ᠵᠠᠩ ᠰᠢᠶᠤᠤ ᠪᠢᠩ ᠡᠪᠡᠰᠦᠨ ᠤ ᠠᠵᠤ ᠦᠢᠯᠡᠰ ᠤᠨ ᠲᠠᠯ᠎ᠠ ᠨᠤᠲᠤᠭ ᠤᠨ ᠵᠤᠭᠠᠴᠠᠯ ᠤᠨ ᠠᠵᠢᠯ ᠤᠨ ᠪᠠᠶᠢᠳᠠᠯ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2023/2/20
     2 ᠳ᠋ᠤᠭᠠᠷ ᠰᠠᠷ᠎ᠠ ᠶᠢᠨ 18᠎ ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠰᠢᠶᠤᠤ ᠪᠢᠩ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠬᠦᠷᠴᠦ ᠡᠪᠡᠰᠦᠨ ᠤ ᠠᠵᠤ ᠦᠢᠯᠡᠰ᠂ ᠲᠠᠯ᠎ᠠ ᠨᠤᠲᠤᠭ ᠤᠨ ᠵᠢᠭᠤᠯᠴᠢᠯᠠᠯ ᠤᠨ ᠠᠵᠢᠯ ᠤᠨ ᠪᠠᠶᠢᠳᠠᠯ ᠢ ᠰᠢᠨᠵᠢᠯᠡᠨ ᠪᠠᠶᠢᠴᠠᠭᠠᠪᠠ᠃      ᠵᠠᠩ ᠰᠢᠶᠤᠤ ᠪᠢᠩ ᠬᠡᠯᠡᠬᠦ ᠳᠡᠭᠡᠨ᠂ ᠡᠪᠡᠰᠦᠨ ᠤ ᠠᠵᠤ ᠦᠢᠯᠡᠰ ᠢ ᠶᠡᠭᠡ ᠪᠠᠷ ᠬᠥᠭᠵᠢᠭᠦᠯᠪᠡᠯ ᠨᠤᠲᠤᠭ ᠪᠡᠯᠴᠢᠭᠡᠷ ᠤᠨ ᠠᠮᠢ ᠠᠬᠤᠶ ᠶᠢ ᠰᠠᠶᠢᠵᠢᠷᠠᠭᠤᠯᠬᠤ᠂ ᠮᠠᠯ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠵᠡᠷᠭᠡ ᠣᠯᠠᠨ ᠲᠠᠯ᠎ᠠ ᠶᠢᠨ ᠦᠷ᠎ᠡ ᠠᠰᠢᠭ ᠢ ᠣᠯᠵᠤ ᠪᠣᠯᠬᠤ ᠪᠥᠭᠡᠳ ᠨᠢᠭᠡ ᠯᠡ ᠳᠡᠭᠡᠷ᠎ᠡ ᠣᠯᠠᠨ ᠵᠦᠢᠯ‌‍ᠯ ᠢ ᠪᠦᠲᠦᠭᠡᠬᠦ ᠰᠠᠶᠢᠨ ᠶᠠᠪᠤᠳᠠᠯ ᠪᠣᠯᠤᠨ᠎ᠠ᠃ ᠬᠢᠩᠭᠠᠨ ᠠᠶᠢᠮᠠᠭ ᠪᠣᠯ ᠬᠤᠨᠢᠨ ᠡᠪᠡᠰᠦᠨ ᠤ ᠡᠬᠡ ᠨᠤᠲᠤᠭ ᠮᠥᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠡᠷᠬᠢᠨ ︽ᠡᠪᠡᠰᠦ ᠳᠠᠷᠢᠬᠤ︾ ᠲᠣᠭᠤᠷᠢᠨ ᠳᠤ ᠢᠯᠡᠭᠦᠬᠡᠨ ᠪᠣᠳᠣᠯᠬᠢᠯᠠᠵᠤ᠂ ᠢᠯᠡᠭᠦᠬᠡᠨ ᠠᠷᠭ᠎ᠠ ᠰᠦᠪᠡᠭᠴᠢᠯᠡᠵᠦ᠂ ᠲᠥᠷᠥᠯ ᠵᠦᠢᠯ ᠤᠨ ᠲᠤᠯᠭᠠᠭᠤᠷᠢᠯᠠᠯ ᠢ ᠤᠯᠠᠮ ᠨᠢᠭᠡ ᠠᠯᠬᠤᠮ ᠴᠢᠩᠭᠠᠳᠬᠠᠵᠤ᠂ ᠡᠷᠴᠢᠮ ᠢᠶᠠᠨ ᠴᠢᠩᠭᠠᠷᠠᠭᠤᠯᠤᠨ ᠮᠠᠨ ᠤ ᠠᠶᠢᠮᠠᠭ ᠤᠨ ᠡᠪᠡᠰᠦᠨ ᠤ ᠠᠵᠤ ᠦᠢᠯᠡᠰ ᠢ ᠰᠠᠶᠢᠲᠤᠷ ᠬᠢᠬᠦ ᠬᠡᠷᠡᠭᠲᠡᠶ᠃ ᠬᠤᠰᠢᠭᠤ ᠰᠢᠶᠠᠨ ᠬᠤᠲᠠ ᠪᠠᠷ ᠭᠤᠤᠯ ᠴᠣᠭᠴᠠ ᠪᠣᠯᠭᠠᠬᠤ ᠶᠢ ᠪᠠᠷᠢᠮᠲᠠᠯᠠᠨ᠂ ᠭᠠᠵᠠᠷ ᠰᠢᠷᠣᠶ᠂ ᠪᠠᠯᠠ ᠮᠥᠩᠭᠦ᠂ ᠥᠮᠴᠢᠲᠡᠨ ᠢ ᠨᠢᠭᠡᠳ ᠨᠢᠭᠡ ᠪᠠᠷ ᠨᠠᠶᠢᠳᠠᠪᠤᠷᠢᠵᠢᠭᠤᠯᠵᠤ᠂ ᠨᠡᠶᠢᠭᠡᠮ ᠤᠨ ᠬᠥᠷᠥᠩᠭᠡ ᠶᠢ ᠢᠳᠡᠪᠬᠢᠲᠡᠶ ᠪᠠᠷ ᠣᠷᠣᠭᠤᠯᠤᠨ ᠣᠷᠣᠯᠴᠠᠭᠤᠯᠵᠤ᠂ ᠡᠨᠡ ᠵᠢᠯ ᠤᠨ 20 ᠲᠦᠮᠡᠨ ᠮᠥ ᠬᠤᠨᠢ ᠡᠪᠡᠰᠦ ᠳᠠᠷᠢᠬᠤ ᠪᠠ ᠦᠷ᠎ᠡ ᠶᠢᠨ ᠰᠠᠭᠤᠷᠢᠨ ᠭᠠᠵᠠᠷ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠶᠡᠬᠡᠪᠡᠷ ᠠᠵᠢᠯᠯᠠᠵᠤ ᠲᠦᠷᠭᠡᠨ ᠠᠬᠢᠭᠤᠯᠬᠤ ᠬᠡᠷᠡᠭᠲᠡᠶ ᠭᠡᠪᠡ᠃ ᠵᠠᠩ ᠰᠢᠶᠤᠤ ᠪᠢᠩ ᠬᠡᠯᠡᠬᠦ ᠳᠡᠭᠡᠨ᠂ ᠰᠡᠭᠦᠯᠴᠢ ᠶᠢᠨ ᠬᠢᠵᠢᠭ ᠤᠨ ᠴᠠᠭ ᠦᠶ᠎ᠡ ᠶᠢᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠳᠤ ᠰᠢᠨ᠎ᠡ ᠠᠵᠠ ᠲᠣᠬᠢᠶᠠᠯ ᠣᠯᠭᠤᠵᠠᠶ᠂ ᠣᠳᠣ ᠪᠠᠷ ᠢᠶᠠᠨ ᠬᠥᠳᠡᠯᠦᠯᠴᠡᠵᠦ᠂ ᠳᠠᠷᠦ᠋ᠢᠬᠠᠨ ᠬᠢᠵᠦ᠂ ᠨᠢᠭᠡ ᠲᠠᠯ᠎ᠠ ᠪᠠᠷ ᠵᠢᠭᠤᠯᠴᠢᠯᠠᠯ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠳᠬᠤᠨ᠂ ᠠᠮᠢ ᠠᠬᠤᠶ ᠶᠢᠨ ᠠᠮᠤᠷ ᠲᠦᠪᠰᠢᠨ ᠪᠠ ᠶᠠᠰᠤ ᠴᠢᠨᠠᠷ ᠢ ᠦᠨᠡᠨ ᠬᠦ ᠪᠠᠲᠤᠯᠠᠭᠰᠠᠨ ᠤᠷᠢᠲᠠᠯ ᠳᠣᠤᠷ᠎ᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠵᠢᠭᠤᠯᠴᠢᠯᠠᠯ ᠤᠨ ᠦᠢᠯᠡᠰ ᠤᠨ ᠪᠠᠶᠢᠳᠠᠯ ᠢ ᠬᠦᠴᠦᠯᠡᠨ ᠪᠠᠶᠠᠯᠢᠭᠵᠢᠭᠤᠯᠵᠤ᠂ ᠨᠠᠩ ᠣᠯᠠᠨ ᠵᠢᠭᠤᠯᠴᠢᠯᠠᠯ ᠤᠨ ᠬᠠᠯᠠᠮᠰᠢᠯ ᠴᠡᠭ᠂ ᠬᠤᠳᠠᠯᠳᠤᠭᠠᠨ ᠤ ᠴᠡᠭ᠂ ᠭᠢᠯᠠᠰ ᠴᠡᠭ ᠢ ᠢᠳᠡᠪᠬᠢᠲᠡᠶ ᠪᠠᠷ ᠪᠣᠶ ᠪᠣᠯᠭᠠᠬᠤ ᠬᠡᠷᠡᠭᠲᠡᠶ︔ ᠨᠢᠭᠡ ᠲᠠᠯ᠎ᠠ ᠪᠠᠷ ᠤᠬᠠᠭᠤᠯᠵᠤ ᠡᠵᠡᠩᠨᠡᠨ ᠪᠣᠷᠣᠯᠠᠭᠤᠯᠬᠤ ᠶᠢ ᠠᠳᠬᠤᠵᠤ᠂ ᠣᠨᠴᠠᠯᠢᠭ ᠢᠶᠠᠨ ᠲᠤᠪᠤᠶᠢᠯᠭᠠᠨ᠂ ᠨᠡᠷᠡᠳᠤ ᠳᠡᠮᠳᠡᠭ ᠢ ᠴᠤᠤᠷᠢᠶᠠᠲᠤᠭᠤᠯᠵᠤ᠂ ᠣᠷᠣᠨ ᠤ ᠳᠣᠲᠣᠷ᠎ᠠ ᠭᠠᠳᠠᠨᠠᠬᠢ ᠵᠣᠴᠢᠳ ᠤᠨ ᠢᠷᠡᠯᠳᠡ ᠶᠢᠨ ᠵᠠᠬ᠎ᠠ ᠳᠡᠯᠭᠡᠭᠦᠷ ᠢ ᠢᠳᠡᠪᠬᠢᠲᠡᠢ ᠪᠠᠷ ᠨᠡᠭᠡᠭᠡᠵᠦ᠂ ᠬᠥᠮᠦᠰ ᠤᠨ ᠤᠷᠮ᠎ᠠ ᠵᠣᠷᠢᠭ ᠢ ᠬᠥᠭᠵᠢᠭᠡᠵᠦ᠂ ᠵᠤᠭᠠᠴᠠᠯ ᠤᠨ ᠦᠢᠯᠡᠰ ᠢ ᠬᠥᠭᠵᠢᠭᠡᠨ ᠲᠠᠢ ᠪᠣᠯᠭᠠᠬᠤ ᠪᠠᠷ ᠴᠢᠷᠮᠠᠶᠢᠨ᠎ᠠ᠃ ᠢᠯᠠᠩᠭᠤᠶ᠎ᠠ ᠲᠠᠯ᠎ᠠ ᠨᠤᠲᠤᠭ ᠤᠨ ᠵᠢᠭᠤᠯᠴᠢᠯᠠᠯ ᠢ ᠴᠢᠬᠤᠯᠠ ᠪᠠᠶᠢᠷᠢᠨ ᠳᠤ ᠲᠠᠯᠪᠢᠨ ᠠᠳᠬᠤᠵᠤ᠂ ᠲᠠᠯ᠎ᠠ ᠨᠤᠲᠤᠭ ᠤᠨ ᠵᠢᠭᠤᠯᠴᠢᠯᠠᠯ ᠤᠨ ᠪᠠᠶᠠᠷ᠂ ᠲᠠᠯ᠎ᠠ ᠨᠤᠲᠤᠭ ᠤᠨ ᠨᠠᠭᠠᠳᠤᠮ ᠵᠡᠷᠭᠡ ᠠᠵᠢᠯᠯᠠᠭ᠎ᠠ ᠶᠢ ᠴᠠᠭ ᠲᠤᠨᠢ ᠲᠣᠬᠢᠷᠠᠭᠤᠯᠤᠨ ᠡᠷᠬᠢᠯᠡᠵᠦ᠂ ᠬᠢᠩᠭᠠᠨ ᠠᠶᠢᠮᠠᠭ ᠤᠨ ᠲᠠᠯ᠎ᠠ ᠨᠤᠲᠤᠭ ᠤᠨ ᠵᠢᠭᠤᠯᠴᠢᠯᠠᠯ ᠤᠨ ᠨᠡᠷ᠎ᠡ ᠠᠯᠳᠠᠷ ᠢ ᠴᠢᠷᠮᠠᠶᠢᠨ ᠪᠠᠳᠠᠷᠠᠭᠤᠯᠵᠤ᠂ ᠪᠦᠬᠦ ᠤᠯᠤᠰ ᠤᠨ ᠲᠠᠯ᠎ᠠ ᠨᠤᠲᠤᠭ ᠤᠨ ᠵᠢᠭᠤᠯᠴᠢᠯᠠᠯ ᠤᠨ ᠲᠡᠷᠢᠭᠦᠨ ᠰᠣᠩᠭᠤᠯᠲᠠ ᠶᠢᠨ ᠭᠠᠵᠠᠷ᠂ ᠰᠢᠯᠢᠳᠡᠭ ᠰᠣᠩᠭᠤᠯᠲᠠ ᠶᠢᠨ ᠭᠠᠵᠠᠷ ᠢ ᠪᠦᠬᠦ ᠬᠦᠴᠦᠨ ᠢᠶᠠᠷ ᠢᠶᠠᠨ ᠪᠣᠢ ᠪᠣᠯᠭᠠᠬᠤ ᠬᠡᠷᠡᠭᠲᠡᠶ ᠭᠡᠪᠡ᠃  
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号