ᠬᠥᠯᠥᠨ ᠪᠤᠶᠢᠷ ᠬᠤᠲᠠ ᠶᠢᠨ ᠬᠠᠶᠢᠯᠠᠷ ᠲᠣᠭᠤᠷᠢᠭ ᠴᠢᠨᠠᠷ ᠮᠠᠭᠤ ᠦᠷ᠎ᠡ ᠠᠰᠢᠭ ᠳᠤᠤᠷ᠎ᠠ ᠣᠶ ᠶᠢ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠪᠡ
ᠨᠡᠶᠢᠲᠡᠯᠡᠭᠰᠡᠨ ᠴᠠᠭ᠄
2023/5/10
      ᠣᠶ ᠰᠢᠭᠤᠶ ᠶᠢᠨ ᠪᠦᠲᠦᠴᠡ ᠶᠢ ᠤᠯᠠᠮ ᠨᠢᠭᠡ ᠠᠯᠬᠤᠮ ᠲᠤᠭᠲᠠᠪᠤᠷᠢᠵᠢᠭᠤᠯᠵᠤ᠂ ᠣᠶ ᠰᠢᠭᠤᠶ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠤᠰᠠᠳᠠ᠂ ᠬᠥᠯᠥᠨ ᠪᠤᠶᠢᠷ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠶᠢᠯᠠᠷ ᠬᠤᠪᠢᠶᠠᠷᠢ ᠲᠣᠪᠴᠢᠶ᠎ᠠ ᠬᠠᠪᠤᠷ ᠤᠨ ᠤᠯᠠᠷᠢᠯ ᠤᠨ ᠣᠶᠢᠵᠢᠭᠤᠯᠵᠤ ᠨᠣᠭᠤᠭᠠᠷᠠᠭᠤᠯᠬᠤ ︽ᠰᠢᠵᠢᠷ ᠠᠯᠲᠠᠨ ᠬᠤᠭᠤᠴᠠᠭ᠎ᠠ︾᠎ ᠶᠢ ᠴᠢᠩᠭ᠎ᠠ ᠠᠳᠬᠤᠵᠤ᠂ ᠬᠠᠶᠢᠯᠠᠷ ᠲᠣᠭᠤᠷᠢᠭ ᠤᠨ 2023 ᠣᠨ ᠤ ᠴᠢᠨᠠᠷ ᠮᠠᠭᠤᠲᠠᠶ ᠦᠷ᠎ᠡ ᠠᠰᠢᠭ ᠳᠤᠤᠷ᠎ᠠ ᠣᠶ ᠶᠢ ᠥᠭᠡᠷᠡᠴᠢᠯᠡᠬᠦ ᠢᠨᠵᠧᠨᠧᠷᠢᠩ ᠢ ᠡᠬᠢᠯᠡᠭᠦᠯᠦᠨ ᠬᠡᠷᠡᠭᠵᠢᠭᠦᠯᠪᠡ᠃      2023 ᠣᠨ ᠤ ᠴᠢᠨᠠᠷ ᠮᠠᠭᠤ ᠦᠷ᠎ᠡ ᠠᠰᠢᠭ ᠳᠤᠤᠷ᠎ᠠ ᠣᠶ ᠶᠢ ᠥᠭᠡᠷᠡᠴᠢᠯᠡᠬᠦ ᠢᠨᠵᠧᠨᠧᠷᠢᠩ ᠤᠨ ᠵᠣᠷᠢᠯᠭ᠎ᠠ ᠪᠣᠯ ᠨᠦᠬᠦᠨ ᠲᠠᠷᠢᠵᠤ ᠣᠶᠢᠵᠢᠭᠤᠯᠬᠤ ᠮᠡᠷᠭᠡᠵᠢᠯ ᠢ ᠠᠰᠢᠭᠯᠠᠨ ᠣᠶ ᠰᠢᠭᠤᠶ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠦᠷ᠎ᠡ ᠠᠰᠢᠭ ᠳᠤᠤᠷ᠎ᠠ ᠣᠶ ᠶᠢ ᠰᠠᠶᠢᠵᠢᠷᠠᠭᠤᠯᠵᠤ᠂ ᠲᠥᠷᠥᠯ ᠵᠤᠶᠢᠯ ᠤᠨ ᠣᠷᠣᠨ ᠤ ᠠᠮᠢ ᠠᠬᠤᠶ ᠶᠢᠨ ᠬᠠᠮᠠᠭᠠᠯᠠᠯᠲᠠ ᠶᠢᠨ ᠴᠢᠳᠠᠮᠵᠢ ᠶᠢ ᠳᠡᠭᠡᠭᠰᠢᠯᠡᠭᠦᠯᠬᠦ ᠶᠢᠨ ᠲᠥᠯᠥᠭᠡ ᠶᠤᠮ᠃ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢᠨ ᠭᠠᠵᠠᠷ ᠣᠷᠣᠨ ᠨᠡᠶᠢᠲᠡ ᠬᠤᠶᠠᠷ ᠪᠠᠶᠢᠵᠤ᠂ ᠲᠣᠰ ᠲᠣᠰ ᠬᠠᠶᠢᠯᠠᠷ ᠪᠣᠯᠤᠨ ᠡᠸᠡᠩᠬᠢ ᠬᠤᠰᠢᠭᠤᠨ ᠤ ᠬᠢᠯᠢ ᠶᠢᠨ ᠵᠠᠭᠠᠭ ᠣᠶ ᠰᠢᠭᠤᠶ ᠶᠢᠨ ᠪᠦᠰᠡ᠂ ᠬᠠᠶᠢᠯᠠᠷ ᠤᠨ ᠳᠡᠨᠵᠢ ᠶᠢᠨ ᠡᠮᠦᠨ᠎ᠡ ᠬᠡᠰᠡᠭ ᠲᠤ ᠪᠠᠶᠢᠷᠢᠯᠠᠵᠤ᠂ ᠪᠥᠲᠥᠭᠡᠨ ᠪᠠᠶᠢᠭᠤᠯᠤᠯᠲᠠ ᠶᠢᠨ ᠶᠡᠷᠦᠩᠬᠡᠶ ᠲᠠᠯᠠᠪᠠᠶ ᠨᠢ 2000 ᠮᠥ ᠪᠠᠶᠢᠵᠤ᠂ 3.1 ᠲᠦᠮᠡᠨ ᠰᠠᠭᠤᠷᠢ ᠴᠢᠬᠢ ᠮᠣᠳᠣ ᠨᠥᠬᠦᠵᠦ ᠳᠠᠷᠢᠬᠤ ᠪᠠᠷ ᠲᠥᠯᠥᠪᠯᠡᠵᠦ ᠪᠣᠶ᠃ ᠥᠭᠡᠷᠡᠴᠢᠯᠡᠨ ᠪᠠᠶᠢᠭᠤᠯᠤᠭᠰᠠᠨ ᠤ ᠳᠠᠷᠠᠭ᠎ᠠ᠂ ᠬᠢᠯᠢ ᠶᠢᠨ ᠣᠶ ᠳᠤ ᠤᠯᠢᠶᠠᠰᠤ ᠪᠠ ᠬᠢᠩᠭᠠᠨ ᠤ ᠨᠠᠪᠴᠢ ᠵᠤᠯᠭᠠᠷᠠᠬᠤ ᠨᠠᠷᠠᠰᠤ ᠶᠢ ᠤᠶᠠᠯᠳᠤᠭᠤᠯᠤᠭᠰᠠᠨ ᠬᠤᠯᠢᠮᠠᠭ ᠬᠠᠮᠠᠭᠠᠯᠠᠯᠲᠠ ᠶᠢᠨ ᠣᠶ ᠪᠣᠶ ᠪᠣᠯᠵᠣ᠂ ᠳᠡᠨᠵᠢ ᠭᠠᠵᠠᠷ ᠲᠤ ᠣᠶ ᠮᠣᠳᠣ ᠡᠪᠡᠰᠦ ᠤᠷᠭᠤᠮᠠᠯ ᠤᠨ ᠬᠤᠴᠢᠯᠭ᠎ᠠ ᠶᠢ ᠳᠡᠭᠡᠭᠰᠢᠯᠡᠭᠦᠯᠦᠭᠰᠡᠨ ᠬᠠᠶᠢᠯᠠᠷ ᠨᠠᠷᠠᠰᠤ ᠶᠢᠨ ᠬᠠᠮᠠᠭᠠᠯᠠᠯᠲᠠ ᠶᠢᠨ ᠣᠶ ᠪᠣᠶ ᠪᠣᠯᠤᠨ᠎ᠠ᠃ ᠡᠭᠦᠨ ᠠᠴᠠ ᠭᠠᠳᠠᠨ᠎ᠠ᠂ ᠲᠤᠤᠷ ᠬᠦᠷᠢᠶ᠎ᠡ ᠲᠠᠲᠠᠬᠤ ᠪᠠᠷ ᠳᠠᠮᠵᠢᠭᠤᠯᠤᠨ᠂ ᠬᠤᠶᠠᠷ ᠪᠥᠲᠥᠭᠡᠨ ᠪᠠᠶᠢᠭᠤᠯᠤᠯᠲᠠ ᠶᠢᠨ ᠭᠠᠵᠠᠷ ᠤᠨ ᠣᠶ ᠮᠣᠳᠣ ᠶᠢ ᠬᠠᠮᠢᠶᠠᠷᠴᠤ ᠬᠠᠮᠠᠭᠠᠯᠠᠬᠤ ᠴᠢᠳᠠᠪᠤᠷᠢ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠡᠳᠡᠭᠡᠷᠡᠯᠲᠡ ᠶᠢᠨ ᠨᠣᠷᠮ᠎ᠠ ᠪᠠ ᠬᠠᠳᠠᠭᠠᠯᠠᠬᠤ ᠨᠣᠷᠮ᠎ᠠ ᠶᠢ ᠳᠡᠭᠡᠭᠰᠢᠯᠡᠭᠦᠯᠬᠦ ᠪᠣᠯᠤᠨ᠎ᠠ᠃ ᠣᠳᠣᠬᠠᠨ ᠳᠤ ᠨᠥᠬᠦᠵᠦ ᠲᠠᠷᠢᠬᠤ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃       ᠲᠠᠷᠠᠭᠠᠴᠢ ᠶᠢᠨ ᠠᠯᠬᠤᠮ ᠳᠤ᠂ ᠬᠠᠶᠢᠯᠠᠷ ᠤᠨ ᠬᠤᠪᠢᠶᠠᠷᠢ ᠲᠣᠪᠴᠢᠶ᠎ᠠ ᠱᠠᠯᠠᠪᠳᠠᠭᠤᠯᠤᠨ ᠵᠢᠯᠣᠭᠤᠳᠬᠤ ᠪᠠᠨ ᠴᠢᠩᠭᠠᠳᠬᠠᠵᠤ᠂ ᠢᠨᠵᠧᠨᠧᠷᠢᠩ ᠶᠢᠨ ᠶᠠᠰᠤ ᠴᠢᠨᠠᠷ ᠢ ᠰᠠᠶᠢᠲᠤᠷ ᠠᠳᠬᠤᠵᠤ᠂ ᠠᠵᠢᠯ ᠤᠨ ᠵᠢᠷᠤᠭ ᠲᠥᠯᠥᠪᠯᠡᠭᠡ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠲᠥᠷᠥᠯ ᠵᠤᠶᠢᠯ ᠤᠨ ᠬᠡᠷᠡᠭᠵᠢᠭᠦᠯᠦᠯᠲᠡ ᠶᠢ ᠠᠬᠢᠭᠤᠯᠵᠤ᠂ ᠭᠡᠷ᠎ᠡ ᠶᠢᠨᠲᠦᠷᠢᠮ᠂ ᠬᠢᠨᠠᠨ ᠬᠠᠮᠢᠶᠠᠷᠬᠤ ᠲᠦᠷᠢᠮ ᠵᠡᠷᠭᠡ ᠲᠦᠷᠢᠮ ᠶᠣᠰᠣᠭᠠᠷ᠂ ᠲᠥᠷᠥᠯ ᠵᠤᠶᠢᠯ ᠤᠨ ᠶᠠᠰᠤ ᠴᠢᠨᠠᠷ ᠎ ᠢ ᠳᠡᠭᠡᠭᠰᠢᠯᠡᠭᠦᠯᠦᠨ᠎ᠡ︔ ᠢᠨᠵᠧᠨᠧᠷᠢᠩ ᠶᠢᠨ ᠠᠬᠢᠴᠠ ᠶᠢ ᠰᠠᠶᠢᠲᠤᠷ ᠠᠳᠬᠤᠵᠤ᠂ ᠪᠠᠷᠢᠯᠭ᠎ᠠ ᠶᠢᠨ ᠨᠢᠭᠡᠴᠡ ᠶᠢ ᠰᠢᠮᠳᠠᠭᠤᠯᠵᠤ ᠪᠠᠶᠢᠭᠠᠳ ᠠᠰᠢᠭᠲᠠᠶ ᠪᠠᠶᠢᠳᠠᠯ ᠢ ᠵᠠᠪᠳᠤᠨ ᠠᠳᠬᠤᠵᠤ᠂ ᠠᠵᠢᠯᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠦᠨ᠎ᠡ︔ ᠠᠮᠤᠷ ᠲᠦᠪᠰᠢᠨ ᠤ ᠰᠡᠷᠭᠡᠶᠢᠯᠡᠯᠳᠠ ᠶᠢ ᠴᠢᠩᠭᠠᠳᠬᠠᠬᠤ ᠶᠢᠨ ᠲᠦᠯᠦᠭᠡ᠂ ᠢᠨᠵᠧᠨᠧᠷᠢᠩ ᠶᠢᠨ ᠨᠢᠭᠡᠴᠡ ᠶᠢ ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠪᠢᠴᠢᠭ ᠤᠨ ᠲᠣᠭᠲᠠᠭᠠᠯ ᠪᠣᠯᠤᠨ ᠠᠶᠤᠯ ᠦᠭᠡᠶ ᠦᠢᠯᠡᠳᠪᠦᠷᠢᠯᠡᠯ ᠤᠨ ᠵᠠᠷᠴᠢᠮ ᠢ ᠴᠢᠩᠭ᠎ᠠ ᠵᠢᠷᠤᠮᠯᠠᠨ᠂ ᠳᠠᠯᠳᠠ ᠭᠡᠮ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠨᠡᠮᠡᠭᠳᠡᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠪᠣᠯᠤᠨ ᠦᠢᠯᠡᠳᠪᠦᠷᠢᠯᠡᠯ ᠤᠨ ᠠᠳᠡᠯ ᠭᠠᠷᠬᠤ ᠶᠢ ᠬᠤᠷᠢᠭᠯᠠᠨ ᠵᠣᠭᠰᠣᠭᠠᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号