲᠤᠭ ᠪᠡᠯᠴᠢᠭᠡᠷ ᠤᠨ ︽ᠭᠤᠷᠪᠠᠨ ᠡᠷᠬᠡ ᠶᠢ ᠰᠠᠯᠭᠠᠨ ᠲᠣᠬᠢᠷᠠᠭᠤᠯᠬᠤ︾ ᠶᠢ ᠯᠠᠪᠳᠠᠭᠤᠨ ᠢᠶᠠᠷ ᠬᠡᠷᠡᠭᠵᠢᠭᠦᠯᠵᠦ᠂ | ᠠᠮᠢᠲᠠᠨ ᠤ ᠬᠢᠵᠢᠭ ᠭᠡᠮ ᠢ ᠰᠡᠷᠭᠡᠶᠢᠯᠡᠨ ᠳᠠᠷᠤᠬᠤ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠰᠢᠰᠲ᠋ᠧᠮ ᠲᠠᠢ | ᠠᠬᠢᠭᠤᠯᠤᠨ᠎ᠠ᠃ | ᠰᠢᠨ᠎ᠡ ᠶᠢ ᠡᠭᠦᠣᠡᠭᠦ ᠮᠠᠶ᠋ᠢᠭ ᠤᠨ ᠥᠪᠥᠷ ᠮᠣᠩᠭᠤᠯ ᠢᠶᠠᠨ ᠲᠦᠷᠭᠡᠳᠬᠡᠨ ᠪᠦᠲᠦᠭᠡᠨ ᠪᠠᠶᠢᠭᠤᠯᠤᠨ᠎ᠠ᠃ ᠣᠷᠣᠨ | ᠳᠠᠶᠠᠭᠠᠷ ᠲᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠶᠠᠰᠤ ᠴᠢᠨᠠᠷ ᠢ ᠳᠡᠭᠡᠭᠰᠢᠯᠡᠭᠦᠯᠬᠦ᠂ ᠴᠢᠳᠠᠪᠤᠷᠢᠲᠠᠨ ᠢᠶᠠᠷ | ᠥᠪᠥᠷ ᠮᠣᠩᠭᠤᠯ ᠢᠶᠠᠨ ᠬᠥᠭᠵᠢᠭᠦᠯᠬᠦ ᠬᠠᠮᠲᠤ ᠶᠢᠨ ᠲᠠᠨᠢᠯᠲᠠ ᠶᠢ ᠪᠦᠷᠢᠯᠳᠦᠭᠦᠯᠦᠨ᠎ᠡ᠃ ︽ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠬᠥᠭᠵᠢᠭᠦᠯᠦᠨ ᠮᠠᠨᠳᠤᠭᠤᠯᠬᠤ︾ ᠠᠵᠢᠯᠯᠠᠭᠠᠨ ᠢᠶᠠᠷ ᠨᠢᠭᠡᠳᠦᠯᠲᠡᠢ | ᠤᠳᠤᠷᠢᠳᠤᠮᠵᠢ ᠪᠣᠯᠭᠠᠵᠣ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠰᠢᠨ᠎ᠡ ᠶᠢ ᠡᠭᠦᠣᠡᠭᠦ ᠴᠢᠳᠠᠪᠤᠷᠢ ᠪᠠᠨ | ᠳᠡᠭᠡᠭᠰᠢᠯᠡᠭᠦᠯᠭᠦ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠵᠦ᠂ ᠰᠢᠨ᠎ᠡ ᠡᠭᠦᠳᠦᠯᠲᠡ ᠪᠠᠷ | ᠬᠥᠭᠵᠢᠯᠲᠡ ᠪᠠᠨ ᠳᠠᠶᠢᠴᠢᠯᠠᠬᠤ ᠰᠢᠨ᠎ᠡ ᠳᠠᠪᠠᠭᠤᠯᠢᠭ ᠢ ᠪᠣᠢ ᠪᠣᠯᠭᠠᠨ᠎ᠠ᠃ ᠵᠠᠰᠠᠭ ᠤᠨ ᠣᠷᠳᠣᠨ ᠤ ᠰᠤᠳᠤᠯᠤᠨ | ᠨᠡᠭᠡᠭᠡᠬᠦ ᠳᠠᠬᠢ ᠪᠡᠯᠡ ᠤᠷᠤᠭᠤᠯᠤᠯᠲᠠ ᠪᠠᠨ ᠵᠠᠶᠢᠯᠠᠰᠢ ᠦᠭᠡᠢ ᠨᠡᠮᠡᠭᠳᠡᠭᠦᠯᠬᠦ ᠲᠣᠭᠲᠠᠴᠠ ᠪᠠ ᠨᠡᠶᠢᠭᠡᠮ ᠤᠨ ᠣᠯᠠᠨ ᠵᠠᠮ | ᠮᠥᠷ ᠢᠶᠠᠷ ᠪᠡᠯᠡ ᠣᠷᠣᠭᠤᠯᠵᠤ ᠤᠷᠮᠠᠰᠢᠭᠤᠯᠬᠤ ᠲᠣᠭᠲᠠᠴᠠ ᠶᠢ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠳᠠᠬᠢ ᠡᠳ᠋ ᠤᠨ ᠵᠠᠰᠠᠭ ᠤᠨ ᠵᠠᠷᠤᠯᠭ᠎ᠠ ᠶᠢ 36.9% ᠨᠡᠮᠡᠭᠳᠡᠭᠦᠯᠵᠦ᠂ ᠠᠵᠤ ᠠᠬᠤᠶᠢᠯᠠᠯ᠂ | ᠮᠥᠩᠭᠦᠨ ᠭᠦᠢᠯᠭᠡᠭᠡᠨ ᠤ ᠬᠥᠷᠥᠩᠭᠡ ᠪᠠ ᠠᠷᠠᠳ ᠤᠨ ᠳᠤᠮᠳᠠᠬᠢ ᠬᠥᠷᠥᠩᠭᠡ ᠶᠢ ᠬᠥᠲᠥᠯᠥᠨ ᠵᠢᠯᠤᠭᠤᠳᠴᠤ | ᠪᠠᠶᠢᠭᠠᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠯ ᠳᠤ ᠣᠷᠣᠭᠤᠯᠣᠯᠳᠡ ᠬᠢᠬᠦ ᠶᠢ ᠨᠢ ᠨᠡᠮᠡᠭᠳᠡᠭᠦᠯᠵᠦ᠂ | ᠰᠤᠳᠤᠯᠤᠨ ᠨᠡᠭᠡᠭᠡᠬᠦ ᠠᠵᠢᠯᠯᠠᠭ᠎ᠠ ᠲᠠᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠲᠤᠭ᠎ᠠ ᠶᠢᠨ ᠬᠤᠶᠠᠷ ᠳᠠᠬᠢᠨ ᠢᠶᠠᠷ ᠨᠡᠮᠡᠭᠳᠡᠬᠦ ᠶᠢ ᠪᠡᠶᠡᠯᠡᠭᠦᠯᠦᠨ᠂ ᠳᠡᠭᠡᠳᠦ ᠰᠢᠨ᠎ᠡ ᠮᠡᠷᠭᠡᠵᠢᠯ ᠤᠨ | ᠠᠵᠤ ᠠᠬᠤᠶᠢᠯᠠᠯ ᠢ 200 ᠰᠢᠨ᠎ᠡ ᠪᠠᠷ ᠨᠡᠮᠡᠭᠳᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠠᠶ᠋ᠢᠭ ᠤᠨ | ᠳᠤᠮᠳᠠ ᠵᠢᠵᠢᠭ ᠠᠵᠤ ᠠᠬᠤᠶᠢᠯᠠᠯ ᠢ 1000 ᠠᠴᠠ ᠳᠠᠪᠠᠭᠤᠯᠤᠨ᠎ᠠ᠃ ᠠᠵᠤ ᠦᠢᠯᠡᠰ ᠤᠨ ᠬᠡᠯᠬᠢᠶ᠎ᠡ ᠲᠠᠢ ᠨᠢᠭᠲᠠ | ᠤᠶᠠᠯᠳᠤᠭᠤᠯᠵᠤ ᠪᠠᠶᠢᠭᠠᠳ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠯᠠᠭᠤᠯᠵᠤ᠂ ᠰᠢᠨ᠎ᠡ ᠡᠨᠧᠷᠬᠢ᠂ ᠰᠢᠨ᠎ᠡ | ᠮᠠᠲ᠋ᠧᠷᠢᠶᠠᠯ᠂ ᠰᠦ ᠶᠢᠨ ᠦᠢᠯᠡᠰ᠂ ᠨᠡᠭᠦᠷᠡᠰᠦ ᠶᠢ ᠴᠡᠪᠡᠷᠰᠢᠭᠦᠯᠦᠨ ᠥᠨᠳᠥᠷ ᠪᠦᠳᠣᠮᠵᠢᠳᠠᠢ ᠪᠠᠷ ᠠᠰᠢᠭᠯᠠᠬᠤ ᠵᠡᠷᠭᠡ | ᠭᠤᠣᠯᠳᠠᠯᠭ᠎ᠠ ᠪᠣᠯᠬᠤ ᠬᠦᠷᠢᠶᠡᠨ ᠳᠤ ᠠᠩᠬᠠᠷᠤᠯ ᠢᠶᠠᠨ ᠴᠢᠭᠯᠡᠭᠦᠯᠦᠨ ᠨᠢᠭᠡ ᠪᠦᠯᠦᠭ ᠵᠠᠩᠭᠢᠯᠠᠭ᠎ᠠ ᠶᠢᠨ ᠮᠡᠷᠭᠡᠵᠢᠯ ᠤᠨ | ᠰᠢᠪᠲᠤᠯᠤᠯᠲᠠ ᠶᠢᠨ ᠲᠦᠷᠦᠯ ᠵᠦᠢᠯ ᠢ ᠬᠡᠷᠡᠭᠵᠢᠭᠦᠯᠵᠦ᠂ ᠦᠷ᠎ᠡ ᠡᠭᠦᠯᠳᠡᠷ ᠤᠨ ᠦᠢᠯᠡᠰ᠂ ︽ | ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ ᠶᠢ ᠤᠷᠭᠢᠯ ᠬᠡᠮᠵᠢᠭᠳᠡᠯ ᠠᠴᠠ ᠪᠠᠭᠤᠷᠠᠭᠤᠯᠬᠤ ᠪᠠ | ᠨᠡᠭᠦᠷᠡᠰᠦᠲᠦ᠋ᠷᠦᠭᠴᠢ ᠶᠢ ᠰᠠᠭᠠᠷᠮᠠᠭᠵᠢᠭᠤᠯᠬᠤ︾ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ | ᠡᠭᠦᠳᠦᠯᠲᠡ ᠶᠢᠨ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠢ ᠡᠬᠢᠯᠡᠭᠦᠯᠵᠦ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠰᠢᠯᠵᠢᠭᠦᠯᠦᠨ ᠤᠯᠠᠷᠢᠭᠤᠯᠵᠤ ᠵᠢᠱᠢᠶ᠎ᠡ ᠦᠵᠡᠭᠦᠯᠬᠦ ᠲᠣᠭᠤᠷᠢᠭ ᠢ | ᠪᠠᠶᠢᠭᠤᠯᠤᠨ᠎ᠠ᠃ ᠰᠦ ᠶᠢᠨ ᠦᠢᠯᠡᠰ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ᠂ ᠠᠮᠢᠳᠠᠨ ᠤ ᠸᠠᠺᠼᠢᠨ ᠵᠡᠷᠭᠡ | ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ ᠢ ᠳᠡᠮᠵᠢᠵᠦ ᠪᠠᠶᠢᠭᠠᠳ ᠮᠡᠷᠭᠡᠵᠢᠯ ᠤᠨ ᠰᠢᠪᠲᠤᠯᠤᠯᠲᠠ ᠥᠷᠨᠢᠭᠦᠯᠦᠨ᠂ | ᠬᠦᠬᠡᠬᠤᠲᠠ ᠪᠤᠭᠤᠲᠤ ᠣᠷᠳᠣᠰ ᠲᠠᠬᠢ ᠤᠯᠤᠰ ᠤᠨ ᠪᠡᠶ᠎ᠡ ᠪᠠᠨ ᠳᠠᠭᠠᠭᠠᠭᠰᠠᠨ ᠰᠢᠨ᠎ᠡ ᠡᠭᠦᠳᠦᠯᠲᠡ ᠶᠢᠨ ᠵᠢᠱᠢᠶ᠎ᠡ | ᠦᠵᠡᠭᠦᠯᠬᠦ ᠲᠣᠭᠤᠷᠢᠭ᠂ ᠪᠠᠶᠠᠨᠨᠠᠭᠤᠷ ᠲᠠᠬᠢ ᠤᠯᠤᠰ ᠤᠨ ᠲᠠᠷᠢᠶᠠᠯᠠᠩ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰ ᠤᠨ ᠵᠢᠱᠢᠶ᠎ᠡ ᠦᠵᠡᠭᠦᠯᠭᠦ ᠲᠣᠭᠤᠷᠢᠭ᠂ ᠤᠯᠤᠰ ᠤᠨ ᠡᠪᠡᠰᠦᠨ ᠤ ᠦᠷ᠎ᠡ ᠶᠢᠨ ᠦᠢᠯᠡᠰ ᠤᠨ ᠮᠡᠷᠭᠡᠵᠢᠯ ᠤᠨ | ᠰᠢᠨ᠎ᠡ ᠡᠭᠦᠳᠦᠯᠲᠡ ᠶᠢᠨ ᠲᠥᠪ ᠤᠨ ᠡᠭᠦᠳᠦᠨ ᠪᠠᠶᠢᠭᠤᠯᠵᠤ ᠰᠢᠪᠲᠤᠯᠤᠯᠲᠠ ᠬᠢᠬᠦ ᠠᠵᠢᠯ ᠥᠷᠨᠢᠭᠦᠯᠬᠦ ᠶᠢ ᠳᠡᠮᠵᠢᠵᠤ᠂ | ᠭᠤᠣᠯᠳᠠᠯᠭ᠎ᠠ ᠪᠣᠯᠬᠤ ᠲᠤᠷᠰᠢᠯᠲᠠ ᠶᠢᠨ ᠲᠠᠰᠤᠭ ᠤᠨ ᠵᠡᠷᠭᠡ ᠳᠡᠰ ᠢ ᠨᠢ ᠳᠡᠪᠰᠢᠭᠦᠯᠭᠦ ᠶᠢ ᠳᠡᠮᠵᠢᠵᠣ᠂ ᠰᠢᠨ᠎ᠡ | ᠣᠨᠣᠯᠵᠢᠬᠤᠨ ᠢᠶᠠᠷ ᠤᠳᠤ ᠦᠶ᠎ᠡ ᠶᠢᠨ ᠰᠢᠨ᠎ᠡ ᠮᠠᠶ᠋ᠢᠭ ᠤᠨ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠤᠳᠤᠯᠤᠯ ᠤᠨ ᠬᠦᠷᠢᠶᠡᠯᠡᠩ ᠢ ᠪᠠᠶᠢᠭᠤᠯᠤᠨ᠎ᠠ᠃ ︽ᠵᠠᠷᠯᠠᠯ ᠬᠦᠯᠢᠶᠡᠵᠦ ᠬᠤᠰᠢᠭᠤᠷᠠᠨ ᠠᠵᠢᠯᠯᠠᠬᠤ︾ | ᠳᠦᠷᠢᠮ ᠢ ᠬᠦᠴᠦᠲᠡᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠤᠨ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠶᠡᠭᠡ ᠳᠡᠭᠡᠳᠦ ᠰᠤᠷᠭᠠᠭᠤᠯᠢ ᠬᠦᠷᠢᠶᠡᠯᠡᠩ | ᠭᠠᠵᠠᠷ ᠤᠨ ᠡᠵᠡᠨ ᠮᠡᠳᠡᠬᠦ ᠡᠷᠬᠡ ᠶᠢ ᠥᠷᠭᠡᠳᠬᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠠᠮᠲᠤᠷᠠᠯᠴᠠᠭ᠎ᠠ ᠶᠢ ᠥᠷᠭᠡᠳᠬᠡᠨ ᠭᠦᠨᠵᠡᠭᠡᠶᠢᠷᠡᠭᠦᠯᠵᠦ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠠᠮᠠᠭᠠᠯᠠᠯᠲᠠ ᠶᠢ | ᠴᠢᠩᠭᠠᠳᠬᠠᠨ᠎ᠠ᠃ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠶᠢᠨ ᠴᠢᠳᠠᠪᠤᠷᠢᠲᠠᠨ ᠤ ᠲᠣᠭᠲᠠᠴᠠ ᠶᠢᠨ | ᠥᠭᠡᠷᠡᠴᠢᠯᠡᠯᠲᠡ ᠶᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠤ | ᠪᠦᠯᠬᠦᠮ ᠨᠡᠶᠢᠲᠡ ᠶᠢ ᠶᠡᠭᠡ ᠪᠠᠷ ᠬᠥᠲᠥᠯᠥᠨ ᠳᠠᠭᠠᠭᠤᠯᠵᠤ ᠬᠥᠮᠥᠵᠢᠭᠦᠯᠦᠨ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠡᠭᠦᠳᠦᠯᠲᠡ ᠶᠢᠨ ᠵᠠᠯᠠᠭᠤ ᠴᠢᠳᠠᠪᠤᠷᠢᠲᠠᠨ ᠢ ᠬᠥᠮᠥᠵᠢᠭᠦᠯᠵᠦ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠣᠨᠴᠠ ᠲᠣᠮᠢᠯᠠᠭᠴᠢ ᠶᠢᠨ ᠳᠦᠷᠢᠮ ᠢ ᠭᠦᠨᠵᠡᠭᠡᠢ ᠬᠡᠷᠡᠭᠵᠢᠭᠦᠯᠦᠨ᠎ᠡ᠃ | ᠨᠡᠭᠡᠭᠡᠯᠲᠡ ᠬᠢᠬᠦ ᠶᠢ ᠥᠷᠭᠡᠳᠬᠡᠬᠦ ᠠᠷᠭ᠎ᠠ ᠬᠡᠮᠵᠢᠶ᠎ᠡ ᠶᠢ ᠪᠦᠲᠦᠮᠵᠢᠲᠠᠢ ᠨᠠᠶᠢᠳᠠᠪᠤᠷᠢᠵᠢᠭᠤᠯᠤᠨ᠎ᠠ᠃ ︽ | ᠲᠠᠯᠪᠢᠬᠤ︾ ᠪᠠ ︽ᠰᠡᠷᠭᠡᠶᠢᠯᠡᠬᠦ︾ ᠶᠢ ᠨᠢᠭᠡᠳᠦᠯᠲᠡᠢ ᠲᠥᠯᠥᠪᠯᠡᠵᠦ᠂ ᠨᠢᠭᠡ ᠲᠠᠯ᠎ᠠ ᠪᠠᠷ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠᠨ ᠪᠣᠳᠠᠲᠠᠢ ᠠᠳᠬᠤᠨ᠂ ᠨᠦᠭᠦᠭᠡ ᠲᠠᠯ᠎ᠠ ᠪᠠᠷ ᠬᠢᠯᠢ ᠶᠢᠨ ᠪᠣᠭᠤᠮᠲᠠ ᠶᠢᠨ ᠰᠠᠭᠠᠳ ᠦᠭᠡᠢ | ᠨᠡᠪᠲᠡᠷᠡᠬᠦ ᠶᠢ ᠰᠠᠶᠢᠲᠤᠷ ᠠᠳᠬᠤᠨ᠎ᠠ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠠᠶᠢᠭᠤᠯᠬᠤ ᠳᠤ ᠢᠳᠡᠪᠬᠢᠲᠡᠢ | ᠠᠭᠤᠰᠤᠯᠴᠠᠨ᠂ ᠤᠷᠤᠰ ᠮᠣᠩᠭᠤᠯ ᠯᠤᠭ᠎ᠠ ᠶᠢᠨ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ | ᠬᠢᠯᠢ ᠶᠢᠨ ᠪᠣᠭᠤᠮᠲᠠ ᠶᠢᠨ ᠬᠦᠢᠰᠦ ᠪᠣᠯᠬᠤ ᠴᠢᠳᠠᠮᠵᠢ ᠪᠠᠨ ᠥᠷᠭᠡᠳᠬᠡᠨ ᠥᠭᠡᠷᠡᠴᠢᠯᠡᠬᠦ᠂ ᠬᠤᠯᠪᠤᠭᠠᠯᠠᠨ | ᠲᠡᠭᠡᠭᠡᠪᠦᠷᠢᠯᠡᠬᠦ ᠵᠠᠮ ᠤᠨ ᠴᠢᠳᠠᠪᠤᠷᠢ ᠶᠢ ᠨᠡᠮᠡᠭᠳᠡᠭᠦᠯᠦᠨ ᠴᠢᠩᠭᠠᠳᠬᠠᠬᠤ᠂ ᠲᠥᠪᠯᠡᠷᠡᠭᠦᠯᠵᠦ ᠬᠤᠪᠢᠶᠠᠷᠢᠯᠠᠨ | ᠲᠡᠭᠡᠭᠡᠪᠦᠷᠢᠯᠡᠬᠦ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠦᠷᠢᠯᠡᠬᠦ ᠵᠡᠷᠭᠡ ᠪᠦᠲᠦᠭᠡᠨ ᠪᠠᠶᠢᠭᠤᠯᠤᠯᠲᠠ ᠶᠢᠨ ᠲᠦᠷᠦᠯ | ᠵᠦᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ | ᠬᠥᠭᠦᠷᠭᠡᠨ ᠪᠠᠬᠢᠯᠡᠯᠲᠡ ᠶᠢ ᠴᠣᠭᠴᠠᠯᠠᠬᠤ ᠳᠤ ᠰᠠᠭᠤᠷᠢ ᠶᠢ ᠨᠢ ᠪᠠᠬᠢᠵᠢᠭᠦᠯᠦᠨ᠎ᠡ᠃ ᠮᠠᠨᠵᠤᠤᠷ᠂ ᠡᠷᠢᠶᠡᠨ ᠬᠤᠳᠠ ᠳᠠᠬᠢ | ᠤᠯᠤᠰ ᠤᠨ ᠭᠤᠣᠯᠳᠠᠯᠭ᠎ᠠ ᠲᠠᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠲᠣᠭᠤᠷᠢᠭ ᠤᠨ | ᠴᠢᠳᠠᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠥᠷᠭᠡᠨ ᠬᠡᠪᠴᠢᠶᠡᠨ ᠤ ᠬᠢᠯᠢ ᠶᠢᠨ ᠪᠣᠭᠤᠮᠲᠠ ᠶᠢᠨ ᠠᠵᠤ | ᠠᠬᠤᠢ ᠶᠢ ᠶᠡᠭᠡ ᠪᠠᠷ ᠬᠥᠭᠵᠢᠭᠦᠯᠦᠨ᠎ᠡ᠃ ᠭᠠᠳᠠᠭᠰᠢᠯ ᠮᠠᠶ᠋ᠢᠭ ᠤᠨ ᠠᠵᠤ ᠦᠢᠯᠡᠰ ᠢ ᠢᠳᠡᠪᠬᠢᠲᠡᠢ ᠪᠤᠵᠠᠭᠠᠶᠢᠷᠠᠭᠤᠯᠤᠨ | ᠂ ᠳᠤᠮᠲᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡᠨ ᠤ ᠣᠷᠣᠯᠴᠠᠴᠠ ᠶᠢ ᠳᠡᠭᠡᠭᠰᠢᠯᠡᠭᠦᠯᠵᠦ᠂ ᠭᠠᠳᠠᠭᠠᠳᠤ | ᠪᠡᠯᠡ ᠶᠢ ᠲᠠᠳᠡᠨ ᠠᠪᠴᠢᠷᠠᠬᠤ ᠪᠠ ᠭᠠᠳᠠᠭᠠᠳᠤ ᠠᠷᠠᠯᠵᠢᠶᠠᠨ ᠤ ᠬᠡᠪᠴᠢᠶ᠎ᠡ ᠶᠢ ᠥᠷᠭᠡᠳᠬᠡᠨ᠎ᠡ᠃ ᠪᠡᠭᠡᠵᠢᠩ ᠲᠢᠶᠠᠨᠵᠢᠨ | ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠪᠠ ᠬᠠᠳᠣᠨ ᠭᠤᠣᠯ | ᠳᠠᠭᠠᠤ ᠶᠢᠨ ᠮᠤᠵᠢ᠂ ᠬᠥᠷᠰᠢ ᠵᠡᠷᠭᠡᠯᠡᠳᠡᠭᠡ ᠮᠤᠵᠢ ᠣᠷᠣᠨ ᠯᠤᠭ᠎ᠠ ᠶᠢᠨ ᠪᠣᠳᠠᠲᠠᠢ ᠶᠢ ᠡᠷᠬᠢᠮᠯᠡᠵᠦ ᠬᠠᠮᠲᠤᠷᠠᠨ | ᠠᠵᠢᠯᠯᠠᠬᠤ ᠪᠠᠨ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠢᠯᠠᠩᠭᠤᠶ᠎ᠠ ᠡᠨᠧᠷᠬᠢ᠂ ᠠᠮᠢ ᠠᠬᠤᠢ᠂ ᠵᠢᠭᠤᠯᠴᠢᠯᠠᠯ᠂ | ᠠᠷᠠᠯᠵᠢᠶ᠎ᠠ ᠬᠤᠳᠠᠯᠳᠤᠭ᠎ᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠤᠷᠭᠠᠨ ᠬᠥᠮᠦᠵᠢᠯ᠂ ᠡᠮᠴᠢᠯᠡᠭᠡ᠂ | ᠴᠢᠳᠠᠪᠤᠷᠢᠲᠠᠨ ᠵᠡᠷᠭᠡ ᠭᠤᠣᠯᠳᠠᠯᠭ᠎ᠠ ᠪᠣᠯᠬᠤ ᠬᠦᠷᠢᠶ᠎ᠡ ᠴᠠᠷᠠᠭᠠᠨ ᠳᠤ ᠰᠢᠪᠲᠤᠯᠤᠯᠲᠠ ᠭᠠᠷᠭᠠᠬᠤ ᠪᠠᠷ ᠰᠦᠪᠡᠭᠴᠢᠯᠡᠨ᠂ | ᠨᠢᠭᠡ ᠶᠢ ᠨᠢᠭᠡ ᠳᠤ ᠴᠢᠭᠯᠡᠬᠦᠯᠬᠦ ᠪᠠ ᠨᠢᠭᠡ ᠶᠢ ᠣᠯᠠᠨ ᠳᠤ ᠴᠢᠭᠯᠡᠭᠦᠯᠦᠭᠰᠡᠨ ᠬᠠᠮᠲᠤᠷᠠᠵᠤ ᠠᠵᠢᠯᠯᠠᠬᠤ ᠵᠦᠢᠯᠡᠰ ᠢ | ᠣᠨᠣᠴᠠᠲᠠᠢ ᠰᠡᠳᠦᠨ ᠲᠥᠯᠥᠪᠯᠡᠵᠦ᠂ ᠳᠡᠭᠡᠳᠦ ᠦᠵᠦᠭᠦᠷ ᠤᠨ ᠠᠵᠤ ᠦᠢᠯᠡᠰ ᠲᠠᠢ ᠵᠣᠯᠭᠠᠭᠤᠯᠬᠤ᠂ ᠳᠠᠭᠠᠭᠤᠯᠤᠭᠴᠢ | ᠠᠵᠤ ᠠᠬᠤᠶᠢᠯᠠᠯ ᠢ ᠣᠷᠣᠭᠤᠯᠤᠨ ᠠᠪᠴᠢᠷᠠᠬᠤ᠂ ᠲᠡᠷᠢᠭᠦᠨ ᠤ ᠬᠦᠴᠦᠨ ᠵᠦᠢᠯ ᠢ ᠰᠢᠩᠭᠡᠬᠡᠨ ᠠᠪᠬᠤ᠂ | ᠬᠡᠷᠡᠭᠯᠡᠭᠡ ᠶᠢᠨ ᠵᠠᠬ᠎ᠠ ᠳᠡᠯᠭᠡᠭᠦᠷ ᠢ ᠥᠷᠭᠡᠳᠬᠡᠬᠦ ᠠᠵᠢᠯ ᠢᠶᠠᠨ ᠨᠡᠩ ᠰᠠᠶᠢᠨ ᠪᠣᠯᠭᠠᠨ᠎ᠠ᠃ | ︵ᠲᠠᠪᠤ︶ ᠬᠤᠲᠠ ᠬᠥᠳᠡᠭᠡ ᠶᠢᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠬᠦᠴᠦᠯᠡᠨ | ᠠᠬᠢᠭᠤᠯᠵᠤ᠂ ᠪᠦᠬᠦ ᠣᠷᠣᠨ ᠤ ᠡᠯ᠎ᠡ ᠭᠠᠵᠠᠷ ᠤᠨ ᠥᠷᠢᠰᠦᠯᠳᠦᠨ ᠬᠥᠭᠵᠢᠭᠰᠡᠨ ᠬᠥᠭᠵᠢᠶᠡᠩᠭᠦᠢ ᠪᠠᠶᠢᠳᠠᠯ ᠢ ᠪᠤᠢ | ᠪᠣᠯᠭᠠᠨ᠎ᠠ᠃ ᠰᠢᠨ᠎ᠡ ᠴᠠᠭ ᠦᠶ᠎ᠡ ᠶᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ | ᠣᠷᠣᠨ ᠢ ᠬᠥᠭᠵᠢᠭᠦᠯᠦᠨ ᠮᠠᠨᠳᠤᠭᠤᠯᠬᠤ ᠰᠢᠨ᠎ᠡ ᠨᠢᠭᠡ ᠡᠭᠡᠯᠵᠢ ᠶᠢᠨ ᠪᠠᠶᠢᠯᠳᠤᠬᠤ ᠪᠣᠳᠣᠯᠭ᠎ᠠ ᠠᠷᠭ᠎ᠠ ᠬᠡᠮᠵᠢᠶ᠎ᠡ ᠶᠢ | ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ | ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠤᠨ᠂ ᠲᠥᠪᠯᠡᠷᠡᠭᠦᠯᠵᠦ | ᠪᠥᠭᠡᠮᠨᠡᠷᠡᠭᠦᠯᠵᠦ ᠡᠷᠴᠢᠮᠵᠢᠭᠦᠯᠵᠦ ᠬᠥᠭᠵᠢᠭᠦᠯᠬᠦ ᠶᠢ ᠬᠦᠴᠦᠯᠡᠨ ᠠᠬᠢᠭᠤᠯᠵᠤ᠂ ᠬᠤᠲᠠ ᠬᠥᠳᠡᠭᠡ ᠶᠢᠨ ᠣᠷᠣᠨ | ᠪᠦᠰᠡ ᠶᠢᠨ ᠵᠣᠬᠢᠴᠠᠩᠭᠤᠢ ᠬᠥᠭᠵᠢᠭᠰᠡᠨ ᠰᠢᠨ᠎ᠡ ᠪᠠᠶᠢᠷᠢᠰᠢᠯ ᠢ ᠲᠦᠷᠭᠡᠳᠬᠡᠨ ᠪᠠᠶᠢᠭᠤᠯᠤᠨ᠎ᠠ᠃ | ᠬᠥᠳᠡᠭᠡ ᠲᠤᠰᠬᠤᠨ ᠢᠶᠠᠨ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃ ᠪᠤᠴᠠᠭᠠᠳ | ᠶᠠᠳᠠᠭᠤᠷᠠᠬᠤ ᠶᠢ ᠰᠡᠷᠭᠡᠶᠢᠯᠡᠬᠦ ᠪᠠᠷ ᠤᠷᠢᠳᠠᠯ ᠪᠤᠯᠭᠠᠵᠤ᠂ ᠬᠢᠨᠠᠨ ᠰᠢᠨᠵᠢᠬᠦ ᠬᠠᠪᠰᠤᠷᠤᠨ ᠳᠡᠳᠭᠦᠬᠦ ᠲᠣᠭᠲᠠᠴᠠ ᠪᠠᠨ | ᠲᠡᠭᠦᠯᠳᠡᠷᠵᠢᠭᠦᠯᠦᠨ᠂ ᠭᠤᠣᠯᠳᠠᠯᠭ᠎ᠠ ᠲᠠᠢ ᠬᠠᠪᠰᠤᠷᠤᠨ ᠳᠡᠳᠭᠦᠭᠦ ᠬᠤᠰᠢᠭᠤ ᠰᠢᠶᠠᠨ ᠲᠡᠶᠢᠰᠢ ᠬᠡᠯᠪᠠᠶᠢᠯᠭᠡᠨ ᠳᠡᠮᠵᠢᠬᠦ | ᠪᠠ ᠣᠨᠳᠣᠣ ᠭᠠᠵᠠᠷ ᠲᠤ ᠨᠡᠭᠦᠯᠭᠡᠭᠰᠡᠨ ᠤ ᠳᠠᠷᠠᠭ᠎ᠠ ᠦᠷᠬᠦᠯᠵᠢᠯᠡᠨ ᠳᠡᠳᠭᠦᠭᠦ ᠶᠢ ᠰᠠᠶᠢᠲᠤᠷ ᠠᠳᠬᠤᠵᠤ᠂ | ᠬᠡᠪᠴᠢᠶᠡᠵᠢᠯ ᠤᠨ ᠴᠢᠨᠠᠷᠲᠠᠢ ᠪᠤᠴᠠᠭᠠᠳ ᠶᠠᠳᠠᠭᠤᠷᠠᠬᠤ ᠦᠵᠡᠭᠳᠡᠯ ᠭᠠᠷᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠂ | ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠤ ᠠᠮᠢᠳᠤᠷᠠᠯ ᠢ ᠰᠢᠨ᠎ᠡ ᠲᠦᠪᠰᠢᠨ ᠳᠤ ᠬᠦᠷᠭᠡᠬᠦ ᠪᠠᠷ ᠴᠢᠷᠮᠠᠶᠢᠨ᠎ᠠ᠃ | ᠣᠨᠴᠠᠯᠢᠭ ᠲᠠᠢ ᠲᠠᠷᠢᠵᠤ ᠤᠷᠭᠤᠭᠤᠯᠤᠨ ᠲᠡᠵᠢᠭᠡᠵᠦ ᠦᠷᠡᠵᠢᠭᠦᠯᠬᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠡᠳ᠋ᠰᠢᠭᠦᠯᠦᠨ ᠪᠤᠯᠪᠠᠰᠤᠷᠠᠭᠤᠯᠬᠤ᠂ ᠬᠥᠳᠡᠭᠡ ᠲᠤᠰᠬᠤᠨ ᠤ ᠵᠢᠭᠤᠯᠴᠢᠯᠠᠯ ᠵᠡᠷᠭᠡ ᠠᠷᠠᠳ ᠢ | ᠪᠠᠶᠠᠵᠢᠭᠤᠯᠬᠤ ᠠᠵᠤ ᠦᠢᠯᠡᠰ ᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠬᠥᠭᠵᠢᠭᠦᠯᠵᠦ᠂ | ᠠᠵᠤ ᠦᠢᠯᠡᠰ ᠤᠨ ᠬᠡᠪᠴᠢᠶ᠎ᠡ ᠪᠠ ᠶᠠᠰᠤ ᠴᠢᠨᠠᠷ ᠢ ᠳᠡᠭᠡᠭᠰᠢᠯᠡᠭᠦᠯᠦᠨ᠂ ᠠᠵᠢᠯ ᠣᠯᠭᠤᠨ ᠦᠢᠯᠡᠰ ᠪᠣᠰᠬᠠᠬᠤ | ᠪᠠᠭᠲᠠᠭᠠᠮᠵᠢ ᠶᠢ ᠥᠷᠭᠡᠳᠬᠡᠵᠦ᠂ ᠲᠠᠷᠢᠶᠠᠴᠢᠨ ᠪᠠ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠤᠭ᠎ᠠ ᠶᠢ | ᠨᠢᠭᠲᠠᠷᠠᠭᠤᠯᠤᠨ᠂ ᠲᠠᠷᠢᠶᠠᠴᠢᠨ ᠮᠠᠯᠴᠢᠳ ᠤᠨ ᠵᠣᠬᠢᠶᠠᠨ ᠪᠠᠶᠢᠭᠤᠯᠤᠯᠲᠠ ᠪᠣᠯᠬᠤ ᠪᠠ ᠬᠤᠷᠰᠢᠶᠠᠵᠢᠯ ᠤᠨ | ᠵᠢᠷᠤᠮᠵᠢᠯ ᠲᠠᠢ ᠪᠣᠯᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠨᠤᠲᠤᠭ ᠤᠨ ᠴᠢᠳᠠᠪᠤᠷᠢᠲᠠᠨ᠂ ᠰᠢᠯᠢᠳᠡᠭ ᠣᠶᠤᠲᠠᠳ ᠤᠨ | ᠨᠤᠲᠤᠭ ᠲᠤ ᠪᠠᠨ ᠪᠤᠴᠠᠵᠤ ᠦᠢᠯᠡᠰ ᠪᠣᠰᠬᠠᠬᠤ ᠶᠢ ᠳᠡᠮᠵᠢᠵᠤ᠂ ︽ᠴᠢᠳᠠᠯᠲᠠᠨ ᠤ ᠠᠵᠤ ᠠᠬᠤᠢ︾ ᠶᠢ | ᠬᠥᠭᠵᠢᠭᠦᠯᠵᠦ᠂ ᠪᠡᠭᠡᠵᠢᠩ ᠪᠠ ᠥᠪᠥᠷ ᠮᠣᠩᠭᠤᠯ ᠤᠨ ᠬᠠᠮᠵᠢᠯᠴᠠᠭ᠎ᠠ᠂ ᠴᠡᠭ ᠲᠣᠭᠲᠠᠭᠠᠵᠤ ᠬᠠᠪᠰᠤᠷᠤᠨ ᠳᠡᠳᠭᠦᠭᠦ | ᠪᠠ ︽ᠲᠦᠮᠡᠨ ᠠᠵᠤ ᠠᠬᠤᠶᠢᠯᠠᠯ ᠢᠶᠠᠷ ᠲᠦᠮᠡᠨ ᠲᠤᠰᠬᠤᠨ ᠢ ᠬᠥᠭᠵᠢᠭᠦᠯᠦᠨ ᠮᠠᠨᠳᠤᠭᠤᠯᠬᠤ︾ ᠠᠵᠢᠯᠯᠠᠭᠠᠨ ᠢ | ᠭᠦᠨᠵᠡᠭᠡᠶᠢᠷᠡᠭᠦᠯᠦᠨ᠎ᠡ᠃ ᠬᠥᠳᠡᠭᠡ ᠲᠤᠰᠬᠤᠨ ᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠᠨ ᠪᠦᠬᠦ | ᠲᠠᠯ᠎ᠠ ᠪᠠᠷ ᠪᠡᠶᠡᠯᠡᠭᠦᠯᠵᠦ᠂ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠠᠵᠢᠯᠯᠠᠭᠠᠨ ᠢ | ᠯᠠᠪᠳᠠᠭᠤᠨ ᠪᠠᠲᠤᠲᠠᠢ ᠥᠷᠨᠢᠭᠦᠯᠦᠨ᠂ ᠠᠰᠠᠭᠤᠳᠠᠯ ᠲᠠᠢ ᠵᠣᠷᠯᠣᠩ ᠢ ᠴᠡᠭᠴᠡᠯᠡᠨ ᠰᠠᠶᠢᠵᠢᠷᠠᠭᠤᠯᠵᠤ᠂ ᠠᠷᠢᠭᠤᠨ | ᠴᠡᠪᠡᠷ ᠵᠣᠷᠯᠣᠩ ᠢ ᠰᠢᠨ᠎ᠡ ᠪᠠᠷ 11 ᠲᠦᠮᠡ ᠪᠠᠶᠢᠭᠤᠯᠤᠨ᠂ ᠠᠮᠢᠳᠤᠷᠠᠯ ᠤᠨ ᠬᠤᠭ ᠨᠣᠪᠰᠢ ᠪᠣᠬᠢᠷ ᠤᠰᠤᠨ ᠤ | ᠵᠠᠰᠠᠯᠲᠠ ᠶᠢ ᠲᠣᠭᠤᠷᠢᠭ ᠪᠠ ᠲᠥᠷᠥᠯ ᠬᠤᠪᠢᠶᠠᠵᠤ ᠠᠬᠢᠭᠤᠯᠤᠨ᠎ᠠ᠃ ᠬᠢᠯᠢ ᠬᠢᠵᠠᠭᠠᠷ ᠤᠨ ᠭᠠᠵᠠᠷ ᠣᠷᠣᠨ ᠳᠠᠬᠢ | ᠰᠤᠮᠤ ᠰᠢᠶᠠᠩ ᠪᠠᠯᠭᠠᠰᠤᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ | ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠵᠦ᠂ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠭᠦᠨᠵᠡᠭᠡᠢ | ᠥᠷᠨᠢᠭᠦᠯᠦᠨ᠎ᠡ᠃ | ᠵᠡᠭᠦᠨ ᠳᠤᠮᠳᠠ ᠪᠠᠷᠠᠭᠤᠨ ᠣᠷᠣᠨ ᠤ ᠵᠦᠷᠢᠶᠡᠵᠢᠭᠰᠡᠨ ᠵᠣᠬᠢᠴᠠᠩᠭᠤᠢ ᠬᠥᠭᠵᠢᠯᠲᠡ ᠶᠢ ᠨᠢᠭᠡᠳᠦᠯᠲᠡᠢ | ᠲᠥᠯᠥᠪᠯᠡᠵᠦ ᠠᠬᠢᠭᠤᠯᠤᠨ᠎ᠠ᠃ ᠭᠤᠣᠯ ᠴᠣᠭᠴᠠ ᠶᠢᠨ ᠴᠢᠳᠠᠮᠵᠢᠲᠤ ᠣᠷᠣᠨ ᠤ ᠪᠠᠶᠢᠷᠢ ᠲᠣᠭᠲᠠᠭᠠᠯᠲᠠ ᠶᠣᠰᠣᠭᠠᠷ᠂ | ᠣᠷᠣᠨ ᠪᠦᠰᠡ ᠶᠢᠨ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠲᠡᠭᠦᠯᠳᠡᠷᠵᠢᠭᠦᠯᠵᠦ᠂ ᠡᠯ᠎ᠡ ᠭᠠᠵᠠᠷ ᠢ ᠬᠥᠲᠥᠯᠥᠨ | ᠵᠢᠯᠤᠭᠤᠳᠴᠤ ᠪᠠᠶᠢᠭᠠᠳ ᠳᠠᠪᠠᠭᠤᠯᠢᠭ ᠪᠠ ᠣᠨᠴᠠᠯᠢᠭ ᠲᠤ ᠪᠠᠨ ᠰᠠᠭᠤᠷᠢᠯᠠᠨ᠂ ᠠᠵᠢᠯ ᠬᠤᠪᠢᠶᠠᠨ ᠬᠠᠮᠵᠢᠯᠴᠠᠬᠤ ᠪᠠᠨ | ᠴᠢᠩᠭᠠᠳᠬᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠯᠲᠡ ᠶᠢᠨ ᠵᠠᠮ ᠢᠶᠠᠷ | ᠰᠠᠶᠢᠲᠤᠷ ᠵᠠᠮᠨᠠᠨ᠎ᠠ᠃ ᠵᠡᠭᠦᠨ ᠬᠡᠰᠡᠭ ᠤᠨ ᠭᠠᠵᠠᠷ ᠣᠷᠣᠨ ᠤ ᠪᠣᠬᠢᠷᠳᠤᠯ ᠦᠭᠡᠢ ᠠᠮᠢ ᠠᠬᠤᠢ ᠶᠢᠨ ᠳᠠᠪᠠᠭᠤᠯᠢᠭ ᠢᠶᠠᠨ | ᠲᠣᠳᠣᠷᠠᠭᠤᠯᠬᠤ ᠪᠠ ᠪᠠᠳᠠᠷᠠᠭᠤᠯᠵᠤ᠂ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ᠂ ᠠᠮᠢ ᠠᠬᠤᠢ ᠶᠢᠨ | ᠵᠢᠭᠤᠯᠴᠢᠯᠠᠯ ᠤᠨ ᠦᠢᠯᠡᠰ ᠢᠶᠠᠷ ᠲᠤᠯᠭᠠᠭᠤᠷᠢ ᠪᠣᠯᠭᠠᠵᠤ ᠪᠣᠬᠢᠷᠳᠤᠯ ᠦᠭᠡᠢ ᠠᠵᠤ ᠦᠢᠯᠡᠰ ᠤᠨ ᠲᠣᠭᠲᠠᠯᠴᠠᠭ᠎ᠠ ᠶᠢ | ᠴᠣᠭᠴᠠᠯᠠᠨ ᠪᠠᠶᠢᠭᠤᠯᠬᠤ ᠶᠢ ᠨᠢ ᠠᠬᠢᠭᠤᠯᠤᠨ᠎ᠠ᠃ ᠤᠯᠠᠭᠠᠨᠬᠠᠳᠠ᠂ ᠲᠦᠩᠯᠢᠶᠣᠣ ᠶᠢᠨ ᠳᠠᠭᠠᠭᠠᠨ ᠠᠪᠴᠤ | ᠵᠠᠯᠭᠠᠭᠤᠯᠬᠤ ᠠᠵᠤ ᠦᠢᠯᠡᠰ ᠤᠨ ᠰᠢᠯᠵᠢᠯᠲᠡ ᠶᠢᠨ ᠵᠢᠱᠢᠶ᠎ᠡ ᠦᠵᠡᠭᠦᠯᠬᠦ ᠲᠣᠭᠤᠷᠢᠭ ᠢ ᠬᠠᠮᠲᠤ ᠪᠠᠷ | ᠪᠠᠶᠢᠭᠤᠯᠬᠤ ᠶᠢ ᠨᠢ ᠳᠡᠮᠵᠢᠵᠦ᠂ ᠬᠥᠯᠥᠨ ᠪᠤᠶᠢᠷ᠂ ᠰᠢᠯᠢ ᠶᠢᠨ ᠭᠤᠣᠯ ᠤᠨ ᠲᠡᠨᠢᠭᠡᠷ ᠲᠠᠯ᠎ᠠ ᠨᠤᠲᠤᠭ ᠭᠡᠮᠡᠬᠦ ᠨᠡᠷᠡᠲᠦ | ᠲᠡᠮᠳᠡᠭ ᠢ ᠪᠣᠢ ᠪᠣᠯᠭᠠᠬᠤ ᠶᠢ ᠨᠢ ᠳᠡᠮᠵᠢᠵᠦ᠂ ᠬᠢᠩᠭᠠᠨ ᠠᠶᠢᠮᠠᠭ ᠤᠨ ᠷᠠᠰᠢᠶᠠᠨ ᠤ ᠤᠯᠤᠰ ᠤᠨ ᠳᠡᠰ ᠤᠨ ᠰᠡᠯᠡᠭᠦᠴᠡᠯ | ᠵᠤᠭᠠᠴᠠᠯ ᠤᠨ ᠠᠮᠠᠷᠠᠯᠲᠠ ᠶᠢᠨ ᠲᠣᠭᠤᠷᠢᠭ ᠢ ᠡᠭᠦᠳᠦᠨ ᠪᠠᠶᠢᠭᠤᠯᠬᠤ ᠶᠢ ᠨᠢ ᠳᠡᠮᠵᠢᠨ᠎ᠡ᠃ ᠬᠥᠬᠡᠬᠤᠲᠠ ᠪᠤᠭᠤᠲᠤ | ᠣᠷᠳᠣᠰ ᠤᠯᠠᠭᠠᠨᠴᠠᠪ ᠢ ᠨᠢᠭᠡ ᠴᠣᠭᠴᠠᠵᠢᠭᠤᠯᠤᠨ ᠬᠥᠭᠵᠢᠭᠦᠯᠬᠦ ᠠᠬᠢᠴᠠ ᠶᠢ ᠲᠦᠷᠭᠡᠳᠬᠡᠵᠦ᠂ ᠵᠠᠬ᠎ᠠ ᠳᠡᠯᠭᠡᠭᠦᠷ ᠤᠨ | ᠳᠦᠷᠢᠮ ᠤᠨ ᠲᠣᠭᠲᠠᠯᠴᠠᠭ᠎ᠠ ᠶᠢᠨ ︽ᠭᠤᠷᠪᠠᠨ ᠬᠠᠮᠲᠤ ᠭᠤᠷᠪᠠᠨ ᠬᠠᠷᠢᠯᠴᠠᠨ︾ ᠢᠨᠵᠧᠨᠧᠷᠢᠩ ᠢ ᠬᠡᠷᠡᠭᠵᠢᠭᠦᠯᠦᠨ᠂ | ᠠᠶᠠᠨᠴᠢᠨ ᠤ ᠵᠥᠭᠡᠭᠡᠪᠦᠷᠢ ᠶᠢᠨ 1 ᠴᠠᠭ ᠤᠨ ᠳᠣᠲᠣᠷ᠎ᠠ ᠲᠦᠷᠭᠡᠨ ᠬᠦᠷᠬᠦ ᠲᠣᠭᠤᠷᠢᠭ ᠢ ᠪᠣᠢ ᠪᠣᠯᠭᠠᠵᠤ᠂ ᠣᠶᠤᠨᠯᠢᠭ | ᠬᠤᠲᠠ ᠶᠢ ᠨᠢᠭᠡ ᠴᠣᠭᠴᠠ ᠪᠠᠷ ᠪᠠᠶᠢᠭᠤᠯᠤᠨ᠂ ᠬᠦᠴᠦᠲᠡᠢ ᠪᠥᠭᠡᠳ ᠬᠦᠭᠵᠢᠶᠡᠩᠭᠦᠢ ᠨᠡᠮᠡᠭᠳᠡᠯ ᠤᠨ ᠳᠠᠶᠢᠴᠢᠯᠠᠬᠤ | ᠲᠦᠢᠯ ᠢ ᠲᠦᠷᠭᠡᠳᠬᠡᠨ ᠪᠣᠢ ᠪᠣᠯᠭᠠᠨ᠎ᠠ᠃ ᠬᠦᠬᠡᠬᠤᠲᠠ ᠶᠢ ᠳᠡᠮᠵᠢᠵᠦ ᠣᠷᠣᠨ ᠤ ᠲᠥᠪ ᠢᠶᠠᠨ ᠬᠦᠴᠦᠷᠬᠡᠭᠵᠢᠭᠦᠯᠬᠦ | ᠢᠨᠵᠧᠨᠧᠷᠢᠩ ᠢ ᠬᠡᠷᠡᠭᠵᠢᠭᠦᠯᠦᠨ᠂ ᠴᠢᠨᠠᠷ ᠰᠠᠶᠢᠲᠠᠢ ᠬᠥᠭᠵᠢᠯᠲᠡ ᠶᠢ ᠬᠠᠮᠤᠭ ᠤᠨ ᠲᠡᠷᠢᠭᠦᠨ ᠳᠤ ᠪᠡᠶᠡᠯᠡᠭᠦᠯᠦᠨ᠎ᠡ᠂ | ᠪᠤᠭᠤᠲᠤ ᠶᠢ ᠳᠡᠮᠵᠢᠵᠦ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠪᠠ ᠣᠳᠣ ᠦᠶ᠎ᠡ ᠶᠢᠨ ᠲᠣᠨᠤᠭ ᠲᠥᠬᠦᠭᠡᠷᠦᠮᠵᠢ | ᠦᠢᠯᠡᠳᠬᠦ ᠰᠠᠭᠤᠷᠢᠨ ᠭᠠᠵᠠᠷ ᠢ ᠪᠠᠶᠢᠭᠤᠯᠤᠨ᠎ᠠ᠂ ᠣᠷᠳᠣᠰ ᠢ ᠳᠡᠮᠵᠢᠵᠦ ᠣᠳᠣ ᠦᠶ᠎ᠡ ᠶᠢᠨ ᠡᠨᠧᠷᠭᠢ ᠶᠢᠨ ᠠᠵᠤ | ᠦᠢᠯᠡᠰ ᠤᠨ ᠰᠠᠭᠤᠷᠢᠨ ᠭᠠᠵᠠᠷ ᠢ ᠪᠠᠶᠢᠭᠤᠯᠤᠨ᠎ᠠ᠂ ᠤᠯᠠᠭᠠᠨᠴᠠᠪ ᠢ ᠳᠡᠮᠵᠢᠵᠦ ᠪᠠᠷᠠᠭᠠᠨ ᠤ ᠭᠦᠢᠯᠭᠡᠭᠡᠨ ᠤ ᠬᠦᠢᠰᠦ ᠪᠠ | ᠬᠢᠯᠢ ᠶᠢᠨ ᠪᠣᠭᠤᠮᠲᠠ ᠶᠢᠨ ᠪᠦᠰᠡ ᠲᠣᠭᠤᠷᠢᠭ ᠢ ᠪᠣᠢ ᠪᠣᠯᠭᠠᠨ᠎ᠠ᠃ ᠪᠠᠷᠠᠭᠤᠨ ᠬᠡᠰᠡᠭ ᠤᠨ ᠭᠠᠵᠠᠷ ᠣᠷᠣᠨ ᠤ ᠠᠮᠢ | ᠠᠬᠤᠢ ᠣᠷᠴᠢᠨ ᠲᠣᠭᠤᠷᠢᠨ ᠤ ᠳᠤᠲᠠᠭᠤᠳᠠᠯ ᠢᠶᠠᠨ ᠨᠥᠬᠦᠪᠦᠷᠢᠯᠡᠬᠦ ᠶᠢ ᠠᠬᠢᠭᠤᠯᠵᠤ᠂ ᠠᠭᠤᠷᠬᠠᠢ ᠮᠠᠯᠲᠠᠬᠤ᠂ | ᠬᠡᠦᠷᠰᠢᠭᠦᠯᠬᠦ ᠵᠡᠷᠭᠡ ᠠᠵᠤ ᠦᠢᠯᠡᠰ ᠢ ᠨᠡᠶᠢᠯᠡᠭᠦᠯᠦᠨ ᠰᠢᠯᠢᠳᠡᠭᠵᠢᠭᠦᠯᠵᠦ᠂ ᠡᠷᠭᠢᠯᠲᠡᠲᠦ ᠠᠵᠤ ᠠᠬᠤᠢ ᠶᠢ ᠶᠡᠭᠡ ᠪᠠᠷ | ᠬᠥᠭᠵᠢᠭᠦᠯᠦᠨ᠎ᠡ᠃ ᠪᠠᠶᠠᠨᠨᠠᠭᠤᠷ ᠤᠨ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠣᠳᠣᠬᠢᠴᠢᠯᠠᠵᠤ ᠥᠭᠡᠷᠡᠴᠢᠯᠡᠨ | ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠬᠤ ᠶᠢ ᠳᠡᠮᠵᠢᠨ᠎ᠡ᠂ ᠦᠬᠠᠢ ᠶᠢᠨ ᠡᠬᠢ ᠪᠠᠶᠠᠯᠢᠭ ᠰᠢᠪᠬᠠᠷᠤᠭᠰᠠᠨ | ᠬᠤᠲᠠ ᠶᠢᠨ ᠬᠡᠯᠪᠡᠷᠢ ᠪᠠᠨ ᠲᠦᠷᠭᠡᠳᠬᠡᠨ ᠬᠤᠪᠢᠷᠠᠭᠤᠯᠬᠤ ᠶᠢ ᠳᠡᠮᠵᠢᠨ᠎ᠡ᠂ ᠠᠯᠠᠱᠠ ᠶᠢᠨ ᠳᠠᠬᠢᠨ ᠡᠭᠦᠰᠴᠦ ᠪᠣᠯᠬᠤ | ᠡᠨᠧᠷᠬᠢ ᠶᠢᠨ ᠰᠠᠭᠤᠷᠢᠨ ᠭᠠᠵᠠᠷ ᠪᠠᠶᠢᠭᠤᠯᠬᠤ ᠶᠢ ᠳᠡᠮᠵᠢᠨ᠎ᠡ᠃ | ︵ᠵᠢᠷᠭᠤᠭ᠎ᠠ︶ ᠰᠠᠭᠤᠷᠢ ᠪᠠᠲᠤᠯᠠᠭ᠎ᠠ ᠶᠢ ᠰᠠᠬᠢᠵᠤ ᠦᠨᠳᠦᠰᠦᠨ ᠵᠦᠢᠯ ᠢ ᠪᠠᠲᠤᠯᠠᠨ ᠳᠤᠲᠠᠭᠤᠳᠠᠯ ᠢᠶᠠᠨ | ᠨᠥᠬᠦᠪᠦᠷᠢᠯᠡᠬᠦ ᠪᠠᠷ ᠬᠦᠴᠦᠯᠡᠨ ᠴᠢᠷᠮᠠᠶᠢᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ | ᠨᠡᠮᠡᠭᠳᠡᠭᠦᠯᠦᠨ᠎ᠡ᠃ ᠠᠵᠤ ᠠᠬᠤᠢ ᠶᠢᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠨᠢᠭᠡᠳᠦᠯᠲᠡᠢ | ᠲᠥᠯᠥᠪᠯᠡᠨ ᠠᠬᠢᠭᠤᠯᠵᠤ᠂ ᠴᠢᠳᠠᠯ ᠤᠨ ᠢᠶᠠᠨ ᠬᠢᠷᠢ ᠪᠠᠷ ᠴᠢᠷᠮᠠᠶᠢᠨ ᠠᠵᠢᠯᠯᠠᠵᠤ᠂ ᠭᠤᠣᠯᠳᠠᠭᠤ ᠣᠯᠠᠨ ᠲᠦᠮᠡᠨ ᠤ | ᠬᠠᠮᠤᠭ ᠠᠴᠠ ᠠᠩᠬᠠᠷᠴᠤ ᠪᠠᠶᠢᠭ᠎ᠠ ᠬᠦᠷᠢᠶᠡᠨ ᠳᠠᠬᠢ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ | ᠣᠨᠣᠴᠠᠲᠠᠢ ᠬᠠᠩᠭᠠᠵᠤ᠂ ᠬᠠᠮᠲᠤ ᠪᠠᠷ ᠴᠢᠨᠡᠭᠡᠯᠢᠭᠵᠢᠬᠦ ᠬᠠᠷᠠᠯᠲᠠ ᠲᠡᠶᠢᠰᠢ ᠯᠠᠪᠳᠠᠭᠤᠨ ᠪᠠᠲᠤᠲᠠᠢ ᠤᠷᠤᠭᠰᠢᠯᠠᠨ᠎ᠠ᠃ | ᠠᠵᠢᠯ ᠣᠯᠭᠤᠯᠲᠠ ᠶᠢ ᠦᠨᠡᠨ ᠬᠦ ᠲᠣᠭᠲᠠᠭᠤᠨ ᠢᠶᠠᠷ ᠥᠷᠭᠡᠳᠬᠡᠨ᠎ᠡ᠃ ᠴᠢᠨᠠᠷ ᠰᠠᠶᠢᠲᠠᠢ ᠬᠥᠭᠵᠢᠯᠲᠡ ᠶᠢᠨ | ᠶᠠᠪᠤᠴᠠ ᠳᠤ ᠪᠠᠨ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠤᠳᠤᠷᠢᠳᠤᠮᠵᠢ ᠶᠢ ᠴᠢᠩᠭᠠᠷᠠᠭᠤᠯᠤᠨ᠂ ᠠᠵᠤ | ᠠᠬᠤᠶᠢᠯᠠᠯ ᠢ ᠲᠣᠭᠲᠠᠭᠤᠨ ᠪᠠᠶᠢᠯᠭᠠᠬᠤ ᠪᠠᠷ ᠠᠵᠢᠯ ᠣᠯᠭᠤᠯᠲᠠ ᠶᠢ ᠲᠣᠭᠲᠠᠭᠤᠨ ᠪᠣᠯᠭᠠᠵᠤ᠂ ᠠᠵᠤ ᠠᠬᠤᠶᠢᠯᠠᠯ ᠢ | ᠪᠠᠲᠤᠯᠠᠬᠤ ᠪᠠᠷ ᠠᠵᠢᠯ ᠣᠯᠭᠤᠯᠲᠠ ᠶᠢ ᠪᠠᠲᠤᠯᠠᠵᠤ᠂ ᠠᠵᠢᠯ ᠣᠯᠭᠤᠯᠲᠠ ᠶᠢ ᠳᠠᠶᠢᠴᠢᠯᠠᠬᠤ ᠬᠦᠴᠦᠨ ᠢᠶᠠᠷ ᠴᠢᠩᠭ᠎ᠠ | ᠪᠠᠶᠢᠭ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠠᠵᠢᠯ ᠣᠯᠭᠤᠯᠲᠠ ᠶᠢ ᠳᠠᠶᠢᠴᠢᠯᠠᠬᠤ ᠬᠡᠪᠴᠢᠶ᠎ᠡ ᠪᠠᠷ ᠥᠷᠭᠡᠨ | ᠪᠠᠶᠢᠭ᠎ᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠬᠦᠴᠦᠲᠡᠢ ᠲᠡᠳᠬᠦᠵᠦ᠂ ᠠᠵᠢᠯ ᠣᠯᠭᠤᠯᠲᠠ ᠶᠢᠨ | ᠲᠠᠯ᠎ᠠ ᠳᠠᠬᠢ ᠠᠵᠤ ᠠᠬᠤᠢ ᠶᠢᠨ ᠨᠡᠮᠡᠭᠳᠡᠯ ᠤᠨ ᠳᠠᠶᠢᠴᠢᠯᠠᠬᠤ ᠬᠦᠴᠦᠨ ᠢ ᠨᠢ ᠳᠡᠭᠡᠭᠰᠢᠯᠡᠭᠦᠯᠦᠨ᠎ᠡ᠃ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ᠂ ᠴᠡᠷᠢᠭ ᠤᠨ ᠠᠯᠪᠠ ᠠᠴᠠ ᠬᠠᠯᠠᠭᠳᠠᠭᠰᠠᠳ᠂ ᠠᠵᠢᠯ ᠠᠯᠳᠠᠭᠰᠠᠳ ᠵᠡᠷᠭᠡ | ᠭᠤᠣᠯᠳᠠᠯᠭ᠎ᠠ ᠪᠣᠯᠬᠤ ᠬᠥᠮᠥᠰ ᠤᠨ ᠠᠵᠢᠯ ᠣᠯᠭᠤᠯᠲᠠ ᠶᠢ ᠲᠥᠷᠥᠯ ᠬᠤᠪᠢᠶᠠᠨ ᠪᠠᠲᠤᠯᠠᠵᠤ᠂ ᠠᠵᠢᠯ ᠣᠯᠬᠤ ᠳᠤ | ᠬᠦᠴᠢᠷᠳᠡᠯᠲᠡᠢ ᠪᠠᠶᠢᠭ᠎ᠠ ᠬᠥᠮᠥᠰ ᠢ ᠬᠠᠪᠰᠤᠷᠤᠨ ᠲᠡᠳᠬᠦᠵᠦ ᠪᠠᠶᠢᠭᠠᠳ ᠠᠵᠢᠯ ᠣᠯᠭᠤᠵᠤ᠂ ᠲᠠᠷᠢᠶᠠᠯᠠᠬᠤ ᠮᠠᠯᠵᠢᠬᠤ | ᠣᠷᠣᠨ ᠤ ᠬᠥᠳᠡᠯᠮᠦᠷᠢ ᠬᠦᠴᠦᠨ ᠢ ᠨᠠᠭᠠᠲᠤ ᠵᠠᠬ᠎ᠠ ᠳᠤ ᠪᠠᠨ 240 ᠲᠦᠮᠡ ᠰᠢᠯᠵᠢᠭᠦᠯᠦᠨ᠎ᠡ᠃ ᠠᠮᠢᠳᠤᠯᠢᠭ ᠢᠶᠠᠷ | ᠠᠵᠢᠯ ᠣᠯᠭᠤᠬᠤ ᠳᠤ ᠬᠥᠳᠡᠯᠮᠦᠷᠢ ᠬᠦᠴᠦᠨ ᠤ ᠬᠡᠷᠡᠭᠯᠡᠯᠲᠡ ᠪᠠ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ | ᠪᠣᠳᠣᠯᠭ᠎ᠠ ᠶᠢ ᠪᠦᠷᠢᠨᠰᠢᠭᠦᠯᠵᠦ᠂ ᠲᠦᠷᠭᠡᠨ ᠢᠯᠡᠭᠡᠭᠴᠢ ᠵᠠᠯᠠᠭᠤ᠂ ᠵᠠᠬᠢᠶᠠᠯᠠᠭ᠎ᠠ ᠶᠢᠨ ᠬᠤᠭᠤᠯᠠ ᠬᠦᠷᠭᠡᠭᠴᠢ ᠵᠡᠷᠭᠡ | ᠬᠥᠮᠥᠰ ᠤᠨ ᠡᠷᠬᠡ ᠠᠰᠢᠭ ᠢ ᠪᠠᠲᠤᠯᠠᠨ᠎ᠠ᠃ ︽ᠦᠢᠯᠡᠰ ᠪᠣᠰᠬᠠᠬᠤ ᠥᠪᠥᠷ ᠮᠣᠩᠭᠤᠯ︾ ᠤᠨ ᠠᠵᠢᠯᠯᠠᠭᠠᠨ ᠢ | ᠭᠦᠨᠵᠡᠭᠡᠶᠢᠷᠡᠭᠦᠯᠦᠨ᠂ ᠡᠯ᠎ᠡ ᠭᠠᠵᠠᠷ ᠢ ᠳᠡᠮᠵᠢᠵᠦ ᠪᠠᠶᠢᠭᠠᠳ ᠭᠤᠣᠯᠳᠠᠯᠭ᠎ᠠ ᠪᠣᠯᠬᠤ ᠬᠥᠮᠥᠰ ᠤᠨ ᠠᠵᠢᠯ | ᠣᠯᠭᠤᠯᠲᠠ ᠶᠢᠨ ᠰᠠᠭᠤᠷᠢᠨ ᠭᠠᠵᠠᠷ ᠪᠠ ᠦᠢᠯᠡᠰ ᠪᠣᠰᠬᠠᠬᠤ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠵᠤ᠂ | ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠪᠠᠶᠢᠭᠤᠯᠬᠤ ᠶᠢ | ᠨᠢᠭᠡᠳᠦᠯᠲᠡᠢ ᠲᠥᠯᠥᠪᠯᠡᠵᠦ ᠠᠬᠢᠭᠤᠯᠤᠨ᠎ᠠ᠃ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠥᠷᠭᠡᠨ ᠬᠡᠪᠴᠢᠶᠡᠨ ᠤ | ᠪᠣᠯᠪᠠᠰᠤᠷᠠᠯ ᠢ ᠥᠷᠨᠢᠭᠦᠯᠦᠨ᠂ ᠣᠶᠤᠨᠯᠢᠭ ᠢᠶᠠᠷ ᠠᠵᠢᠯ ᠣᠯᠭᠤᠬᠤ ᠦᠢᠯᠡᠴᠢᠯᠡᠭᠡᠨ ᠤ ᠲᠠᠪᠴᠠᠩ ᠢ ᠳᠡᠯᠭᠡᠷᠡᠭᠦᠯᠦᠨ | ᠬᠡᠷᠡᠭᠯᠡᠵᠦ᠂ ᠬᠠᠩᠭᠠᠯᠭ᠎ᠠ ᠪᠠ ᠬᠡᠷᠡᠭᠴᠡᠭᠡ ᠶᠢ ᠵᠣᠯᠭᠠᠯᠳᠤᠭᠤᠯᠬᠤ ᠪᠠᠨ ᠪᠦᠲᠦᠮᠵᠢᠲᠡᠢ ᠵᠣᠬᠢᠶᠠᠨ ᠪᠠᠶᠢᠭᠤᠯᠵᠤ᠂ ᠨᠡᠩ | ᠤᠯᠠᠨ ᠬᠥᠳᠡᠯᠮᠦᠷᠢᠯᠡᠭᠴᠢ ᠶᠢᠨ ᠠᠵᠢᠯ ᠣᠯᠵᠤ ᠦᠢᠯᠡᠰ ᠪᠣᠰᠬᠠᠬᠤ ᠶᠢ ᠨᠢ ᠬᠠᠪᠰᠤᠷᠤᠨ ᠳᠡᠮᠵᠢᠨ᠎ᠡ᠃ | ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠦᠨᠡᠨ ᠬᠦ ᠳᠡᠭᠡᠭᠰᠢᠯᠡᠭᠦᠯᠦᠨ᠎ᠡ᠃ ᠶᠣᠰᠣ ᠰᠤᠷᠲᠠᠬᠤᠨ ᠢ ᠪᠣᠢ | ᠪᠣᠯᠭᠠᠵᠤ ᠬᠥᠮᠥᠨ ᠢ ᠬᠥᠮᠥᠵᠢᠭᠦᠯᠬᠦ ᠶᠢ ᠪᠠᠷᠢᠮᠲᠠᠯᠠᠨ᠂ ᠶᠡᠭᠡ ᠳᠡᠭᠡᠳᠦ ᠰᠤᠷᠭᠠᠭᠤᠯᠢ ᠪᠠ ᠳᠤᠮᠳᠠᠳᠤ ᠪᠠᠭ᠎ᠠ | ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠨᠢᠭᠡ ᠴᠣᠭᠴᠠᠵᠢᠭᠰᠠᠨ ᠪᠠᠶᠢᠭᠤᠯᠤᠯᠲᠠ ᠶᠢ | ᠨᠢᠭᠡᠳᠦᠯᠲᠡᠢ ᠲᠥᠯᠥᠪᠯᠡᠵᠦ ᠠᠬᠢᠭᠤᠯᠤᠨ᠎ᠠ᠃ ︽ᠬᠡᠦᠬᠡᠳ ᠤᠨ ᠴᠡᠴᠡᠷᠯᠢᠭ ᠲᠤ ᠣᠷᠣᠬᠤ ᠳᠤ ᠬᠦᠴᠢᠷᠲᠡᠢ︾ ᠪᠠᠶᠢᠭ᠎ᠠ | ᠠᠰᠠᠭᠤᠳᠠᠯ ᠢ ᠣᠯᠠᠨ ᠠᠷᠭ᠎ᠠ ᠵᠠᠮ ᠢᠶᠠᠷ ᠰᠢᠢᠳᠪᠦᠷᠢᠯᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠵᠢᠴᠢ ᠰᠤᠷᠬᠤ | ᠨᠠᠰᠦᠨ ᠠᠴᠠ ᠡᠮᠦᠨᠡᠬᠢ ᠰᠤᠷᠭᠠᠨ ᠬᠥᠮᠦᠵᠢᠯ ᠤᠨ ᠠᠯᠪᠠᠨ ᠵᠠᠷᠤᠳᠠᠯ ᠤᠨ ᠣᠷᠤᠭᠤᠯᠤᠯᠲᠠ ᠪᠠ ᠠᠯᠪᠠᠨ ᠠᠴᠠ | ᠪᠠᠶᠢᠭᠤᠯᠤᠭᠰᠠᠨ ᠰᠤᠷᠭᠠᠭᠤᠯᠢ ᠶᠢᠨ ᠰᠤᠷᠤᠭᠴᠢᠳ ᠤᠨ ᠪᠠᠶᠢᠷᠢ ᠣᠷᠣ ᠶᠢᠨ ᠬᠠᠩᠭᠠᠯᠭ᠎ᠠ ᠶᠢ ᠨᠡᠮᠡᠭᠳᠡᠭᠦᠯᠦᠨ᠂ ︽ | ᠬᠤᠶᠠᠷ ᠢ ᠬᠥᠩᠭᠡᠷᠡᠭᠦᠯᠬᠦ︾ ᠦᠷ᠎ᠡ ᠪᠦᠲᠦᠮᠵᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠠᠷᠠᠳ ᠠᠴᠠ ᠡᠷᠬᠢᠯᠡᠭᠰᠡᠨ | ᠠᠯᠪᠠᠨ ᠵᠢᠷᠤᠮ ᠤᠨ ᠰᠤᠷᠭᠠᠨ ᠬᠥᠮᠦᠵᠢᠯ ᠢ ᠵᠢᠷᠤᠮᠵᠢᠭᠤᠯᠤᠨ᠂ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠦᠭᠵᠢᠬᠦ ᠶᠢ ᠠᠬᠢᠭᠤᠯᠵᠤ᠂ ᠬᠡᠦᠬᠡᠳ ᠪᠦᠬᠦᠨ ᠢ ᠣᠶᠢᠷ᠎ᠠ | ᠬᠠᠪᠢ ᠶᠢᠨ ᠰᠤᠷᠭᠠᠭᠤᠯᠢ ᠳᠤ ᠪᠠᠨ ᠰᠠᠶᠢᠲᠤᠷ ᠰᠤᠷᠤᠯᠴᠠᠭᠤᠯᠬᠤ ᠪᠠᠷ ᠴᠢᠷᠮᠠᠶᠢᠨ᠎ᠠ᠃ ᠳᠡᠭᠡᠳᠦ ᠰᠤᠷᠭᠠᠭᠤᠯᠢ ᠶᠢᠨ | ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠡᠬᠢᠯᠡᠭᠦᠯᠵᠦ᠂ ᠡᠩ ᠤᠨ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠣᠯᠠᠨ ᠶᠠᠩᠵᠤ ᠬᠡᠯᠪᠡᠷᠢ ᠲᠠᠢ ᠥᠪᠡᠷᠮᠢᠴᠡ ᠣᠨᠴᠠᠯᠢᠭ ᠲᠠᠢ | ᠬᠥᠭᠵᠢᠬᠦ ᠶᠢ ᠠᠬᠢᠭᠤᠯᠤᠨ᠎ᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ︽ᠬᠤᠶᠠᠷ ᠥᠨᠳᠥᠷ ᠲᠦᠪᠰᠢᠨ︾᠂ | ︽ᠬᠤᠶᠠᠷ ᠴᠢᠨᠠᠷ ᠰᠠᠶᠢᠲᠠᠢ︾ ᠲᠥᠯᠥᠪᠯᠡᠭᠡ ᠶᠢ ᠬᠡᠷᠡᠭᠵᠢᠭᠦᠯᠵᠦ᠂ ᠶᠠᠮᠤᠨ ᠪᠠ ᠥᠪᠡᠷᠲᠡᠭᠡᠨ ᠵᠠᠰᠠᠬᠤ ᠣᠷᠣᠨ ︽ | ᠤᠷ᠎ᠠ ᠮᠡᠷᠭᠡᠰᠢᠯᠲᠦ ᠥᠪᠥᠷ ᠮᠣᠩᠭᠤᠯ︾ ᠢ ᠬᠠᠮᠲᠤ ᠪᠠᠷ ᠪᠠᠶᠢᠭᠤᠯᠬᠤ ᠶᠢ ᠨᠢ ᠠᠬᠢᠭᠤᠯᠵᠤ᠂ ᠭᠤᠣᠯᠳᠠᠯᠭ᠎ᠠ ᠪᠣᠯᠬᠤ | ᠠᠵᠤ ᠦᠢᠯᠡᠰ ᠪᠠ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠵᠠᠯᠭᠠᠯᠳᠤᠭᠤᠯᠵᠤ ᠪᠠᠶᠢᠭᠠᠳ ᠦᠢᠯᠡᠳᠪᠦᠷᠢᠯᠡᠯ | ᠪᠠ ᠵᠢᠭᠠᠨ ᠰᠤᠷᠭᠠᠯᠲᠠ ᠶᠢᠨ ᠠᠭᠤᠰᠤᠯᠴᠠᠬᠤ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠨ | ᠠᠵᠢᠯᠯᠠᠬᠤ ᠶᠢ ᠭᠦᠨᠵᠡᠭᠡᠶᠢᠷᠡᠭᠦᠯᠦᠨ᠎ᠡ᠃ ᠶᠡᠭᠡ ᠳᠡᠭᠡᠳᠦ ᠰᠤᠷᠭᠠᠭᠤᠯᠢ ᠶᠢᠨ ᠲᠣᠬᠢᠷᠠᠭᠤᠯᠤᠯᠲᠠ ᠪᠠ ᠲᠤᠰᠬᠠᠢ | ᠮᠡᠷᠭᠡᠵᠢᠯ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠂ ᠶᠠᠮᠤᠨ ᠪᠠ ᠥᠪᠡᠷᠲᠡᠭᠡᠨ ᠵᠠᠰᠠᠬᠤ ᠣᠷᠣᠨ ᠤ ︽ᠬᠤᠣᠰ | ᠲᠡᠷᠢᠭᠦᠨ ᠳᠡᠰ︾ ᠤᠨ ᠶᠡᠭᠡ ᠳᠡᠭᠡᠳᠦ ᠰᠤᠷᠭᠠᠭᠤᠯᠢ ᠶᠢ ᠬᠠᠮᠲᠤ ᠪᠠᠷ ᠪᠠᠶᠢᠭᠤᠯᠬᠤ ᠡᠷᠴᠢᠮ ᠢ ᠴᠢᠩᠭᠠᠷᠠᠭᠤᠯᠤᠨ᠂ | ᠴᠢᠨᠠᠷ ᠰᠠᠶᠢᠲᠠᠢ ᠬᠥᠭᠵᠢᠯᠲᠡ ᠶᠢᠨ ᠬᠡᠷᠡᠭᠴᠡᠭᠡ ᠳᠤ ᠰᠤᠷᠭᠠᠨ ᠬᠥᠮᠦᠵᠢᠯ ᠤᠨ ᠨᠡᠩ ᠰᠠᠶᠢᠨ ᠵᠣᠬᠢᠴᠠᠬᠤ ᠶᠢ | ᠠᠬᠢᠭᠤᠯᠤᠨ᠎ᠠ᠃ | ᠠᠷᠠᠳ ᠲᠦᠮᠡᠨ ᠤ ᠡᠷᠡᠭᠦᠯ ᠮᠡᠨᠳᠦ ᠶᠢ ᠦᠨᠡᠨ ᠬᠦ ᠪᠠᠲᠤᠯᠠᠨ᠎ᠠ᠃ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ | ᠲᠣᠭᠲᠠᠯᠴᠠᠭ᠎ᠠ ᠶᠢᠨ ᠥᠭᠡᠷᠡᠴᠢᠯᠡᠯᠲᠡ ᠶᠢ ᠠᠬᠢᠭᠤᠯᠵᠤ᠂ ᠦᠨᠳᠦᠰᠦᠨ ᠱᠠᠲᠤᠨ ᠤ ᠬᠢᠵᠢᠭ ᠤᠨ ᠪᠠᠶᠢᠳᠠᠯ ᠢ ᠬᠢᠨᠠᠨ | ᠰᠢᠨᠵᠢᠵᠦ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠭᠠᠵᠤ ᠰᠢᠢᠳᠪᠦᠷᠢᠯᠡᠬᠦ ᠪᠠ ᠲᠣᠭᠲᠠᠭᠰᠠᠨ ᠴᠡᠭ ᠤᠨ | ᠡᠮᠨᠡᠯᠭᠡ ᠶᠢᠨ ᠬᠤᠷᠢᠶᠠᠨ ᠤ ᠡᠮᠨᠡᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠷᠣᠨ ᠪᠦᠰᠡ ᠶᠢᠨ | ᠡᠮᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶᠠᠨ ᠤ ᠴᠢᠨᠠᠷ ᠰᠠᠶᠢᠲᠠᠢ ᠬᠥᠭᠵᠢᠯᠲᠡ ᠪᠠᠨ ᠠᠬᠢᠭᠤᠯᠬᠤ ᠠᠵᠢᠯᠯᠠᠭᠠᠨ ᠢ ᠬᠡᠷᠡᠭᠵᠢᠭᠦᠯᠵᠦ᠂ | ᠰᠢᠶᠠᠨ ᠤ ᠬᠡᠪᠴᠢᠶᠡᠨ ᠤ ᠨᠢᠭᠲᠠ ᠬᠠᠷᠢᠴᠠᠭᠠᠨ ᠤ ᠬᠡᠯᠪᠡᠷᠢ ᠪᠦᠬᠦᠢ ᠡᠮᠴᠢᠯᠡᠭᠡᠨ ᠤ ᠬᠠᠮᠲᠤ ᠶᠢᠨ ᠴᠣᠭᠴᠠ ᠶᠢᠨ | ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ ᠠᠬᠢᠭᠤᠯᠤᠨ᠂ ᠡᠮᠨᠡᠯᠭᠡ ᠶᠢᠨ ᠠᠵᠢᠯᠲᠠᠳ ᠢ ᠬᠠᠮᠠᠭᠠᠯᠠᠵᠤ | ᠬᠠᠯᠠᠮᠵᠢᠯᠠᠵᠤ ᠬᠠᠶᠢᠷᠠᠯᠠᠬᠤ ᠤᠷᠲᠤ ᠬᠤᠷᠭᠤᠴᠠᠭᠠᠨ ᠤ ᠪᠦᠲᠦᠮᠵᠢᠲᠡᠢ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ | ᠪᠡᠭᠡᠵᠢᠩ ᠪᠠ ᠥᠪᠥᠷ ᠮᠣᠩᠭᠤᠯ᠂ ᠱᠠᠩᠬᠠᠢ ᠪᠠ ᠥᠪᠥᠷ ᠮᠣᠩᠭᠤᠯ ᠤᠨ ᠡᠮᠴᠢᠯᠡᠭᠡᠨ ᠤ ᠪᠠᠶᠢᠭᠤᠯᠤᠮᠵᠢ ᠶᠢᠨ | ᠬᠠᠮᠲᠤᠷᠠᠯᠴᠠᠭ᠎ᠠ ᠶᠢ ᠴᠢᠩᠭᠠᠳᠬᠠᠨ᠂ ᠬᠢᠲᠠᠳ ᠡᠮ ︵ᠮᠣᠩᠭᠤᠯ ᠡᠮ︶ ᠢ ᠬᠥᠭᠵᠢᠭᠦᠯᠦᠨ ᠮᠠᠨᠳᠤᠭᠤᠯᠬᠤ ᠴᠢᠬᠤᠯᠠ | ᠶᠡᠭᠡ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠦᠷᠭᠦᠯᠵᠢ ᠲᠣᠬᠢᠶᠠᠯᠳᠤᠬᠤ ᠡᠪᠡᠳᠴᠢᠨ ᠢ ᠡᠮᠨᠡᠬᠦ | ᠡᠮ ᠤᠨ ᠵᠦᠢᠯ ᠪᠠ ᠡᠮᠨᠡᠯᠭᠡ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠩᠭᠦᠢ ᠪᠠᠷ ᠬᠡᠮᠵᠢᠶ᠎ᠡ ᠲᠠᠢ | ᠬᠤᠳᠠᠯᠳᠤᠨ ᠠᠪᠬᠤ ᠡᠷᠴᠢᠮ ᠢᠶᠠᠨ ᠴᠢᠩᠭᠠᠷᠠᠭᠤᠯᠤᠨ᠂ ᠡᠮᠡᠭᠲᠡᠶᠢᠴᠦᠳ ᠤᠨ ︽ᠬᠤᠶᠠᠷ ᠵᠦᠢᠯ ᠤᠨ ᠦᠮᠡᠨ︾ | ᠡᠪᠡᠳᠴᠢᠨ ᠢ ᠨᠢ ᠰᠢᠭᠰᠢᠨ ᠪᠠᠶᠢᠴᠠᠭᠠᠬᠤ ᠳᠤ ᠬᠠᠮᠤᠷᠬᠤ ᠬᠡᠪᠴᠢᠶ᠎ᠡ ᠶᠢ ᠨᠢ ᠥᠷᠭᠡᠳᠬᠡᠵᠦ᠂ ᠭᠤᠣᠯᠳᠠᠯᠭ᠎ᠠ ᠪᠤᠯᠬᠤ | ᠬᠥᠮᠥᠰ ᠤᠨ ᠭᠡᠷ ᠪᠦᠯᠢ ᠶᠢᠨ ᠡᠮᠴᠢ ᠯᠦᠭᠡ ᠶᠢᠨ ᠭᠡᠷ᠎ᠡ ᠲᠣᠭᠲᠠᠬᠤ ᠨᠤᠷᠮ᠎ᠠ ᠶᠢ ᠳᠡᠭᠡᠭᠰᠢᠯᠡᠭᠦᠯᠦᠨ᠂ ᠡᠮᠴᠢᠯᠡᠭᠡᠨ ᠤ | ᠳᠠᠭᠠᠳᠬᠠᠯ ᠤᠨ ᠲᠥᠯᠥᠬᠦ ᠠᠷᠭ᠎ᠠ ᠬᠡᠯᠪᠡᠷᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠯᠠᠨ ᠲᠦᠮᠡᠨ ᠤ | ᠡᠪᠡᠳᠴᠢᠨ ᠢᠶᠠᠨ ᠡᠮᠨᠡᠭᠦᠯᠬᠦ ᠳᠠᠷᠤᠭᠠᠰᠤ ᠶᠢ ᠴᠢᠷᠮᠠᠶᠢᠨ ᠬᠥᠩᠭᠡᠷᠡᠭᠦᠯᠦᠨ᠎ᠡ᠃ | ᠨᠡᠶᠢᠭᠡᠮ ᠤᠨ ᠪᠠᠲᠤᠯᠠᠭ᠎ᠠ ᠶᠢ ᠦᠨᠡᠨ ᠬᠦ ᠴᠢᠩᠭᠠᠳᠬᠠᠨ᠎ᠠ᠃ ᠪᠦᠬᠦ ᠠᠷᠠᠳ ᠤᠨ ᠳᠠᠭᠠᠳᠬᠠᠯ ᠳᠤ ᠣᠷᠤᠯᠴᠠᠬᠤ | ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠨᠠᠰᠤᠵᠢᠯ ᠤᠨ ᠦᠨᠳᠦᠰᠦᠨ ᠳᠠᠭᠠᠳᠬᠠᠯ ᠳᠤ ᠣᠷᠣᠯᠴᠠᠭᠰᠠᠳ ᠢ 40 | ᠲᠦᠮᠡᠨ ᠬᠥᠮᠥᠨ ᠨᠡᠮᠡᠭᠳᠡᠭᠦᠯᠵᠦ᠂ ᠳᠠᠭᠠᠳᠬᠠᠯ ᠳᠤ ᠣᠷᠣᠯᠴᠠᠭᠰᠠᠨ ᠨᠤᠷᠮ᠎ᠠ ᠶᠢ 86% ᠠᠴᠠ ᠳᠡᠭᠡᠭᠰᠢ ᠪᠣᠯᠭᠠᠨ᠂ | ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠦᠨᠳᠦᠰᠦᠨ ᠳᠠᠭᠠᠳᠬᠠᠯ ᠤᠨ ᠪᠦᠬᠦ ᠤᠯᠤᠰ ᠲᠤ | ᠨᠢᠭᠡᠳᠦᠯᠲᠡᠢ ᠲᠥᠯᠥᠪᠯᠡᠬᠦ ᠳᠦᠷᠢᠮ ᠢ ᠨᠠᠶᠢᠳᠠᠪᠤᠷᠢᠵᠢᠭᠤᠯᠤᠨ᠂ ᠣᠷᠣᠨ ᠨᠤᠲᠤᠭ ᠤᠨ ᠵᠠᠰᠠᠭ ᠤᠨ ᠣᠷᠳᠣᠨ ᠤ | ᠨᠥᠬᠦᠪᠦᠷᠢᠯᠡᠬᠦ ᠰᠠᠭᠤᠷᠢ ᠮᠥᠩᠭᠦᠨ ᠤ ᠣᠷᠤᠭᠤᠯᠤᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ | ᠪᠠᠶᠢᠭᠤᠯᠤᠨ᠎ᠠ᠃ ᠡᠮᠴᠢᠯᠡᠭᠡᠨ ᠤ ᠦᠨᠳᠦᠰᠦᠨ ᠳᠠᠭᠠᠳᠬᠠᠯ᠂ ᠠᠵᠢᠯ ᠠᠯᠳᠠᠭᠰᠠᠳ ᠤᠨ ᠳᠠᠭᠠᠳᠬᠠᠯ ᠢ ᠥᠪᠡᠷᠲᠡᠭᠡᠨ | ᠵᠠᠰᠠᠬᠤ ᠣᠷᠣᠨ ᠤ ᠱᠠᠲᠤᠨ ᠳᠤ ᠨᠢᠭᠡᠳᠦᠯᠲᠡᠢ ᠲᠥᠯᠥᠪᠯᠡᠬᠦ ᠶᠢ ᠠᠬᠢᠭᠤᠯᠵᠤ᠂ ᠮᠤᠵᠢ ᠠᠯᠤᠰᠯᠠᠨ ᠣᠨᠳᠣᠣ ᠭᠠᠵᠠᠷ | ᠡᠮᠨᠡᠭᠦᠯᠪᠡᠯ ᠰᠢᠭᠤᠳ ᠳ᠋ᠦᠩᠨᠡᠨ ᠪᠣᠳᠣᠬᠤ ᠶᠢ ᠰᠢᠯᠢᠳᠡᠭᠵᠢᠭᠦᠯᠦᠨ᠎ᠡ᠃ ᠣᠯᠠᠨ ᠲᠦᠮᠡᠨ ᠤ ᠣᠷᠣᠨ ᠰᠠᠭᠤᠴᠠ ᠶᠢᠨ | ᠦᠨᠳᠦᠰᠦᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠵᠤ᠂ ᠬᠤᠲᠠ ᠪᠠᠯᠭᠠᠰᠤᠨ ᠤ ᠬᠠᠭᠤᠴᠢᠨ ᠰᠠᠭᠤᠭᠠᠯᠢ | ᠲᠣᠭᠤᠷᠢᠭ ᠲᠠᠬᠢ 21.37 ᠲᠦᠮᠡᠨ ᠡᠷᠦᠬᠡ ᠶᠢ ᠥᠭᠡᠷᠡᠴᠢᠯᠡᠨ ᠰᠢᠨᠡᠳᠬᠡᠬᠦ ᠪᠠ ᠲᠦᠬᠦᠮ ᠪᠦᠲᠦᠴᠡᠲᠦ ᠣᠷᠣᠨ | ᠰᠠᠭᠤᠴᠠ ᠶᠢᠨ ᠲᠣᠭᠤᠷᠢᠭ ᠲᠠᠬᠢ 1 ᠲᠦᠮᠡᠨ ᠢᠵᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠶᠢ ᠬᠡᠷᠡᠭᠵᠢᠭᠦᠯᠦᠨ | ᠂ 1.2 ᠲᠦᠮᠡᠨ ᠢᠵᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠪᠠᠶᠢᠭᠤᠯᠤᠨ᠎ᠠ᠃ ︽ | ᠨᠠᠰᠤᠲᠠᠶᠢᠴᠤᠳ ᠪᠠ ᠨᠢᠯᠬᠠᠰ︾ ᠤᠨ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠡᠷ ᠲᠤ ᠨᠢ | ᠠᠰᠠᠷᠠᠬᠤ ᠶᠢ ᠬᠡᠷᠡᠭᠵᠢᠭᠦᠯᠵᠦ ᠪᠦᠬᠦᠢ ᠨᠡᠶᠢᠭᠡᠮ ᠲᠣᠭᠤᠷᠢᠭ ᠤᠨ ᠪᠠᠶᠢᠭᠤᠯᠤᠮᠵᠢ ᠶᠢᠨ ᠨᠠᠰᠤᠵᠢᠯ ᠤᠨ ᠦᠢᠯᠡᠴᠢᠯᠡᠭᠡᠨ ᠤ | ᠵᠣᠬᠢᠴᠠᠩᠭᠤᠢ ᠬᠥᠭᠵᠢᠯᠲᠡ ᠶᠢ ᠠᠬᠢᠭᠤᠯᠤᠨ᠂ ᠰᠢᠶᠠᠨ᠂ ᠰᠢᠶᠠᠩ᠂ ᠳᠤᠰᠬᠤᠨ ᠭᠤᠷᠪᠠᠨ ᠱᠠᠲᠤᠨ ᠤ ᠨᠠᠰᠤᠵᠢᠯ ᠤᠨ | ᠦᠢᠯᠡᠴᠢᠯᠡᠭᠡᠨ ᠤ ᠰᠦᠯᠵᠢᠶ᠎ᠡ ᠶᠢ ᠪᠠᠶᠢᠭᠤᠯᠵᠤ᠂ ᠲᠥᠷᠥᠵᠦ ᠬᠥᠩᠭᠡᠵᠢᠬᠦ ᠲᠠᠯ᠎ᠠ ᠶᠢᠨ ᠰᠢᠨ᠎ᠡ ᠲᠦᠷᠦ ᠶᠢᠨ | ᠪᠣᠳᠣᠯᠭ᠎ᠠ ᠶᠢᠨ ᠪᠣᠳᠠᠲᠠᠶᠢᠵᠢᠵᠤ ᠦᠷ᠎ᠡ ᠪᠦᠲᠦᠮᠵᠢ ᠣᠯᠬᠤ ᠶᠢ ᠠᠬᠢᠭᠤᠯᠵᠤ᠂ ᠤᠯᠠᠨ ᠲᠠᠯ᠎ᠠ ᠶᠢᠨ ᠬᠢᠨ ᠤ ᠬᠦᠴᠦᠨ ᠢ | ᠳᠠᠶᠢᠴᠢᠯᠠᠵᠤ ᠪᠠᠶᠢᠭᠠᠳ ᠨᠠᠰᠤᠵᠢᠯ᠂ ᠬᠡᠦᠬᠡᠳ ᠰᠠᠭᠠᠲᠠᠭᠤᠯᠵᠤ ᠠᠰᠠᠷᠠᠬᠤ ᠦᠢᠯᠡᠴᠢᠯᠡᠭᠡᠨ ᠤ ᠬᠠᠩᠭᠠᠯᠭ᠎ᠠ ᠶᠢ | ᠨᠡᠮᠡᠭᠳᠡᠭᠦᠯᠦᠨ᠎ᠡ᠃ ᠡᠮᠡᠭᠲᠡᠶᠢᠴᠦᠳ ᠬᠡᠦᠬᠡᠳ ᠤᠨ ︽ᠬᠤᠶᠠᠷ ᠬᠥᠲᠥᠯᠪᠦᠷᠢ︾ ᠶᠢᠨ ᠬᠠᠷᠠᠯᠲᠠ ᠡᠭᠦᠷᠭᠡ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠤᠨ᠂ ᠨᠠᠰᠤᠨ ᠳᠤ ᠥᠯᠥ ᠬᠦᠷᠦᠭᠰᠡᠳ ᠤᠨ ᠬᠠᠮᠠᠭᠠᠯᠠᠯᠲᠠ ᠶᠢ ᠴᠢᠩᠭᠠᠳᠬᠠᠨ᠎ᠠ᠃ | ᠨᠡᠶᠢᠭᠡᠮ ᠤᠨ ᠠᠪᠤᠷᠠᠨ ᠳᠤᠰᠯᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠨᠠᠭᠠᠲᠤ ᠵᠠᠬ᠎ᠠ ᠶᠢᠨ ᠪᠠᠲᠤᠯᠠᠭ᠎ᠠ᠂ | ᠣᠨᠴᠠ ᠬᠦᠴᠢᠷᠳᠡᠯᠲᠡᠢ ᠬᠥᠮᠥᠰ᠂ ᠵᠡᠮᠳᠡᠭᠴᠦᠳ᠂ ᠥᠨᠥᠴᠢᠨ ᠬᠡᠦᠬᠡᠳ ᠵᠡᠷᠭᠡ ᠶᠢ ᠠᠪᠤᠷᠠᠨ ᠲᠤᠰᠠᠯᠠᠬᠤ | ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠡ᠃ ᠣᠷᠣᠰᠢᠭᠤᠯᠭ᠎ᠠ ᠶᠢᠨ ᠠᠵᠢᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠂ ᠣᠷᠣᠰᠢᠭᠤᠯᠭ᠎ᠠ ᠶᠢᠨ ᠠᠵᠢᠯ ᠤᠨ ᠬᠦᠷᠢᠶᠡᠨ ᠳᠠᠬᠢ ᠦᠢᠯᠡᠴᠢᠯᠡᠭᠡᠨ ᠤ ᠳᠤᠲᠠᠭᠤᠳᠠᠯ ᠢ | ᠭᠦᠢᠴᠡᠳ ᠨᠥᠬᠦᠪᠦᠷᠢᠯᠡᠨ᠎ᠡ᠃ | ᠤᠯᠠᠨ ᠨᠡᠶᠢᠳᠠ ᠶᠢᠨ ᠰᠣᠶᠣᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠠ᠃ ᠨᠡᠶᠢᠭᠡᠮ | ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠪᠣᠢ ᠪᠣᠯᠭᠠᠨ ᠦᠢᠯᠡᠳᠦᠯᠭᠡᠵᠢᠭᠦᠯᠵᠦ᠂ ᠪᠣᠯᠪᠠᠰᠤᠨ ᠢ | ᠴᠣᠭᠴᠠᠯᠠᠨ ᠪᠠᠶᠢᠭᠤᠯᠬᠤ ᠪᠠᠨ ᠭᠦᠨᠵᠡᠭᠡᠶᠢᠷᠡᠭᠦᠯᠦᠨ᠂ ᠰᠢᠨ᠎ᠡ ᠴᠠᠭ ᠦᠶ᠎ᠡ ᠶᠢᠨ ᠠᠷᠠᠳ ᠢᠷᠭᠡᠳ ᠤᠨ ᠶᠣᠰᠣ | ᠰᠤᠷᠲᠠᠬᠤᠨ ᠤ ᠪᠠᠶᠢᠭᠤᠯᠤᠯᠲᠠ ᠶᠢᠨ ︽ᠠᠷᠪᠠᠨ ᠶᠡᠭᠡ ᠠᠵᠢᠯᠯᠠᠭᠠᠨ︾ ᠢ ᠭᠦᠨᠵᠡᠭᠡᠢ ᠬᠡᠷᠡᠭᠵᠢᠭᠦᠯᠦᠨ᠎ᠡ᠃ | ᠭᠤᠣᠯᠳᠠᠯᠭ᠎ᠠ ᠪᠣᠯᠬᠤ ᠲᠡᠦᠬᠡ ᠶᠢᠨ ᠳᠤᠷᠠᠰᠬᠠᠯᠲᠤ ᠵᠦᠢᠯ ᠪᠠ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ | ᠠᠰᠢᠭᠯᠠᠬᠤ ᠪᠠᠨ ᠴᠢᠩᠭᠠᠳᠬᠠᠵᠤ᠂ ᠤᠷᠳᠤ ᠴᠠᠭᠠᠨ ᠬᠡᠷᠡᠮ᠂ ᠬᠠᠳᠤᠨ ᠭᠤᠣᠯ ᠤᠨ ᠤᠯᠤᠰ ᠤᠨ ᠰᠣᠶᠣᠯ ᠤᠨ | ᠴᠡᠴᠡᠷᠯᠢᠭ ᠪᠠ ᠯᠢᠶᠤᠤ ᠤᠯᠤᠰ ᠤᠨ ᠳᠡᠭᠡᠳᠦ ᠨᠡᠶᠢᠰᠯᠡᠯ ᠬᠡᠮᠡᠬᠦ ᠤᠯᠤᠰ ᠤᠨ ᠬᠠᠭᠤᠴᠢᠨ ᠤ ᠰᠤᠳᠤᠯᠤᠯ ᠤᠨ | ᠰᠣᠶᠣᠯ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠣᠶᠤᠨᠯᠢᠭ ᠷᠠᠳᠢᠣ᠋ ᠲᠧᠯᠸᠢᠰ ᠤᠨ | ᠢᠨᠵᠧᠨᠧᠷᠢᠩ ᠢ ᠭᠦᠨᠵᠡᠭᠡᠢ ᠥᠷᠭᠡᠳᠬᠡᠨ᠂ ᠤᠯᠠᠭᠠᠨᠮᠥ᠋ᠴᠢᠷ᠂ ᠰᠣᠨᠢᠨ ᠮᠡᠳᠡᠭᠡ ᠷᠠᠳᠢᠣ᠋ ᠲᠧᠯᠸᠢᠰ᠂ ᠤᠳᠬ᠎ᠠ | ᠤᠷᠠᠯᠢᠭ ᠤᠨ ᠵᠣᠬᠢᠶᠠᠨ ᠪᠦᠲᠦᠭᠡᠬᠦ ᠠᠵᠢᠯ ᠦᠢᠯᠡᠰ ᠤᠨ ᠲᠥᠪ ᠶᠣᠰᠣ ᠶᠢ ᠪᠠᠷᠢᠮᠲᠠᠯᠠᠭᠰᠠᠨ ᠰᠢᠨ᠎ᠡ ᠡᠭᠦᠳᠦᠯᠲᠡ ᠲᠠᠢ | ᠬᠥᠭᠵᠢᠯᠲᠡ ᠶᠢ ᠳᠡᠮᠵᠢᠵᠤ᠂ ᠳᠤᠮᠳᠠᠳᠤ ᠤᠯᠤᠰ ᠤᠨ ᠦᠯᠢᠭᠡᠷ᠂ ᠥᠪᠥᠷ ᠮᠣᠩᠭᠤᠯ ᠤᠨ ᠦᠯᠢᠭᠡᠷ ᠢ ᠰᠠᠶᠢᠲᠤᠷ | ᠶᠠᠷᠢᠨ᠎ᠠ᠃ ᠤᠯᠠᠨ ᠨᠡᠶᠢᠳᠠ ᠶᠢᠨ ᠰᠣᠶᠣᠯ ᠤᠨ ᠪᠡᠯᠡᠳᠬᠡᠮᠵᠢ ᠶᠢᠨ ᠲᠣᠣᠷ ᠰᠦᠯᠵᠢᠶ᠎ᠡ ᠶᠢ ᠲᠡᠭᠦᠯᠳᠡᠷᠵᠢᠭᠦᠯᠵᠦ᠂ | ᠤᠯᠠᠨ ᠲᠦᠮᠡᠨ ᠤ ᠳᠡᠷᠭᠡᠳᠡᠬᠢ ᠤᠶᠤᠨ ᠤ ᠰᠣᠶᠣᠯ ᠤᠨ ᠭᠡᠷ ᠣᠷᠣᠨ ᠢ ᠪᠠᠶᠢᠭᠤᠯᠤᠨ᠎ᠠ᠃ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠪᠠ ᠮᠥᠰᠥ ᠴᠠᠰᠤᠨ ᠤ ᠬᠥᠳᠡᠯᠭᠡᠭᠡᠨ ᠢ ᠥᠷᠨᠢᠭᠦᠯᠵᠦ᠂ ᠠᠷᠪᠠᠨ ᠲᠠᠪᠤᠳᠤᠭᠠᠷ ᠬᠤᠭᠤᠴᠠᠭᠠᠨ ᠤ | ᠪᠦᠬᠦ ᠣᠷᠣᠨ ᠤ ᠲᠠᠮᠢᠷ ᠤᠨ ᠴᠤᠭᠯᠠᠭᠠᠨ᠂ ᠵᠢᠷᠭᠤᠳᠤᠭᠠᠷ ᠬᠤᠭᠤᠴᠠᠭᠠᠨ ᠤ ᠪᠦᠬᠦ ᠣᠷᠣᠨ ᠤ ᠵᠡᠮᠳᠡᠭᠴᠦᠳ ᠤᠨ | ᠲᠠᠮᠢᠷ ᠤᠨ ᠴᠤᠭᠯᠠᠭᠠᠨ ᠢ ᠰᠠᠶᠢᠲᠤᠷ ᠡᠷᠬᠢᠯᠡᠨ᠎ᠡ᠃ | ︵ᠳᠤᠯᠤᠭ᠎ᠠ︶ ᠪᠦᠯᠬᠦᠮᠳᠡᠯ ᠲᠠᠢ ᠡᠶ᠎ᠡ ᠵᠣᠬᠢᠴᠠᠩᠭᠤᠢ ᠠᠮᠤᠷ ᠲᠣᠭᠲᠠᠭᠤᠨ ᠪᠠᠶᠢᠳᠠᠯ ᠢ ᠬᠦᠴᠦᠯᠡᠨ | ᠪᠠᠬᠢᠵᠢᠭᠦᠯᠵᠦ ᠬᠥᠭᠵᠢᠭᠦᠯᠦᠨ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ | ᠴᠣᠭᠴᠠᠯᠠᠨ᠎ᠠ᠃ ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠡᠭᠡ ᠲᠠᠯ᠎ᠠ ᠳᠠᠬᠢ ᠬᠢᠯᠢ | ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠡᠭᠦᠷᠭᠡ ᠬᠠᠷᠢᠭᠤᠴᠠᠯᠭ᠎ᠠ ᠪᠠᠨ ᠪᠠᠲᠤ ᠡᠵᠡᠮᠰᠢᠨ᠂ ᠡᠶ᠎ᠡ | ᠵᠣᠬᠢᠴᠠᠩᠭᠤᠢ ᠠᠮᠤᠷ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠯᠢᠭ ᠬᠢᠵᠦ᠂ | ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠥᠨᠢ ᠡᠭᠦᠷᠢᠳᠡ ᠪᠠᠳᠠᠷᠠᠨ ᠳᠡᠯᠭᠡᠷᠡᠭᠦᠯᠵᠦ᠂ ᠡᠬᠡ ᠤᠯᠤᠰ ᠤᠨ ᠬᠢᠯᠢ | ᠬᠢᠵᠠᠭᠠᠷ ᠤᠨ ᠲᠣᠭᠲᠠᠭᠤᠨ ᠪᠠᠶᠢᠳᠠᠯ ᠢ ᠥᠨᠢ ᠡᠭᠦᠷᠢᠳᠡ ᠪᠠᠬᠢᠵᠢᠭᠦᠯᠦᠨ ᠪᠠᠲᠤᠳᠬᠠᠨ᠎ᠠ᠃ | ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠦᠷᠭᠦᠯᠵᠢᠯᠡᠨ ᠪᠠᠬᠢᠵᠢᠭᠦᠯᠵᠦ ᠬᠥᠭᠵᠢᠭᠦᠯᠦᠨ᠎ᠡ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ ᠦᠨᠳᠦᠰᠦᠲᠡᠨ ᠤ | ᠠᠵᠢᠯ ᠢ ᠴᠢᠩᠭᠠᠳᠬᠠᠨ ᠰᠠᠶᠢᠵᠢᠷᠠᠭᠤᠯᠬᠤ ᠶᠢᠨ ᠲᠣᠭᠤᠷᠢᠨ ᠳᠤ ᠨᠢᠭᠲᠠ ᠤᠶᠠᠯᠳᠤᠭᠤᠯᠤᠨ᠂ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠤᠨ | ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠯᠠᠪᠳᠠᠭᠤᠨ ᠪᠠᠲᠤᠲᠠᠢ ᠬᠡᠷᠡᠭᠵᠢᠭᠦᠯᠦᠨ ᠬᠡᠷᠡᠭᠯᠡᠵᠦ᠂ | ᠦᠨᠳᠦᠰᠦᠲᠡᠨ ᠨᠦᠭᠦᠳ ᠤᠨ ᠬᠠᠮᠲᠤ ᠪᠠᠷ ᠬᠦᠷᠲᠡᠬᠦ ᠨᠡᠩ ᠣᠯᠠᠨ ᠳᠤᠮᠳᠠᠳᠤ ᠶᠢᠨ ᠰᠣᠶᠣᠯ ᠤᠨ ᠲᠡᠮᠳᠡᠭ ᠪᠠ | ᠳᠤᠮᠳᠠᠳᠤ ᠶᠢᠨ ᠰᠣᠶᠣᠯ ᠤᠨ ᠳᠦᠷᠢ ᠲᠥᠷᠬᠦ ᠶᠢ ᠤᠯᠠᠮᠵᠢᠯᠠᠨ ᠳᠡᠯᠭᠡᠷᠡᠭᠦᠯᠵᠦ᠂ ︽ᠭᠤᠷᠪᠠᠨ ᠰᠠᠯᠵᠤ ᠪᠣᠯᠣᠰᠢ ᠦᠭᠡᠢ | ︾᠂ ︽ᠲᠠᠪᠤᠨ ᠮᠡᠳᠡᠷᠡᠬᠦᠢ︾ ᠶᠢᠨ ᠦᠵᠡᠯ ᠰᠠᠨᠠᠭ᠎ᠠ ᠪᠠ ︽ᠳᠥᠷᠪᠡ ᠶᠢ ᠬᠠᠮᠲᠤᠳᠬᠠᠬᠤ︾ ᠣᠨᠣᠯᠵᠢᠬᠤᠨ ᠢ | ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠬᠢᠯ ᠳᠤ ᠭᠦᠨ ᠬᠠᠳᠠᠩᠰᠢᠭᠤᠯᠤᠨ᠎ᠠ᠃ ᠦᠨᠳᠦᠰᠦᠲᠡᠨ ᠤ | ᠪᠦᠯᠬᠦᠮᠳᠡᠯ ᠳᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢᠶᠠᠨ ᠭᠦᠨ ᠭᠦᠨᠵᠡᠭᠡᠢ ᠤᠳᠠᠭᠠᠨ ᠳᠠᠭᠠᠭᠠᠮᠠᠭᠠᠢ | ᠥᠷᠨᠢᠭᠦᠯᠵᠦ᠂ ᠰᠢᠬᠢᠳᠭᠡᠯᠳᠤ ᠮᠠᠶ᠋ᠢᠭ ᠤᠨ ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ | ᠨᠥᠬᠦᠴᠡᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠭ᠎ᠠ ᠶᠢ ᠴᠢᠩᠭᠠᠳᠬᠠᠵᠤ᠂ ᠦᠨᠳᠦᠰᠦᠲᠡᠨ ᠨᠦᠭᠦᠳ ᠠᠨᠠᠷ ᠤᠨ ᠦᠷ᠎ᠡ ᠮᠡᠲᠦ ᠨᠢᠭᠲᠠᠷᠠᠨ ᠪᠦᠯᠬᠦᠮᠳᠡᠬᠦ ᠶᠢ | ᠠᠬᠢᠭᠤᠯᠤᠨ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢᠶᠠᠨ | ᠬᠠᠮᠲᠤ ᠪᠠᠷ ᠬᠠᠮᠠᠭᠠᠯᠠᠨ᠎ᠠ᠃ ᠪᠦᠬᠦ ᠤᠯᠤᠰ ᠤᠨ ᠱᠠᠰᠢᠨ ᠰᠤᠷᠲᠠᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ | ᠤᠯᠤᠰᠴᠢᠯᠠᠬᠤ ᠴᠢᠭᠯᠡᠯ ᠢ ᠪᠠᠷᠢᠮᠲᠠᠯᠠᠨ᠂ ᠱᠠᠰᠢᠨ ᠰᠤᠷᠲᠠᠬᠤᠨ ᠤ ᠬᠠᠤᠯᠢ ᠪᠤᠰᠤ ᠦᠢᠯᠡ ᠠᠵᠢᠯᠯᠠᠭ᠎ᠠ ᠶᠢ ᠴᠡᠭᠴᠡᠯᠡᠨ | ᠵᠠᠰᠠᠵᠤ᠂ ᠱᠠᠰᠢᠨ ᠰᠤᠷᠲᠠᠬᠤᠨ ᠤ ᠶᠠᠪᠤᠳᠠᠯ ᠢ ᠬᠠᠤᠯᠢ ᠶᠣᠰᠣᠭᠠᠷ ᠬᠠᠮᠢᠶᠠᠷᠤᠨ᠂ ᠱᠠᠰᠢᠨ ᠰᠤᠷᠲᠠᠬᠤᠨ ᠤ ᠡᠶ᠎ᠡ | ᠵᠣᠬᠢᠴᠠᠯ ᠢ ᠳᠠᠰᠤᠷᠠᠯᠳᠠ ᠦᠭᠡᠢ ᠠᠬᠢᠭᠤᠯᠤᠨ᠎ᠠ᠃ | ᠬᠢᠵᠢᠭ ᠤᠨ ᠪᠠᠶᠢᠳᠠᠯ ᠢ ᠪᠦᠬᠦ ᠬᠡᠯᠬᠢᠶᠡᠰᠦ ᠪᠠᠷ ᠨᠠᠷᠢᠯᠢᠭᠵᠢᠭᠤᠯᠤᠨ ᠰᠡᠷᠭᠡᠶᠢᠯᠡᠵᠦ ᠡᠵᠡᠮᠳᠡᠬᠦ ᠶᠢ ᠰᠢᠨᠵᠢᠯᠡᠬᠦ | ᠤᠬᠠᠭᠠᠨᠴᠢ ᠪᠠᠷ ᠬᠦᠴᠦᠲᠡᠢ ᠰᠠᠶᠢᠲᠤᠷ ᠠᠳᠬᠤᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠱᠠᠭᠠᠷᠳᠠᠯᠭ᠎ᠠ ᠶᠢ ᠠᠵᠤ ᠠᠬᠤᠢ ᠨᠡᠶᠢᠭᠡᠮ ᠤᠨ ᠠᠯᠢᠪᠠ ᠠᠵᠢᠯᠯᠠᠭ᠎ᠠ ᠳᠤ ᠨᠠᠶᠢᠳᠠᠪᠤᠷᠢᠵᠢᠭᠤᠯᠤᠨ᠂ ᠬᠠᠮᠤᠭ ᠴᠢᠩᠭ᠎ᠠ | ᠬᠠᠷᠢᠭᠤᠴᠠᠯᠭᠠᠲᠤ ᠰᠡᠳᠬᠢᠯᠭᠡ ᠪᠠ ᠬᠡᠷᠡᠭᠵᠢᠭᠦᠯᠬᠦ ᠡᠷᠴᠢᠮ ᠢᠶᠠᠷ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ | ᠰᠡᠷᠭᠡᠶᠢᠯᠡᠵᠦ᠂ ᠳᠣᠲᠣᠭᠠᠳᠤ ᠳᠤ ᠪᠠᠨ ᠳᠠᠬᠢᠨ ᠳᠡᠯᠭᠡᠷᠡᠬᠦ ᠶᠢ ᠨᠢ ᠰᠡᠷᠭᠡᠶᠢᠯᠡᠬᠦ ᠶᠢ ᠰᠠᠶᠢᠲᠤᠷ ᠠᠳᠬᠤᠵᠤ᠂ ᠬᠢᠵᠢᠭ ᠤᠨ | ᠪᠠᠶᠢᠳᠠᠯ ᠭᠡᠨᠡᠳᠲᠡ ᠡᠭᠦᠰᠴᠦ ᠠᠮᠤᠷ ᠲᠣᠭᠲᠠᠭᠤᠨ ᠤ ᠶᠡᠭᠡ ᠲᠠᠯ᠎ᠠ ᠳᠤ ᠳᠠᠭᠠᠷᠢᠯᠲᠠ ᠪᠣᠯᠬᠤ ᠶᠢ ᠡᠷᠡᠰ ᠰᠡᠷᠭᠡᠶᠢᠯᠡᠨ᠎ᠡ᠃ | ᠬᠢᠯᠢ ᠶᠢᠨ ᠪᠣᠭᠤᠮᠲᠠ ᠶᠢᠨ ᠲᠦᠭᠰᠢᠭᠦᠷᠢ ᠶᠢᠨ ᠳᠠᠯᠳᠠ ᠭᠡᠮ ᠢ ᠲᠤᠰᠬᠠᠢ ᠪᠠᠭ ᠵᠢᠭᠰᠠᠭᠠᠨ ᠪᠠᠶᠢᠴᠠᠭᠠᠬᠤ᠂ ᠲᠤᠰᠬᠠᠢ | ᠰᠣᠷᠢᠯᠲᠠ ᠬᠢᠬᠦ᠂ ᠲᠤᠰᠬᠠᠢ ᠮᠡᠷᠭᠡᠵᠢᠯ ᠢᠶᠠᠷ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠤᠨ᠂ ᠬᠢᠯᠢ ᠶᠢᠨ ᠪᠣᠭᠤᠮᠲᠠ ᠶᠢᠨ | ᠬᠤᠳᠠ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠬᠢ ᠪᠠᠶᠠᠯᠢᠭ ᠤᠨ ᠪᠠᠶᠢᠷᠢᠰᠢᠭᠤᠯᠤᠯᠲᠠ ᠪᠠ ᠪᠠᠴᠢᠮ | ᠪᠠᠶᠢᠳᠠᠯ ᠢ ᠠᠷᠭᠠᠴᠠᠭᠠᠵᠤ ᠠᠪᠤᠷᠠᠨ ᠵᠠᠰᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠷᠠᠭᠤᠯᠵᠤ᠂ ᠬᠥᠮᠥᠨ᠂ | ᠪᠣᠳᠠᠰ᠂ ᠣᠷᠴᠢᠨ ᠲᠣᠭᠤᠷᠢᠨ ᠳᠤ ᠪᠢᠲᠡᠭᠦᠦ ᠴᠥᠷᠬᠡᠯᠡᠨ ᠬᠠᠮᠢᠶᠠᠷᠬᠤ ᠶᠢ ᠴᠢᠩᠭᠠᠷᠠᠭᠤᠯᠤᠨ᠎ᠠ᠃ ᠪᠠᠶᠢᠩᠭᠤᠵᠢᠭᠤᠯᠤᠨ | ᠰᠡᠷᠭᠡᠶᠢᠯᠡᠵᠦ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠂ ᠤᠯᠠᠨ ᠴᠡᠭ ᠤᠨ ᠬᠢᠨᠠᠨ ᠰᠢᠨᠵᠢᠵᠦ | ᠰᠡᠷᠡᠮᠵᠢᠯᠡᠭᠦᠯᠬᠦ ᠲᠣᠭᠲᠠᠴᠠ ᠶᠢ ᠪᠦᠷᠢᠨᠰᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ | ᠬᠥᠳᠡᠯᠦᠩᠭᠦᠢ ᠪᠠᠷ ᠲᠡᠭᠦᠯᠳᠡᠷᠵᠢᠭᠦᠯᠦᠨ᠂ ᠬᠢᠵᠢᠭ ᠤᠨ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠡᠭᠦᠰᠬᠦ ᠳᠤ ᠬᠦᠷᠪᠡᠯ ᠦᠳᠲᠡᠷ ᠲᠦᠷᠭᠡᠨ ᠬᠦᠴᠦᠲᠡᠢ | ᠳᠥᠪᠬᠢᠨᠡᠭᠦᠯᠦᠨ ᠰᠢᠢᠳᠪᠦᠷᠢᠯᠡᠬᠦ ᠶᠢ ᠦᠨᠡᠨ ᠬᠦ ᠪᠠᠲᠤᠯᠠᠬᠤ ᠮᠥᠷᠲᠡᠭᠡᠨ ᠦᠷᠡᠭᠳᠡᠯ ᠰᠦᠢᠳᠦᠯ ᠪᠠ ᠮᠠᠭᠤ | ᠨᠥᠯᠥᠭᠡ ᠶᠢ ᠪᠠᠭᠠᠰᠬᠠᠬᠤ ᠪᠠᠷ ᠬᠦᠴᠦᠯᠡᠨ ᠴᠢᠷᠮᠠᠶᠢᠨ᠎ᠠ᠃ | ᠠᠮᠤᠭᠤᠯᠠᠩᠲᠤ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠎ᠠ᠃ ᠨᠠᠮ ᠤᠨ | ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ | ᠪᠤᠯᠭᠠᠬᠤ ᠶᠢ ᠲᠡᠷᠢᠭᠦᠨ ᠪᠠᠶᠢᠷᠢᠨ ᠳᠤ ᠲᠠᠯᠪᠢᠨ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ | ᠲᠠᠮᠢᠷ ᠤᠨ ᠴᠤᠭᠯᠠᠭᠠᠨ ᠪᠠ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠪᠡᠶ᠎ᠡ ᠶᠢᠨ ᠲᠠᠮᠢᠷ ᠤᠨ | ᠴᠤᠭᠯᠠᠭᠠᠨ ᠳᠤ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠥᠬᠦ | ᠠᠷᠭ᠎ᠠ ᠬᠡᠮᠵᠢᠶ᠎ᠡ ᠪᠠᠨ ᠤᠷᠢᠳ ᠢᠶᠠᠷ ᠪᠡᠯᠡᠳᠬᠡᠨ᠂ ᠨᠠᠶᠢᠳᠠᠪᠤᠷᠢᠵᠢᠭᠤᠯᠵᠤ ᠪᠣᠳᠠᠲᠠᠶᠢᠵᠢᠭᠤᠯᠤᠨ᠎ᠠ᠃ ︽ᠹᠧᠩ | ᠴᠢᠶᠤᠤ ᠶᠢᠨ ᠲᠤᠷᠰᠢᠯᠭ᠎ᠠ︾ ᠶᠢ ᠥᠪᠥᠷ ᠮᠣᠩᠭᠤᠯ ᠳᠤ ᠦᠢᠯᠡᠳᠦᠯᠭᠡᠵᠢᠭᠦᠯᠬᠦ ᠶᠢ ᠭᠦᠨᠵᠡᠭᠡᠶᠢᠷᠡᠭᠦᠯᠦᠨ᠂ ᠬᠤᠳᠠ ᠶᠢᠨ | ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠤ᠂ ᠨᠡᠶᠢᠭᠡᠮ ᠤᠨ ᠠᠵᠢᠯ ᠤᠨ | ᠲᠣᠭᠲᠠᠯᠴᠠᠭ᠎ᠠ ᠶᠢ ᠪᠦᠷᠢᠨᠰᠢᠭᠦᠯᠵᠦ᠂ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠪᠦᠲᠦᠮᠵᠢᠳᠠᠢ ᠠᠷᠢᠯᠭᠠᠨ᠎ᠠ᠃ | ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠠᠮᠢᠳᠤ | ᠪᠣᠳᠠᠰ ᠤᠨ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ᠃ ᠠᠮᠤᠷ ᠲᠦᠪᠰᠢᠨ ᠤ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠨ ᠴᠢᠩᠭᠠᠷᠠᠭᠤᠯᠤᠨ᠂ ᠭᠤᠣᠯᠳᠠᠯᠭ᠎ᠠ ᠪᠣᠯᠬᠤ ᠬᠦᠷᠢᠶ᠎ᠡ ᠴᠠᠷᠠᠭᠠᠨ ᠳᠠᠬᠢ | ᠠᠶᠤᠯ ᠦᠭᠡᠢ ᠦᠢᠯᠡᠳᠪᠦᠷᠢᠯᠡᠯ ᠳᠤ ᠦᠨᠳᠦᠰᠦ ᠠᠴᠠ ᠨᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ | ᠥᠷᠨᠢᠭᠦᠯᠵᠦ᠂ ᠠᠶᠤᠯ ᠦᠭᠡᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ | ᠠᠵᠢᠯᠯᠠᠭᠠᠨ ᠤ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠦᠨ᠎ᠡ᠃ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ | ᠲᠤᠰᠠᠯᠠᠬᠤ ᠬᠦᠴᠦᠨ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠠᠷᠠᠭ᠎ᠠ ᠶᠢᠨ ᠨᠥᠭᠡᠴᠡ᠂ ᠣᠷᠣᠨ ᠪᠦᠰᠡ ᠶᠢᠨ | ᠴᠢᠨᠠᠷᠲᠠᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠰᠠᠭᠤᠷᠢᠨ ᠭᠠᠵᠠᠷ ᠪᠠ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠮᠡᠳᠡᠭᠡ ᠵᠠᠩᠭᠢᠴᠢᠯᠠᠬᠤ ᠪᠠᠶᠢᠭᠤᠯᠤᠯᠲᠠ ᠶᠢ ᠴᠢᠩᠭᠠᠳᠬᠠᠨ᠂ ᠭᠠᠮᠰᠢᠭ ᠢ | ᠰᠡᠷᠭᠡᠶᠢᠯᠡᠵᠦ ᠭᠠᠮᠰᠢᠭ ᠢ ᠪᠠᠭᠠᠰᠬᠠᠨ ᠭᠠᠮᠰᠢᠭ ᠠᠴᠠ ᠠᠪᠤᠷᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠠ᠃ ᠤᠯᠤᠰ ᠤᠨ | ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠠᠶᠢᠭᠤᠯᠤᠯᠲᠠ ᠶᠢ ᠳᠡᠮᠵᠢᠵᠤ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠳᠠᠶᠢᠴᠢᠯᠠᠯᠲᠠ᠂ ᠴᠡᠷᠢᠭ ᠪᠠ ᠠᠷᠠᠳ ᠤᠨ ᠬᠡᠷᠡᠭᠴᠡᠭᠡᠨ ᠤ ᠠᠭᠤᠰᠤᠯᠴᠠᠯ᠂ ᠠᠷᠠᠳ ᠤᠨ | ᠠᠭᠠᠷ ᠤᠨ ᠰᠡᠷᠭᠡᠶᠢᠯᠡᠯᠲᠡ ᠵᠡᠷᠭᠡ ᠠᠵᠢᠯ ᠢ ᠰᠠᠶᠢᠲᠤᠷ ᠬᠢᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ | ᠠᠵᠢᠯ ᠤᠨ ᠲᠣᠭᠲᠠᠯᠴᠠᠭ᠎ᠠ ᠪᠠ ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠦᠨ᠂ ᠴᠡᠷᠢᠭ ᠪᠠ ᠵᠠᠰᠠᠭ᠂ ᠴᠡᠷᠢᠭ ᠪᠠ | ᠠᠷᠠᠳ ᠪᠦᠯᠬᠦᠮᠳᠡᠨ ᠨᠢᠭᠡᠳᠴᠦ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠢ ᠰᠠᠬᠢᠨ ᠬᠠᠮᠠᠭᠠᠯᠠᠨ᠎ᠠ᠃ | | ᠳᠥᠷᠪᠡ᠂ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠪᠠ ᠬᠢᠷᠢ ᠲᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠦᠨ᠎ᠠ | ᠰᠢᠨ᠎ᠡ ᠴᠠᠭ ᠦᠶ᠎ᠡ ᠶᠢᠨ ᠵᠠᠰᠠᠭ ᠤᠨ ᠣᠷᠳᠣᠨ ᠤ ᠠᠵᠢᠯ ᠳᠤ ᠵᠠᠪᠠᠯ ᠰᠢᠨ᠎ᠡ ᠪᠠᠷᠢᠮᠵᠢᠶ᠎ᠠ ᠰᠢᠨ᠎ᠡ ᠴᠢᠨᠠᠷ | ᠴᠢᠨᠰᠠᠭ᠎ᠠ᠂ ᠰᠢᠨ᠎ᠡ ᠵᠢᠳᠬᠦᠯ ᠴᠢᠷᠮᠠᠶᠢᠯᠭ᠎ᠠ ᠰᠢᠨ᠎ᠡ ᠳᠦᠷᠰᠦ ᠪᠠᠶᠢᠳᠠᠯ ᠲᠠᠢ ᠪᠠᠶᠢᠯᠭᠠᠵᠤ᠂ ᠵᠠᠰᠠᠭ ᠤᠨ ᠣᠷᠳᠣᠨ ᠤ | ᠲᠤᠰ ᠪᠡᠶ᠎ᠡ ᠶᠢᠨ ᠪᠠᠶᠢᠭᠤᠯᠤᠯᠲᠠ ᠳᠤ ᠵᠠᠪᠠᠯ ᠰᠢᠨ᠎ᠡ ᠴᠢᠩᠭᠠᠷᠠᠯᠲᠠ ᠰᠢᠨ᠎ᠡ ᠳᠠᠪᠰᠢᠯᠳᠠ ᠲᠠᠢ ᠪᠣᠯᠭᠠᠨ᠎ᠠ᠃ | ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠨ᠎ᠡ᠃ ᠨᠠᠮ ᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠪᠠᠶᠢᠩᠭᠤᠵᠢᠬᠤ ᠪᠠ ᠤᠷᠲᠦ | ᠬᠤᠭᠤᠴᠠᠭᠠᠨ ᠤ ᠪᠦᠲᠦᠮᠵᠢᠲᠠᠢ ᠪᠠᠶᠢᠬᠤ ᠶᠢ ᠠᠬᠢᠭᠤᠯᠵᠤ᠂ ᠨᠠᠮ ᠳᠤ ᠪᠠᠨ ᠦᠨᠡᠨᠴᠢ ᠰᠢᠳᠤᠷᠭᠤ ᠪᠠᠶᠢᠬᠤ ᠬᠥᠮᠦᠵᠢᠯ ᠢ | ᠭᠦᠨᠵᠡᠭᠡᠶᠢᠷᠡᠭᠦᠯᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ | ᠂ ᠤᠯᠤᠰ ᠲᠦᠷᠦ ᠶᠢᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠦᠨ᠂ ︽ᠬᠤᠶᠠᠷ ᠢ | ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠠᠲᠤ ᠴᠢᠩᠭ᠎ᠠ ᠪᠠᠷ ᠪᠡᠶᠡᠯᠡᠭᠦᠯᠦᠨ᠂ | ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠳᠡᠭᠡᠷ᠎ᠡ ᠪᠠᠨ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ | ᠪᠤᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠯᠭᠠᠨ᠎ᠠ | ᠨᠢᠭᠡ ᠯᠠ ᠰᠡᠳᠬᠢᠯ ᠢᠶᠠᠷ ᠨᠠᠶᠢᠳᠠᠪᠤᠷᠢᠵᠢᠭᠤᠯᠬᠤ ᠶᠢ ᠠᠳᠬᠤᠨ᠎ᠠ᠃ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠲᠣᠭᠤᠷᠢᠨ ᠳᠤ ᠨᠢᠭᠲᠠ ᠤᠶᠠᠯᠳᠤᠭᠤᠯᠤᠨ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢᠨ ᠶᠣᠰᠣᠭᠠᠷ᠂ ᠲᠡᠷᠡ ᠶᠣᠰᠣᠭᠠᠷ ᠨᠢ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠨᠠᠶᠢᠳᠠᠪᠤᠷᠢᠵᠢᠭᠤᠯᠤᠯᠲᠠ ᠶᠢ ᠴᠥᠬᠦᠷᠡᠰᠢ ᠦᠭᠡᠢ ᠠᠬᠢᠭᠤᠯᠤᠨ᠎ᠠ᠃ | ᠠᠵᠢᠯ ᠤᠨ ᠪᠠᠶᠢᠷᠢ ᠪᠣᠯ ᠬᠠᠷᠢᠭᠤᠴᠠᠯᠭ᠎ᠠ᠂ ᠲᠤᠰᠢᠶᠠᠯ ᠤᠨ ᠪᠠᠶᠢᠷᠢ ᠪᠣᠯ ᠬᠠᠷᠢᠭᠤᠴᠠᠯᠭ᠎ᠠ ᠪᠤᠯᠬᠤ ᠶᠢ ᠪᠠᠷᠢᠮᠲᠠᠯᠠᠵᠤ᠂ | ᠨᠠᠶᠢᠳᠠᠪᠤᠷᠢᠵᠢᠭᠤᠯᠬᠤ ᠦᠭᠡᠢ ᠪᠠ ᠪᠣᠳᠠᠲᠠᠢ ᠨᠠᠶᠢᠳᠠᠪᠤᠷᠢᠵᠢᠭᠤᠯᠬᠤ ᠦᠭᠡᠢ ᠪᠠᠶᠢᠬᠤ ᠦᠵᠡᠭᠳᠡᠯ ᠢ ᠡᠷᠡᠰ ᠲᠡᠪᠴᠢᠨ᠎ᠡ᠃ | ᠠᠵᠢᠯ ᠤᠨ ᠠᠷᠭ᠎ᠠ ᠪᠠᠷᠢᠯ ᠢᠶᠠᠨ ᠨᠡᠩ ᠴᠢᠩᠭ᠎ᠠ᠂ ᠨᠡᠩ ᠨᠠᠷᠢᠯᠢᠭ᠂ ᠨᠡᠩ ᠪᠣᠳᠠᠲᠠᠢ ᠪᠣᠯᠭᠠᠨ᠂ ᠨᠢᠭᠡᠳᠦᠭᠡᠷ | ᠹᠷᠤᠨᠲ ᠤᠨ ᠠᠵᠢᠯ ᠢ ᠪᠠᠶᠢᠩᠭᠤᠵᠢᠭᠤᠯᠬᠤ ᠪᠠ ᠪᠢᠲᠡᠭᠦᠦ ᠴᠥᠷᠬᠡᠯᠡᠨ ᠨᠠᠶᠢᠳᠠᠪᠤᠷᠢᠵᠢᠭᠤᠯᠬᠤ ᠶᠢ ᠤᠷᠲᠤ | ᠬᠤᠭᠤᠴᠠᠭᠠᠨ ᠳᠤ ᠪᠦᠲᠦᠮᠵᠢᠲᠡᠢ ᠪᠠᠶᠢᠯᠭᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠦᠷᠭᠦᠯᠵᠢᠯᠡᠨ | ᠬᠥᠩᠭᠡᠷᠡᠭᠦᠯᠵᠦ᠂ ᠬᠠᠷᠢᠭᠤᠴᠠᠯᠭ᠎ᠠ ᠡᠭᠦᠷᠭᠡᠯᠡᠬᠦ ᠦᠭᠡᠢ᠂ ᠵᠢᠳᠬᠦᠯ ᠴᠢᠷᠮᠠᠶᠢᠯᠭ᠎ᠠ ᠭᠠᠷᠭᠠᠬᠤ ᠦᠭᠡᠢ᠂ ᠠᠯᠭᠤᠷᠯᠠᠨ | ᠠᠵᠢᠯᠯᠠᠬᠤ᠂ ᠥᠩᠭᠡᠪᠴᠢ ᠠᠵᠢᠯ ᠬᠢᠬᠦ᠂ ᠠᠵᠢᠯ ᠢᠶᠠᠨ ᠰᠣᠬᠤᠷ ᠪᠠᠯᠠᠢ ᠪᠠᠷ ᠳᠡᠯᠭᠡᠨ ᠦᠷᠦᠬᠦ ᠶᠢ ᠡᠷᠡᠰ ᠡᠰᠡᠷᠭᠦᠴᠡᠵᠦ | ᠂ ᠲᠣᠭᠲᠠᠭᠰᠠᠨ ᠠᠵᠢᠯ ᠶᠠᠪᠤᠳᠠᠯ ᠢ ᠴᠢᠩᠭ᠎ᠠ ᠠᠳᠬᠤᠨ ᠱᠠᠯᠠᠪᠳᠠᠨ ᠭᠦᠢᠴᠡᠳᠬᠡᠵᠦ᠂ ᠦᠷ᠎ᠡ ᠪᠦᠲᠦᠮᠵᠢ ᠭᠠᠷᠭᠠᠵᠤ᠂ | ᠦᠷ᠎ᠡ ᠳ᠋ᠦᠩ ᠲᠠᠢ ᠪᠣᠯᠭᠠᠬᠤ ᠬᠡᠷᠡᠭᠲᠡᠢ᠃ ᠰᠡᠳᠬᠢᠯ ᠲᠠᠯᠪᠢᠵᠤ ᠪᠣᠳᠠᠲᠠᠢ ᠶᠠᠪᠤᠳᠠᠯ ᠢ ᠬᠢᠴᠢᠶᠡᠩᠭᠦᠢ ᠭᠦᠢᠴᠡᠳᠬᠡᠨ᠎ᠡ᠃ | ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠬᠢᠨᠠᠮᠠᠭᠠᠢ ᠦᠢᠯᠡᠳᠦᠯᠭᠡᠵᠢᠭᠦᠯᠵᠦ᠂ | ᠤᠯᠠᠨ ᠲᠦᠮᠡᠨ ᠤ ᠠᠷᠰᠠᠷ ᠤᠴᠢᠷ ᠶᠠᠪᠤᠳᠠᠯ ᠢ ᠲᠣᠮᠣ ᠠᠵᠢᠯ ᠶᠠᠪᠤᠳᠠᠯ ᠢᠶᠠᠷ ᠦᠵᠡᠵᠦ᠂ ᠤᠯᠠᠨ ᠲᠦᠮᠡᠨ ᠤ | ᠶᠠᠭᠠᠷᠠᠯᠲᠠᠢ ᠤᠴᠢᠷ ᠬᠦᠴᠢᠷᠲᠡᠢ ᠶᠠᠪᠤᠳᠠᠯ ᠢ ᠴᠢᠬᠤᠯᠠ ᠠᠵᠢᠯ ᠶᠠᠪᠤᠳᠠᠯ ᠪᠣᠯᠭᠠᠵᠤ᠂ ︽ᠪᠢ ᠤᠯᠠᠨ ᠲᠦᠮᠡᠨ ᠳᠤ | ᠪᠣᠳᠠᠲᠠᠢ ᠶᠠᠪᠤᠳᠠᠯ ᠬᠢᠬᠦ︾ ᠶᠢ ᠦᠷᠭᠦᠯᠵᠢᠯᠡᠨ ᠠᠬᠢᠭᠤᠯᠤᠨ᠎ᠠ᠃ ᠰᠢᠨ᠎ᠡ ᠴᠠᠭ ᠦᠶ᠎ᠡ ᠶᠢᠨ ᠨᠠᠮ ᠤᠨ ᠤᠯᠠᠨ | ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠡᠯ᠎ᠡ ᠱᠠᠲᠤᠨ ᠤ ᠵᠠᠰᠠᠭ ᠤᠨ ᠣᠷᠳᠣᠨ ᠤᠳᠤᠷᠢᠳᠬᠤ ᠺᠠᠳ᠋ᠷ ᠤᠨ | ᠰᠤᠷᠪᠤᠯᠵᠢᠯᠠᠯ ᠭᠥᠯᠢᠶᠡᠨ ᠠᠪᠬᠤ ᠲᠣᠭᠲᠠᠴᠠ ᠶᠢ ᠪᠠᠶᠢᠭᠤᠯᠤᠨ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ | ᠨᠢᠭᠤᠷᠳᠠᠨ ᠰᠣᠨᠣᠰᠴᠤ᠂ ᠣᠯᠠᠨ ᠲᠦᠮᠡᠨ ᠤ ᠠᠰᠠᠭᠤᠳᠠᠯ ᠢ ᠦᠨᠡᠨ ᠪᠣᠳᠠᠲᠠᠢ ᠪᠠᠷ ᠰᠢᠢᠳᠪᠦᠷᠢᠯᠡᠨ᠂ ᠠᠵᠤ | ᠠᠬᠤᠶᠢᠯᠠᠯ ᠳᠤ ᠦᠨᠡᠨ ᠰᠡᠳᠬᠢᠯ ᠢᠶᠠᠷ ᠢᠶᠠᠨ ᠦᠢᠯᠡᠴᠢᠯᠡᠨ᠎ᠡ᠃ ︽ᠠᠯᠪᠠᠨ ᠤ ᠭᠤᠷᠪᠠᠨ︾ ᠵᠠᠷᠤᠳᠠᠯ ᠢ ᠴᠢᠩᠭ᠎ᠠ | ᠬᠢᠵᠠᠭᠠᠷᠯᠠᠨ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠭᠤᠣᠯᠳᠠᠯᠭ᠎ᠠ ᠶᠢᠨ ᠪᠤᠰᠤ ᠪᠠ ᠵᠠᠪᠠᠯ ᠬᠡᠷᠡᠭᠰᠡᠬᠦ | ᠪᠤᠰᠤ ᠴᠢᠨᠠᠷᠲᠠᠢ ᠵᠠᠷᠤᠯᠭ᠎ᠠ ᠶᠢᠨ ᠲᠥᠰᠥᠪ ᠢ ᠳᠠᠬᠢᠨᠲᠠ 29.5 ᠳ᠋ᠦᠩᠰᠢᠭᠤᠷ ᠲᠥᠭᠦᠷᠢᠭ ᠬᠠᠰᠤᠨ᠎ᠠ᠂ ᠡᠯ᠎ᠡ ᠱᠠᠲᠤ | ᠡᠯ᠎ᠡ ᠭᠠᠵᠠᠷ ᠤᠨ ᠵᠠᠷᠤᠯᠭ᠎ᠠ ᠪᠠᠨ ᠠᠷᠪᠢᠯᠠᠵᠤ ᠠᠷᠪᠢᠴᠢ ᠭᠠᠮᠲᠠᠢ ᠪᠠᠶᠢᠬᠤ ᠶᠢ ᠳᠠᠶᠢᠴᠢᠯᠠᠵᠦ᠂ ᠪᠦᠷᠢᠯᠭᠡᠨ ᠰᠦᠢᠳᠬᠡᠬᠦ | ᠪᠠ ᠵᠠᠷᠤᠯᠭ᠎ᠠ ᠶᠡᠬᠡᠲᠡᠢ ᠪᠠᠶᠢᠬᠤ ᠶᠢ ᠡᠷᠡᠰ ᠡᠰᠡᠷᠭᠦᠴᠡᠨ᠂ ᠵᠠᠷᠤᠳᠠᠯ ᠮᠥᠩᠭᠦ ᠪᠦᠭᠦᠨ ᠢ ᠠᠷᠪᠢᠲᠠᠢ ᠭᠠᠮᠲᠠᠢ ᠬᠡᠷᠡᠭᠯᠡᠵᠦ᠂ | ᠠᠵᠢᠯ ᠶᠠᠪᠤᠳᠠᠯ ᠪᠦᠭᠦᠨ ᠢ ᠪᠦᠷᠢᠨ ᠰᠠᠶᠢᠨ ᠭᠦᠢᠴᠡᠳᠬᠡᠨ᠎ᠡ᠃ | ᠠᠷᠢᠭᠤᠨ ᠴᠢᠬᠡᠴᠢ ᠪᠠᠷ ᠠᠵᠢᠯᠯᠠᠵᠤ ᠦᠢᠯᠡᠰ ᠪᠦᠲᠦᠭᠡᠨ᠎ᠡ᠃ ᠨᠠᠮ ᠢ ᠬᠠᠮᠢᠶᠠᠷᠴᠤ ᠨᠠᠮ ᠢ ᠵᠠᠰᠠᠬᠤ | ᠬᠠᠷᠢᠭᠤᠴᠠᠯᠭ᠎ᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠥᠪ ᠤᠨ ᠨᠠᠢᠮᠠᠨ ᠵᠦᠢᠯ ᠤᠨ | ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ᠡᠯ᠎ᠡ ᠵᠦᠢᠯ ᠤᠨ ᠰᠠᠬᠢᠯᠭ᠎ᠠ ᠪᠠᠲᠤ ᠪᠠ ᠶᠣᠰᠣ | ᠳᠦᠷᠢᠮ ᠢ ᠴᠢᠩᠭ᠎ᠠ ᠵᠢᠷᠤᠮᠯᠠᠨ ᠰᠠᠬᠢᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ | ᠪᠣᠯᠭᠢᠴᠢᠯᠠᠬᠤ᠂ ᠠᠷᠠᠯᠵᠢᠶᠠᠴᠢᠯᠠᠬᠤ ᠶᠢ ᠰᠡᠷᠭᠡᠶᠢᠯᠡᠨ ᠬᠤᠷᠢᠭᠯᠠᠵᠤ᠂ ︽ᠲᠦᠷᠪᠡᠨ ᠰᠤᠷᠲᠠᠯ︾ ᠤᠨ ᠠᠰᠠᠭᠤᠳᠠᠯ | ᠢᠯᠠᠩᠭᠤᠶ᠎ᠠ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠤᠳ ᠴᠣᠬᠤᠶᠢᠮᠠᠭᠴᠠ ᠳᠠᠷᠤᠵᠤ᠂ | ᠢᠯᠵᠠᠷᠠᠯ ᠤᠨ ᠦᠵᠡᠭᠳᠡᠯ ᠳᠤ ᠥᠴᠥᠬᠡᠨ ᠴᠦ ᠢᠯᠳᠠᠷ ᠬᠠᠶᠠᠬᠤ ᠦᠭᠡᠢ ᠪᠠᠶᠢᠵᠤ᠂ ᠴᠢᠩᠭ᠎ᠠ ᠪᠠᠶᠢᠯᠭᠠᠬᠤ ᠭᠤᠣᠯ | ᠦᠨᠳᠦᠰᠦᠨ ᠰᠠᠨᠠᠭ᠎ᠠ ᠶᠢ ᠵᠠᠰᠠᠭ ᠤᠨ ᠣᠷᠳᠣᠨ ᠤ ᠰᠢᠰᠲ᠋ᠧᠮ ᠳᠤ ᠲᠦᠢᠯᠪᠤᠷᠢᠲᠠᠢ ᠲᠤᠭᠤᠰᠢᠯᠠᠭᠤᠯᠤᠨ᠂ ᠰᠤᠷᠲᠠᠯ | ᠴᠢᠬᠡᠴᠢ ᠣᠪᠣᠷ ᠲᠥᠪ᠂ ᠠᠵᠢᠯ ᠬᠢᠵᠦ ᠦᠢᠯᠡᠰ ᠪᠦᠲᠦᠭᠡᠬᠦ ᠤᠯᠤᠰ ᠲᠦᠷᠦ ᠶᠢᠨ ᠠᠮᠢ ᠠᠬᠤᠢ ᠶᠢ ᠴᠢᠷᠮᠠᠶᠢᠨ ᠪᠣᠢ | ᠪᠣᠯᠭᠠᠨ᠎ᠠ᠃ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠳᠦᠷᠢᠮ ᠢᠶᠠᠷ | ᠡᠷᠬᠡ ᠶᠢ ᠬᠠᠮᠢᠶᠠᠷᠬᠤ᠂ ᠠᠵᠢᠯ ᠶᠠᠪᠤᠳᠠᠯ ᠢ ᠬᠠᠮᠢᠶᠠᠷᠬᠤ᠂ ᠠᠵᠢᠯᠲᠠᠨ ᠢᠶᠠᠨ ᠬᠠᠮᠢᠶᠠᠷᠬᠤ ᠶᠢ ᠪᠠᠷᠢᠮᠲᠠᠯᠠᠵᠤ᠂ | ᠢᠲᠡᠭᠡᠮᠵᠢ ᠪᠠᠶᠢᠵᠤ ᠠᠮᠠᠯᠠᠯᠲᠠ ᠪᠠᠨ ᠪᠡᠶᠡᠯᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠂ ᠬᠡᠯᠡᠪᠡᠰᠦ ᠢᠲᠡᠭᠡᠮᠵᠢᠲᠡᠢ | ᠬᠢᠪᠡᠰᠦ ᠪᠦᠲᠦᠮᠵᠢᠲᠡᠢ ᠪᠠᠶᠢᠵᠤ᠂ ︽ᠰᠢᠨ᠎ᠡ ᠲᠤᠰᠢᠶᠠᠯᠲᠠᠨ ᠨᠢ ᠬᠠᠭᠤᠴᠢᠨ ᠳᠠᠩᠰᠠ ᠶᠢ ᠬᠠᠮᠢᠶᠠᠷᠬᠤ ᠦᠭᠡᠢ︾ | ᠪᠠᠶᠢᠵᠤ ᠣᠭᠲᠤ ᠪᠤᠯᠬᠤ ᠦᠭᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ᠂ | ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠲᠠᠯᠪᠢᠬᠤ᠂ ᠬᠢᠨᠠᠨ ᠪᠠᠶᠢᠴᠠᠭᠠᠬᠤ ᠲᠠᠯ᠎ᠠ ᠶᠢᠨ ᠬᠢᠨᠠᠯᠲᠠ ᠲᠠᠯᠪᠢᠬᠤ᠂ | ᠬᠠᠤᠯᠢ ᠴᠠᠭᠠᠵᠠ ᠶᠢᠨ ᠬᠢᠨᠠᠯᠲᠠ ᠲᠠᠯᠪᠢᠬᠤ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ᠂ ᠨᠡᠶᠢᠭᠡᠮ ᠤᠨ ᠬᠢᠨᠠᠯᠲᠠ | ᠲᠠᠯᠪᠢᠬᠤ᠂ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠬᠢᠨᠠᠨ | ᠪᠣᠳᠣᠯᠲᠠ ᠪᠠᠷ ᠬᠢᠨᠠᠯᠲᠠ ᠲᠠᠯᠪᠢᠬᠤ ᠶᠢ ᠴᠢᠩᠭᠠᠷᠠᠭᠤᠯᠤᠨ᠂ ᠬᠢᠨᠠᠯᠲᠠ ᠲᠠᠯᠪᠢᠯᠲᠠ ᠶᠢᠨ ᠳᠣᠣᠷ᠎ᠠ ᠠᠵᠢᠯ ᠥᠷᠨᠢᠭᠦᠯᠬᠦ | ᠳᠠᠳᠬᠠᠯ ᠲᠠᠢ ᠪᠣᠯᠵᠤ᠂ ᠬᠢᠨᠠᠯᠲᠠ ᠲᠠᠯᠪᠢᠯᠲᠠ ᠶᠢᠨ ᠳᠤᠮᠳᠠ ᠡᠭᠦᠷᠭᠡ ᠬᠠᠷᠢᠭᠤᠴᠠᠯᠭ᠎ᠠ ᠪᠠᠨ ᠴᠢᠳᠠᠮᠠᠭᠠᠢ | ᠭᠦᠢᠴᠡᠳᠬᠡᠨ᠎ᠡ᠃ | ᠲᠥᠯᠥᠭᠡᠯᠡᠭᠴᠢᠳ ᠠ᠋︕ ᠰᠢᠨ᠎ᠡ ᠴᠠᠭ ᠦᠶ᠎ᠡ ᠪᠢᠳᠠᠨ ᠳᠤ ᠥᠩᠭᠡ ᠬᠡᠷᠡᠯᠳᠦ ᠬᠠᠷᠢᠭᠤᠴᠠᠯᠭ᠎ᠠ ᠡᠭᠦᠷᠭᠡᠯᠡᠯ | ᠣᠯᠭᠤᠵᠤ᠂ ᠰᠢᠨ᠎ᠡ ᠠᠶᠠᠨ ᠵᠠᠮ ᠪᠢᠳᠠᠨ ᠢ ᠡᠷᠡᠮᠡᠬᠡᠶᠢᠯᠡᠨ ᠤᠷᠤᠭᠰᠢᠯᠠᠭᠤᠯᠬᠤ ᠪᠠᠷ ᠤᠷᠢᠶᠠᠯᠠᠵᠤ ᠪᠠᠶᠢᠨ᠎ᠠ︕ ᠪᠢᠳᠡ | ᠰᠢ ᠶᠢᠨ ᠫᠢᠩ ᠨᠥᠬᠦᠷ ᠢᠶᠠᠷ ᠭᠤᠣᠯ ᠪᠤᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠴᠢᠩᠭ᠎ᠠ | ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠦᠯᠬᠦᠮᠳᠡᠯ ᠳᠠᠭᠠᠭᠤᠯᠭ᠎ᠠ | ᠳᠣᠣᠷ᠎ᠠ᠂ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠲᠠᠢ ᠬᠠᠮᠲᠤ ᠪᠠᠷ ᠬᠦᠰᠡᠯ ᠨᠠᠶᠢᠳᠠᠯᠭ᠎ᠠ ᠶᠢ | ᠪᠠᠲᠤ ᠴᠡᠭᠡᠵᠢᠯᠡᠨ᠂ ᠡᠨᠡᠷᠢᠯ ᠳᠤ ᠲᠠᠯᠠᠷᠬᠠᠵᠤ ᠡᠷᠡᠯᠬᠡᠭᠯᠡᠨ ᠤᠷᠤᠭᠰᠢᠯᠠᠵᠤ᠂ ᠰᠠᠬᠢᠨ ᠪᠠᠷᠠᠯᠠᠵᠦ ᠬᠠᠷᠢᠯᠴᠠᠨ | ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ | ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ | ᠪᠦᠲᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠳᠤ ᠨᠡᠩ ᠶᠡᠭᠡ | ᠰᠢᠨ᠎ᠡ ᠬᠤᠪᠢ ᠨᠡᠮᠡᠷᠢ ᠦᠵᠡᠭᠦᠯᠦᠶ᠎ᠡ︕ | | | |