【ᠦᠰᠦᠭ ᠪᠢᠴᠢᠭ ᠢᠶᠠᠷ ᠦᠬᠦᠯᠡᠬᠦᠢ】2023 ᠣᠨ ᠤ ᠲᠥᠪ ᠤᠨ ᠡᠳ᠋ ᠤᠨ ᠵᠠᠰᠠᠭ ᠤᠨ ᠣᠶᠢᠵᠢᠭᠤᠯᠬᠤ ᠨᠥᠬᠦᠪᠥᠷᠢ ᠪᠠ ᠡᠯᠡᠰᠦᠷᠬᠡᠭᠵᠢᠭᠰᠡᠨ ᠭᠠᠵᠠᠷ ᠰᠢᠷᠣᠶ ᠶᠢ ᠪᠢᠲᠡᠭᠦᠮᠵᠢᠯᠡᠨ ᠬᠠᠮᠠᠭᠠᠯᠠᠬᠤ ᠨᠥᠬᠦᠪᠥᠷᠢ ᠶᠢᠨ ᠲᠥᠷᠥᠯ ᠵᠦᠢᠯ ᠢ ᠤᠷᠢᠳᠴᠢᠯᠠᠨ ᠪᠠᠭᠤᠯᠭᠠᠬᠤ ᠠᠵᠢᠯ ᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2023/4/19
     2023 ᠣᠨ ᠤ ᠲᠥᠪ ᠤᠨ ᠡᠳ᠋ ᠤᠨ ᠵᠠᠰᠠᠭ ᠤᠨ ᠣᠶᠢᠵᠢᠭᠤᠯᠬᠤ ᠨᠥᠬᠦᠪᠥᠷᠢ ᠪᠠ ᠡᠯᠡᠰᠦᠷᠬᠡᠭᠵᠢᠭᠰᠡᠨ ᠭᠠᠵᠠᠷ ᠰᠢᠷᠣᠶ ᠶᠢ ᠪᠢᠲᠡᠭᠦᠮᠵᠢᠯᠡᠨ ᠬᠠᠮᠠᠭᠠᠯᠠᠬᠤ ᠨᠥᠬᠦᠪᠥᠷᠢ ᠶᠢᠨ ᠲᠥᠷᠥᠯ ᠵᠦᠢᠯ ᠢ ᠤᠷᠢᠳᠴᠢᠯᠠᠨ ᠪᠠᠭᠤᠯᠭᠠᠬᠤ ᠠᠵᠢᠯ ᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠮᠡᠳᠡᠭᠳᠡᠯ         ᠥᠪᠥᠷ ᠣᠶ ᠨᠤᠲᠤᠭ ᠤᠶᠢᠵᠢᠭᠤᠯᠤᠯᠳᠠ ᠲᠠᠷᠬᠠᠭᠠᠭᠰᠠᠨ           〔 2023〕5 ᠳ᠋ᠤᠭᠠᠷ ᠲᠣᠭᠠᠲᠤ        2023 ᠣᠨ ᠤ ᠲᠥᠪ ᠤᠨ ᠡᠳ᠋ ᠤᠨ ᠵᠠᠰᠠᠭ ᠤᠨ ᠣᠶᠢᠵᠢᠭᠤᠯᠬᠤ ᠨᠥᠬᠦᠪᠥᠷᠢ ᠪᠠ ᠡᠯᠡᠰᠦᠷᠬᠡᠭᠵᠢᠭᠰᠡᠨ ᠭᠠᠵᠠᠷ ᠰᠢᠷᠣᠶ ᠶᠢ ᠪᠢᠲᠡᠭᠦᠮᠵᠢᠯᠡᠨ ᠬᠠᠮᠠᠭᠠᠯᠠᠬᠤ ᠨᠥᠬᠦᠪᠥᠷᠢ ᠶᠢᠨ ᠲᠥᠷᠥᠯ ᠵᠦᠢᠯ ᠢ ᠤᠷᠢᠳᠴᠢᠯᠠᠨ ᠪᠠᠭᠤᠯᠭᠠᠬᠤ ᠠᠵᠢᠯ ᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠮᠡᠳᠡᠭᠳᠡᠯ ᠤᠨ ᠲᠦᠷᠦ ᠶᠢᠨ ᠪᠤᠳᠤᠯᠭ᠎ᠠ ᠶᠢᠨ ᠲᠠᠶᠢᠯᠤᠮᠵᠢ        ᠨᠢᠭᠡ᠂ ᠲᠥᠪ ᠤᠨ ᠡᠳ᠋ ᠤᠨ ᠵᠠᠰᠠᠭ ᠤᠨ ᠣᠶᠢᠵᠢᠭᠤᠯᠬᠤ ᠲᠤᠰᠠᠯᠠᠮᠵᠢ ᠶᠢᠨ ᠲᠥᠷᠥᠯ ᠵᠦᠢᠯ      ᠤᠯᠤᠰ ᠠᠴᠠ ᠮᠠᠨ ᠤ ᠣᠷᠣᠨ ᠤ ᠣᠶᠢᠵᠢᠭᠤᠯᠤᠯᠲᠠ ᠶᠢᠨ ᠨᠥᠬᠦᠪᠥᠷᠢ ᠮᠥᠩᠭᠦ ᠶᠢ 38349 ᠲᠦᠮᠡᠨ ᠲᠥᠭᠦᠷᠢᠭ ᠤᠷᠢᠳᠴᠢᠯᠠᠨ ᠪᠠᠭᠤᠯᠭᠠᠵᠤ᠂ ᠬᠥᠮᠦᠨ ᠤ ᠬᠦᠴᠦ ᠪᠠᠷ ᠣᠶᠢᠵᠢᠭᠤᠯᠬᠤ᠂ ᠴᠢᠨᠠᠷ ᠮᠠᠭᠤᠲᠠᠶ ᠦᠷ᠎ᠡ ᠠᠰᠢᠭ ᠢᠶᠠᠷ ᠳᠤᠤᠷ᠎ᠠ ᠣᠶ ᠶᠢ ᠥᠭᠡᠷᠡᠴᠢᠯᠡᠬᠦ ᠡᠭᠦᠷᠭᠡ ᠶᠢ ᠨᠡᠶᠢᠲᠡ 113 . 66 ᠲᠦᠮᠡᠨ ᠮᠥ ᠲᠣᠬᠢᠷᠠᠭᠤᠯᠪᠠ ︵ᠨᠠᠷᠢᠨ ᠠᠭᠤᠯᠭ᠎ᠠ ᠶᠢ ᠳᠠᠭᠠᠯᠳᠤᠭᠤᠯᠤᠯ 1᠎ ᠳᠤ ᠦᠵᠡ︶᠃ ᠡᠯ᠎ᠡ ᠬᠤᠯᠪᠣᠭᠳᠠᠯ ᠪᠥᠬᠦᠶ ᠠᠶᠢᠮᠠᠭ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠨᠢ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠴᠠᠭ ᠲᠤᠬᠠᠶ ᠳᠤᠨᠢ ᠵᠥᠪᠳᠡᠯᠴᠡᠵᠦ᠂ ᠪᠠᠯᠠ ᠮᠥᠩᠭᠦ ᠪᠠ ᠡᠭᠦᠷᠭᠡ ᠪᠠᠨ ᠲᠥᠷᠥᠯ ᠵᠦᠢᠯ ᠤᠨ ᠬᠤᠰᠢᠭᠤ ᠰᠢᠶᠠᠨ ᠳᠤ ᠲᠦᠷᠭᠡᠬᠡᠨ ᠪᠠᠭᠤᠯᠭᠠᠵᠤ᠂ ᠡᠭᠦᠷᠭᠡ ᠪᠠᠨ ᠴᠠᠭ ᠲᠤᠬᠠᠶ ᠳᠤᠨᠢ ᠶᠠᠰᠤ ᠴᠢᠨᠠᠷ ᠲᠤᠭ᠎ᠠ ᠶᠣᠰᠣᠭᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃      ︵ᠨᠢᠭᠡ︶ ᠬᠥᠮᠦᠨ ᠤ ᠬᠦᠴᠦ ᠪᠠᠷ ᠣᠶᠢᠵᠢᠭᠤᠯᠬᠤ᠃ ᠲᠤᠷᠤᠭ ᠮᠣᠳᠣ ᠶᠢ ᠣᠶᠢᠵᠢᠭᠤᠯᠬᠤ ᠪᠠ ᠪᠣᠳᠠ ᠮᠣᠳᠣ ᠶᠢ ᠣᠶᠢᠵᠢᠭᠤᠯᠬᠤ ᠶᠢ ᠪᠠᠭᠲᠠᠭᠠᠨ᠎ᠠ᠃ ᠡᠯ᠎ᠡ ᠬᠠᠮᠢᠶ᠎ᠠ ᠪᠦᠬᠦᠢ ᠠᠶᠢᠮᠠᠭ ᠬᠤᠲᠠ ᠶᠢᠨ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠨᠢ ᠲᠥᠷᠥᠯ ᠵᠦᠢᠯ ᠤᠨ ᠬᠤᠰᠢᠭᠤ ᠰᠢᠶᠠᠨ ᠤ ᠪᠡᠯᠡ ᠮᠥᠩᠭᠦ ᠪᠣᠯᠤᠨ ᠡᠭᠦᠷᠭᠡ ᠶᠢ ᠦᠨᠳᠦᠰᠦᠯᠡᠨ᠂ ︽ᠣᠶᠢᠵᠢᠭᠤᠯᠬᠤ ᠮᠡᠷᠭᠡᠵᠢᠯ ᠤᠨ ᠳᠦᠷᠢᠮ︾ ︵GB / T 15776—2016︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠢᠵᠢᠭᠤᠯᠬᠤ ᠮᠡᠷᠭᠡᠵᠢᠯ ᠤᠨ ᠳᠦᠷᠢᠮ︾ ︵DB 15 / T 389—2021︶ ᠵᠢᠴᠢ ︽ᠰᠢᠨᠵᠢᠯᠡᠬᠦ ᠤᠬᠠᠭᠠᠨᠴᠢ ᠪᠠᠷ ᠨᠣᠭᠤᠭᠠᠷᠠᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︽ᠰᠢᠨᠵᠢᠯᠡᠬᠦ ᠤᠬᠠᠭᠠᠨᠴᠢ ᠪᠠᠷ ᠨᠣᠭᠤᠭᠠᠷᠠᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠡᠯ᠎ᠡ ᠲᠥᠷᠥᠯ ᠵᠦᠢᠯ ᠤᠨ ᠬᠤᠰᠢᠭᠤ ᠰᠢᠶᠠᠨ ᠢ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠠᠵᠢᠯ ᠤᠨ ᠵᠢᠷᠤᠭ ᠲᠥᠯᠥᠪᠯᠡᠭᠡ ᠶᠢ ᠵᠢᠷᠤᠮᠵᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠨ ᠵᠥᠪᠰᠢᠶᠡᠷᠡᠬᠦ ᠬᠡᠷᠡᠭᠲᠡᠶ᠃ ᠡᠯ᠎ᠡ ᠲᠥᠷᠥᠯ ᠵᠦᠢᠯ ᠤᠨ ᠬᠤᠰᠢᠭᠤ ᠰᠢᠶᠠᠨ ᠨᠤᠭᠤᠳ ᠴᠤᠬᠤᠯᠠᠪᠤᠷᠢᠯᠠᠭᠰᠠᠨ ᠠᠵᠢᠯ ᠤᠨ ᠵᠢᠷᠤᠭ ᠲᠥᠯᠥᠪᠯᠡᠭᠡ ᠶᠢᠨ ᠶᠣᠰᠣᠭᠠᠷ᠂ ᠬᠢᠨᠠᠮᠠᠭᠠᠶ ᠵᠣᠬᠢᠶᠠᠨ ᠪᠠᠶᠢᠭᠤᠯᠤᠨ ᠴᠠᠭ ᠲᠤᠬᠠᠶ ᠳᠤᠨᠢ ᠲᠦᠷᠦᠯ ᠵᠦᠢᠯ ᠢᠶᠠᠨ ᠡᠬᠢᠯᠡᠭᠦᠯᠵᠦ᠂ ᠣᠶᠢᠵᠢᠭᠤᠯᠤᠯᠲᠠ ᠶᠢᠨ ᠶᠠᠰᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠶ᠃      ︵ᠬᠤᠶᠠᠷ︶ ᠴᠢᠨᠠᠷ ᠮᠠᠭᠤ ᠦᠷ᠎ᠡ ᠠᠰᠢᠭ ᠢᠶᠠᠷ ᠳᠣᠣᠷ᠎ᠠ ᠣᠶ ᠶᠢ ᠥᠭᠡᠷᠡᠴᠢᠯᠡᠬᠦ᠃ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠪᠡᠯ᠂ ᠴᠢᠨᠠᠷ ᠮᠠᠭᠤ ᠦᠷ᠎ᠡ ᠠᠰᠢᠭ ᠲᠤᠤᠷ᠎ᠠ ᠤᠢ ᠶᠢ ᠥᠭᠡᠷᠡᠴᠢᠯᠡᠬᠦ ᠶᠢ ᠳᠤᠷᠤᠭ ᠮᠣᠳᠣᠨ ᠤᠢ ᠶᠢ ᠥᠭᠡᠷᠡᠴᠢᠯᠡᠬᠦ ᠪᠠ ᠪᠤᠳᠠ ᠮᠣᠳᠣᠨ ᠤᠢ ᠶᠢ ᠥᠭᠡᠷᠡᠴᠢᠯᠡᠬᠦ ᠭᠡᠵᠦ ᠬᠤᠪᠢᠶᠠᠨ᠎ᠠ᠃ ᠡᠯ᠎ᠡ ᠬᠤᠯᠪᠣᠭᠳᠠᠯ ᠪᠥᠬᠦᠶ ᠠᠶᠢᠮᠠᠭ ᠬᠤᠲᠠ ᠲᠥᠷᠥᠯ ᠵᠦᠢᠯ ᠤᠨ ᠬᠤᠰᠢᠭᠤ ᠰᠢᠶᠠᠨ ᠢ ᠵᠣᠬᠢᠶᠠᠨ ᠪᠠᠶᠢᠭᠤᠯᠵᠤ ᠪᠠᠶᠢᠭᠠᠳ ︽ᠳᠤᠤᠷ᠎ᠠ ᠦᠷ᠎ᠡ ᠠᠰᠢᠭᠲᠤ ᠣᠶ ᠶᠢᠨ ᠥᠭᠡᠷᠡᠴᠢᠯᠡᠯᠲᠡ ᠶᠢᠨ ᠮᠡᠷᠭᠡᠵᠢᠯ ᠤᠨ ᠲᠦᠷᠢᠮ︾ ︵LY / T 1960—2017︶᠎ ᠤᠨ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠠᠵᠢᠯᠯᠠᠭᠠᠨ ᠤ ᠵᠢᠷᠤᠭ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠨ ᠵᠥᠪᠰᠢᠶᠡᠷᠡᠨ᠎ᠡ᠃ ᠡᠯ᠎ᠡ ᠬᠤᠯᠪᠣᠭᠳᠠᠯ ᠪᠦᠬᠦᠢ ᠬᠤᠰᠢᠭᠤ ᠰᠢᠶᠠᠨ ᠴᠤᠬᠤᠯᠠᠪᠦᠷᠢᠯᠠᠭᠰᠠᠨ ᠠᠵᠢᠯ ᠤᠨ ᠵᠢᠷᠤᠭ ᠲᠥᠯᠥᠪᠯᠡᠭᠡ ᠶᠢᠨ ᠶᠣᠰᠣᠭᠠᠷ᠂ ᠬᠢᠨᠠᠮᠠᠭᠠᠶ ᠵᠣᠬᠢᠶᠠᠨ ᠪᠠᠶᠢᠭᠤᠯᠤᠨ ᠴᠠᠭ ᠲᠤᠬᠠᠶ ᠳᠤᠨᠢ ᠪᠠᠷᠢᠯᠭ᠎ᠠ ᠪᠠᠷᠢᠵᠤ᠂ ᠥᠭᠡᠷᠡᠴᠢᠯᠡᠨ ᠰᠠᠶᠢᠵᠢᠷᠠᠭᠤᠯᠬᠤ ᠶᠠᠰᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠬᠤᠯᠪᠣᠭᠳᠠᠯ ᠪᠥᠬᠦᠶ ᠠᠶᠢᠮᠠᠭ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠨᠢ ᠴᠣᠬᠤᠯᠠᠪᠤᠷᠢᠯᠠᠭᠰᠠᠨ ᠤ ᠳᠠᠷᠠᠭᠠᠬᠢ ᠠᠵᠢᠯ ᠤᠨ ᠵᠢᠷᠤᠭ ᠲᠥᠯᠥᠪᠯᠡᠭᠡ ︵ᠴᠠᠭᠠᠰᠤᠨ ᠬᠡᠪᠯᠡᠯ ᠪᠠ ᠡᠯᠧᠺᠲᠷᠣᠨ︶᠂  ᠵᠢᠴᠢ ᠲᠤᠰ ᠱᠠᠲᠤᠨ ᠤ ᠡᠳ ᠤᠨ ᠵᠠᠰᠠᠭ ᠠᠴᠠ ᠲᠥᠷᠥᠯ ᠵᠦᠢᠯ ᠤᠨ ᠬᠤᠰᠢᠭᠤ ᠰᠢᠶᠠᠨ ᠳᠤ ᠪᠠᠭᠤᠯᠭᠠᠬᠤ ᠪᠡᠯᠡ ᠮᠥᠩᠭᠦ ᠶᠢᠨ ᠲᠥᠯᠥᠪᠯᠡᠭᠡ ᠪᠠᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ ᠡᠭᠦᠨ ᠤ ᠬᠠᠮᠲᠤ᠂ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠮᠢᠶ᠎ᠠ ᠪᠥᠬᠦᠶ ᠵᠢᠷᠤᠭ ᠲᠤ ᠨᠠᠶᠢᠳᠠᠪᠤᠷᠢᠵᠢᠭᠤᠯᠬᠤ ᠱᠠᠭᠠᠷᠳᠠᠯᠭ᠎ᠠ ᠶᠣᠰᠣᠭᠠᠷ᠂ 2023 ᠣᠨ ᠤ ᠣᠶᠢᠵᠢᠭᠤᠯᠤᠯᠲᠠ ᠶᠢᠨ ᠨᠥᠬᠦᠪᠥᠷᠢ ᠶᠢᠨ ᠲᠥᠷᠥᠯ ᠵᠦᠢᠯ ᠤᠨ ᠦᠷ᠎ᠡ ᠪᠦᠲᠦᠭᠡᠯ ᠤᠨ ᠵᠢᠷᠤᠭ ᠲᠤ ᠣᠷᠣᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃      ᠬᠤᠶᠠᠷ᠂ ᠡᠯᠡᠰᠦᠵᠢᠭᠰᠡᠨ ᠭᠠᠵᠠᠷ ᠰᠢᠷᠣᠢ ᠶᠢᠨ ᠪᠢᠲᠡᠭᠦᠮᠵᠢᠯᠡᠭᠰᠡᠨ ᠬᠤᠷᠢᠭᠠᠲᠠᠢ ᠬᠠᠮᠠᠭᠠᠯᠠᠯᠲᠠ ᠶᠢᠨ ᠣᠷᠣᠨ ᠳᠤ ᠨᠥᠬᠦᠪᠥᠷᠢ ᠥᠭᠬᠦ ᠲᠦᠷᠦᠯ ᠵᠦᠢᠯ     ᠤᠯᠤᠰ ᠠᠴᠠ ᠮᠠᠨ ᠤ ᠣᠷᠣᠨ ᠤ ᠡᠯᠡᠰᠦᠷᠬᠡᠭᠵᠢᠭᠰᠡᠨ ᠭᠠᠵᠠᠷ ᠰᠢᠷᠣᠶ ᠶᠢ ᠪᠢᠲᠡᠭᠦᠮᠵᠢᠯᠡᠨ ᠬᠠᠮᠠᠭᠠᠯᠠᠬᠤ ᠣᠷᠣᠨ ᠤ ᠨᠥᠬᠦᠪᠥᠷᠢ ᠪᠠᠯᠠ ᠮᠥᠩᠭᠦ ᠶᠢ 951  ᠲᠦᠮᠡᠨ ᠲᠦᠭᠦᠷᠢᠭ ᠤᠷᠢᠳᠴᠢᠯᠠᠨ ᠪᠠᠭᠤᠯᠭᠠᠪᠠ᠃ ᠨᠢᠭᠡᠨᠲᠡ ᠤᠯᠠᠮᠵᠢᠯᠠᠯᠲᠤ ᠬᠤᠷᠢᠭᠠᠲᠤ ᠣᠷᠣᠨ ᠳᠤ ᠨᠡᠶᠢᠲᠡ ᠶᠢᠨ ᠠᠰᠠᠷᠠᠮᠵᠢ ᠶᠢᠨ ᠣᠶ ᠶᠢᠨ ᠨᠥᠬᠦᠪᠥᠷᠢ ᠪᠠ ᠨᠤᠲᠤᠭ ᠪᠡᠯᠴᠢᠭᠡᠷ ᠤᠨ ᠱᠠᠩᠨᠠᠯ ᠨᠥᠬᠦᠪᠥᠷᠢ ᠭᠥᠷᠳᠡᠭᠰᠡᠨ ᠥᠬᠡᠶ ᠲᠠᠯᠠᠪᠠᠶ ᠳᠤ ᠨᠥᠬᠦᠪᠥᠷᠢ ᠥᠭᠭᠦᠨ᠎ᠡ᠂ ᠡᠭᠦᠨ ᠢ ᠭᠤᠤᠯᠳᠠᠭᠤ ᠬᠤᠷᠢᠭᠠᠲᠤ ᠬᠠᠮᠠᠭᠠᠯᠠᠯᠲᠠ ᠶᠢᠨ ᠣᠷᠣᠨ ᠤ  ᠬᠠᠮᠢᠶᠠᠷᠤᠯᠳᠠ ᠪᠠ ᠬᠠᠮᠠᠭᠠᠯᠠᠯᠳᠠ ᠳᠤ ᠬᠡᠷᠡᠭᠯᠡᠨ᠎ᠡ᠃ ᠬᠠᠮᠢᠶ᠎ᠠ ᠪᠥᠬᠦᠶ ᠠᠶᠢᠮᠠᠭ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠨᠢ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠴᠠᠭ ᠲᠤᠬᠠᠶ ᠳᠤᠨᠢ ᠵᠥᠪᠳᠡᠯᠴᠡᠵᠦ᠂ ᠨᠥᠬᠦᠪᠥᠷᠢ ᠶᠢᠨ ᠪᠠᠯᠠ ᠮᠥᠩᠭᠦ ᠶᠢ ᠲᠥᠷᠥᠯ  ᠵᠦᠢᠯ ᠤᠨ ᠬᠤᠰᠢᠭᠤ ᠰᠢᠶᠠᠨ ᠳᠤ ᠳᠠᠷᠦ᠋ᠢᠬᠠᠨ ᠪᠠᠭᠤᠯᠭᠠᠵᠤ ︵ᠳᠠᠭᠠᠯᠳᠤᠭᠤᠯᠤᠯ 2᠎ ᠢ ᠨᠠᠷᠢᠨ ᠦᠵᠡᠭᠡᠷᠡᠶ︶᠂ ᠲᠥᠷᠥᠯ ᠵᠦᠢᠯ ᠢ ᠬᠡᠷᠡᠭᠵᠢᠭᠦᠯᠬᠦ ᠬᠤᠰᠢᠭᠤ ᠰᠢᠶᠠᠨ ᠢ ᠵᠣᠬᠢᠶᠠᠨ ᠪᠠᠶᠢᠭᠤᠯᠵᠤ᠂ ᠠᠵᠢᠯ ᠤᠨ ᠵᠢᠷᠤᠭ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠨ ᠵᠥᠪᠰᠢᠶᠡᠷᠡᠭᠦᠯᠬᠦ ᠬᠡᠷᠡᠭᠲᠡᠶ᠃ ᠡᠯ᠎ᠡ ᠲᠥᠷᠥᠯ ᠵᠦᠢᠯ ᠤᠨ ᠬᠤᠰᠢᠭᠤ ᠰᠢᠶᠠᠨ ᠨᠤᠭᠤᠳ ︽ᠡᠯᠡᠰᠦᠷᠬᠡᠭᠵᠢᠭᠰᠡᠨ ᠭᠠᠵᠠᠷ ᠰᠢᠷᠣᠶ ᠶᠢ ᠪᠢᠲᠡᠭᠦᠮᠵᠢᠯᠡᠨ ᠬᠠᠮᠠᠭᠠᠯᠠᠬᠤ ᠣᠷᠣᠨ ᠤ ᠬᠠᠮᠢᠶᠠᠷᠤᠯᠲᠠ ᠶᠢᠨ ᠠᠷᠭ᠎ᠠ︾᠎ ᠶᠢᠨ ᠱᠠᠭᠠᠷᠳᠠᠯᠭ᠎ᠠ ᠶᠣᠰᠣᠭᠠᠷ᠂ ᠡᠯᠡᠰᠦᠷᠬᠡᠭᠵᠢᠭᠰᠡᠨ ᠭᠠᠵᠠᠷ ᠰᠢᠷᠣᠶ ᠶᠢ ᠪᠢᠲᠡᠭᠦᠮᠵᠢᠯᠡᠨ ᠬᠠᠮᠠᠭᠠᠯᠠᠬᠤ ᠣᠷᠣᠨ ᠤ ᠬᠠᠮᠢᠶᠠᠷᠴᠤ ᠬᠠᠮᠠᠭᠠᠯᠠᠬᠤ ᠠᠵᠢᠯ ᠢ ᠰᠠᠶᠢᠲᠤᠷ ᠬᠢᠬᠦ ᠶᠢᠨ ᠬᠠᠮᠲᠤ ᠲᠤᠰ ᠱᠠᠲᠤᠨ ᠤ ᠡᠳ᠋ ᠤᠨ ᠵᠠᠰᠠᠭ ᠠᠴᠠ ᠲᠥᠷᠥᠯ ᠵᠦᠢᠯ ᠤᠨ ᠬᠤᠰᠢᠭᠤ ᠰᠢᠶᠠᠨ ᠳᠤ ᠪᠠᠭᠤᠯᠭᠠᠬᠤ ᠪᠡᠯᠡ ᠮᠥᠩᠭᠦ ᠶᠢᠨ ᠲᠥᠯᠥᠪᠯᠡᠭᠡ ᠪᠠᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃      ᠭᠤᠷᠪᠠ᠂ ᠪᠤᠰᠤᠳ ᠱᠠᠭᠠᠷᠳᠠᠯᠭ᠎ᠠ      ᠨᠢᠭᠡ ᠳᠤ᠂ ᠣᠨ ᠤ ᠠᠵᠢᠯ ᠤᠨ ᠳ᠋ᠦᠩᠨᠡᠯᠲᠡ ᠪᠠᠨ ᠳᠡᠭᠡᠭᠰᠢ ᠮᠡᠳᠡᠭᠦᠯᠦᠨ᠎ᠡ᠃ ᠡᠯ᠎ᠡ ᠬᠠᠮᠢᠶ᠎ᠠ ᠪᠥᠬᠦᠶ ᠠᠶᠢᠮᠠᠭ ᠬᠤᠲᠠ 2023 ᠣᠨ ᠤ 12  ᠰᠠᠷ᠎ᠠ ᠠᠴᠠ ᠡᠮᠦᠨ᠎ᠡ ᠲᠥᠷᠥᠯ ᠵᠦᠢᠯ ᠤᠨ ᠣᠨ ᠤ ᠠᠵᠢᠯ ᠤᠨ ᠳ᠋ᠦᠩᠨᠡᠯᠲᠡ ᠪᠠᠨ ᠳᠡᠭᠡᠭᠰᠢ ᠮᠡᠳᠡᠭᠦᠯᠵᠦ᠂ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠴᠠᠭ ᠲᠤᠬᠠᠶ ᠳᠤᠨᠢ ᠬᠠᠷᠢᠭᠤ ᠲᠤᠰᠬᠠᠬᠤ ᠬᠡᠷᠡᠭᠲᠡᠶ︔ ᠬᠤᠶᠠᠷ ᠲᠤ ᠮᠣᠳᠣᠯᠢᠭ ᠲᠣᠰᠣᠨ ᠮᠠᠲ᠋ᠧᠷᠢᠶᠠᠯ ᠪᠠ ᠣᠨᠴᠠᠯᠢᠭᠲᠤ ᠣᠢ ᠵᠢᠮᠢᠰ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠨ᠎ᠡ᠃ ᠥᠪᠡᠷᠲᠡᠭᠡᠨ ᠵᠠᠰᠠᠬᠤ ᠣᠷᠣᠨ ᠤ ᠳᠤᠷᠠᠳᠤᠭᠰᠠᠨ ᠣᠨᠴᠠᠯᠢᠭ ᠲᠠᠢ ᠣᠶ ᠵᠢᠮᠢᠰ᠂ ᠮᠣᠳᠣᠯᠢᠭ ᠠᠮᠤ ᠲᠣᠰᠣ ᠵᠡᠷᠭᠡ ᠠᠵᠤ ᠦᠢᠯᠡᠰ ᠲᠠᠢ ᠤᠶᠠᠯᠳᠤᠭᠤᠯᠤᠨ᠂ ᠲᠦᠩᠯᠢᠶᠣᠤ ᠬᠤᠲᠠ ᠮᠣᠳᠣᠯᠢᠭ ᠲᠣᠰᠣᠯᠢᠭ ᠲᠠᠷᠢᠮᠠᠯ ᠢ 1.5 ᠲᠦᠮᠡᠨ ᠮᠥ ᠳᠠᠷᠢᠬᠤ ᠶᠢ ᠰᠠᠶᠢᠲᠤᠷ ᠬᠢᠵᠦ᠂ ᠤᠯᠠᠭᠠᠨᠬᠠᠳᠠ ᠬᠤᠲᠠ ᠠᠮᠢ ᠠᠬᠤᠶ ᠪᠠ ᠠᠵᠤ ᠠᠬᠤᠶ ᠶᠢᠨ ᠣᠶ ᠶᠢ 5 ᠲᠦᠮᠡᠨ ᠮᠥ ᠰᠠᠶᠢᠵᠢᠷᠠᠭᠤᠯᠬᠤ ᠶᠢ ᠰᠠᠶᠢᠲᠤᠷ ᠬᠢᠬᠦ ᠬᠡᠷᠡᠭᠲᠡᠶ︔    ᠭᠤᠷᠪᠠ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠨ᠎ᠡ᠃ 2023 ᠣᠨ ᠳᠤ ᠤᠷᠢᠳᠴᠢᠯᠠᠨ ᠪᠠᠭᠤᠯᠭᠠᠭᠰᠠᠨ ᠣᠶᠢᠵᠢᠭᠤᠯᠤᠯᠲᠠ ᠶᠢᠨ ᠨᠥᠬᠦᠪᠥᠷᠢ ᠶᠢᠨ ᠲᠥᠷᠥᠯ ᠵᠦᠢᠯ ᠲᠠᠢ ᠤᠶᠠᠯᠳᠤᠭᠤᠯᠤᠨ᠂ ᠨᠠᠶᠢᠯᠵᠠᠭᠤᠷ ᠪᠤᠳᠠ ᠮᠣᠳᠣᠨ ᠤ ᠣᠶ ᠶᠢᠨ ᠤᠶᠢᠵᠢᠭᠤᠯᠤᠯᠳᠠ ᠶᠢᠨ ᠡᠷᠴᠢᠮ ᠢ ᠴᠢᠩᠭᠠᠷᠠᠭᠤᠯᠵᠤ᠂ 11.46 ᠲᠦᠮᠡᠨ ᠮᠥ ᠶᠢᠨ ᠡᠭᠦᠷᠭᠡ ᠶᠢ ᠪᠥᠲᠥᠭᠡᠨ ᠪᠠᠶᠢᠭᠤᠯᠤᠨ᠎ᠠ᠂ ᠡᠭᠦᠨ ᠳᠤ ᠤᠯᠠᠭᠠᠨᠴᠠᠪ ᠬᠤᠲᠠ ᠶᠢᠨ 5.51 ᠲᠦᠮᠡᠨ ᠮᠥ᠂ ᠣᠷᠳᠣᠰ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ 2 ᠲᠦᠮᠡᠨ ᠮᠥ᠂ ᠪᠠᠶᠠᠨᠨᠠᠭᠤᠷ ᠬᠤᠲᠠ ᠶᠢᠨ 0.2 ᠲᠦᠮᠡᠨ ᠮᠥ᠂ ᠰᠢᠯᠢ ᠶᠢᠨ ᠭᠤᠤᠯ ᠠᠶᠢᠮᠠᠭ ᠤᠨ 0.75 ᠲᠦᠮᠡᠨ ᠮᠥ᠂ ᠲᠦᠩᠯᠢᠶᠣᠤ ᠬᠤᠲᠠ ᠶᠢᠨ 3 ᠲᠦᠮᠡᠨ ᠮᠥ ᠪᠣᠯᠤᠨ᠎ᠠ᠃ ᠲᠦᠷᠪᠡ ᠳᠤ᠂ ᠨᠠᠶᠢᠯᠵᠠᠭᠤᠷ ᠪᠤᠳᠠ ᠮᠣᠳᠣᠨ ᠤᠢ ᠶᠢᠨ ᠤᠷᠭᠤᠴᠠ ᠶᠢ ᠰᠠᠶᠢᠵᠢᠷᠠᠭᠤᠯᠬᠤ ᠠᠵᠢᠯ ᠢ ᠰᠠᠶᠢᠲᠤᠷ ᠬᠢᠨ᠎ᠠ᠃ ᠣᠶᠢᠵᠢᠭᠤᠯᠤᠯᠲᠠ ᠶᠢᠨ ᠨᠥᠬᠦᠪᠥᠷᠢ ᠶᠢᠨ ᠲᠥᠷᠥᠯ ᠵᠦᠢᠯ ᠳᠤ ᠲᠦᠰᠢᠭᠯᠡᠨ᠂ ᠦᠷ᠎ᠡ ᠶᠢ ᠨᠢ ᠲᠡᠭᠰᠢᠯᠡᠨ ᠰᠠᠶᠢᠵᠢᠷᠠᠭᠤᠯᠬᠤ ᠡᠭᠦᠷᠭᠡ ᠶᠢ 68.2 ᠲᠦᠮᠡᠨ ᠮᠥ ᠪᠡᠶᠡᠯᠡᠭᠦᠯᠵᠦ᠂ ᠡᠭᠦᠨ ᠳᠤ ᠤᠯᠠᠭᠠᠨᠬᠠᠳᠠ ᠬᠤᠲᠠ ᠶᠢᠨ 19.5 ᠲᠦᠮᠡᠨ ᠮᠥ᠂ ᠤᠯᠠᠭᠠᠨᠴᠠᠪ ᠬᠤᠲᠠ ᠶᠢᠨ 15 ᠲᠦᠮᠡᠨ ᠮᠥ᠂ ᠪᠠᠶᠠᠨᠨᠠᠭᠤᠷ ᠬᠤᠲᠠ ᠶᠢᠨ 2 ᠲᠦᠮᠡᠨ ᠮᠥ᠂ ᠰᠢᠯᠢ ᠶᠢᠨ ᠭᠤᠤᠯ ᠠᠶᠢᠮᠠᠭ ᠤᠨ 10 ᠲᠦᠮᠡᠨ ᠮᠥ᠂ ᠬᠢᠩᠭᠠᠨ ᠠᠶᠢᠮᠠᠭ ᠤᠨ 1 ᠲᠦᠮᠡᠨ ᠮᠥ᠂ ᠬᠥᠬᠡᠬᠤᠲᠠ ᠶᠢᠨ 3 ᠲᠦᠮᠡᠨ ᠮᠥ᠂ ᠲᠦᠩᠯᠢᠶᠣᠤ ᠬᠤᠲᠠ ᠶᠢᠨ 3 ᠲᠦᠮᠡᠨ ᠮᠥ᠂ ᠪᠤᠭᠤᠲᠤ ᠬᠤᠲᠠ ᠶᠢᠨ 1 ᠲᠦᠮᠡᠨ ᠮᠥ᠂ ᠣᠷᠳᠣᠰ ᠬᠤᠲᠠ ᠶᠢᠨ 13.7 ᠲᠦᠮᠡᠨ ᠮᠥ ᠪᠣᠶ᠃     
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号