ᠸᠠᠩ ᠯᠢ ᠰᠢᠶᠠ ᠬᠥᠯᠥᠨ ᠪᠤᠶᠢᠷ ᠲᠤ ᠬᠢᠯᠢ ᠪᠠᠷ ᠥᠩᠭᠡᠷᠡᠬᠦ ᠭᠠᠯ ᠢ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠵᠤ ᠬᠢᠯᠢ ᠬᠢᠵᠠᠭᠠᠷ ᠣᠷᠣᠨ ᠤ ᠴᠠᠬᠢᠯᠭᠠᠨ᠂ ᠴᠢᠮᠡᠭᠡ ᠬᠤᠯᠪᠣᠭᠠᠨ ᠤ ᠠᠰᠠᠭᠤᠳᠠᠯ ᠢ ᠲᠤᠬᠠᠢ ᠶᠢᠨ ᠲᠠᠯᠠᠪᠠᠢ ᠳᠤ ᠰᠤᠳᠤᠯᠤᠨ ᠰᠢᠢᠳᠪᠦᠷᠢᠯᠡᠪᠡ
ᠨᠡᠶᠢᠲᠡᠯᠡᠭᠰᠡᠨ ᠴᠠᠭ᠄
2023/5/11
      5 ᠰᠠᠷ᠎ᠠ ᠶᠢᠨ 9᠎ ᠤ ᠡᠳᠦᠷ᠂ ᠸᠠᠩ ᠯᠢ ᠰᠢᠶᠠ ᠬᠥᠯᠥᠨ ᠪᠤᠶᠢᠷ ᠲᠤ ᠬᠦᠷᠴᠦ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠵᠤ᠂ ᠬᠢᠯᠢ ᠶᠢᠨ ᠬᠠᠮᠠᠭᠠᠯᠠᠯᠲᠠ ᠶᠢᠨ ᠵᠢᠵᠢᠭᠦᠷᠯᠡᠬᠦ ᠴᠡᠭ ᠪᠣᠯᠤᠨ ᠬᠢᠯᠢ ᠶᠢᠨ ᠮᠠᠯᠵᠢᠬᠤ ᠡᠷᠦᠬᠡ ᠳᠤ ᠭᠦᠨᠵᠡᠭᠡᠶᠢᠷᠡᠵᠦ᠂ ᠴᠠᠬᠢᠯᠭᠠᠨ ᠬᠡᠷᠡᠭᠯᠡᠬᠦ᠂ ᠴᠢᠮᠡᠭᠡ ᠬᠤᠯᠪᠣᠭᠠᠨ ᠤ ᠪᠠᠶᠢᠳᠠᠯ ᠤᠨ ᠲᠤᠬᠠᠢ ᠲᠤᠬᠠᠢ ᠶᠢᠨ ᠲᠠᠯᠠᠪᠠᠢ ᠳᠤ ᠵᠠᠳᠠᠯᠤᠨ ᠰᠢᠨᠵᠢᠯᠡᠵᠦ᠂ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃
1.jpg
       5 ᠰᠠᠷ᠎ᠠ ᠶᠢᠨ 9᠎ ᠤ ᠡᠳᠦᠷ᠂ ᠸᠠᠩ ᠯᠢ ᠰᠢᠶᠠ ᠬᠥᠯᠥᠨ ᠪᠤᠶᠢᠷ ᠬᠤᠲᠠ ᠶᠢᠨ ᠰᠢᠨ᠎ᠡ ᠪᠠᠷᠭᠤ ᠪᠠᠷᠠᠭᠤᠨ ᠬᠤᠰᠢᠭᠤᠨ ᠤ ᠬᠥᠯᠥᠨ ᠪᠠᠯᠭᠠᠰᠤ ᠶᠢᠨ ᠳᠤᠮᠳᠠᠳᠤ ᠣᠷᠣᠰ ᠮᠣᠩᠭᠤᠯ ᠤᠨ ᠬᠢᠯᠢ ᠶᠢᠨ ᠱᠤᠭᠤᠮ ᠳᠤ ᠬᠦᠷᠴᠦ᠂ ᠬᠢᠯᠢ ᠶᠢᠨ ᠭᠠᠯ ᠢ ᠰᠡᠷᠭᠡᠶᠢᠯᠡᠬᠦ ᠲᠤᠰᠠᠭᠠᠷᠯᠠᠬᠤ ᠪᠦᠰᠡ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠣᠶᠢᠷ᠎ᠠ ᠶᠢᠨ ᠡᠳᠦᠷ ᠤᠳ ᠲᠤ ᠬᠢᠯᠢ ᠪᠠᠷ ᠣᠷᠣᠵᠤ ᠢᠷᠡᠭᠰᠡᠨ ᠭᠠᠯ ᠢ ᠤᠨᠲᠠᠷᠠᠭᠠᠵᠤ ᠪᠠᠶᠢᠭ᠎ᠠ ᠪᠠᠶᠢᠳᠠᠯ ᠢ ᠨᠠᠷᠢᠨ ᠠᠰᠠᠭᠤᠪᠠ᠃ 
2.jpg
       ᠨᠢᠰᠬᠡᠯ ᠠᠴᠠ ᠪᠠᠭᠤᠮᠠᠭᠴᠠ᠂ ᠸᠠᠩ ᠯᠢ ᠰᠢᠶᠠ ᠰᠢᠨ᠎ᠡ ᠪᠠᠷᠭᠤ ᠪᠠᠷᠠᠭᠤᠨ ᠬᠤᠰᠢᠭᠤᠨ ᠤ ᠬᠥᠯᠥᠨ ᠪᠠᠯᠭᠠᠰᠤ ᠶᠢᠨ ᠳᠤᠮᠳᠠᠳᠤ ᠤᠷᠤᠰ ᠮᠣᠩᠭᠤᠯ ᠤᠨ ᠬᠢᠯᠢ ᠶᠢᠨ ᠱᠤᠭᠤᠮ ᠳᠤ ᠰᠢᠭᠤᠳ ᠬᠦᠷᠴᠦ᠂ ᠬᠢᠯᠢ ᠶᠢᠨ ᠲᠦᠢᠮᠡᠷ ᠢ ᠰᠡᠷᠭᠡᠶᠢᠯᠡᠬᠦ ᠲᠤᠰᠠᠭᠠᠷᠯᠠᠬᠤ ᠪᠦᠰᠡ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠤᠢᠢᠷ᠎ᠠ ᠶᠢᠨ ᠡᠳᠦᠷ ᠤᠳ ᠲᠤ ᠬᠢᠯᠢ ᠪᠠᠷ ᠣᠷᠣᠵᠤ ᠢᠷᠡᠭᠰᠡᠨ ᠲᠦᠢᠮᠡᠷ ᠢ ᠤᠨᠲᠠᠷᠠᠭᠠᠵᠤ ᠪᠠᠶᠢᠭ᠎ᠠ ᠪᠠᠶᠢᠳᠠᠯ ᠢ ᠨᠠᠷᠢᠨ ᠠᠰᠠᠭᠤᠵᠤ᠂ ᠨᠤᠲᠤᠭ ᠪᠡᠯᠴᠢᠭᠡᠷ ᠤᠨ ᠬᠦᠬᠡᠷᠦᠭᠰᠡᠨ ᠬᠡᠮᠵᠢᠶ᠎ᠡ ᠶᠢ ᠠᠵᠢᠭᠯᠠᠪᠠ᠃ ᠲᠡᠷᠡ᠂ ᠭᠠᠯ ᠢ ᠰᠡᠷᠭᠡᠶᠢᠯᠡᠬᠦ ᠲᠤᠰᠠᠭᠠᠷᠯᠠᠬᠤ ᠪᠦᠰᠡ ᠨᠢ ᠬᠢᠯᠢ ᠪᠠᠷ ᠥᠩᠭᠡᠷᠡᠬᠦ ᠭᠠᠯ ᠢ ᠰᠡᠷᠭᠡᠶᠢᠯᠡᠬᠦ ᠳᠤ ᠮᠠᠰᠢ ᠶᠡᠭᠡ ᠦᠢᠯᠡᠳᠦᠯ ᠲᠠᠢ ᠶᠤᠮ᠂ ᠵᠠᠪᠠᠯ ᠰᠠᠶᠢᠲᠤᠷ ᠪᠠᠶᠢᠭᠤᠯᠵᠤ᠂ ᠰᠠᠶᠢᠲᠤᠷ ᠠᠰᠢᠭᠯᠠᠬᠤ ᠬᠡᠷᠡᠭᠲᠡᠶ ᠭᠡᠪᠡ᠃ ᠸᠠᠩ ᠯᠢ ᠰᠢᠶᠠ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠩᠬᠢ ᠶᠢᠨ ᠭᠡᠰᠢᠭᠦᠳ ᠢ ᠣᠨᠴᠠᠭᠠᠶᠢᠯᠠᠨ ᠬᠠᠯᠠᠮᠵᠢᠯᠠᠵᠤ᠂ ᠳᠡᠳᠡᠨ ᠤ ᠠᠮᠢᠳᠤᠷᠠᠯ ᠪᠣᠯᠤᠨ ᠠᠮᠤᠷ ᠲᠦᠪᠰᠢᠨ ᠢ ᠡᠷᠬᠡᠪᠰᠢ ᠰᠠᠶᠢᠲᠤᠷ ᠪᠠᠲᠤᠯᠠᠬᠤ ᠬᠡᠷᠡᠭᠲᠡᠢ ᠭᠡᠵᠦ ᠵᠠᠬᠢᠪᠠ᠃ 
3.jpg
       5 ᠰᠠᠷ᠎ᠠ ᠶᠢᠨ 9᠎ ᠤ ᠡᠳᠦᠷ᠂ ᠸᠠᠩ ᠯᠢ ᠰᠢᠶᠠ ᠪᠠᠶᠢᠴᠠᠭᠠᠨ ᠰᠤᠳᠤᠯᠤᠯᠲᠠ ᠬᠢᠬᠦ ᠳᠡᠭᠡᠨ ᠬᠢᠯᠢ ᠶᠢᠨ ᠬᠠᠮᠠᠭᠠᠯᠠᠯᠲᠠ ᠶᠢᠨ ᠵᠢᠵᠢᠭᠦᠷᠯᠡᠬᠦ ᠴᠡᠭ ᠲᠤ ᠣᠷᠣᠵᠤ᠂ ᠴᠠᠬᠢᠯᠭᠠᠨ ᠬᠠᠩᠭᠠᠬᠤ᠂ ᠴᠢᠮᠡᠭᠡ ᠬᠤᠯᠪᠣᠭ᠎ᠠ ᠪᠣᠯᠤᠨ ᠳᠠᠷᠤᠭ᠎ᠠ ᠪᠠᠶᠢᠯᠳᠤᠭᠴᠢᠳ ᠤᠨ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠪᠠ᠃ ᠰᠤᠷᠪᠤᠯᠵᠢᠯᠠᠭᠴᠢ ᠬᠠᠨ ᠴᠢᠩ ᠯᠢ ᠰᠡᠭᠦᠳᠡᠷᠯᠡᠪᠡ ᠸᠠᠩ ᠯᠢ ᠰᠢᠶᠠ ᠲᠠᠰᠢᠷᠠᠮ ᠢᠶᠠᠷ ᠬᠢᠯᠢ ᠶᠢᠨ ᠬᠠᠮᠠᠭᠠᠯᠠᠯᠲᠠ ᠶᠢᠨ ᠵᠢᠵᠢᠭᠦᠷᠯᠡᠬᠦ ᠴᠡᠭ ᠲᠤ ᠬᠦᠷᠴᠦ᠂ ᠴᠠᠬᠢᠯᠭᠠᠨ ᠬᠠᠩᠭᠠᠯᠭ᠎ᠠ᠂ ᠴᠢᠮᠡᠭᠡ ᠬᠤᠯᠪᠣᠭ᠎ᠠ ᠪᠣᠯᠤᠨ ᠳᠠᠷᠤᠭ᠎ᠠ ᠪᠠᠶᠢᠯᠳᠤᠭᠴᠢᠳ ᠤᠨ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠠᠳᠡᠬᠢ ᠭᠠᠷ ᠤᠲᠠᠰᠤᠨ ᠤ ᠳᠣᠬᠢᠶ᠎ᠠ ᠰᠤᠯᠠᠬᠠᠨ ᠪᠠᠶᠢᠬᠤ ᠶᠢ ᠣᠯᠵᠤ ᠮᠡᠳᠡᠭᠰᠡᠨ ᠤ ᠳᠠᠷᠠᠭ᠎ᠠ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠢ ᠬᠢᠯᠢ ᠶᠢᠨ ᠬᠠᠮᠠᠭᠠᠯᠠᠯᠲᠠ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠨᠢᠭᠡᠴᠢ ᠳᠤ ᠳᠠᠭᠠᠭᠤᠯᠢ ᠣᠳᠣᠨ ᠤ ᠤᠲᠠᠰᠤ ᠲᠣᠬᠢᠷᠠᠭᠤᠯᠬᠤ ᠶᠢ ᠰᠤᠳᠤᠯᠵᠤ᠂ ᠪᠠᠴᠢᠮ ᠪᠠᠶᠢᠳᠠᠯ ᠲᠤᠯᠭᠠᠷᠠᠪᠠᠯ ᠲᠡᠷᠡ ᠳᠠᠷᠤᠶ ᠳᠤᠨᠢ ᠮᠡᠳᠡᠭᠦᠯᠵᠦ᠂ ᠲᠡᠷᠡ ᠳᠠᠷᠤᠶ ᠳᠤᠨᠢ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠶ ᠭᠡᠵᠦ ᠰᠠᠨᠠᠭᠤᠯᠪᠠ᠃      5 ᠰᠠᠷ᠎ᠠ ᠶᠢᠨ 9᠎ ᠤ ᠡᠳᠦᠷ᠂ ᠸᠠᠩ ᠯᠢ ᠰᠢᠶᠠ ᠰᠢᠨ᠎ᠡ ᠪᠠᠷᠭᠤ ᠪᠠᠷᠠᠭᠤᠨ ᠬᠤᠰᠢᠭᠤᠨ ᠤ ᠬᠥᠯᠥᠨ ᠪᠠᠯᠭᠠᠰᠤᠨ ᠤ ᠬᠠᠷᠠᠪᠠᠷᠰ ᠤᠨ ᠬᠡᠷ ᠲᠤ ᠬᠦᠷᠴᠦ᠂ ᠲᠡᠳᠡᠨ ᠤ ᠬᠡᠷ ᠤᠨ ᠴᠠᠬᠢᠯᠭᠠᠨ ᠬᠠᠩᠭᠠᠯᠭ᠎ᠠ ᠪᠠ ᠴᠠᠬᠢᠯᠭᠠᠨ ᠬᠡᠷᠡᠭᠰᠡᠯ ᠬᠡᠷᠡᠭᠯᠡᠵᠦ ᠪᠠᠶᠢᠭ᠎ᠠ ᠪᠠᠶᠢᠳᠠᠯ ᠢ ᠠᠰᠠᠭᠤᠪᠠ᠃
4.jpg
      5 ᠰᠠᠷ᠎ᠠ ᠶᠢᠨ 9᠎ ᠤ ᠡᠳᠦᠷ᠂ ᠸᠠᠩ ᠯᠢ ᠰᠢᠶᠠ ᠮᠠᠯᠴᠢᠨ ᠪᠠᠶᠠᠰᠬᠤᠯᠠᠩ ᠤᠨ ᠭᠡᠷ ᠲᠤ ᠬᠦᠷᠴᠦ᠂ ᠲᠡᠳᠡᠨ ᠤ ᠨᠡᠷᠡᠨ ᠤ ᠡᠨᠧᠷᠭᠢ ᠶᠢᠨ ᠬᠠᠪᠲᠠᠰᠤ ᠶᠢ ᠤᠭᠰᠠᠷᠠᠵᠤ ᠬᠡᠷᠡᠭᠯᠡᠵᠦ ᠪᠠᠶᠢᠭ᠎ᠠ ᠪᠠᠶᠢᠳᠠᠯ ᠢ ᠠᠰᠠᠭᠤᠪᠠ᠃      ᠸᠠᠩ ᠯᠢ ᠰᠢᠶᠠ ᠬᠢᠯᠢ ᠶᠢᠨ ᠮᠠᠯᠴᠢᠳ ᠤᠨ ᠴᠠᠬᠢᠯᠭᠠᠨ ᠬᠡᠷᠡᠭᠯᠡᠬᠦ ᠠᠰᠠᠭᠤᠳᠠᠯ ᠳᠤ ᠢᠮᠠᠭᠲᠠ ᠰᠠᠨᠠᠭᠠᠰᠢᠷᠠᠵᠤ᠂ ᠬᠦᠳᠡᠭᠡ ᠨᠤᠲᠤᠭ ᠤᠨ ᠮᠠᠯᠴᠢᠨ ᠬᠠᠷᠠᠪᠠᠷᠰ᠂ ᠪᠠᠶᠠᠰᠬᠤᠯᠠᠩ ᠤᠨ ᠬᠡᠷ ᠲᠤ ᠲᠤᠰᠬᠠᠶᠢᠯᠠᠨ ᠬᠦᠷᠴᠦ᠂ ᠴᠠᠬᠢᠯᠭᠠᠨ ᠬᠠᠩᠭᠠᠵᠤ ᠪᠠᠶᠢᠭ᠎ᠠ ᠪᠠᠶᠢᠳᠠᠯ ᠢ ᠠᠰᠠᠭᠤᠨ ᠯᠠᠪᠯᠠᠵᠤ᠂ ᠭᠠᠷ ᠤᠲᠠᠰᠤᠨ ᠤ ᠳᠣᠬᠢᠶ᠎ᠠ ᠶᠢ ᠦᠵᠡᠪᠡ᠃ ᠨᠡᠷᠡᠨ ᠤ ᠡᠨᠧᠷᠭᠢ ᠶᠢᠨ ᠬᠠᠪᠲᠠᠰᠤ ᠬᠡᠳᠦᠢ ᠴᠠᠬᠢᠯᠭᠠᠨ ᠭᠠᠷᠭᠠᠵᠤ ᠳᠡᠶᠢᠯᠬᠦ᠂ ᠬᠡᠳᠦᠢ ᠵᠣᠭᠤᠰ ᠵᠠᠷᠤᠴᠠᠭᠤᠯᠤᠭᠰᠠᠨ᠂ ᠬᠡᠳᠦᠢ ᠵᠢᠯ ᠬᠡᠷᠡᠭᠯᠡᠭᠰᠡᠨ᠂ ᠴᠠᠬᠢᠯᠭᠠᠨ ᠬᠡᠷᠡᠭᠰᠡᠯ ᠢ ᠪᠦᠬᠦᠨ ᠢ ᠬᠡᠷᠡᠭᠯᠡᠵᠦ ᠳᠡᠶᠢᠯᠬᠦ ᠡᠰᠡᠬᠦ᠂ ᠪᠦᠷᠬᠦᠭ ᠪᠣᠷᠣᠭᠠᠨ ᠲᠠᠢ ᠡᠳᠦᠷ ᠶᠠᠮᠠᠷᠰᠢᠤᠬᠠᠨ ᠁ ᠭᠡᠵᠦ ᠸᠠᠩ ᠯᠢ ᠰᠢᠶᠠ ᠪᠤᠳᠠᠳᠠᠶᠢᠴᠢᠯᠠᠨ ᠠᠰᠠᠭᠤᠪᠠ᠃ ᠲᠡᠷᠡ᠂ ᠴᠠᠬᠢᠯᠭᠠᠨ ᠬᠦᠴᠦᠨ ᠪᠠᠲᠤᠯᠠᠭ᠎ᠠ ᠲᠠᠢ᠂ ᠭᠠᠷ ᠤᠲᠠᠰᠤ ᠳᠣᠬᠢᠶ᠎ᠠ ᠲᠠᠢ ᠪᠣᠯ ᠮᠠᠯᠴᠢᠳ ᠤᠨ ᠠᠮᠢᠳᠤᠷᠠᠯ ᠤᠨ ᠶᠠᠰᠤ ᠴᠢᠨᠠᠷ ᠰᠠᠶ᠋ᠢ ᠳᠡᠭᠡᠭᠰᠢᠯᠡᠵᠦ ᠴᠢᠳᠠᠨ᠎ᠠ᠃ ᠲᠤᠬᠠᠶ ᠶᠢᠨ ᠲᠠᠯᠠᠪᠠᠶ ᠳᠤ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠣᠯᠠᠨ ᠲᠦᠮᠡᠨ ᠤ ᠬᠦᠰᠡᠯ ᠰᠠᠨᠠᠭ᠎ᠠ ᠶᠢ ᠬᠦᠨᠳᠦᠳᠬᠡᠭᠰᠡᠨ ᠤᠷᠢᠲᠠᠯ ᠳᠤᠤᠷ᠎ᠠ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠴᠠᠬᠢᠯᠭᠠᠨ ᠬᠠᠩᠭᠠᠬᠤ ᠲᠥᠬᠦᠭᠡᠷᠦᠮᠵᠢ ᠶᠢᠨ ᠪᠠᠭᠲᠠᠭᠠᠮᠵᠢ ᠶᠢ ᠥᠷᠭᠡᠳᠬᠡᠨ ᠲᠠᠰ ᠳᠡᠪᠰᠢᠭᠦᠯᠬᠦ ᠶᠢ ᠠᠬᠢᠭᠤᠯᠵᠤ᠂ ᠠᠵᠢᠯᠯᠠᠭᠤᠯᠵᠤ ᠪᠠᠲᠤᠯᠠᠬᠤ ᠦᠢᠯᠡᠴᠢᠯᠡᠭᠡ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠠᠵᠢᠯ ᠢᠶᠠᠨ ᠣᠯᠠᠨ ᠲᠦᠮᠡᠨ ᠤ ᠰᠡᠳᠬᠢᠯ ᠳᠤ ᠬᠦᠷᠳᠡᠯ᠎ᠡ ᠬᠢᠬᠦ ᠬᠡᠷᠡᠭᠲᠡᠶ ᠭᠡᠵᠦ ᠱᠠᠭᠠᠷᠳᠠᠪᠠ᠃ ᠸᠠᠩ ᠯᠢ ᠰᠢᠶᠠ ᠮᠠᠯᠴᠢᠳ ᠲᠠᠢ ᠬᠠᠮᠲᠤ ᠵᠣᠭᠤᠭ ᠳᠡᠯᠭᠡᠵᠦ᠂ ᠣᠷᠣᠯᠭ᠎ᠠ ᠵᠠᠷᠤᠯᠭ᠎ᠠ ᠶᠢ ᠪᠤᠳᠤᠨ᠂ ᠦᠢᠯᠡᠳᠪᠦᠷᠢᠯᠡᠯ ᠠᠮᠢᠳᠤᠷᠠᠯ ᠳᠤᠨᠢ ᠪᠠᠰᠠ ᠶᠠᠮᠠᠷ ᠬᠦᠴᠢᠷᠳᠡᠯ ᠪᠠᠶᠢᠬᠤ ᠶᠢ ᠯᠠᠪᠯᠠᠨ ᠠᠰᠠᠭᠤᠵᠤ᠂ ᠲᠤᠬᠠᠢ ᠶᠢᠨ ᠭᠠᠵᠠᠷ ᠤᠨ ᠺᠠᠳ᠋ᠷ ᠢ ᠮᠠᠯᠴᠢᠳ ᠤᠨ ᠲᠡᠵᠢᠭᠡᠪᠦᠷᠢ ᠶᠢᠨ ᠪᠦᠲᠦᠴᠡ ᠶᠢ ᠰᠢᠯᠢᠳᠡᠭᠵᠢᠭᠦᠯᠵᠦ᠂ ᠤᠨᠴᠠᠯᠢᠬᠳᠤ ᠵᠢᠭᠤᠯᠴᠢᠯᠠᠯ ᠢ ᠬᠦᠭᠵᠢᠬᠦᠯᠬᠦ ᠶᠢ ᠬᠦᠲᠦᠯᠦᠨ ᠵᠢᠯᠤᠭᠤᠳᠴᠤ᠂ ᠠᠷᠭ᠎ᠠ ᠪᠦᠬᠦᠨ ᠢ ᠰᠦᠪᠡᠭᠴᠢᠯᠡᠨ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠵᠦ᠂ ᠤᠯᠠᠨ ᠤ ᠠᠮᠢᠳᠤᠷᠠᠯ ᠢ ᠡᠳᠦᠷ ᠠᠴᠠ ᠡᠳᠦᠷ ᠦᠭᠡᠳᠡ ᠡᠰᠡᠷᠡᠭ ᠪᠠᠶᠢᠯᠭᠠᠬᠤ ᠬᠡᠷᠡᠭᠲᠡᠢ ᠭᠡᠵᠦ ᠵᠠᠬᠢᠪᠠ᠃
5.jpg 
         5 ᠰᠠᠷ᠎ᠠ ᠶᠢᠨ 9᠎ ᠤ ᠡᠳᠦᠷ᠂ ᠸᠠᠩ ᠯᠢ ᠰᠢᠶᠠ ᠮᠠᠨᠵᠤᠤᠷ ᠬᠤᠳᠠ ᠶᠢᠨ ᠪᠸᠢ ᠬᠤ᠋ ᠴᠡᠴᠡᠷᠯᠢᠭ᠂ ᠰᠠᠨ ᠳ᠋ᠤᠤ ᠵᠡᠭᠡᠯᠢ ᠳᠤ ᠬᠦᠷᠴᠦ ᠲᠤᠬᠠᠢ ᠶᠢᠨ ᠭᠠᠵᠠᠷ ᠤᠨ ᠰᠥᠨᠢ ᠶᠢᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠣᠶᠢᠯᠠᠭᠠᠪᠠ᠃       ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠸᠠᠩ ᠯᠢ ᠰᠢᠶᠠ ᠪᠠᠰᠠ ᠮᠠᠨᠵᠤᠤᠷ ᠬᠤᠳᠠ ᠶᠢᠨ ᠪᠸᠢ ᠬᠤ᠋ ᠴᠡᠴᠡᠷᠯᠢᠭ᠂ ᠰᠠᠨ ᠳ᠋ᠤᠤ ᠵᠡᠭᠡᠯᠢ ᠳᠤ ᠬᠦᠷᠴᠦ ᠲᠤᠬᠠᠢ ᠶᠢᠨ ᠭᠠᠵᠠᠷ ᠤᠨ ᠰᠥᠨᠢ ᠶᠢᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠣᠶᠢᠯᠠᠭᠠᠪᠠ᠃ 
 
ᠢᠷᠡᠯᠲᠡ᠄ ᠭᠦᠯᠦᠨ ᠪᠤᠶᠢᠷ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号