ᠬᠥᠬᠡᠬᠤᠲᠠ ᠴᠢᠭᠢᠭᠯᠢᠭ ᠭᠠᠵᠠᠷ ᠢ ᠬᠠᠮᠠᠭᠠᠯᠠᠬᠤ ᠠᠵᠢᠯ ᠢ ᠴᠢᠩᠭᠠᠳᠬᠠᠪᠠ
ᠨᠡᠶᠢᠲᠡᠯᠡᠭᠰᠡᠨ ᠴᠠᠭ᠄
2023/2/28
     2023 ᠣᠨ ᠤ 2 ᠰᠠᠷ᠎ᠠ ᠶᠢᠨ 2᠎ ᠤᠨ ᠡᠳᠦᠷ ᠪᠣᠯ 27 ᠳ᠋ᠤᠭᠠᠷ ︽ᠳᠡᠯᠡᠬᠡᠶ ᠶᠢᠨ ᠴᠢᠭᠢᠭᠯᠢᠭ ᠭᠠᠵᠠᠷ ᠤᠨ ᠡᠳᠦᠷ︾ ᠪᠣᠯᠬᠤ ᠪᠥᠭᠡᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠢᠭᠢᠭᠯᠢᠭ ᠭᠠᠵᠠᠷ ᠢ ᠬᠠᠮᠠᠭᠠᠯᠠᠬᠤ ᠬᠠᠤᠯᠢ︾᠎ ᠶᠢ ᠬᠡᠷᠡᠭᠵᠢᠭᠦᠯᠦᠭᠰᠡᠨ ᠤ ᠳᠠᠷᠠᠭᠠᠬᠢ ᠠᠩᠬᠠᠳᠠᠭᠴᠢ ︽ᠳᠡᠯᠡᠬᠡᠶ ᠶᠢᠨ ᠴᠢᠭᠢᠭᠯᠢᠭ ᠭᠠᠵᠠᠷ ᠤᠨ ᠡᠳᠦᠷ︾ ᠪᠣᠯᠤᠨ᠎ᠠ᠂ ᠪᠥᠬᠦ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠰᠢᠰᠲ᠋ᠧᠮ ᠤᠨ ᠬᠢᠨ ᠲᠣᠰ ᠤᠳᠠᠭᠠᠨ ᠤ ᠴᠢᠭᠢᠭᠯᠢᠭ ᠭᠠᠵᠠᠷ ᠢ ᠬᠠᠮᠠᠭᠠᠯᠠᠬᠤ ᠤᠬᠠᠭᠤᠯᠭ᠎ᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ 2023 ᠣᠨ ᠤ ᠳᠡᠯᠡᠬᠡᠢ ᠶᠢᠨ ᠴᠢᠭᠢᠭᠯᠢᠭ ᠭᠠᠵᠠᠷ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠶᠢᠨ ᠤᠬᠤᠷ ᠹᠢᠯᠢᠮ ᠦᠵᠡᠬᠦᠯᠬᠦ᠂ ᠴᠢᠭᠢᠭᠯᠢᠭ ᠭᠠᠵᠠᠷ ᠢ ᠬᠠᠮᠠᠭᠠᠯᠠᠵᠤ ᠰᠡᠷᠭᠦᠭᠡᠬᠦ ᠪᠣᠯᠪᠠᠰᠤᠷᠠᠯ ᠢ ᠥᠷᠨᠢᠭᠦᠯᠬᠦ᠂ ᠬᠠᠮᠢᠶ᠎ᠠ ᠪᠦᠬᠦᠢ ᠤᠬᠠᠭᠤᠯᠭ᠎ᠠ ᠶᠢᠨ ᠬᠠᠭᠤᠳᠠᠰᠤ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠳᠡᠪᠲᠡᠷ ᠲᠠᠷᠬᠠᠭᠠᠬᠤ ᠵᠡᠷᠭᠡ ᠤᠯᠠᠨ ᠵᠦᠢᠯ ᠤᠨ ᠬᠡᠯᠪᠡᠷᠢ ᠪᠠᠷ ᠭᠤᠣᠯ ᠴᠣᠭᠴᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ 5 ᠤᠳᠠᠭ᠎ᠠ ᠥᠷᠨᠢᠭᠦᠯᠪᠡ᠃ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠮᠠᠨ ᠤ ᠬᠤᠲᠠ ᠶᠢᠨ ᠣᠯᠠᠨ ᠲᠦᠮᠡᠨ ᠤ ᠴᠢᠭᠢᠭᠯᠢᠭ ᠭᠠᠵᠠᠷ ᠢ ᠬᠠᠮᠠᠭᠠᠯᠠᠬᠤ ᠤᠬᠠᠮᠰᠠᠷ ᠢ ᠴᠢᠩᠭᠠᠳᠬᠠᠵᠤ᠂ ᠨᠤᠭᠤᠭᠠᠨᠯᠢᠭ ᠠᠮᠢ ᠠᠬᠤᠶ ᠶᠢᠨ ᠬᠥᠭᠵᠢᠯᠲᠡ ᠶᠢᠨ ᠣᠨᠣᠯᠵᠢᠬᠤᠨ ᠢ ᠪᠣᠶ ᠪᠣᠯᠭᠠᠵᠤ᠂ ᠬᠥᠮᠦᠨ ᠪᠦᠬᠦᠨ ᠴᠢᠭᠢᠭᠯᠢᠭ ᠭᠠᠵᠠᠷ ᠢ ᠬᠠᠮᠠᠭᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ  ᠪᠤᠯᠭᠠᠬᠤ ᠶᠢ ᠠᠬᠢᠭᠤᠯᠤᠭᠰᠠᠨ ᠪᠠᠶᠢᠨ᠎ᠠ᠃      ᠣᠳᠣᠬᠠᠨ ᠳᠤ᠂ ᠬᠥᠬᠡᠬᠤᠲᠠ ᠶᠢᠨ ᠴᠢᠭᠢᠭᠯᠢᠭ ᠭᠠᠵᠠᠷ ᠤᠨ ᠲᠠᠯᠠᠪᠠᠶ ᠨᠡᠶᠢᠲᠡ 26.38 ᠲᠦᠮᠡᠨ ᠮᠥ ᠪᠠᠶᠢᠵᠤ᠂ ᠡᠭᠦᠨ ᠳᠤ᠄ ᠡᠪᠡᠰᠦᠲᠦ ᠭᠠᠵᠠᠷ 0.09 ᠲᠦᠮᠡᠨ ᠮᠥ᠂ ᠳᠣᠲᠣᠭᠠᠳᠤ ᠬᠠᠭᠤᠷᠠᠶ ᠶᠢᠨ  ᠰᠠᠶᠢᠷᠭᠠᠯ 26.29 ᠲᠦᠮᠡᠨ ᠮᠥ ᠪᠠᠶᠢᠨ᠎ᠠ᠃ ᠣᠶᠢᠷ᠎ᠠ ᠶᠢᠨ ᠵᠢᠯ ᠤᠳ ᠲᠤ᠂ ᠬᠥᠬᠡᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠴᠢᠭᠢᠭᠯᠢᠭ ᠭᠠᠵᠠᠷ ᠢ ᠬᠠᠮᠠᠭᠠᠯᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ︽ᠬᠥᠬᠡᠬᠤᠲᠠ ᠶᠢᠨ ᠴᠢᠭᠢᠭᠯᠢᠭ ᠭᠠᠵᠠᠷ ᠢ ᠬᠠᠮᠠᠭᠠᠯᠠᠬᠤ ᠲᠦᠷᠢᠮ︾᠎ ᠢ ᠨᠡᠶᠢᠲᠡᠯᠡᠨ ᠬᠡᠷᠡᠭᠵᠢᠭᠦᠯᠵᠦ᠂ ᠬᠥᠬᠡᠬᠤᠲᠠ ᠶᠢᠨ ᠲᠦᠷᠦᠭᠦᠤ ᠪᠦᠯᠦᠭ ᠤᠨ 7 ᠭᠤᠤᠯᠳᠠᠯᠭᠠᠲᠤ ᠴᠢᠭᠢᠭᠯᠢᠭ ᠭᠠᠵᠠᠷ ᠤᠨ ᠨᠡᠷᠡᠰ ᠢ ᠨᠡᠶᠢᠲᠡᠯᠡᠵᠦ᠂ ᠴᠢᠭᠢᠭᠯᠢᠭ ᠭᠠᠵᠠᠷ ᠢ ᠬᠠᠮᠠᠭᠠᠯᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠪᠠ︔ ᠤᠯᠤᠰ ᠤᠨ ᠴᠢᠭᠢᠭᠯᠢᠭ ᠭᠠᠵᠠᠷ ᠤᠨ ᠴᠡᠴᠡᠷᠯᠢᠭ ᠢᠶᠠᠷ ᠭᠤᠤᠯ ᠴᠣᠭᠴᠠ ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠪᠠᠶᠢᠭᠤᠯᠵᠤ᠂ ᠴᠢᠭᠢᠭᠯᠢᠭ ᠭᠠᠵᠠᠷ ᠢ ᠬᠠᠮᠠᠭᠠᠯᠠᠬᠤ ᠪᠠ ᠵᠦᠶ ᠵᠣᠬᠢᠰᠲᠠᠶ ᠠᠰᠢᠭᠯᠠᠬᠤ ᠶᠢᠨ ᠬᠠᠷᠢᠴᠠᠭ᠎ᠠ ᠶᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠰᠢᠢᠳᠪᠦᠷᠢᠯᠡᠪᠡ︔ ᠤᠯᠤᠰ ᠤᠨ ᠴᠢᠭᠢᠭᠯᠢᠭ ᠭᠠᠵᠠᠷ ᠤᠨ ᠴᠡᠴᠡᠷᠯᠢᠭ ᠤᠨ ᠬᠠᠮᠢᠶᠠᠷᠤᠯᠲᠠ ᠶᠢ ᠴᠢᠩᠭᠠᠳᠬᠠᠵᠤ᠂ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠨᠤᠭᠤᠭᠠᠷᠠᠭᠤᠯᠤᠯᠳᠠ ᠶᠢᠨ ᠢᠨᠵᠧᠨᠧᠷᠢᠩ ᠢ ᠥᠷᠨᠢᠭᠦᠯᠵᠦ᠂ ᠴᠢᠭᠢᠭᠯᠢᠭ ᠭᠠᠵᠠᠷ ᠤᠨ ᠬᠠᠮᠠᠭᠠᠯᠠᠯᠲᠠ ᠬᠠᠮᠢᠶᠠᠷᠤᠯᠲᠠ ᠶᠢ ᠴᠢᠩᠭᠠᠳᠬᠠᠪᠠ︔ ᠴᠢᠭᠢᠭᠯᠢᠭ ᠭᠠᠵᠠᠷ ᠤᠨ ᠠᠮᠢ ᠠᠬᠤᠶ ᠶᠢᠨ ᠪᠠᠶᠢᠳᠠᠯ ᠦᠷᠭᠦᠯᠵᠢᠯᠡᠨ ᠰᠠᠶᠢᠵᠢᠷᠠᠵᠤ᠂ ᠵᠢᠯ ᠪᠦᠷᠢ ᠬᠢᠯᠢ ᠪᠠᠷ ᠥᠩᠭᠡᠷᠡᠬᠦ ᠨᠡᠭᠦᠳᠡᠯ ᠤᠨ ᠰᠢᠪᠠᠭᠤ ᠠᠷᠪᠠ ᠭᠠᠷᠤᠶ ᠲᠦᠮᠡᠨ ᠲᠦᠷᠦᠯ ᠤᠨ ᠬᠡᠳᠦᠨ ᠠᠷᠪᠠᠨ ᠲᠦᠮᠡᠨ ᠲᠦᠷᠰᠦ ᠪᠠᠶᠢᠵᠤ᠂ ᠬᠥᠮᠦᠨ ᠬᠢᠭᠡᠳ ᠪᠠᠶᠢᠭᠠᠯᠢ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠪᠡᠶᠡᠯᠡᠬᠦᠯᠵᠦ ᠪᠤᠢ᠃       2023 ᠣᠨ ᠳᠤ᠂ ᠬᠥᠬᠡᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠲᠥᠪ ᠤᠨ ᠡᠳ᠋ ᠤᠨ ᠵᠠᠰᠠᠭ ᠲᠤ 700 ᠲᠦᠮᠡᠨ ᠲᠥᠭᠦᠷᠢᠭ ᠤᠨ ᠪᠡᠯᠡ ᠮᠥᠩᠭᠦ  ᠤᠷᠤᠭᠤᠯᠬᠤ ᠪᠠᠷ ᠲᠦᠯᠦᠪᠯᠡᠵᠦ᠂ ᠴᠢᠩ ᠱᠦᠶ ᠾᠧ ᠰᠢᠶᠠᠨ ᠤ ᠾᠦᠨ ᠾᠧ ᠤᠯᠤᠰ ᠤᠨ ᠴᠢᠭᠢᠭᠯᠢᠭ ᠭᠠᠵᠠᠷ ᠤᠨ ᠴᠡᠴᠡᠷᠯᠢᠭ ᠤᠨ ᠴᠢᠭᠢᠭᠯᠢᠭ ᠭᠠᠵᠠᠷ ᠢ ᠬᠠᠮᠠᠭᠠᠯᠠᠬᠤ ᠠᠵᠢᠯ ᠳᠤ ᠬᠡᠷᠡᠭᠯᠡᠵᠦ᠂ ᠴᠡᠴᠡᠷᠯᠢᠭ ᠤᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠲᠠᠷᠢᠶᠠᠯᠠᠬᠤ ᠶᠢ ᠵᠣᠭᠰᠣᠭᠠᠵᠤ ᠴᠢᠭᠢᠭᠯᠢᠭ ᠢ ᠰᠡᠷᠭᠦᠭᠡᠬᠦ᠂ ᠭᠤᠤᠯ ᠤᠨ ᠰᠠᠶᠢᠷᠭᠠᠯ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ᠂ ᠭᠤᠤᠯ ᠤᠨ ᠡᠷᠭᠢ ᠶᠢᠨ ᠬᠠᠯᠬᠠᠪᠴᠢ ᠣᠶ ᠶᠢ ᠪᠠᠶᠢᠭᠤᠯᠬᠤ᠂ ᠠᠭᠯᠠᠭ ᠠᠭᠤᠯᠠ ᠶᠢ ᠨᠣᠭᠤᠭᠠᠷᠠᠭᠤᠯᠬᠤ ᠵᠡᠷᠭᠡ ᠴᠢᠭᠢᠭᠯᠢᠭ ᠭᠠᠵᠠᠷ ᠢ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠶᠡᠬᠡᠪᠡᠷ ᠥᠷᠨᠢᠭᠦᠯᠵᠦ᠂ ᠭᠤᠤᠯᠳᠠᠯᠭ᠎ᠠ ᠲᠠᠢ ᠣᠷᠣᠨ ᠪᠦᠰᠡ ᠶᠢᠨ ᠴᠢᠭᠢᠭᠯᠢᠭ ᠭᠠᠵᠠᠷ ᠤᠨ ᠠᠮᠢ ᠠᠬᠤᠶ ᠶᠢᠨ ᠦᠢᠯᠡᠴᠢᠯᠡᠭᠡᠨ ᠤ ᠴᠢᠳᠠᠮᠵᠢ ᠶᠢ ᠲᠠᠰᠤᠷᠠᠯᠲᠠ ᠥᠬᠡᠶ ᠴᠢᠩᠭᠠᠷᠠᠭᠤᠯᠤᠨ᠎ᠠ᠃    
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号