ᠸᠠᠩ ᠯᠢ ᠰᠢᠶᠠ ᠬᠥᠯᠥᠨ ᠪᠤᠶᠢᠷ ᠲᠤ ᠬᠢᠯᠢ ᠪᠠᠷ ᠣᠷᠣᠵᠤ ᠢᠷᠡᠬᠦ ᠲᠦᠢᠮᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠵᠤ ᠬᠢᠯᠢ ᠳᠠᠭᠠᠤ ᠣᠷᠣᠨ ᠤ ᠴᠠᠬᠢᠯᠭᠠᠨ ᠬᠡᠷᠡᠭᠯᠡᠬᠦ ᠵᠢᠴᠢ ᠴᠢᠮᠡᠭᠡ ᠬᠤᠯᠪᠣᠭᠠᠨ ᠤ ᠠᠰᠠᠭᠤᠳᠠᠯ ᠢ ᠲᠤᠬᠠᠢ ᠶᠢᠨ ᠲᠠᠯᠠᠪᠠᠶ ᠳᠤ ᠰᠤᠳᠤᠯᠤᠨ ᠰᠢᠢᠳᠪᠦᠷᠢᠯᠡᠪᠡ
ᠨᠡᠶᠢᠲᠡᠯᠡᠭᠰᠡᠨ ᠴᠠᠭ᠄
2023/5/18
      5 ᠰᠠᠷ᠎ᠠ ᠶᠢᠨ 9᠎ ᠤ ᠡᠳᠦᠷ᠂ ᠸᠠᠩ ᠯᠢ ᠰᠢᠶᠠ ᠬᠥᠯᠥᠨ ᠪᠤᠶᠢᠷ ᠲᠤ ᠬᠦᠷᠴᠦ ᠨᠤᠲᠤᠭ ᠪᠡᠯᠴᠢᠭᠡᠷ ᠤᠨ ᠬᠢᠯᠢ ᠪᠠᠷ ᠣᠷᠣᠵᠤ ᠢᠷᠡᠬᠦ ᠲᠦᠢᠮᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠵᠤ᠂ ᠬᠢᠯᠢ ᠶᠢᠨ ᠬᠠᠮᠠᠭᠠᠯᠠᠯᠲᠠ ᠶᠢᠨ ᠵᠢᠵᠢᠭᠦᠷᠯᠡᠬᠦ ᠴᠡᠭ ᠪᠣᠯᠣᠨ ᠬᠢᠯᠢ ᠳᠠᠭᠠᠤ ᠶᠢᠨ ᠮᠠᠯᠵᠢᠬᠤ ᠡᠷᠦᠭᠡ ᠪᠠᠷ ᠭᠦᠨᠵᠡᠭᠡᠶᠢᠷᠡᠵᠦ᠂ ᠴᠠᠬᠢᠯᠭᠠᠨ ᠬᠡᠷᠡᠭᠯᠡᠬᠦ᠂ ᠴᠢᠮᠡᠭᠡ ᠬᠤᠯᠪᠣᠭᠠᠨ ᠤ ᠪᠠᠶᠢᠳᠠᠯ ᠢ ᠲᠤᠬᠠᠢ ᠶᠢᠨ ᠲᠠᠯᠠᠪᠠᠢ ᠳᠤ ᠨᠢᠭᠡ ᠨᠢᠭᠡ ᠪᠠᠷ ᠪᠠᠶᠢᠴᠠᠭᠠᠨ ᠰᠢᠨᠵᠢᠯᠡᠵᠦ᠂ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃
1.jpg
      ᠨᠢᠰᠬᠡᠯ ᠠᠴᠠ ᠪᠠᠭᠤᠮᠠᠭᠴᠠ᠂ ᠸᠠᠩ ᠯᠢ ᠰᠢᠶᠠ ᠰᠢᠨ᠎ᠡ ᠪᠠᠷᠭᠤ ᠪᠠᠷᠠᠭᠤᠨ ᠬᠤᠰᠢᠭᠤᠨ ᠤ ᠬᠥᠯᠥᠨ ᠪᠠᠯᠭᠠᠰᠤ ᠳᠠᠬᠢ ᠳᠤᠮᠳᠠᠳᠤ ᠤᠷᠤᠰ ᠮᠣᠩᠭᠤᠯ ᠤᠨ ᠬᠢᠯᠢ ᠶᠢᠨ ᠱᠤᠭᠤᠮ ᠳᠤ ᠰᠢᠭᠤᠳ ᠬᠦᠷᠴᠦ᠂ ᠬᠢᠯᠢ ᠶᠢᠨ ᠲᠦᠢᠮᠡᠷ ᠢ ᠰᠡᠷᠭᠡᠶᠢᠯᠡᠬᠦ ᠲᠤᠰᠠᠭᠠᠷᠯᠠᠬᠤ ᠪᠦᠰᠡ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠣᠶᠢᠷ᠎ᠠ ᠶᠢᠨ ᠡᠳᠦᠷ ᠤᠳ ᠲᠤ ᠬᠢᠯᠢ ᠪᠠᠷ ᠣᠷᠣᠵᠤ ᠢᠷᠡᠭᠰᠡᠨ ᠲᠦᠢᠮᠡᠷ ᠢ ᠤᠨᠲᠠᠷᠠᠭᠠᠵᠤ ᠪᠠᠶᠢᠭ᠎ᠠ ᠪᠠᠶᠢᠳᠠᠯ ᠢ ᠨᠠᠷᠢᠨ ᠠᠰᠠᠭᠤᠵᠤ᠂ ᠨᠤᠲᠤᠭ ᠪᠡᠯᠴᠢᠭᠡᠷ ᠤᠨ ᠨᠣᠭᠤᠭᠠᠷᠠᠵᠤ ᠪᠠᠶᠢᠭ᠎ᠠ ᠪᠠᠶᠢᠳᠠᠯ ᠢ ᠠᠵᠢᠭᠯᠠᠨ ᠪᠠᠶᠢᠴᠠᠭᠠᠪᠠ᠃ ᠲᠡᠷᠡ᠂ ᠲᠦᠢᠮᠡᠷ ᠢ ᠰᠡᠷᠭᠡᠶᠢᠯᠡᠬᠦ ᠲᠤᠰᠠᠭᠠᠷᠯᠠᠬᠤ ᠪᠦᠰᠡ ᠨᠢ ᠬᠢᠯᠢ ᠪᠠᠷ ᠣᠷᠣᠵᠤ ᠢᠷᠡᠬᠦ ᠲᠦᠢᠮᠡᠷ ᠢ ᠰᠡᠷᠭᠡᠶᠢᠯᠡᠬᠦ ᠳᠤ ᠮᠠᠰᠢ ᠶᠡᠭᠡ ᠦᠢᠯᠡᠳᠦᠯ ᠲᠠᠢ ᠶᠤᠮ᠂ ᠵᠠᠪᠠᠯ ᠰᠠᠶᠢᠲᠤᠷ ᠪᠦᠲᠦᠭᠡᠨ ᠪᠠᠶᠢᠭᠤᠯᠵᠤ᠂ ᠰᠠᠶᠢᠲᠤᠷ ᠬᠡᠷᠡᠭᠯᠡᠬᠦ ᠬᠡᠷᠡᠭᠲᠡᠢ ᠭᠡᠪᠡ᠃ ᠸᠠᠩ ᠯᠢ ᠰᠢᠶᠠ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠩᠭᠢ ᠶᠢᠨ ᠭᠡᠰᠢᠭᠦᠳ ᠢ ᠣᠨᠴᠠᠭᠠᠶᠢᠯᠠᠨ ᠬᠠᠯᠠᠮᠵᠢᠯᠠᠵᠤ᠂ ᠳᠡᠳᠡᠨ ᠤ ᠠᠮᠢᠳᠤᠷᠠᠯ ᠪᠣᠯᠣᠨ ᠠᠮᠤᠷ ᠲᠦᠪᠰᠢᠨ ᠢ ᠡᠷᠬᠡᠪᠰᠢ ᠰᠠᠶᠢᠲᠤᠷ ᠪᠠᠲᠤᠯᠠᠬᠤ ᠬᠡᠷᠡᠭᠲᠡᠢ ᠭᠡᠵᠦ ᠵᠠᠬᠢᠪᠠ᠃ 
2.jpg
      ᠸᠠᠩ ᠯᠢ ᠰᠢᠶᠠ ᠪᠠᠶᠢᠴᠠᠭᠠᠨ ᠰᠤᠳᠤᠯᠬᠤ ᠲᠠᠰᠢᠷᠠᠮ ᠢᠶᠠᠷ ᠬᠢᠯᠢ ᠶᠢᠨ ᠬᠠᠮᠠᠭᠠᠯᠠᠯᠲᠠ ᠶᠢᠨ ᠵᠢᠵᠢᠭᠦᠷᠯᠡᠬᠦ ᠴᠡᠭ ᠲᠤ ᠬᠦᠷᠴᠦ᠂ ᠴᠠᠬᠢᠯᠭᠠᠨ ᠬᠠᠩᠭᠠᠯᠭ᠎ᠠ᠂ ᠴᠢᠮᠡᠭᠡ ᠬᠤᠯᠪᠣᠭ᠎ᠠ ᠪᠣᠯᠣᠨ ᠳᠠᠷᠤᠭ᠎ᠠ ᠪᠠᠶᠢᠯᠳᠤᠭᠴᠢᠳ ᠤᠨ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠠᠳᠡᠬᠢ ᠭᠠᠷ ᠤᠲᠠᠰᠤᠨ ᠤ ᠳᠣᠬᠢᠶ᠎ᠠ ᠰᠤᠯᠠᠬᠠᠨ ᠪᠠᠶᠢᠬᠤ ᠶᠢ ᠣᠯᠵᠤ ᠮᠡᠳᠡᠭᠰᠡᠨ ᠤ ᠳᠠᠷᠠᠭ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠤ ᠬᠢᠯᠢ ᠶᠢᠨ ᠬᠠᠮᠠᠭᠠᠯᠠᠯᠲᠠ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠨᠢᠭᠡᠴᠢ ᠳᠤ ᠳᠠᠭᠠᠭᠤᠯᠢ ᠣᠳᠣᠨ ᠤ ᠤᠲᠠᠰᠤ ᠲᠣᠬᠢᠷᠠᠭᠤᠯᠬᠤ ᠶᠢ ᠰᠤᠳᠤᠯᠵᠤ᠂ ᠪᠠᠴᠢᠮ ᠪᠠᠶᠢᠳᠠᠯ ᠲᠤᠯᠭᠠᠷᠠᠪᠠᠯ ᠲᠡᠷᠡ ᠳᠠᠷᠤᠢ ᠳᠤᠨᠢ ᠮᠡᠳᠡᠭᠦᠯᠵᠦ᠂ ᠲᠡᠷᠡ ᠳᠠᠷᠤᠢ  ᠳᠤᠨᠢ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ ᠭᠡᠵᠦ ᠰᠠᠨᠠᠭᠤᠯᠪᠠ᠃
3.jpg
4.jpg
      ᠸᠠᠩ ᠯᠢ ᠰᠢᠶᠠ ᠬᠢᠯᠢ ᠳᠠᠭᠠᠤ ᠶᠢᠨ ᠮᠠᠯᠴᠢᠳ ᠤᠨ ᠴᠠᠬᠢᠯᠭᠠᠨ ᠬᠡᠷᠡᠭᠯᠡᠬᠦ ᠠᠰᠠᠭᠤᠳᠠᠯ ᠢ ᠢᠮᠠᠭᠲᠠ ᠰᠠᠨᠠᠭᠠᠰᠢᠷᠠᠵᠤ᠂ ᠲᠠᠯ᠎ᠠ ᠨᠤᠲᠤᠭ ᠤᠨ ᠭᠦᠨ ᠳᠠᠬᠢ ᠮᠠᠯᠴᠢᠨ ᠬᠠᠷᠠᠪᠠᠷᠰ᠂ ᠪᠠᠶᠠᠰᠬᠤᠯᠠᠩ ᠤᠨ ᠭᠡᠷ ᠲᠤ ᠲᠤᠰᠬᠠᠶᠢᠯᠠᠨ ᠬᠦᠷᠴᠦ᠂ ᠴᠠᠬᠢᠯᠭᠠᠨ ᠬᠠᠩᠭᠠᠵᠤ ᠪᠠᠶᠢᠭ᠎ᠠ ᠪᠠᠶᠢᠳᠠᠯ ᠢ ᠠᠰᠠᠭᠤᠨ ᠯᠠᠪᠯᠠᠵᠤ᠂ ᠭᠠᠷ ᠤᠲᠠᠰᠤᠨ ᠤ ᠳᠣᠬᠢᠶ᠎ᠠ ᠶᠢ ᠦᠵᠡᠪᠡ᠃ ᠭᠡᠷ ᠪᠦᠯᠢ ᠶᠢᠨ ᠨᠡᠷᠡᠨ ᠡᠨᠧᠷᠭᠢ ᠶᠢᠨ ᠬᠠᠪᠲᠠᠰᠤ ᠬᠡᠳᠦᠢ ᠴᠠᠬᠢᠯᠭᠠᠨ ᠭᠠᠷᠭᠠᠵᠤ ᠳᠠᠶᠢᠯᠭᠦ᠂ ᠥᠪᠡᠷ ᠢᠶᠠᠨ ᠬᠡᠳᠦᠢ ᠵᠣᠭᠤᠰ ᠵᠠᠷᠤᠴᠠᠭᠤᠯᠤᠭᠰᠠᠨ᠂ ᠬᠡᠳᠦᠢ ᠵᠢᠯ ᠬᠡᠷᠡᠭᠯᠡᠭᠰᠡᠨ᠂ ᠭᠠᠷᠭᠠᠭᠰᠠᠨ ᠴᠠᠬᠢᠯᠭᠠᠨ ᠡᠨᠧᠷᠭᠢ ᠨᠢ ᠠᠯᠢᠪᠠ ᠴᠠᠬᠢᠯᠭᠠᠨ ᠬᠡᠷᠡᠭᠰᠡᠯ ᠢ ᠬᠠᠩᠭᠠᠵᠤ ᠳᠡᠶᠢᠯᠭᠦ ᠡᠰᠡᠬᠦ᠂ ᠪᠦᠷᠬᠦᠭ ᠪᠣᠷᠣᠭᠠᠨ ᠲᠠᠢ ᠡᠳᠦᠷ ᠲᠣᠬᠢᠶᠠᠯᠳᠤᠪᠠᠯ ᠶᠠᠭᠠᠬᠢᠬᠤ ᠪᠤᠶ ᠁ ᠸᠠᠩ ᠯᠢ ᠰᠢᠶᠠ ᠲᠤᠩ ᠪᠣᠳᠠᠲᠠᠢ ᠠᠰᠠᠭᠤᠪᠠ᠃ ᠲᠡᠷᠡ᠂ ᠴᠠᠬᠢᠯᠭᠠᠨ ᠬᠦᠴᠦᠨ ᠪᠠᠲᠤᠯᠠᠭ᠎ᠠ ᠲᠠᠢ᠂ ᠭᠠᠷ ᠤᠲᠠᠰᠤ ᠳᠣᠬᠢᠶ᠎ᠠ ᠲᠠᠢ ᠪᠣᠯ ᠮᠠᠯᠴᠢᠳ ᠤᠨ ᠠᠮᠢᠳᠤᠷᠠᠯ ᠤᠨ ᠶᠠᠰᠤ ᠴᠢᠨᠠᠷ ᠰᠠᠶ᠋ᠢ ᠳᠡᠭᠡᠭᠰᠢᠯᠡᠵᠦ ᠴᠢᠳᠠᠨ᠎ᠠ ᠭᠡᠪᠡ᠃ ᠲᠤᠬᠠᠢ ᠶᠢᠨ ᠲᠠᠯᠠᠪᠠᠶ ᠳᠤ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠪᠣᠯᠣᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ ᠣᠯᠠᠨ ᠲᠦᠮᠡᠨ ᠤ ᠬᠦᠰᠡᠯ ᠰᠠᠨᠠᠭ᠎ᠠ ᠶᠢ ᠬᠦᠨᠳᠦᠳᠬᠡᠭᠰᠡᠨ ᠤᠷᠢᠲᠠᠯ ᠳᠣᠣᠷ᠎ᠠ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠴᠠᠬᠢᠯᠭᠠᠨ ᠬᠠᠩᠭᠠᠬᠤ ᠲᠥᠬᠦᠭᠡᠷᠦᠮᠵᠢ ᠶᠢᠨ ᠪᠠᠭᠲᠠᠭᠠᠮᠵᠢ ᠶᠢ ᠥᠷᠭᠡᠳᠬᠡᠨ ᠲᠠᠰ ᠳᠡᠪᠰᠢᠭᠦᠯᠬᠦ ᠶᠢ ᠠᠬᠢᠭᠤᠯᠵᠤ᠂ ᠠᠵᠢᠯᠯᠠᠭᠤᠯᠵᠤ ᠪᠠᠲᠤᠯᠠᠬᠤ ᠦᠢᠯᠡᠴᠢᠯᠡᠭᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠵᠢᠯ ᠢᠶᠠᠨ ᠣᠯᠠᠨ ᠲᠦᠮᠡᠨ ᠤ ᠰᠡᠳᠬᠢᠯ ᠢ ᠳᠤᠯᠠᠭᠠᠴᠠᠭᠤᠯᠲᠠᠯ᠎ᠠ ᠬᠢᠬᠦ ᠬᠡᠷᠡᠭᠲᠡᠢ ᠭᠡᠵᠦ ᠱᠠᠭᠠᠷᠳᠠᠪᠠ᠃ ᠸᠠᠩ ᠯᠢ ᠰᠢᠶᠠ ᠮᠠᠯᠴᠢᠳ ᠲᠠᠢ ᠬᠠᠮᠲᠤ ᠵᠣᠭᠤᠭ ᠳᠡᠯᠭᠡᠵᠦ᠂ ᠣᠷᠣᠯᠭ᠎ᠠ ᠵᠠᠷᠤᠯᠭ᠎ᠠ ᠶᠢ ᠨᠢ ᠪᠤᠳᠤᠵᠥ᠂ ᠦᠢᠯᠡᠳᠪᠦᠷᠢᠯᠡᠯ ᠠᠮᠢᠳᠤᠷᠠᠯ ᠳᠤᠨᠢ ᠪᠠᠰᠠ ᠶᠠᠮᠠᠷ ᠬᠦᠴᠢᠷᠳᠡᠯ ᠪᠠᠶᠢᠬᠤ ᠶᠢ ᠯᠠᠪᠯᠠᠨ ᠠᠰᠠᠭᠤᠵᠤ᠂ ᠲᠤᠬᠠᠢ ᠶᠢᠨ ᠭᠠᠵᠠᠷ ᠤᠨ ᠺᠠᠳ᠋ᠷ ᠢ ᠮᠠᠯᠴᠢᠳ ᠢ ᠬᠥᠲᠥᠯᠥᠨ ᠵᠢᠯᠤᠭᠤᠳᠴᠤ ᠪᠠᠶᠢᠭᠠᠳ ᠲᠡᠵᠢᠭᠡᠪᠦᠷᠢ ᠶᠢᠨ ᠪᠦᠲᠦᠴᠡ ᠶᠢ ᠰᠢᠯᠢᠳᠡᠭᠵᠢᠭᠦᠯᠵᠦ᠂ ᠣᠨᠴᠠᠯᠢᠭᠲᠤ ᠵᠢᠭᠤᠯᠴᠢᠯᠠᠯ ᠢ ᠬᠥᠭᠵᠢᠭᠦᠯᠵᠦ᠂ ᠠᠷᠭ᠎ᠠ ᠪᠦᠭᠦᠨ ᠢ ᠰᠦᠪᠡᠭᠴᠢᠯᠡᠵᠦ ᠪᠠᠶᠢᠭᠠᠳ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠵᠦ᠂ ᠤᠯᠠᠨ ᠤ ᠠᠮᠢᠳᠤᠷᠠᠯ ᠢ ᠡᠳᠦᠷ ᠠᠴᠠ ᠡᠳᠦᠷ ᠥᠭᠡᠳᠡᠯᠡᠭᠦᠯᠵᠦ᠂ ᠡᠳᠦᠷ ᠠᠴᠠ ᠡᠳᠦᠷ ᠬᠦᠰᠡᠯ ᠡᠷᠡᠮᠡᠯᠵᠡᠯ ᠲᠠᠢ ᠪᠣᠯᠭᠠᠬᠤ ᠬᠡᠷᠡᠭᠲᠡᠢ ᠭᠡᠵᠦ ᠵᠠᠬᠢᠪᠠ᠃
5.jpg
      ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠸᠠᠩ ᠯᠢ ᠰᠢᠶᠠ ᠪᠠᠰᠠ ᠮᠠᠨᠵᠤᠤᠷ ᠬᠤᠳᠠ ᠶᠢᠨ ᠪᠧᠢ ᠬᠤ᠋ ᠴᠡᠴᠡᠷᠯᠢᠭ᠂ ᠰᠠᠨ ᠳ᠋ᠣᠣ ᠵᠡᠭᠡᠯᠢ ᠳᠤ ᠬᠦᠷᠴᠦ ᠲᠤᠬᠠᠢ ᠶᠢᠨ ᠭᠠᠵᠠᠷ ᠤᠨ ᠰᠥᠨᠢ ᠶᠢᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠣᠶᠢᠯᠠᠭᠠᠪᠠ᠃   
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号