ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠠᠵᠢᠯ ᠤᠨ ᠶᠡᠷᠦᠩᠬᠡᠶ ᠥᠷᠲᠡᠭᠡ ᠪᠥᠬᠦ ᠣᠷᠣᠨ ᠤ 1300 ᠲᠦᠮᠡᠨ ᠮᠥ ᠡᠪᠡᠰᠦ ᠳᠠᠷᠢᠬᠤ ᠪᠠ ᠨᠤᠲᠤᠭ ᠪᠡᠯᠴᠢᠭᠡᠷ ᠢ ᠰᠠᠶᠢᠵᠢᠷᠠᠭᠤᠯᠬᠤ ᠡᠭᠦᠷᠭᠡ ᠶᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2023/2/16
     ᠪᠦᠬᠦ ᠣᠷᠣᠨ ᠤ ᠣᠨ ᠤ ᠡᠪᠡᠰᠦ ᠳᠠᠷᠢᠬᠤ ᠪᠠ ᠨᠤᠲᠤᠭ ᠪᠡᠯᠴᠢᠭᠡᠷ ᠢ ᠰᠠᠶᠢᠵᠢᠷᠠᠭᠤᠯᠬᠤ ᠡᠭᠦᠷᠭᠡ ᠶᠢ ᠦᠨᠳᠦᠰᠦᠯᠡᠨ᠂ ᠣᠶ ᠰᠢᠭᠤᠶ ᠪᠠ ᠨᠤᠲᠤᠭ ᠪᠡᠯᠴᠢᠭᠡᠷ ᠤᠨ ᠠᠵᠢᠯ ᠤᠨ ᠶᠡᠷᠦᠩᠬᠡᠶ ᠥᠷᠲᠡᠭᠡ 2022 ᠣᠨ ᠤ ᠡᠯ᠎ᠡ ᠠᠶᠢᠮᠠᠭ ᠬᠤᠲᠠ ᠶᠢᠨ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠲᠠᠢ ᠤᠶᠠᠯᠳᠤᠭᠤᠯᠤᠨ᠂ ᠣᠶᠢᠷ᠎ᠠ ᠳᠤ ᠲᠤᠰᠬᠠᠶ ᠰᠡᠳᠦᠪᠲᠦ ᠪᠠᠶᠢᠷᠢᠯᠠᠭᠤᠯᠤᠯᠲᠠ ᠬᠢᠵᠦ᠂ 2023 ᠣᠨ ᠤ 1300 ᠲᠦᠮᠡᠨ ᠮᠥ ᠡᠪᠡᠰᠦ ᠲᠠᠷᠢᠬᠤ ᠪᠠ ᠨᠤᠲᠤᠭ ᠪᠡᠯᠴᠢᠭᠡᠷ ᠢ ᠰᠠᠶᠢᠵᠢᠷᠠᠭᠤᠯᠬᠤ ᠡᠭᠦᠷᠭᠡ ᠶᠢ ᠠᠶᠢᠮᠠᠭ ᠬᠤᠲᠠ᠂ ᠬᠤᠰᠢᠭᠤ ᠰᠢᠶᠠᠨ ᠳᠤ ᠬᠤᠪᠢᠶᠠᠷᠢᠯᠠᠨ ᠪᠠᠭᠤᠯᠭᠠᠵᠤ᠂ ᠡᠯ᠎ᠡ ᠭᠠᠵᠠᠷ ᠤᠨ ᠣᠨ ᠤ ᠬᠡᠷᠡᠭᠵᠢᠭᠦᠯᠬᠦ ᠲᠥᠰᠦᠯ ᠢ ᠦᠨᠳᠦᠰᠦᠯᠡᠨ᠂ ᠰᠠᠷ᠎ᠠ ᠶᠢᠨ ᠮᠡᠳᠡᠭᠦᠯᠦᠯᠲᠡ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠠᠷ᠎ᠠ ᠪᠦᠷᠢ ᠶᠢᠨ 30᠎ ᠤ ᠡᠳᠦᠷ ᠠᠴᠠ ᠡᠮᠦᠨ᠎ᠡ ︽ᠥᠪᠥᠷ ᠮᠣᠩᠭᠤᠯ ᠤᠨ ᠨᠤᠲᠤᠭ ᠪᠡᠯᠴᠢᠭᠡᠷ ᠤᠨ ᠠᠵᠢᠯ ᠤᠨ ᠠᠬᠢᠴᠠ ᠶᠢ ᠳᠡᠭᠡᠭᠰᠢ ᠮᠡᠳᠡᠭᠦᠯᠬᠦ ᠰᠢᠰᠲ᠋ᠧᠮ︾᠎ ᠢᠶᠠᠷ ᠳᠠᠮᠵᠢᠭᠤᠯᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠠᠵᠢᠯ ᠤᠨ ᠶᠡᠷᠦᠩᠬᠡᠶ ᠥᠷᠲᠡᠭᠡ ᠳᠤ ᠬᠤᠷᠢᠶᠠᠩᠭᠤᠶᠢᠯᠠᠨ ᠮᠡᠳᠡᠭᠦᠯᠵᠦ᠂ ᠬᠤᠯᠪᠣᠭᠳᠠᠯ ᠪᠥᠬᠦᠶ ᠪᠠᠶᠢᠴᠠᠭᠠᠨ ᠰᠤᠳᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠢᠶᠠᠷ ᠳᠥᠯᠭᠢᠨ ᠠᠬᠢᠭᠤᠯᠬᠤ ᠪᠣᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号