ᠬᠢᠩᠭᠠᠨ ᠠᠶᠢᠮᠠᠭ ᠤᠨ ᠣᠶ ᠰᠢᠭᠤᠶ ᠪᠠ  ᠨᠤᠲᠤᠭ ᠪᠡᠯᠴᠢᠭᠡᠷ ᠤᠨ ᠲᠣᠪᠴᠢᠶ᠎ᠠ ᠪᠥᠬᠦ ᠠᠶᠢᠮᠠᠭ ᠤᠨ ᠪᠠᠶᠢᠭᠠᠯᠢ ᠶᠢᠨ ᠣᠶ ︵ᠨᠡᠶᠢᠲᠡ ᠶᠢᠨ ᠠᠰᠠᠷᠠᠮᠵᠢ ᠶᠢᠨ ᠣᠶ︶᠎ ᠶᠢ ᠬᠠᠮᠠᠭᠠᠯᠠᠨ ᠰᠡᠷᠭᠦᠭᠡᠬᠦ ᠳᠤᠮᠳᠠ ᠣᠷᠳᠣ ᠬᠤᠭᠤᠴᠠᠭᠠᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/21
     ᠪᠥᠬᠦ ᠣᠷᠣᠨ ᠤ ᠪᠠᠶᠢᠭᠠᠯᠢ ᠶᠢᠨ ᠣᠶ ︵ᠨᠡᠶᠢᠲᠡ ᠶᠢᠨ ᠠᠰᠠᠷᠠᠮᠵᠢ ᠶᠢᠨ ᠣᠶ︶᠎ ᠶᠢ ᠬᠠᠮᠠᠭᠠᠯᠠᠨ ᠰᠡᠷᠭᠦᠭᠡᠬᠦ ᠳᠤᠮᠳᠠ ᠣᠷᠳᠣ ᠬᠤᠭᠤᠴᠠᠭᠠᠨ ᠤ ᠲᠥᠯᠥᠪᠵᠢᠭᠦᠯᠭᠡ ᠶᠢᠨ ᠠᠵᠢᠯ ᠢ ᠰᠠᠶᠢᠲᠤᠷ ᠬᠢᠬᠦ ᠶᠢᠨ  ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠣᠶ ︵ᠨᠡᠶᠢᠲᠡ ᠶᠢᠨ ᠠᠰᠠᠷᠠᠮᠵᠢ ᠶᠢᠨ ᠣᠶ︶᠎ ᠶᠢ ᠬᠠᠮᠠᠭᠠᠯᠠᠨ ᠰᠡᠷᠭᠦᠭᠡᠬᠦ ᠳᠤᠮᠳᠠ ᠣᠷᠳᠣ ᠬᠤᠭᠤᠴᠠᠭᠠᠨ ᠤ ᠲᠥᠯᠥᠪᠵᠢᠭᠦᠯᠭᠡ ᠶᠢᠨ ᠠᠵᠢᠯ ᠤᠨ ᠵᠢᠯᠣᠭᠤᠳᠬᠤ ᠳᠤᠭᠤᠶᠢᠯᠠᠩ ᠬᠢᠩᠭᠠᠨ ᠠᠶᠢᠮᠠᠭ ᠲᠤ  ᠬᠦᠷᠴᠦ ᠲᠥᠯᠥᠪᠵᠢᠭᠦᠯᠭᠡ  ᠨᠠᠶᠢᠷᠠᠭᠤᠯᠤᠨ ᠵᠣᠬᠢᠶᠠᠬᠤ ᠠᠵᠢᠯ ᠎ ᠢ ᠪᠠᠶᠢᠴᠠᠭᠠᠨ ᠵᠢᠯᠣᠭᠤᠳᠪᠠ᠃ 3  ᠰᠠᠷ᠎ᠠ ᠶᠢᠨ 17᠎ ᠤ ᠡᠳᠦᠷ᠂ ᠬᠢᠩᠭᠠᠨ ᠠᠶᠢᠮᠠᠭ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠲᠥᠯᠥᠪᠵᠢᠭᠦᠯᠭᠡ ᠨᠠᠶᠢᠷᠠᠭᠤᠯᠤᠨ ᠵᠣᠬᠢᠶᠠᠬᠤ ᠠᠵᠢᠯ ᠤᠨ ᠬᠤᠷᠠᠯ ᠢ ᠬᠤᠷᠠᠯᠳᠤᠭᠤᠯᠵᠤ᠂ ᠬᠢᠩᠭᠠᠨ ᠠᠶᠢᠮᠠᠭ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠵᠣᠣ ᠱᠤ᠋ ᠼᠠᠢ ᠬᠤᠷᠡᠯ ᠢ ᠡᠷᠭᠢᠯᠡᠵᠦ᠂ ᠠᠶᠢᠮᠠᠭ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠣᠶ ᠰᠢᠭᠤᠶ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠰᠠᠯᠠᠭ᠎ᠠ᠂ ᠠᠶᠢᠮᠠᠭ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠲᠥᠪ᠂ ᠡᠯ᠎ᠡ ᠬᠤᠰᠢᠭᠤ ᠰᠢᠶᠠᠨ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠡᠤ ᠴᠠ ᠭᠸᠦ᠂ ᠪᠠᠶ ᠯᠠᠩ ᠣᠶ ᠰᠢᠭᠤᠶ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠴᠦ ᠪᠦᠬᠦᠢ ᠬᠠᠷᠢᠭᠤᠴᠠᠯᠭᠠᠲᠠᠨ ᠪᠠ ᠬᠠᠮᠢᠶ᠎ᠠ ᠪᠥᠬᠦᠶ ᠠᠵᠢᠯᠲᠠᠳ ᠬᠤᠷᠠᠯ ᠳᠤ ᠣᠷᠣᠯᠴᠠᠵᠠᠶ᠃      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠣᠶ ᠶᠢ ᠬᠠᠮᠠᠭᠠᠯᠠᠨ ᠰᠡᠷᠭᠦᠭᠡᠬᠦ ᠳᠤᠮᠳᠠ ᠣᠷᠳᠣ ᠬᠤᠭᠤᠴᠠᠭᠠᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠰᠥᠩ ᠶᠢᠩ ᠴᠦᠨ ᠪᠠᠶᠢᠭᠠᠯᠢ ᠶᠢᠨ ᠣᠶ ᠶᠢ ᠬᠠᠮᠠᠭᠠᠯᠠᠨ ᠰᠡᠷᠭᠦᠭᠡᠬᠦ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠎ ᠳᠤ ᠪᠥᠬᠦ ᠲᠠᠯ᠎ᠠ ᠪᠠᠷ ᠲᠠᠶᠢᠯᠤᠮᠵᠢ  ᠬᠢᠭᠰᠡᠨ  ᠪᠦᠭᠡᠳ ᠣᠳᠣᠬᠠᠨ ᠤ ᠪᠠᠶᠢᠭᠠᠯᠢ ᠶᠢᠨ ᠤᠢ ᠶᠢ ᠬᠠᠮᠠᠭᠠᠯᠠᠨ ᠰᠡᠷᠭᠦᠭᠡᠬᠦ ᠠᠵᠢᠯ ᠤᠨ ᠪᠠᠶᠢᠳᠠᠯ ᠳᠤ ᠵᠠᠳᠠᠯᠤᠯᠲᠠ ᠬᠢᠵᠦ᠂ ᠲᠥᠯᠥᠪᠵᠢᠭᠦᠯᠭᠡ ᠶᠢᠨ ᠰᠠᠭᠤᠷᠢ ᠳ᠋ᠠᠶᠢᠲ᠋ᠠ ᠬᠥᠮᠥᠷᠭᠡ ᠪᠠᠶᠢᠭᠤᠯᠬᠤ ᠪᠠ ᠲᠦᠷᠦᠯ ᠵᠦᠢᠯ ᠢ ᠲᠥᠯᠥᠪᠵᠢᠭᠦᠯᠬᠦ ᠵᠡᠷᠭᠡ ᠲᠠᠯ᠎ᠠ ᠠᠴᠠ ᠬᠢᠩᠭᠠᠨ ᠠᠶᠢᠮᠠᠭ ᠤᠨ ᠪᠠᠶᠢᠭᠠᠯᠢ ᠶᠢᠨ ᠤᠢ ᠶᠢ ᠬᠠᠮᠠᠭᠠᠯᠠᠨ ᠰᠡᠷᠭᠦᠭᠡᠬᠦ ᠳᠤᠮᠳᠠ ᠤᠷᠳᠤ ᠬᠤᠭᠤᠴᠠᠭᠠᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠳᠤ   ᠵᠢᠯᠤᠭᠤᠳᠤᠯᠭ᠎ᠠ ᠬᠢᠪᠡ᠃      ᠳᠡᠳ᠋ ᠲᠣᠪᠴᠢᠶᠠᠨ ᠳᠠᠷᠤᠭ᠎ᠠ ᠵᠣᠣ ᠱᠤ᠋ ᠼᠠᠢ ᠬᠢᠩᠭᠠᠨ ᠠᠶᠢᠮᠠᠭ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠳᠤ ᠪᠠᠶᠢᠷᠢᠯᠠᠭᠤᠯᠤᠯᠲᠠ ᠬᠢᠪᠠ᠃ ᠲᠡᠷᠡ᠂ ᠪᠠᠶᠢᠭᠠᠯᠢ ᠶᠢᠨ ᠤᠢ ᠶᠢ ᠬᠠᠮᠠᠭᠠᠯᠠᠨ ᠰᠡᠷᠭᠦᠭᠡᠬᠦ ᠳᠤᠮᠳᠠ ᠤᠷᠳᠤ ᠬᠤᠭᠤᠴᠠᠭᠠᠨ ᠤ ᠲᠥᠯᠥᠪᠵᠢᠭᠦᠯᠭᠡ ᠪᠣᠯ ᠶᠡᠷᠦᠩᠬᠡᠢ ᠱᠦᠵᠢ ᠰᠢ ᠶᠢᠨ ᠫᠢᠩ ᠎ ᠤᠨ ︽ᠪᠠᠶᠢᠭᠠᠯᠢ ᠶᠢᠨ ᠤᠢ ᠶᠢ ᠬᠠᠮᠠᠭᠠᠯᠠᠬᠤ︾ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ  ᠬᠡᠮᠵᠢᠶ᠎ᠡ ᠮᠦᠨ᠂ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠪᠠᠶᠢᠭᠠᠯᠢ ᠶᠢᠨ ᠤᠢ ᠶᠢ ᠬᠠᠮᠠᠭᠠᠯᠠᠨ ᠰᠡᠷᠭᠦᠭᠡᠬᠦ ᠲᠦᠷᠢᠮ ᠤᠨ ᠲᠥᠰᠦᠯ︾᠎ ᠢ ᠬᠡᠷᠡᠭᠵᠢᠭᠦᠯᠬᠦ ᠪᠣᠳᠠᠲᠠᠢ ᠲᠥᠯᠥᠪᠵᠢᠭᠦᠯᠭᠡ ᠮᠦᠨ᠂ ᠲᠤᠰ ᠲᠥᠯᠥᠪᠵᠢᠭᠦᠯᠭᠡ ᠨᠢ ᠬᠢᠩᠭᠠᠨ ᠠᠶᠢᠮᠠᠭ ᠤᠨ ᠪᠠᠶᠢᠭᠠᠯᠢ ᠶᠢᠨ ᠤᠢ ᠶᠢ  ᠬᠠᠮᠠᠭᠠᠯᠠᠨ ᠰᠡᠷᠭᠦᠭᠡᠬᠦ ᠠᠵᠢᠯ ᠤᠨ ᠬᠥᠭᠵᠢᠯᠲᠡ ᠪᠠ ᠢᠷᠡᠭᠡᠳᠦᠢ ᠳᠤ ᠬᠤᠯᠪᠣᠭᠳᠠᠨ᠎ᠠ ᠬᠡᠪᠡ᠃ ᠲᠡᠷᠡ ᠱᠠᠭᠠᠷᠳᠠᠭᠰᠠᠨ ᠨᠢ᠂ ᠡᠯ᠎ᠡ ᠬᠤᠰᠢᠭᠤ ᠰᠢᠶᠠᠨ ᠬᠤᠲᠠ᠂ ᠡᠤ ᠴᠠ ᠭᠸᠦ᠂ ᠪᠠᠶ ᠯᠠᠩ ᠣᠶ ᠰᠢᠭᠤᠶ ᠶᠢᠨ ᠲᠣᠪᠴᠢᠶ᠎ᠠ ᠡᠨᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠶᠢᠮᠠᠭ ᠤᠨ ᠲᠣᠪᠴᠢᠶ᠎ᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠥᠪᠡᠷᠲᠡᠭᠡᠨ ᠵᠠᠰᠠᠬᠤ ᠣᠷᠣᠨ ᠤ ᠵᠢᠯᠣᠭᠤᠳᠬᠤ ᠳᠤᠭᠤᠶᠢᠯᠠᠩ ᠲᠠᠢ ᠪᠥᠬᠦ ᠬᠦᠴᠦᠨ ᠢᠶᠠᠷ ᠢᠶᠠᠨ ᠬᠠᠮᠵᠢᠯᠴᠠᠨ᠂ ᠪᠠᠶᠢᠭᠠᠯᠢ ᠶᠢᠨ ᠣᠶ ᠶᠢ ᠬᠠᠮᠠᠭᠠᠯᠠᠨ ᠰᠡᠷᠭᠦᠭᠡᠬᠦ ᠳᠤᠮᠳᠠ ᠣᠷᠳᠣ ᠬᠤᠭᠤᠴᠠᠭᠠᠨ ᠤ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ᠂ ᠣᠨᠣᠪᠴᠢᠲᠠᠶ᠂ ᠥᠨᠳᠥᠷ ᠪᠠᠷᠢᠮᠵᠢᠶ᠎ᠠ ᠎ ᠲᠠᠢ᠂ ᠴᠢᠨᠠᠷ ᠰᠠᠶᠢᠲᠠᠶ ᠪᠠᠷ ᠬᠤᠭᠤᠴᠠᠭ᠎ᠠ ᠶᠤᠰᠤᠭᠠᠷ ᠨᠠᠶᠢᠷᠠᠭᠤᠯᠤᠨ ᠵᠣᠬᠢᠶᠠᠬᠤ ᠬᠡᠷᠡᠭᠲᠡᠶ᠃    
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号