ᠪᠤᠬᠢ ᠡᠪᠡᠰᠦ
ᠨᠡᠶᠢᠲᠡᠯᠡᠭᠰᠡᠨ ᠴᠠᠭ᠄
2023/4/12
      ᠤᠯᠠᠨ ᠨᠠᠰᠤᠲᠤ ᠡᠪᠡᠰᠦᠯᠢᠭ ᠲᠤᠮᠲᠠᠰᠠᠭ ᠭᠠᠩᠰᠠᠭ ᠤᠷᠭᠤᠮᠠᠯ᠃ ᠨᠡᠶᠢᠲᠡᠯᠢᠭ ᠪᠡᠯᠴᠢᠭᠡᠷ ᠪᠤᠯᠤᠨ ᠴᠦᠯᠡᠷᠬᠡᠭ ᠪᠡᠯᠴᠢᠭᠡᠷ ᠤᠨ ᠪᠦᠰᠡᠨ ᠤ ᠳᠤᠪᠤ ᠳᠤᠪᠤᠷᠴᠠᠭ᠂ ᠬᠠᠶᠢᠷᠬᠠᠭ ᠭᠦᠳᠤᠯ ᠭᠠᠵᠠᠷ᠂ ᠠᠭᠤᠯᠠᠷᠬᠠᠭ ᠭᠦᠳᠤᠯ ᠭᠠᠵᠠᠷ ᠤᠨ ᠡᠭᠡᠪᠤᠷ ᠵᠢᠴᠢ ᠲᠠᠷᠢᠶᠠᠨ ᠵᠠᠬ᠎ᠠ᠂ ᠵᠠᠮ ᠤᠨ ᠬᠠᠵᠠᠭᠤ ᠪᠠᠷ ᠤᠷᠭᠤᠳᠠᠭ᠃ ᠮᠠᠨ ᠤ ᠤᠷᠤᠨ ᠤ ᠭᠦᠯᠦᠨ ᠪᠤᠶᠢᠷ— ᠰᠢᠯᠢ ᠶᠢᠨ ᠭᠤᠤᠯ ᠤᠨ ᠦᠨᠳᠦᠷᠯᠢᠭ᠂ ᠬᠢᠩᠭᠠᠨ ᠤ ᠬᠤᠶᠢᠲᠤ ᠲᠤᠭᠤᠷᠢᠭ᠂ ᠬᠢᠩᠭᠠᠨ ᠤ ᠡᠮᠦᠨᠡᠲᠦ ᠲᠤᠭᠤᠷᠢᠭ᠂ ᠳᠠᠪᠠᠭᠠᠨ ᠤ ᠪᠠᠷᠠᠭᠤᠨ ᠲᠤᠭᠤᠷᠢᠭ᠂ ᠬᠤᠷᠴᠢᠨ ᠲᠤᠭᠤᠷᠢᠭ᠂ ᠤᠯᠠᠭᠠᠨᠬᠠᠳᠠ ᠶᠢᠨ ᠳᠤᠪᠤ ᠳᠤᠪᠤᠷᠴᠠᠭ᠂ ᠤᠯᠠᠭᠠᠨᠴᠠᠪ ᠳᠤᠭᠤᠷᠢᠭ᠂ ᠮᠤᠨᠢ ᠠᠭᠤᠯᠠ ᠶᠢᠨ ᠲᠤᠭᠤᠷᠢᠭ᠂ ᠮᠤᠨᠢ ᠠᠭᠤᠯᠠ ᠶᠢᠨ ᠦᠪᠦᠷ ᠲᠠᠬᠢ ᠳᠤᠪᠤ ᠳᠤᠪᠤᠷᠴᠠᠭ᠂ ᠵᠡᠭᠦᠨ ᠠᠯᠠᠱᠠ ᠲᠤᠭᠤᠷᠢᠭ᠂ ᠪᠠᠷᠠᠭᠤᠨ ᠠᠯᠠᠱᠠ ᠲᠤᠭᠤᠷᠢᠭ ᠢᠶᠠᠷ ᠤᠷᠭᠤᠯᠲᠠ ᠲᠠᠢ᠃ ᠮᠠᠨ ᠤ ᠤᠯᠤᠰ ᠤᠨ ᠵᠡᠭᠦᠨ ᠬᠤᠶᠢᠲᠤ ᠤᠷᠤᠨ᠂ ᠤᠮᠠᠷᠠᠲᠤ ᠤᠷᠤᠨ᠂ ᠪᠠᠷᠠᠭᠤᠨ ᠡᠮᠦᠨᠡᠲᠦ ᠤᠷᠤᠨ ᠢᠶᠠᠷ ᠲᠠᠷᠬᠠᠨ᠂ ᠮᠤᠩᠭᠤᠯ ᠤᠯᠤᠰ᠂ ᠤᠷᠤᠰ ᠤᠨ ᠰᠢᠪᠧᠷᠢᠶ᠎ᠠ ᠪᠤᠯᠤᠨ ᠠᠯᠤᠰ ᠳᠤᠷᠤᠨᠠᠲᠤ ᠶᠢᠨ ᠭᠠᠵᠠᠷ ᠤᠷᠤᠨ ᠢᠶᠠᠷ ᠪᠠᠰᠠ ᠲᠠᠷᠬᠠᠵᠤ ᠪᠠᠶᠢᠳᠠᠭ᠃ ᠳᠤᠮᠳᠠ ᠵᠡᠷᠭᠡ ᠶᠢᠨ ᠲᠡᠵᠢᠭᠡᠯᠲᠦ ᠤᠷᠭᠤᠮᠡᠯ᠃ ᠨᠠᠪᠴᠢ ᠮᠦᠴᠢᠷ ᠨᠢ ᠨᠢᠯᠬ᠎ᠠ ᠵᠦᠭᠡᠯᠡᠨ ᠮᠦᠷᠲᠡᠭᠡᠨ ᠲᠤᠷᠰᠢᠯᠲᠤ ᠴᠢᠨᠠᠷ ᠰᠠᠶᠢᠨ ᠲᠤᠯᠠ ᠡᠯ᠎ᠡ ᠲᠦᠷᠦᠯ ᠤᠨ ᠮᠠᠯ ᠲᠡᠵᠢᠭᠡᠪᠦᠷᠢ ᠪᠦᠷ ᠳᠤᠷᠠᠲᠠᠢ ᠢᠳᠡᠳᠡᠭ᠃ ᠪᠦᠭᠦᠯᠢ ᠡᠪᠡᠰᠦ ᠨᠢ ᠡᠮ ᠳᠤ ᠤᠷᠤᠵᠤ᠂ ᠭᠤᠤᠯᠳᠠᠭᠤ ᠰᠠᠯᠪᠦᠷᠢ  ᠮᠦᠭᠡᠷᠰᠦᠨ ᠬᠤᠭᠤᠯᠠᠢ ᠶᠢᠨ ᠦᠷᠪᠢᠰᠤᠯ᠂ ᠠᠭᠤᠰᠬᠢᠨ ᠤ ᠰᠦᠷᠢᠶ᠎ᠠ ᠵᠡᠷᠭᠡ ᠶᠢ ᠵᠠᠰᠠᠳᠠᠭ᠃
还阳参.webp.jpg
 
ᠢᠷᠡᠯᠲᠡ᠄ ᠦᠪᠦᠷ ᠮᠤᠩᠭᠤᠯ ᠤᠨ ᠬᠡᠭᠡᠷ᠎ᠡ ᠶᠢᠨ ᠤᠷᠭᠤᠮᠠᠯ ᠤᠨ ᠵᠢᠷᠤᠭᠲᠤ ᠲᠤᠯᠠᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号