ᠢᠳᠡᠬᠦ᠂ ᠡᠮᠦᠰᠬᠦ᠂ ᠰᠠᠭᠤᠬᠤ᠂ ᠶᠠᠪᠤᠬᠤ᠂ ᠬᠡᠷᠡᠭᠯᠡᠬᠦ ᠳᠤ ᠴᠥᠮ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢ ᠪᠤᠢ ᠪᠣᠯᠭᠠᠳᠠᠭ᠃ ᠡᠶᠢᠮᠦ ᠠᠴᠠ ᠪᠢᠳᠡ ᠪᠠᠰᠠ ᠡᠨᠡ ᠲᠠᠪᠤᠨ ᠲᠠᠯ᠎ᠠ ᠪᠠᠷ ᠴᠢᠷᠮᠠᠶᠢᠵᠤ | ᠪᠣᠯᠣᠨ᠎ᠠ᠄ | ① ᠢᠳᠡᠬᠦ᠂ ᠢᠳᠡᠭᠡᠨ ᠢ ᠪᠦᠷᠢᠯᠭᠡᠬᠦ ᠠᠴᠠ ᠰᠡᠷᠭᠡᠶᠢᠯᠡᠨ᠎ᠡ᠃ ᠠᠮᠤ ᠪᠤᠳᠠᠭᠠᠨ ᠤ ᠦᠢᠯᠡᠳᠪᠦᠷᠢᠯᠡᠯ ᠨᠢ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠭᠠᠳᠠᠭᠰᠢᠯᠠᠭᠤᠯᠳᠠᠭ᠂ ᠠᠮᠤ ᠪᠤᠳᠠᠭ᠎ᠠ ᠶᠢ ᠲᠠᠷᠢᠬᠤ᠂ | ᠪᠣᠯᠪᠠᠰᠤᠷᠠᠭᠤᠯᠬᠤ᠂ ᠵᠥᠭᠡᠭᠡᠪᠦᠷᠢᠯᠡᠬᠦ᠂ ᠬᠤᠭᠤᠯᠠᠨ ᠰᠢᠷᠡᠭᠡᠨ ᠳᠤ ᠭᠠᠷᠭᠠᠬᠤ ᠵᠡᠷᠭᠡ ᠭᠤᠭᠴᠤᠭ᠎ᠠ ᠪᠦᠷᠢ ᠳᠤ ᠴᠥᠮ | ᠴᠢᠯᠠᠭᠤᠵᠢᠮᠠᠯ ᠲᠦᠯᠡᠰᠢ ᠪᠠ ᠴᠠᠬᠢᠯᠭᠠᠨ ᠬᠦᠴᠦᠨ ᠤ ᠬᠡᠷᠡᠭᠯᠡᠯᠲᠡ ᠲᠠᠢ ᠪᠠᠶᠢᠳᠠᠭ᠂ ᠭᠡᠪᠡᠴᠦ ᠪᠣᠯᠪᠠᠰᠤᠷᠠᠭᠤᠯᠬᠤ ᠳᠤ | ᠨᠡᠩ ᠶᠡᠭᠡ ᠰᠦᠢᠳᠬᠡᠳᠡᠭ ᠶᠤᠮ᠃ ᠣᠯᠠᠨ ᠤᠯᠤᠰ ᠤᠨ ᠬᠤᠯᠪᠣᠭᠠᠲᠤ ᠪᠠᠶᠢᠭᠤᠯᠤᠯᠭ᠎ᠠ ᠶᠢᠨ ᠠᠮᠤ ᠪᠤᠳᠠᠭ᠎ᠠ | ᠲᠠᠷᠢᠶᠠᠯᠠᠩ ᠤᠨ ᠵᠣᠬᠢᠶᠠᠨ ᠪᠠᠶᠢᠭᠤᠯᠤᠯᠲᠠ ᠶᠢᠨ 2021 ᠣᠨ ᠤ ᠪᠦᠷᠢᠳᠬᠡᠯ ᠠᠴᠠ ᠦᠵᠡᠪᠡᠯ᠂ ᠪᠥᠬᠦ ᠳᠡᠯᠡᠬᠡᠢ ᠶᠢᠨ | ᠪᠠᠷᠤᠭ 1/3 ᠶᠢᠨ ᠠᠮᠤ ᠪᠤᠳᠠᠭ᠎ᠠ ᠬᠤᠷᠣᠭᠳᠠᠨ ᠪᠦᠷᠢᠯᠭᠡᠭᠳᠡᠵᠦ᠂ ᠬᠠᠶᠠᠭᠰᠠᠨ ᠠᠮᠤ ᠪᠤᠳᠠᠭᠠᠨ ᠤ ᠶᠡᠷᠦᠩᠬᠡᠢ ᠬᠡᠮᠵᠢᠶ᠎ᠡ | 13 ᠳ᠋ᠦᠩᠰᠢᠭᠤᠷ ᠲᠣᠨ ᠳᠤ ᠬᠦᠷᠴᠦ᠂ ᠪᠥᠬᠦ ᠳᠡᠯᠡᠬᠡᠢ ᠶᠢᠨ ᠬᠦᠯᠡᠮᠵᠢ ᠶᠢᠨ ᠬᠡᠢ ᠪᠡᠶᠡᠲᠦ ᠶᠢᠨ | ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢᠨ 8%~10% ᠶᠢ ᠡᠵᠡᠯᠡᠵᠦ ᠪᠠᠶᠢᠨ᠎ᠠ᠃ | ② ᠡᠮᠦᠰᠬᠦ᠂ ᠬᠡᠷᠡᠭᠯᠡᠭᠡᠨ ᠤ ᠳᠠᠳᠬᠠᠯ ᠢ ᠰᠢᠯᠢᠳᠡᠭᠵᠢᠭᠦᠯᠦᠨ᠎ᠡ᠃ ᠬᠠᠶᠠᠭᠳᠠᠯ ᠡᠳ᠋ ᠤᠨ ᠪᠣᠶ ᠪᠣᠯᠬᠤ ᠶᠢ | ᠪᠠᠭᠠᠰᠬᠠᠬᠤ ᠶᠢᠨ ᠵᠠᠩᠭᠢᠯᠠᠭ᠎ᠠ ᠨᠢ ᠬᠠᠰᠢ ᠯᠠ ᠶᠡᠭᠡ ᠬᠡᠮᠵᠢᠶ᠎ᠡ ᠪᠠᠷ ᠬᠤᠳᠠᠯᠳᠤᠨ ᠠᠪᠬᠤ ᠶᠢ ᠲᠡᠪᠴᠢᠵᠦ᠂ ᠡᠮᠦᠰᠬᠦ | ᠦᠭᠡᠢ ᠬᠠᠭᠤᠴᠢᠨ ᠬᠤᠪᠴᠠᠰᠤ ᠶᠢ ᠳᠤᠷ᠎ᠠ ᠪᠠᠷ ᠢᠶᠠᠨ ᠬᠠᠶᠠᠵᠤ ᠪᠣᠯᠬᠤ ᠦᠭᠡᠢ᠂ ᠬᠤᠷᠢᠶᠠᠨ ᠠᠪᠴᠤ ᠠᠰᠢᠭᠯᠠᠵᠤ | ᠪᠣᠯᠣᠨ᠎ᠠ ᠭᠡᠵᠦ ᠲᠤᠰᠬᠠᠢ ᠮᠡᠷᠭᠡᠵᠢᠯᠲᠡᠳ ᠦᠵᠡᠵᠦ ᠪᠠᠶᠢᠨ᠎ᠠ᠃ | ③ ᠰᠠᠭᠤᠬᠤ᠂ ᠥᠨᠳᠥᠷ ᠡᠨᠧᠷᠭᠢᠲᠦ ᠠᠭᠠᠷ ᠲᠣᠬᠢᠷᠠᠭᠤᠯᠤᠭᠴᠢ ᠶᠢ ᠬᠤᠳᠠᠯᠳᠤᠨ ᠠᠪᠤᠨ᠎ᠠ᠃ ᠪᠠᠶᠢᠩᠭᠤ | ᠲᠣᠬᠢᠶᠠᠯᠳᠤᠳᠠᠭ ᠠᠭᠠᠷ ᠲᠣᠬᠢᠷᠠᠭᠤᠯᠤᠭᠴᠢ ᠶᠢᠨ ᠡᠨᠧᠷᠭᠢ ᠶᠢᠨ ᠠᠰᠢᠭᠯᠠᠮᠵᠢ ᠶᠢᠨ ᠲᠠᠰ ᠨᠢ ᠭᠤᠷᠪᠠᠨ ᠳᠡᠰ ᠪᠠᠶᠢᠵᠤ᠂ | ᠨᠢᠭᠡᠳᠦᠭᠡᠷ ᠳᠡᠰ ᠤᠨ ᠡᠨᠧᠷᠭᠢ ᠶᠢᠨ ᠠᠰᠢᠭᠯᠠᠮᠵᠢ ᠨᠢ ᠬᠠᠮᠤᠭ ᠤᠨ ᠳᠡᠭᠡᠳᠦ ᠳᠡᠰ ᠤᠨ ᠡᠨᠧᠷᠭᠢ ᠶᠢᠨ ᠠᠰᠢᠭᠯᠠᠮᠵᠢ ᠲᠠᠢ᠂ | ᠭᠤᠷᠪᠠᠳᠤᠭᠠᠷ ᠳᠡᠰ ᠨᠢ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠲᠠᠰ ᠪᠣᠯᠣᠨ᠎ᠠ᠂ ᠥᠨᠳᠥᠷ ᠡᠨᠧᠷᠭᠢ ᠶᠢᠨ | ᠠᠰᠢᠭᠯᠠᠮᠵᠢ ᠲᠠᠢ ᠠᠭᠠᠷ ᠲᠣᠬᠢᠷᠠᠭᠤᠯᠤᠭᠴᠢ ᠶᠢᠨ ᠦᠨ᠎ᠡ ᠨᠢ ᠵᠢᠭᠠᠬᠠᠨ ᠦᠨᠡᠲᠡᠢ ᠪᠠᠶᠢᠵᠤ ᠮᠡᠳᠡᠨ᠎ᠡ᠂ ᠭᠡᠪᠡᠴᠦ | ᠬᠡᠷᠡᠭᠯᠡᠬᠦ ᠳᠤ ᠨᠠᠩ ᠵᠣᠭᠤᠰ ᠠᠷᠪᠢᠯᠠᠨ᠎ᠠ᠃ ᠡᠭᠦᠨ ᠠᠴᠠ ᠭᠠᠳᠠᠨ᠎ᠠ ᠠᠭᠠᠷ ᠲᠣᠬᠢᠷᠠᠭᠤᠯᠤᠭᠴᠢ ᠶᠢᠨ ᠳᠤᠯᠠᠭᠠᠨ ᠤ | ᠬᠡᠮᠵᠢᠶ᠎ᠡ ᠶᠢ ᠵᠤᠨ ᠤ ᠤᠯᠠᠷᠢᠯ ᠳᠤ 26℃ ᠣᠷᠴᠢᠮ᠂ ᠡᠪᠦᠯ ᠤᠨ ᠤᠯᠠᠷᠢᠯ ᠳᠤ 18℃ ᠠᠴᠠ 20℃ ᠪᠠᠶᠢᠵᠤ᠂ | ᠪᠡᠶ᠎ᠡ ᠳᠤ ᠲᠠᠭᠠᠯᠠᠮᠵᠢᠲᠠᠢ ᠰᠠᠨᠠᠭᠳᠠᠳᠠᠭ᠃ ᠡᠭᠦᠨ ᠤ ᠬᠠᠮᠲᠤ ᠪᠠᠰᠠ ᠡᠨᠧᠷᠭᠢ ᠶᠢᠨ ᠰᠤᠷᠪᠤᠯᠵᠢ ᠶᠢ ᠶᠡᠭᠡ ᠪᠠᠷ | ᠠᠷᠪᠢᠯᠠᠵᠤ ᠪᠣᠯᠣᠨ᠎ᠠ᠃ | ④ ᠳᠣᠣᠷ᠎ᠠ ᠨᠡᠭᠦᠷᠡᠰᠦᠲᠥ᠋ᠷᠥᠭᠴᠢᠲᠦ ᠠᠶᠠᠯᠠᠯ ᠢᠶᠠᠷ ᠶᠠᠪᠤᠬᠤ᠃ ᠵᠠᠮ ᠬᠠᠷᠢᠯᠴᠠᠭ᠎ᠠ ᠪᠣᠯ ᠬᠠᠮᠤᠭ ᠤᠨ | ᠴᠢᠬᠤᠯᠠ ᠠᠵᠢᠯᠯᠠᠭᠠᠨ ᠤ ᠬᠦᠷᠢᠶ᠎ᠡ ᠴᠠᠷᠠᠭ᠎ᠠ ᠶᠢᠨ ᠨᠢᠭᠡ ᠪᠣᠯᠣᠨ᠎ᠠ᠂ ᠭᠠᠳᠠᠭᠰᠢ ᠭᠠᠷᠬᠤ ᠳᠤ ᠶᠠᠪᠠᠭᠠᠨ ᠶᠠᠪᠤᠬᠤ᠂ | ᠳᠤᠭᠤᠢ ᠤᠨᠤᠬᠤ ᠪᠠ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠪᠠᠷ ᠭᠤᠣᠯ ᠪᠣᠯᠭᠠᠪᠠᠯ ᠬᠠᠮᠤᠭ ᠰᠠᠶᠢᠨ᠃ | ᠬᠤᠯᠠ ᠶᠢᠨ ᠵᠠᠮ ᠠᠴᠠ ᠦᠵᠡᠪᠡᠯ᠂ ᠲᠡᠮᠦᠷ ᠵᠠᠮ ᠤᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠨᠢ | ᠬᠠᠮᠤᠭ ᠤᠨ ᠪᠠᠭ᠎ᠠ ᠪᠠᠶᠢᠳᠠᠭ᠃ | ⑤ ᠬᠡᠷᠡᠭᠯᠡᠬᠦ᠂ ᠡᠳᠦᠷ ᠲᠤᠲᠤᠮ ᠤᠨ ᠠᠮᠢᠳᠤᠷᠠᠯ ᠤᠨ ᠳᠤᠮᠳᠠ ᠴᠠᠬᠢᠯᠭᠠᠨ ᠤ ᠬᠤᠷᠣᠭᠳᠠᠯ ᠢ ᠪᠠᠭᠠᠰᠬᠠᠨ᠎ᠠ᠃ | ᠴᠠᠬᠢᠯᠭᠠᠨ ᠬᠦᠴᠦᠨ ᠤ ᠬᠤᠷᠣᠭᠳᠠᠯ ᠪᠣᠯ ᠥᠭᠡᠷ᠎ᠡ ᠨᠢᠭᠡᠨ ᠴᠢᠬᠤᠯᠠ ᠬᠦᠷᠢᠶ᠎ᠡ ᠮᠥᠨ᠂ ᠴᠠᠬᠢᠯᠭᠠᠨ ᠬᠦᠴᠦᠨ ᠤ | ᠬᠤᠷᠣᠭᠳᠠᠯ ᠢ ᠪᠠᠭᠠᠰᠬᠠᠪᠠᠯ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠪᠠᠭᠠᠰᠬᠠᠬᠤ ᠪᠠᠷ ᠪᠠᠷᠠᠬᠤ ᠦᠭᠡᠢ | ᠪᠠᠰᠠ ᠥᠪᠡᠷ ᠤᠨ ᠦᠷᠲᠡᠭ ᠢ ᠪᠠᠭᠤᠷᠠᠭᠤᠯᠵᠤ ᠴᠢᠳᠠᠨ᠎ᠠ᠃ |