ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ︽ᠳᠡᠯᠡᠬᠡᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠳᠦᠷ︾ ᠎ ᠤᠨ ᠠᠵᠢᠯᠯᠠᠭ᠎ᠠ ᠣᠷᠳᠣᠰ ᠲᠤ ᠶᠠᠪᠤᠭᠳᠠᠪᠠ
ᠨᠡᠶᠢᠲᠡᠯᠡᠭᠰᠡᠨ ᠴᠠᠭ᠄
2023/3/10
     2023 ᠣᠨ ᠪᠣᠯ ︽ᠳᠡᠯᠡᠬᠡᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠳᠦᠷ︾᠎ ᠤᠨ ᠠᠷᠪᠠᠨ ᠵᠢᠯ ᠤᠨ ᠤᠢ ᠪᠣᠯᠬᠤ ᠪᠥᠭᠡᠳ ᠪᠠᠰᠠ ︽ᠮᠥᠬᠦᠬᠦ ᠰᠢᠬᠠᠭᠰᠠᠨ ᠬᠡᠭᠡᠷ᠎ᠡ ᠶᠢᠨ ᠠᠮᠢᠲᠠᠨ ᠤᠷᠭᠤᠮᠠᠯ ᠤᠨ ᠲᠦᠷᠰᠦ ᠶᠢᠨ ᠤᠯᠠᠨ ᠤᠯᠤᠰ ᠤᠨ ᠠᠷᠠᠯᠵᠢᠶᠠᠨ ᠤ ᠨᠡᠶᠢᠲᠡ ᠶᠢᠨ ᠭᠡᠷ᠎ᠡ︾ ︵CITES︶᠎ ᠳᠤ ᠭᠠᠷ ᠤᠨ ᠦᠰᠦᠭ ᠵᠢᠷᠤᠭᠰᠠᠨ 50 ᠵᠢᠯ ᠤᠨ ᠤᠢ ᠪᠣᠯᠤᠨ᠎ᠠ᠃ 3 ᠰᠠᠷ᠎ᠠ ᠶᠢᠨ 3᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠥᠪᠥᠷ ᠮᠣᠩᠭᠤᠯ ᠤᠨ ᠲᠤᠰᠬᠠᠶ ᠲᠤᠰᠢᠶᠠᠯᠲᠠᠨ ᠤ ᠠᠯᠪᠠᠨ ᠬᠡᠷ ᠪᠠ ᠳᠤᠮᠳᠠᠳᠤ ᠤᠯᠤᠰ ᠤᠨ ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠨᠡᠶᠢᠭᠡᠮᠯᠢᠭ ᠠᠴᠠ ᠭᠤᠤᠯᠯᠠᠨ ᠡᠷᠭᠢᠯᠡᠭᠰᠡᠨ 2023 ᠣᠨ ᠤ ︽ᠳᠡᠯᠡᠬᠡᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠳᠦᠷ︾᠎ ᠤᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠣᠷᠳᠣᠰ ᠬᠤᠲᠠ ᠳᠤ ᠶᠠᠪᠤᠭᠳᠠᠪᠠ᠃  ᠡᠨᠡ ᠵᠢᠯ ᠤᠨ ᠭᠤᠣᠯ ᠰᠡᠳᠦᠪ ᠪᠣᠯ ︽ᠨᠡᠶᠢᠭᠡᠮ ᠤᠨ ᠬᠦᠴᠦᠨ ᠢ ᠥᠷᠭᠡᠨ ᠢᠶᠠᠷ ᠳᠠᠶᠢᠴᠢᠯᠠᠵᠤ᠂ ᠳᠦᠷᠰᠦ ᠶᠢᠨ ᠬᠠᠮᠠᠭᠠᠯᠠᠯᠲᠠ ᠶᠢ ᠬᠠᠮᠲᠤ ᠪᠠᠷ ᠠᠬᠢᠭᠤᠯᠤᠨ᠎ᠠ︾᠂ ᠡᠭᠦᠨ ᠤ ᠵᠣᠷᠢᠯᠭ᠎ᠠ ᠨᠢ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠡᠶᠢᠭᠡᠮ ᠤᠨ ᠪᠦᠯᠬᠦᠮ ᠪᠣᠯᠤᠨ ᠣᠯᠠᠨ ᠲᠦᠮᠡᠨ ᠢ ᠳᠠᠶᠢᠴᠢᠯᠠᠨ ᠬᠠᠮᠲᠤ ᠪᠠᠷ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠵᠤ᠂ ᠪᠦᠬᠦ ᠨᠡᠶᠢᠭᠡᠮ ᠤᠨ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠬᠤ ᠶᠢᠨ ᠲᠥᠯᠥᠭᠡ ᠶᠤᠮ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠡᠳ᠋ ᠲᠤᠪᠴᠢᠶᠠᠨ ᠳᠠᠷᠤᠭ᠎ᠠ ᠮᠠ ᠴᠢᠶᠠᠩ ᠴᠢᠬᠤᠯᠠᠴᠢᠯᠠᠭᠰᠠᠨ ᠨᠢ᠂ ᠮᠠᠨ ᠤ ᠣᠷᠣᠨ ᠤᠷᠢᠳ ᠬᠤᠵᠢᠳ ᠬᠡᠭᠡᠷ᠎ᠡ ᠶᠢᠨ ᠠᠮᠢᠲᠠᠨ ᠤᠷᠭᠤᠮᠠᠯ ᠤᠨ ᠲᠥᠷᠥᠯ ᠬᠡᠯᠪᠡᠷᠢ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ 26᠂ ᠤᠯᠤᠰ ᠤᠨ ᠲᠠᠰ ᠤᠨ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠤ ᠬᠢᠵᠢᠭ ᠤᠨ ᠡᠬᠢ ᠰᠤᠷᠪᠤᠯᠵᠢ ᠬᠢᠵᠢᠭ ᠡᠪᠡᠳᠴᠢᠨ ᠢ ᠬᠢᠨᠠᠨ ᠬᠡᠮᠵᠢᠬᠦ ᠥᠷᠲᠡᠭᠡ 33᠎ ᠶᠢ ᠪᠠᠶᠢᠭᠤᠯᠪᠠ︔ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ︽ᠠᠷᠢᠭᠤᠨ ᠴᠢᠬᠡᠴᠢ ᠠᠵᠢᠯᠯᠠᠭ᠎ᠠ ︾ ︽ ᠲᠤᠤᠷᠵᠢᠭᠤᠯᠤᠭᠰᠠᠨ ᠬᠠᠮᠠᠭᠠᠯᠠᠯᠳᠠ ᠶᠢᠨ ᠠᠵᠢᠯᠯᠠᠭ᠎ᠠ︾ ᠵᠡᠷᠭᠡ ᠲᠤᠰᠬᠠᠶ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠥᠷᠨᠢᠭᠦᠯᠵᠦ᠂ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠮᠠᠨ ᠤ ᠣᠷᠣᠨ ᠤ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠪᠦᠲᠦᠮᠵᠢᠲᠡᠶ ᠬᠠᠮᠠᠭᠠᠯᠠᠪᠠ᠃      ᠮᠠ ᠴᠢᠶᠠᠩ ᠴᠢᠬᠤᠯᠠᠴᠢᠯᠠᠭᠰᠠᠨ ᠨᠢ᠂ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠦᠢᠯᠡᠰ ᠪᠣᠯ ᠤᠯᠤᠰ ᠤᠨ ᠠᠮᠢ ᠠᠬᠤᠶ ᠶᠢᠨ ᠠᠮᠤᠷ ᠲᠦᠪᠰᠢᠨ ᠪᠠ ᠬᠥᠮᠦᠨ ᠲᠥᠷᠥᠯᠬᠢᠲᠡᠨ ᠤ ᠠᠯᠤᠰ ᠬᠡᠳᠦ ᠶᠢᠨ ᠬᠥᠭᠵᠢᠯᠲᠡ ᠳᠤ ᠬᠤᠯᠪᠣᠭᠳᠠᠬᠤ ᠨᠢᠭᠡᠨ ᠵᠦᠢᠯ ᠤᠨ ᠡᠷᠬᠢᠮ ᠳᠡᠭᠡᠳᠦ ᠦᠢᠯᠡᠰ ᠪᠣᠯᠤᠨ᠎ᠠ᠃ ᠪᠦᠬᠦ ᠰᠢᠰᠲ᠋ᠧᠮ ᠢᠶᠠᠷ ᠢᠶᠠᠨ ᠵᠠᠪᠠᠯ ᠦᠵᠡᠯ ᠰᠠᠨᠠᠭ᠎ᠠ ᠪᠠᠨ ᠨᠢᠭᠡᠳᠬᠡᠬᠦ ᠬᠡᠷᠡᠭᠲᠡᠶ᠃ ᠲᠠᠨᠢᠯᠲᠠ ᠪᠠᠨ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠨᠡᠶᠢᠭᠡᠮ ᠵᠢᠷᠤᠮ ᠤᠨ ᠠᠮᠢ ᠠᠬᠤᠶ ᠶᠢᠨ ᠪᠣᠯᠪᠠᠰᠤᠨ ᠤ ᠦᠵᠡᠯᠲᠡ ᠶᠢ ᠢᠳᠡᠪᠬᠢᠲᠡᠶ  ᠦᠢᠯᠡᠳᠦᠯᠭᠡᠵᠢᠬᠦᠯᠵᠦ᠂ ︽ᠳᠥᠷᠪᠡᠨ ᠤᠬᠠᠮᠰᠠᠷ︾᠎ ᠢ ᠪᠠᠲᠤ ᠪᠤᠶ ᠪᠣᠯᠭᠠᠵᠤ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠵᠦ᠂ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠣᠯᠤᠨ ᠣᠳᠣ ᠦᠶ᠎ᠡ ᠶᠢᠨ ᠣᠶ ᠰᠢᠭᠤᠶ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠶᠡᠭᠡ ᠲᠠᠯ᠎ᠠ ᠲᠠᠢ ᠨᠢᠭᠲᠠ ᠤᠶᠠᠯᠳᠤᠭᠤᠯᠤᠨ᠂  ᠪᠠᠶᠢᠳᠠᠯ ᠢ ᠠᠳᠬᠤᠨ᠂ ᠠᠵᠠ ᠲᠣᠬᠢᠶᠠᠯ ᠢ ᠠᠮᠵᠢᠨ᠂ ᠬᠠᠮᠠᠭᠠᠯᠠᠯᠲᠠ ᠪᠠᠨ ᠴᠢᠩᠭᠠᠳᠬᠠᠨ᠂ ᠬᠥᠭᠵᠢᠯᠲᠡ ᠪᠠᠨ ᠠᠬᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠬᠠᠮᠢᠶᠠᠷᠤᠯᠲᠠ ᠶᠢᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠪᠤᠢ ᠪᠤᠯᠭᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠥᠲᠥᠭᠡᠨ ᠪᠠᠶᠢᠭᠤᠯᠬᠤ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠥᠲᠥᠭᠡᠨ ᠪᠠᠶᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ  ᠭᠡᠪᠡ᠃    
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号