3 ᠰᠠᠷ᠎ᠠ ᠶᠢᠨ 4 ᠤ ᠦᠳᠡ ᠶᠢᠨ ᠬᠤᠶᠢᠨ᠎ᠠ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠥᠪᠥᠷ ᠮᠣᠩᠭᠤᠯ ᠤᠨ | ᠲᠥᠯᠥᠭᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠠᠭᠠᠨ ᠪᠥᠬᠦᠳᠡ ᠬᠤᠷᠠᠯ ᠬᠢᠪᠡ᠃ | ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠰᠦᠨ ᠱᠤᠤ ᠴᠧᠩ ᠬᠤᠷᠠᠯ ᠢ ᠡᠷᠬᠢᠯᠡᠵᠦ᠂ ᠪᠦᠯᠬᠦᠮ ᠤᠨ | ᠳᠡᠳ᠋ ᠳᠠᠷᠤᠭ᠎ᠠ ᠸᠠᠩ ᠯᠢ ᠰᠢᠶᠠ ᠬᠤᠷᠠᠯ ᠳᠤ ᠣᠷᠣᠯᠴᠠᠵᠠᠢ᠃ | | | | | | | ᠬᠤᠷᠠᠯ ᠠᠴᠠ ᠶᠡᠭᠡ ᠬᠤᠷᠠᠯ ᠤᠨ ᠨᠠᠷᠢᠨ ᠪᠢᠴᠢᠭ ᠤᠨ ᠭᠠᠵᠠᠷ ᠠᠴᠠ ᠬᠤᠷᠠᠯᠳᠤᠭᠤᠯᠤᠭᠰᠠᠨ | ᠲᠥᠯᠥᠭᠡᠯᠡᠭᠴᠢᠳ ᠤᠨ ᠪᠦᠯᠬᠦᠮ ᠤᠨ ᠬᠤᠷᠠᠯᠳᠤᠭᠤᠯᠤᠭᠴᠢ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠦ᠂ | ᠪᠠᠰᠠ ᠬᠤᠯᠪᠣᠭᠳᠠᠯ ᠪᠦᠬᠦᠢ ᠵᠦᠢᠯᠡᠰ ᠢ ᠬᠢᠨᠠᠨ ᠵᠥᠪᠯᠡᠪᠡ᠃ | | | | | | | | | | | ᠰᠦᠨ ᠱᠤᠤ ᠴᠧᠩ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ | ᠳᠠᠷᠠᠭᠠᠬᠢ ᠮᠠᠨ ᠤ ᠤᠯᠤᠰ ᠤᠨ ᠤᠯᠤᠰ ᠲᠦᠷᠦ ᠶᠢᠨ ᠠᠮᠢᠳᠤᠷᠠᠯ ᠳᠠᠬᠢ ᠪᠠᠰᠠ ᠨᠢᠭᠡᠨ ᠲᠣᠮᠣ ᠶᠠᠪᠤᠳᠠᠯ ᠮᠥᠨ᠃ | ᠪᠢᠳᠡ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ | ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ | ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ | ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ᠂ | ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠣᠨ ᠪᠠᠲᠤ ᠴᠢᠩᠭ᠎ᠠ ᠤᠯᠤᠰ | ᠲᠦᠷᠦ ᠶᠢᠨ ᠡᠭᠦᠷᠭᠡᠯᠡᠯ ᠢᠶᠠᠷ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠬᠡᠷᠡᠭᠲᠡᠢ᠃ | ᠰᠠᠨᠠᠯ ᠵᠥᠪᠯᠡᠯᠭᠡ ᠶᠢᠨ ᠮᠡᠳᠡᠭᠦᠯᠦᠯᠲᠡ ᠵᠡᠷᠭᠡ ᠶᠡᠭᠡ ᠬᠤᠷᠠᠯ ᠤᠨ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠢ ᠬᠢᠨᠠᠨ | ᠵᠥᠪᠯᠡᠵᠦ᠂ ᠨᠠᠮ ᠪᠠ ᠤᠯᠤᠰ ᠤᠨ ᠭᠤᠣᠯ ᠠᠵᠢᠯ ᠲᠠᠢ ᠨᠢᠭᠲᠠ ᠤᠶᠠᠯᠳᠤᠭᠤᠯᠤᠨ ᠭᠦᠨᠵᠡᠭᠡᠢ ᠰᠤᠳᠤᠯᠤᠨ ᠰᠡᠳᠬᠢᠵᠦ | ᠂ ᠢᠳᠡᠪᠬᠢᠲᠡᠢ ᠪᠠᠷ ᠦᠭᠡ ᠶᠠᠷᠢᠵᠤ᠂ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠢᠯᠡᠭᠦᠬᠡᠨ ᠰᠠᠨᠠᠯ | ᠰᠠᠨᠠᠭᠤᠯᠭ᠎ᠠ ᠳᠤᠷᠠᠳᠤᠨ ᠠᠷᠭ᠎ᠠ ᠪᠣᠳᠣᠯᠭ᠎ᠠ ᠳᠡᠪᠰᠢᠭᠦᠯᠵᠦ᠂ ᠴᠢᠨᠠᠷ ᠰᠠᠶᠢᠲᠠᠢ ᠰᠠᠨᠠᠯ ᠵᠥᠪᠯᠡᠯᠭᠡ ᠪᠠ ᠰᠠᠨᠠᠭᠤᠯᠭ᠎ᠠ ᠶᠢ | ᠴᠢᠷᠮᠠᠶᠢᠨ ᠳᠤᠷᠠᠳᠬᠤ ᠬᠡᠷᠡᠭᠲᠡᠢ᠃ ᠶᠡᠭᠡ ᠬᠤᠷᠠᠯ ᠤᠨ ᠡᠯ᠎ᠡ ᠵᠦᠢᠯ ᠤᠨ ᠰᠠᠬᠢᠯᠭ᠎ᠠ ᠪᠠᠲᠤ ᠪᠠ ᠲᠣᠭᠲᠠᠭᠠᠯ ᠢ ᠴᠢᠩᠭ᠎ᠠ | ᠵᠢᠷᠤᠮᠯᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠲᠥᠯᠥᠭᠡᠯᠡᠭᠴᠢᠳ ᠤᠨ ᠪᠦᠯᠬᠦᠮ ᠤᠨ ᠠᠵᠢᠯ ᠢ | ᠰᠠᠶᠢᠲᠤᠷ ᠬᠢᠵᠦ᠂ ᠶᠡᠭᠡ ᠬᠤᠷᠠᠯ ᠤᠨ ᠤᠷᠤᠭᠰᠢᠲᠠᠢ ᠶᠠᠪᠤᠭᠳᠠᠬᠤ᠂ ᠲᠡᠭᠦᠰ ᠠᠮᠵᠢᠯᠲᠠ ᠣᠯᠬᠤ ᠳᠤ ᠦᠵᠡᠭᠦᠯᠪᠡᠰᠦ | ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠦ ᠬᠡᠯᠡᠪᠡ᠃ | | |