ᠲᠥᠯᠥᠭᠡᠯᠡᠭᠴᠢ ᠶᠧᠰᠢᠭᠠᠧᠠ᠄ ᠲᠠᠷᠢᠶᠠᠯᠠᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠨᠢ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠳᠤ ᠠᠰᠢᠭᠲᠠᠢ
ᠨᠡᠶᠢᠲᠡᠯᠡᠭᠰᠡᠨ ᠴᠠᠭ᠄
2023/4/11
      ᠡᠸᠡᠩᠬᠢ ᠬᠤᠰᠢᠭᠤᠨ ᠤ ᠰᠢᠨᠡᠬᠡᠨ ᠵᠡᠭᠦᠨ ᠰᠤᠮᠤᠨ ᠤ ᠮᠥᠩᠭᠦᠨᠲᠤᠶᠠᠭ᠎ᠠ ᠭᠠᠴᠠᠭ᠎ᠠ ᠠᠴᠠ ᠢᠷᠡᠭᠰᠡᠨ ᠮᠠᠯᠴᠢᠨ ᠲᠥᠯᠥᠭᠡᠯᠡᠭᠴᠢ ᠶᠧᠰᠢᠭᠠᠧᠠ ᠬᠤᠲᠠ ᠶᠢᠨ ︽ᠬᠤᠶᠠᠷ ᠬᠤᠷᠠᠯ︾᠎ ᠳᠤ ᠭᠠᠴᠠᠭᠠᠨ ᠤ ᠪᠠᠨ ᠮᠠᠯᠴᠢᠳ ᠤᠨ ᠬᠠᠯᠠᠮᠵᠢᠯᠠᠵᠤ ᠪᠠᠶᠢᠭ᠎ᠠ ᠪᠣᠳᠠᠲᠠᠢ ᠠᠰᠠᠭᠤᠳᠠᠯ ᠢ ᠲᠤᠰᠬᠠᠵᠤ᠂ ᠮᠠᠯᠴᠢᠳ ᠤᠨ ᠢᠶᠠᠨ ᠡᠮᠦᠨ᠎ᠡ ᠠᠴᠠ ᠨᠠᠮ ᠵᠠᠰᠠᠭ ᠲᠠᠭᠠᠨ ᠦᠨᠡᠨ ᠦᠭᠡ ᠶᠠᠷᠢᠵᠤ᠂ ᠤᠯᠠᠨ ᠲᠦᠮᠡᠨ ᠳᠡᠭᠡᠨ ᠦᠨᠡᠨᠴᠢ ᠪᠠᠷ ᠦᠢᠯᠡᠴᠢᠯᠡᠬᠦ ᠶᠢ ᠬᠢᠴᠢᠶᠡᠵᠦ ᠶᠠᠪᠤᠨ᠎ᠠ᠃ 
b8557c91a58226854274d17b3cd26f96_6381284712445550532620887.jpg
      ᠲᠥᠯᠥᠭᠡᠯᠡᠭᠴᠢ ᠶᠧᠰᠢᠭᠠᠧᠠ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠎ ᠳᠠᠬᠢ ︽ᠲᠥᠷᠥᠯ ᠵᠦᠢᠯ ᠤᠨ ᠪᠡᠯᠡ ᠣᠷᠣᠭᠤᠯᠤᠯᠲᠠ ᠶᠢ ᠥᠷᠭᠡᠳᠬᠡᠬᠦ  ᠶᠢ ᠴᠢᠩᠭ᠎ᠠ ᠠᠳᠬᠤᠵᠤ᠂ ᠲᠥᠷᠥᠯ ᠵᠦᠢᠯ ᠢ ᠲᠥᠯᠥᠪᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ᠂ ᠣᠳᠣ ᠦᠶ᠎ᠡ  ᠶᠢᠨ ᠦᠢᠯᠡᠴᠢᠯᠡᠭᠡᠨ ᠤ ᠦᠢᠯᠡᠰ ᠵᠡᠷᠭᠡ ᠠᠵᠤ ᠦᠢᠯᠡᠰ ᠤᠨ ᠲᠥᠷᠥᠯ ᠤᠨ ᠲᠥᠷᠥᠯ ᠵᠦᠢᠯ ᠢ ᠭᠤᠣᠯᠳᠠᠯᠭ᠎ᠠ ᠲᠠᠢ ᠰᠦᠪᠡᠭᠴᠢᠯᠡᠵᠦ᠂ ᠨᠠᠩ ᠣᠯᠠᠨ ᠲᠣᠮᠣ ᠲᠥᠷᠥᠯ ᠵᠦᠢᠯ ᠰᠢᠯᠢᠳᠡᠭ ᠲᠥᠷᠥᠯ ᠵᠦᠢᠯ ᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ ᠣᠷᠣᠭᠤᠯᠬᠤ︾᠂ ︽ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠶᠠᠰᠤ ᠴᠢᠨᠠᠷ ᠢ ᠨᠡᠮᠡᠭᠳᠡᠭᠦᠯᠵᠦ ᠬᠠᠩᠭᠠᠯᠭ᠎ᠠ ᠶᠢ ᠨᠠᠩ ᠲᠡᠭᠦᠯᠳᠡᠷᠵᠢᠭᠦᠯᠬᠦ ᠶᠢ ᠠᠬᠢᠭᠤᠯᠬᠤ︾᠂ ︽ᠡᠪᠡᠰᠦᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠨ ᠠᠬᠢᠭᠤᠯᠵᠤ᠂ ᠲᠡᠵᠢᠭᠡᠯ ᠡᠪᠡᠰᠦ ᠲᠠᠷᠢᠬᠤ᠂ ᠡᠪᠡᠰᠦ ᠪᠡᠯᠴᠢᠭᠡᠷ ᠢ ᠰᠡᠷᠭᠦᠭᠡᠨ ᠵᠠᠰᠠᠵᠤ᠂ ᠣᠳᠣᠬᠢᠴᠢᠯᠠᠭᠰᠠᠨ ᠡᠪᠡᠰᠦᠨ ᠤ ᠠᠵᠤ ᠦᠢᠯᠡᠰ ᠤᠨ ᠠᠵᠤ ᠠᠬᠤᠶᠢᠯᠠᠯ ᠢ ᠣᠷᠣᠭᠤᠯᠬᠤ︾ ᠵᠡᠷᠭᠡ ᠮᠠᠯᠴᠢᠳ ᠤᠨ ᠠᠮᠢᠳᠤᠷᠠᠯ ᠦᠢᠯᠡᠳᠪᠦᠷᠢᠯᠡᠯ ᠲᠠᠢ ᠬᠤᠯᠪᠣᠭᠳᠠᠭᠰᠠᠨ ᠠᠵᠢᠯ ᠤᠨ ᠲᠣᠬᠢᠷᠠᠭᠤᠯᠤᠯᠲᠠ ᠶᠢ ᠰᠣᠨᠣᠰᠤᠭᠠᠳ ᠶᠡᠭᠡ ᠯᠡ ᠤᠷᠮᠠᠲᠠᠢ ᠪᠠᠶᠢᠯ᠎ᠠ᠃      ᠲᠡᠷᠡᠪᠡᠷ ᠡᠨᠡ ᠵᠢᠯ ︽ᠬᠤᠶᠠᠷ ᠬᠤᠷᠠᠯ︾᠎ ᠳᠤ ︽ᠲᠠᠷᠢᠶᠠᠯᠠᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ︾᠂ ︽ᠡᠪᠡᠰᠦ ᠲᠠᠷᠢᠬᠤ ᠲᠦᠷᠦᠯ ᠵᠦᠢᠯ ᠢᠶᠠᠷ ᠭᠠᠴᠠᠭᠠᠨ ᠤ ᠬᠠᠮᠲᠤ ᠶᠢᠨ ᠠᠵᠤ ᠠᠬᠤᠢ ᠳᠤ ᠠᠰᠢᠭ ᠡᠭᠦᠳᠭᠦ︾᠂ ︽ᠭᠠᠴᠠᠭᠠᠨ ᠤ ᠬᠠᠮᠲᠤ ᠶᠢᠨ ᠠᠵᠤ ᠠᠬᠤᠢ ᠶᠢᠨ ᠦᠬᠡᠷ ᠬᠤᠨᠢᠨ ᠤ ᠲᠦᠷᠦᠯ ᠵᠦᠢᠯ ᠢ ᠨᠠᠶᠢᠳᠠᠪᠤᠷᠢᠵᠢᠭᠤᠯᠵᠤ᠂ ᠬᠠᠮᠲᠤ ᠶᠢᠨ ᠠᠵᠤ ᠠᠬᠤᠢ ᠶᠢ ᠤᠯᠠᠮ ᠬᠥᠭᠵᠢᠭᠦᠯᠵᠦ᠂ ᠮᠠᠯᠴᠢᠳ ᠤᠨ ᠬᠠᠮᠲᠤ ᠪᠠᠷ ᠪᠠᠶᠠᠵᠢᠬᠤ ᠳᠤ ᠪᠠᠲᠤ ᠰᠠᠭᠤᠷᠢ ᠲᠠᠯᠪᠢᠬᠤ ᠬᠡᠷᠡᠭᠲᠡᠢ︾ ᠭᠡᠬᠦ ᠰᠠᠨᠠᠯ ᠵᠥᠪᠯᠡᠯᠭᠡ ᠪᠠᠨ ᠳᠡᠪᠰᠢᠭᠦᠯᠪᠡ᠃      ᠣᠷᠴᠢᠮ ᠤᠨ ᠵᠢᠯ ᠠᠴᠠ ᠪᠦᠭᠦ ᠬᠤᠲᠠ ᠶᠢᠨ ᠬᠡᠪᠴᠢᠶᠡᠨ ᠳᠤ ᠲᠠᠷᠢᠶᠠᠯᠠᠬᠤ ᠶᠢ ᠵᠣᠭᠰᠣᠭᠠᠵᠤ ᠣᠶ ᠰᠢᠭᠤᠢ ᠡᠪᠡᠰᠦ ᠪᠡᠯᠴᠢᠭᠡᠷ ᠢ ᠰᠡᠷᠭᠦᠭᠡᠬᠦ ᠠᠵᠢᠯ ᠶᠠᠪᠤᠭᠳᠠᠵᠤ᠂ ᠡᠸᠡᠩᠬᠢ ᠬᠤᠰᠢᠭᠤᠨ ᠤ ᠰᠢᠨᠡᠬᠡᠨ ᠵᠡᠭᠦᠨ ᠰᠤᠮᠤ ᠶᠢᠨ ᠲᠠᠷᠢᠶᠠᠯᠠᠬᠤ ᠶᠢ ᠵᠣᠭᠰᠣᠭᠠᠵᠤ ᠤᠢ ᠰᠢᠭᠤᠢ ᠡᠪᠡᠰᠦ ᠪᠡᠯᠴᠢᠭᠡᠷ ᠢ ᠰᠡᠷᠭᠦᠭᠡᠭᠰᠡᠨ ᠲᠠᠯᠠᠪᠠᠢ 40 ᠲᠦᠮᠡᠨ ᠮᠦ ᠠᠴᠠ ᠳᠡᠭᠡᠭᠰᠢ ᠬᠦᠷᠴᠦ᠂ ᠡᠭᠦᠨ ᠤ ᠳᠣᠲᠣᠷᠠᠬᠢ ᠬᠡᠰᠡᠭ ᠭᠠᠵᠠᠷ ᠨᠢ ᠨᠢᠭᠡᠨᠲᠡ ᠠᠲᠠᠷᠰᠢᠵᠤ ᠲᠠᠴᠢᠷᠳᠠᠨ ᠠᠰᠢᠭᠯᠠᠵᠤ ᠲᠡᠶᠢᠯᠭᠦ ᠦᠭᠡᠢ ᠪᠠᠶᠢᠬᠤ ᠠᠰᠠᠭᠤᠳᠠᠯ ᠳᠤ ᠴᠢᠭᠯᠡᠭᠦᠯᠦᠨ ᠲᠥᠯᠥᠭᠡᠯᠡᠭᠴᠢ ᠶᠧᠰᠢᠭᠠᠧᠠ᠄ ︽ᠭᠠᠴᠠᠭᠠᠨ ᠤ ᠨᠠᠶᠢᠲᠠ ᠶᠢᠨ ᠨᠤᠲᠤᠭ ᠲᠤ ᠲᠠᠷᠢᠶᠠᠯᠠᠬᠤ ᠶᠢ ᠵᠣᠭᠰᠣᠭᠠᠵᠤ᠂ ᠬᠠᠷᠢᠨ ᠴᠢᠨᠠᠷ ᠰᠠᠶᠢᠲᠠᠢ ᠡᠪᠡᠰᠦ ᠲᠠᠷᠢᠪᠠᠯ ᠡᠪᠳᠡᠭᠳᠡᠭᠰᠡᠨ ᠡᠪᠡᠰᠦ ᠪᠡᠯᠴᠢᠭᠡᠷ ᠢ ᠰᠡᠷᠭᠦᠭᠡᠵᠦ ᠴᠢᠳᠠᠬᠤ ᠪᠠᠷ ᠪᠠᠷᠠᠬᠤ ᠦᠭᠡᠢ ᠭᠠᠴᠠᠭᠠᠨ ᠤ ᠪᠠᠨ ᠬᠠᠮᠲᠤ ᠶᠢᠨ ᠠᠵᠤ ᠠᠬᠤᠢ ᠶᠢᠨ ᠦᠬᠡᠷ ᠬᠤᠨᠢᠨ ᠤ ᠡᠪᠡᠰᠦ ᠪᠣᠷᠳᠣᠭᠠᠨ ᠤ ᠪᠠᠲᠤᠯᠠᠭ᠎ᠠ ᠶᠢ ᠭᠦᠢᠴᠡᠳ ᠬᠠᠩᠭᠠᠵᠤ᠂ ᠴᠢᠨᠠᠭᠰᠢᠯᠠᠨ ᠮᠠᠯᠴᠢᠳ ᠤᠯᠠᠨ ᠠᠰᠢᠭ ᠢ ᠨᠢ ᠬᠦᠷᠲᠡᠵᠦ ᠴᠢᠳᠠᠬᠤ ᠪᠣᠯᠣᠨ᠎ᠠ᠂ ᠨᠡᠩ ᠴᠢᠨᠠᠭᠰᠢᠯᠠᠨ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠦᠬᠡᠷ ᠬᠤᠨᠢᠨ ᠤ ᠲᠦᠷᠦᠯ ᠵᠦᠢᠯ ᠢ ᠨᠠᠶᠢᠳᠠᠪᠤᠷᠢᠵᠢᠭᠤᠯᠪᠠᠯ ᠮᠠᠯᠴᠢᠳ ᠤᠨ ᠠᠰᠢᠭ ᠤᠷᠤᠯᠭ᠎ᠠ ᠴᠦ ᠨᠡᠩ ᠢᠯᠡᠭᠦᠦ ᠨᠡᠮᠡᠭᠳᠡᠬᠦ ᠪᠣᠯᠣᠨ᠎ᠠ︾ ᠭᠡᠵᠦ ᠰᠤᠷᠪᠤᠯᠵᠢᠯᠠᠬᠴᠢ ᠳᠤ ᠶᠠᠷᠢᠯ᠎ᠠ᠃      ᠰᠣᠷᠪᠤᠯᠵᠢᠯᠠᠭ᠎ᠠ ᠥᠨᠳᠥᠷᠯᠡᠬᠦ ᠪᠠᠷ᠂ ᠲᠥᠯᠥᠭᠡᠯᠡᠭᠴᠢ ᠶᠧᠰᠢᠭᠠᠧᠠ ᠪᠠᠰᠠ ᠨᠤᠮᠤᠨ ᠰᠣᠬᠤᠷ ᠤᠨ ᠨᠤᠲᠤᠭ ᠪᠡᠯᠴᠢᠭᠡᠷ ᠢ ᠶᠡᠬᠡᠪᠡᠷ ᠡᠪᠳᠡᠵᠦ ᠪᠠᠶᠢᠭ᠎ᠠ ᠪᠠᠶᠢᠳᠠᠯ ᠤᠨ ᠲᠤᠬᠠᠢ ᠰᠠᠨᠠᠭᠠᠰᠢᠷᠠᠵᠤ ᠪᠠᠶᠢᠭ᠎ᠠ ᠪᠠᠨ ᠰᠤᠷᠪᠤᠯᠵᠢᠯᠠᠬᠴᠢ ᠳᠤ ᠴᠤᠬᠤᠶᠢᠯᠭᠠᠪᠠ᠃      ᠦᠨᠳᠦᠰᠦᠨ ᠱᠠᠲᠤᠨ ᠤ ᠲᠥᠯᠥᠭᠡᠯᠡᠭᠴᠢ ᠪᠣᠯᠤᠭᠰᠠᠨ ᠶᠧᠰᠢᠭᠠᠧᠠ ︽ᠬᠤᠶᠠᠷ ᠬᠤᠷᠠᠯ︾᠎ ᠤᠨ ᠲᠠᠷᠠᠭ᠎ᠠ ᠳᠠᠷᠦ᠋ᠢᠬᠠᠨ ᠭᠠᠴᠠᠭᠠᠨ ᠤ ᠪᠠᠨ ᠤᠯᠠᠨ ᠲᠦᠮᠡᠨ ᠳᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠭᠦᠷᠭᠡᠭᠦ ᠪᠠᠷ ᠪᠡᠯᠡᠬᠡᠨ ᠪᠠᠶᠢᠨ᠎ᠠ᠃      
 
ᠢᠷᠡᠯᠲᠡ᠄ ᠬᠦᠯᠦᠨ ᠪᠤᠶᠢᠷ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号