ᠲᠦᠩᠯᠢᠶᠣᠤ ᠬᠤᠲᠠ ᠶᠢᠨ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ ᠮᠢᠩᠭᠠᠨ ᠣᠨ ᠤ ᠡᠷᠲᠡᠨ ᠤ ᠮᠣᠳᠣ ᠶᠢ ᠢᠯᠡᠷᠡᠭᠦᠯᠪᠡ
ᠨᠡᠶᠢᠲᠡᠯᠡᠭᠰᠡᠨ ᠴᠠᠭ᠄
2023/5/12
      ᠣᠶᠢᠷ᠎ᠠ ᠳᠤ᠂ ᠲᠦᠩᠯᠢᠶᠣᠤ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠦᠷ᠎ᠡ ᠪᠠ ᠮᠣᠳᠣᠨ ᠤ ᠥᠷᠲᠡᠭᠡ ᠶᠢᠨ ᠦᠷ᠎ᠡ ᠡᠳ᠋ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ ᠭᠠᠳᠠᠷ ᠠᠵᠢᠯ ᠲᠥᠷᠥᠯ ᠤᠨ ᠪᠠᠶᠢᠴᠠᠭᠠᠯᠲᠠ ᠶᠢᠨ ᠠᠩᠭᠢ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠪᠠᠶᠠᠨᠲᠠᠯ᠎ᠠ ᠪᠠᠯᠭᠠᠰᠤᠨ ᠳᠤ ᠡᠷᠲᠡᠨ ᠤ ᠮᠣᠳᠣ ᠨᠠᠷᠠᠲᠤ ᠮᠣᠳᠣ ᠶᠢ ᠪᠠᠶᠢᠴᠠᠭᠠᠬᠤ ᠠᠵᠢᠯ ᠥᠷᠨᠢᠭᠦᠯᠬᠦ ᠳᠤᠮᠳᠠ᠂ ᠮᠢᠩᠭᠠᠨ ᠵᠢᠯ ᠤᠷᠭᠤᠭᠰᠠᠨ ᠡᠷᠲᠡᠨ ᠤ ᠬᠠᠶᠢᠯᠠᠰᠤᠨ ᠮᠣᠳᠣ ᠶᠢ ᠢᠯᠡᠷᠡᠭᠦᠯᠪᠡ᠃ ᠨᠡᠶᠢᠳᠡᠮ ᠪᠠᠶᠢᠴᠠᠭᠠᠯᠲᠠ ᠶᠢᠨ ᠠᠩᠭᠢ ᠶᠢᠨ ᠭᠡᠰᠢᠭᠦᠨ ᠡᠷᠲᠡᠨ ᠤ ᠮᠣᠳᠣᠨ ᠤ ᠤᠷᠭᠤᠯᠲᠠ ᠶᠢᠨ ᠪᠠᠶᠢᠳᠠᠯ ᠪᠠ ᠬᠠᠮᠢᠶ᠎ᠠ ᠪᠥᠬᠦᠶ ᠲᠤᠭ᠎ᠠ ᠪᠠᠷᠢᠮᠲᠠ ᠳᠤ ᠬᠡᠮᠵᠢᠯᠲᠡ ᠬᠢᠬᠦ ᠶᠢᠨ ᠬᠠᠮᠲᠤ ᠬᠠᠮᠢᠶ᠎ᠠ ᠪᠥᠬᠦᠶ ᠲᠤᠭ᠎ᠠ ᠪᠠᠷᠢᠮᠲᠠ ᠶᠢ ᠪᠥᠬᠦ ᠤᠯᠤᠰ ᠤᠨ ᠦᠷ᠎ᠡ ᠶᠢᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠶᠢᠨ ᠰᠢᠰᠲ᠋ᠧᠮ ᠳᠤ ᠤᠷᠤᠭᠤᠯᠵᠠᠢ᠃ 
1.png
      ᠪᠠᠶᠠᠨᠲᠠᠯ᠎ᠠ ᠪᠠᠯᠭᠠᠰᠤᠨ ᠤ ᠡᠷᠲᠡᠨ ᠤ ᠮᠣᠳᠣᠨ ᠤ ᠡᠬᠢ ᠪᠠᠶᠠᠯᠢᠭ ᠡᠯᠪᠡᠭ᠂ ᠪᠠᠶᠢᠭᠠᠯᠢ ᠶᠢᠨ ᠠᠮᠢ ᠠᠬᠤᠶ ᠶᠢᠨ ᠣᠷᠴᠢᠨ ᠲᠣᠭᠤᠷᠢᠨ ᠰᠠᠶᠢᠨ ᠪᠠᠶᠢᠵᠤ᠂ ᠬᠢᠯᠢ ᠶᠢᠨ ᠳᠣᠲᠣᠷ᠎ᠠ ᠶᠡᠭᠡ ᠬᠡᠮᠵᠢᠶᠡᠨ ᠤ ᠵᠠᠭᠤᠨ ᠵᠢᠯ ᠠᠴᠠ ᠳᠡᠭᠡᠭᠰᠢᠬᠢ ᠬᠠᠶᠢᠯᠠᠰᠤ ᠪᠠ ᠤᠳᠠ ᠮᠣᠳᠣ ᠪᠠᠶᠢᠨ᠎ᠠ᠃ ᠡᠨᠡ ᠤᠳᠠᠭ᠎ᠠ ᠢᠯᠡᠷᠡᠭᠦᠯᠦᠭᠰᠡᠨ ᠢᠶᠠᠷ ᠮᠢᠩᠭᠠᠨ ᠣᠨ ᠤ ᠡᠷᠲᠡᠨ ᠤ ᠮᠣᠳᠣᠨ ᠤ ᠪᠦᠯᠦᠭᠯᠡᠯ ᠳᠤ 200 ᠭᠠᠷᠤᠶ ᠰᠠᠭᠤᠷᠢ ᠡᠷᠲᠡᠨ ᠤ ᠬᠠᠶᠢᠯᠠᠰᠤᠨ ᠮᠣᠳᠣ  ᠪᠠᠶᠢᠵᠤ᠂ ᠨᠠᠰᠤ ᠨᠢ 200᠎ ᠠᠴᠠ 600 ᠵᠢᠯ ᠪᠠᠶᠢᠵᠤ᠂ ᠪᠦᠯᠦᠭᠯᠡᠯ ᠤᠨ ᠳᠣᠲᠣᠷᠠᠬᠢ ᠡᠷᠲᠡᠨ ᠤ ᠬᠠᠶᠢᠯᠠᠰᠤᠨ ᠮᠣᠳᠣᠨ ᠤ ᠤᠷᠭᠤᠯᠲᠠ ᠶᠢᠨ ᠪᠠᠶᠢᠳᠠᠯ ᠨᠢ ᠬᠡᠪ ᠤᠨ ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号