ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠤᠪᠴᠢᠶᠠᠨ ᠳᠠᠷᠤᠭ᠎ᠠ ᠸᠠᠩ ᠵᠣᠣ ᠱᠧᠩ ᠪᠦᠯᠬᠦᠮ ᠳᠠᠭᠠᠭᠤᠯᠤᠨ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠬᠦᠷᠴᠦ ᠰᠠᠨᠠᠯ ᠢᠶᠠᠨ ᠰᠣᠯᠢᠯᠴᠠᠪᠠ
ᠨᠡᠶᠢᠲᠡᠯᠡᠭᠰᠡᠨ ᠴᠠᠭ᠄
2023/3/17
     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ︽ᠲᠦᠪ ᠳᠤ ᠬᠦᠷᠬᠦ︾ ᠵᠢᠭᠠᠪᠤᠷᠢ ᠶᠢᠨ ᠱᠠᠭᠠᠷᠳᠠᠯᠭ᠎ᠠ ᠶᠢ ᠦᠨᠡᠨ ᠬᠦ ᠲᠤᠤᠱᠯᠠᠭᠤᠯᠵᠤ᠂ ︽ᠲᠠᠪᠤᠨ ᠶᠡᠭᠡ ᠡᠭᠦᠷᠭᠡ︾᠎ ᠶᠢᠨ ᠠᠮᠵᠢᠯᠲᠠ ᠤᠯᠬᠤ ᠶᠢ ᠠᠬᠢᠭᠤᠯᠬᠤ ᠶᠢᠨ ᠲᠥᠯᠥᠭᠡ᠂ 2 ᠰᠠᠷ᠎ᠠ ᠶᠢᠨ 22᠂ 23᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠸᠠᠩ ᠵᠣᠣ ᠱᠧᠩ ᠪᠦᠯᠬᠦᠮ ᠳᠠᠭᠠᠭᠤᠯᠤᠨ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠬᠦᠷᠴᠦ ᠰᠤᠷᠪᠤᠯᠵᠢᠯᠠᠵᠤ᠂ ᠨᠢᠭᠡ ᠪᠦᠯᠦᠭ ᠵᠤᠷᠭᠠᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠡᠨᠡ ᠤᠳᠠᠭᠠᠨ ᠤ ᠠᠶᠢᠯᠴᠢᠯᠠᠯᠲᠠ ᠳᠤ ᠨᠢᠭᠡ ᠡᠳᠦᠷ ᠬᠠᠭᠠᠰ ᠤᠨ ᠴᠠᠭ ᠢ ᠠᠰᠢᠭᠯᠠᠨ 12 ᠵᠤᠷᠭᠠᠨ ᠲᠣᠪᠴᠢᠶ᠎ᠠ ᠲᠠᠢ ᠵᠣᠯᠭᠠᠵᠤ᠂ ᠪᠡᠯᠡ ᠮᠥᠩᠭᠦ ᠶᠢᠨ ᠲᠥᠷᠥᠯ ᠵᠦᠢᠯ ᠤᠨ ᠲᠣᠬᠢᠷᠠᠭᠤᠯᠤᠯᠲᠠ᠂ ᠣᠶ ᠰᠢᠭᠤᠶ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠬᠦ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠰᠢᠯᠢᠳᠡᠭᠵᠢᠭᠦᠯᠬᠦ᠂ ᠡᠬᠢ ᠪᠠᠶᠠᠯᠢᠭ ᠤᠨ ᠬᠠᠮᠠᠭᠠᠯᠠᠯᠲᠠ ᠶᠢᠨ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠬᠦ ᠵᠡᠷᠭᠡ ᠭᠤᠣᠯᠳᠠᠯᠭ᠎ᠠ ᠲᠠᠢ ᠠᠵᠢᠯ ᠤᠨ ᠲᠠᠯ᠎ᠠ ᠪᠠᠷ ᠰᠠᠨᠠᠯ ᠢᠶᠠᠨ ᠰᠣᠯᠢᠯᠴᠠᠪᠠ᠃ ᠬᠠᠮᠢᠶ᠎ᠠ ᠪᠦᠬᠦᠢ ᠵᠤᠷᠭᠠᠨ  ᠲᠤᠪᠴᠢᠶ᠎ᠡ ᠠᠴᠠ ᠮᠠᠨ ᠤ ᠣᠷᠣᠨ ᠤ ᠤᠢ ᠰᠢᠭᠤᠢ ᠨᠤᠲᠤᠭ ᠪᠡᠯᠴᠢᠭᠡᠷ ᠤᠨ ᠠᠵᠢᠯ ᠢ ᠳᠡᠭᠡᠳᠦ ᠬᠡᠮᠵᠢᠶ᠎ᠡ ᠪᠠᠷ ᠦᠨᠡᠯᠡᠵᠦ᠂ ᠳᠠᠷᠠᠭᠠᠴᠢ ᠶᠢᠨ ᠠᠯᠬᠤᠮ ᠤᠨ ᠠᠵᠢᠯ ᠢ ᠰᠢᠢᠳᠪᠦᠷᠢᠯᠡᠬᠦ ᠠᠷᠭ᠎ᠠ ᠪᠤᠳᠤᠯᠭ᠎ᠠ ᠶᠢᠨ ᠲᠤᠬᠠᠢ ᠰᠠᠨᠠᠭᠤᠯᠭ᠎ᠠ ᠳᠤᠷᠠᠳᠤᠭᠰᠠᠨ ᠪᠥᠭᠡᠳ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾᠎ ᠶᠢ ᠬᠠᠮᠲᠤᠪᠠᠷ ᠰᠠᠶᠢᠲᠤᠷ ᠪᠡᠶᠡᠯᠡᠭᠦᠯᠦᠨ᠎ᠡ ᠭᠡᠵᠦ ᠢᠯᠡᠳᠬᠡᠪᠡ᠃       ᠣᠶᠢᠷ᠎ᠠ ᠶᠢᠨ ᠬᠤᠭᠤᠴᠠᠭᠠᠨ ᠳᠤ᠂ ᠮᠠᠨ ᠤ ᠲᠣᠪᠴᠢᠶ᠎ᠠ ︽ᠭᠠᠳᠠᠭᠰᠢ ᠭᠠᠷᠬᠤ᠂ ᠤᠷᠢᠵᠤ ᠠᠪᠴᠢᠷᠠᠬᠤ︾ ᠠᠷᠭ᠎ᠠ ᠮᠠᠶ᠋ᠢᠭ ᠢᠶᠠᠷ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠯᠤᠭ᠎ᠠ ᠨᠡᠪᠲᠡᠷᠡᠯᠴᠡᠭᠡ ᠪᠠᠨ ᠴᠢᠩᠭᠠᠳᠬᠠᠵᠤ᠂ ᠡᠯ᠎ᠡ ᠬᠤᠪᠢᠳᠠᠨ ᠬᠠᠮᠢᠶᠠᠷᠴᠤ ᠪᠥᠬᠦᠶ ᠳᠡᠳ᠋ ᠲᠣᠪᠴᠢᠶᠠᠨ ᠳᠠᠷᠤᠭ᠎ᠠ ᠨᠢᠭᠡᠨᠲᠡ ᠪᠦᠯᠬᠦᠮ ᠳᠠᠭᠠᠭᠤᠯᠤᠨ ᠠᠵᠢᠯ ᠲᠥᠷᠥᠯ ᠤᠨ ᠰᠢᠰᠲ᠋ᠧᠮ ᠤᠨ ᠵᠤᠷᠭᠠᠨ ᠲᠣᠪᠴᠢᠶ᠎ᠠ ᠳᠤ ᠬᠦᠷᠴᠦ ᠳᠡᠮᠵᠢᠬᠦ ᠴᠢᠬᠤᠯᠠᠲᠠᠶ ᠪᠣᠳᠠᠲᠠᠶ ᠵᠦᠢᠯᠡᠰ ᠤᠨ ᠲᠠᠯ᠎ᠠ ᠪᠠᠷ ᠶᠠᠷᠢᠯᠴᠠᠭᠰᠠᠨ ᠪᠥᠭᠡᠳ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠵᠤᠷᠭᠠᠨ ᠵᠡᠷᠭᠡ ᠵᠤᠷᠭᠠᠨ ᠲᠣᠪᠴᠢᠶ᠎ᠠ ᠶᠢ ᠤᠷᠢᠵᠤ ᠮᠠᠨ ᠤ ᠣᠷᠣᠨ ᠳᠤ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠠᠵᠢᠯ ᠤᠨ ᠠᠬᠢᠴᠠ ᠶᠢ ᠳᠥᠯᠭᠢᠨ ᠠᠬᠢᠭᠤᠯᠪᠠ᠃       ᠡᠨᠡ ᠤᠳᠠᠭ᠎ᠠ ᠶᠢᠨ ᠠᠶᠢᠯᠴᠢᠯᠠᠯᠲᠠ ᠪᠠᠷ ᠳᠠᠮᠵᠢᠭᠤᠯᠤᠨ᠂ ᠮᠠᠨ ᠤ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠠᠵᠢᠯ ᠤᠨ ᠲᠥᠷᠥ ᠶᠢᠨ ᠪᠣᠳᠣᠯᠭ᠎ᠠ ᠶᠢᠨ ᠴᠢᠭᠯᠡᠯ ᠢ ᠤᠯᠠᠮ ᠨᠢᠭᠡ ᠠᠯᠬᠤᠮ ᠤᠶᠢᠯᠠᠭᠠᠨ ᠡᠵᠡᠮᠰᠢᠵᠦ᠂᠂ ᠠᠵᠢᠯ ᠤᠨ ᠰᠡᠳᠬᠢᠮᠵᠢ ᠪᠠᠨ ᠥᠷᠭᠡᠳᠬᠡᠨ᠂ ᠤᠯᠤᠰ ᠤᠨ ᠲᠣᠪᠴᠢᠶ᠎ᠠ ᠯᠤᠭ᠎ᠠ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠨᠢᠭᠲᠠᠷᠠᠭᠤᠯᠤᠭᠰᠠᠨ ᠪᠠᠶᠢᠨ᠎ᠠ᠃      ᠳᠠᠷᠠᠭᠠᠴᠢ ᠶᠢᠨ ᠠᠯᠬᠤᠮ ᠳᠤ᠂ ᠪᠢᠳᠡ ᠦᠷᠭᠦᠯᠵᠢᠯᠡᠨ ︽ᠲᠠᠪᠤᠨ ᠶᠡᠭᠡ ᠡᠭᠦᠷᠭᠡ︾᠎ ᠶᠢᠨ ᠳᠤᠮᠳᠠᠬᠢ ᠣᠶ ᠰᠢᠭᠤᠶ ᠨᠤᠲᠤᠭ ᠪᠡᠯᠴᠢᠭᠡᠷ ᠤᠨ ᠰᠢᠰᠲ᠋ᠧᠮ ᠤᠨ ᠡᠭᠦᠷᠭᠡᠯᠡᠵᠦ ᠪᠠᠶᠢᠭ᠎ᠠ ᠠᠵᠢᠯ ᠤᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠠᠵᠢᠯ ᠤᠨ ᠭᠤᠣᠯᠳᠠᠯᠭ᠎ᠠ ᠶᠢ ᠠᠳᠬᠤᠵᠤ᠂ ᠮᠠᠨ ᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠲᠥᠷᠥᠯ ᠵᠦᠢᠯ ᠢ ᠱᠠᠯᠠᠪᠳᠠᠨ ᠲᠥᠯᠥᠪᠯᠡᠵᠦ᠂ ᠲᠥᠷᠥᠯ ᠵᠦᠢᠯ ᠤᠨ ᠨᠥᠭᠡᠴᠡ ᠶᠢ ᠦᠨᠡᠨᠬᠦ ᠴᠢᠩᠭᠠᠳᠬᠠᠵᠤ᠂ ᠲᠥᠷᠥᠯ ᠵᠦᠢᠯ ᠤᠨ ᠨᠠᠷᠢᠨ ᠲᠠᠩᠰᠠ ᠶᠢ ᠵᠢᠭᠰᠠᠭᠠᠵᠤ᠂ ᠨᠠᠩ ᠬᠠᠨᠳᠤᠯᠭ᠎ᠠ ᠲᠠᠢ ᠪᠠᠷ ︽ ᠲᠦᠪ ᠲᠤ ᠬᠦᠷᠴᠦ︾᠂ ᠤᠯᠤᠰ ᠤᠨ ᠪᠠᠯᠠ ᠮᠥᠩᠭᠦ ᠶᠢᠨ ᠲᠥᠷᠥᠯ ᠵᠦᠢᠯ ᠪᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠤᠯᠬᠤ ᠪᠠᠷ ᠢᠳᠡᠪᠬᠢᠲᠡᠶ ᠴᠢᠷᠮᠠᠶᠢᠵᠤ᠂ ᠪᠠᠯᠠ ᠮᠥᠩᠭᠦ ᠶᠢᠨ ᠣᠷᠣᠭᠤᠯᠤᠯᠲᠠ᠂ ᠲᠥᠷᠥᠯ ᠵᠦᠢᠯ ᠤᠨ ᠪᠦᠷᠬᠦᠴᠡ᠂ ᠢᠨᠵᠧᠨᠧᠷᠢᠩ ᠤᠨ ᠶᠠᠰᠤ ᠴᠢᠨᠠᠷ ᠢ ᠬᠠᠮᠲᠤᠪᠠᠷ ᠳᠡᠭᠡᠭᠰᠢᠯᠡᠭᠦᠯᠬᠦ ᠶᠢ ᠴᠢᠷᠮᠠᠶᠢᠨ ᠪᠡᠶᠡᠯᠡᠭᠦᠯᠵᠦ᠂ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠤᠨ ᠲᠥᠷᠥᠯ ᠵᠦᠢᠯ ᠢᠶᠠᠷ ᠭᠠᠷᠳᠠᠴᠠ ᠪᠣᠯᠭᠠᠨ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠥᠲᠥᠭᠡᠨ ᠪᠠᠶᠢᠭᠤᠯᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠪᠥᠬᠦ ᠬᠦᠴᠦᠨ ᠢᠶᠠᠷ ᠢᠶᠠᠨ ᠦᠢᠯᠡᠴᠢᠯᠡᠨ᠎ᠡ᠃    
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号