ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 21 ᠤ ᠴᠠᠬᠢᠯᠭᠠᠨ ᠮᠡᠳᠡᠭᠡ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ᠂ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ | ᠡᠷᠭᠢᠯᠡᠭᠴᠢ ᠰᠢ ᠶᠢᠨ ᠫᠢᠩ 4 ᠰᠠᠷ᠎ᠠ ᠶᠢᠨ 21 ᠤ ᠦᠳᠡ ᠶᠢᠨ ᠬᠤᠶᠢᠨ᠎ᠠ ᠬᠤᠷᠢᠳᠤᠭᠠᠷ ᠬᠤᠭᠤᠴᠠᠭᠠᠨ ᠤ | ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠠᠩᠬᠠᠳᠤᠭᠠᠷ ᠬᠤᠷᠠᠯ ᠢ | ᠡᠷᠭᠢᠯᠡᠨ ᠬᠤᠷᠠᠯᠳᠤᠭᠤᠯᠤᠭᠰᠠᠨ ᠤ ᠬᠠᠮᠲᠤ ᠴᠢᠬᠤᠯᠠ ᠶᠠᠷᠢᠶ᠎ᠠ ᠲᠠᠯᠪᠢᠪᠠ᠃ | ᠲᠡᠷᠡ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠬᠤ ᠡᠬᠢᠯᠡᠯᠲᠡ ᠶᠢᠨ ᠵᠢᠯ ᠮᠥᠨ᠂ ᠪᠠᠰᠠ ᠴᠤ ᠥᠭᠡᠷᠡᠴᠢᠯᠡᠯᠲᠡ ᠨᠡᠭᠡᠭᠡᠯᠲᠡ ᠬᠢᠭᠰᠡᠨ 45 ᠵᠢᠯ ᠤᠨ | ᠤᠢ ᠪᠠ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠠ ᠬᠤᠷᠠᠯ | ᠬᠤᠷᠠᠯᠳᠤᠭᠰᠠᠨ 10 ᠵᠢᠯ ᠤᠨ ᠤᠢ ᠪᠣᠯᠣᠨ᠎ᠠ᠃ ᠰᠢᠨ᠎ᠡ ᠴᠠᠭ ᠦᠶ᠎ᠡ ᠰᠢᠨ᠎ᠡ ᠠᠶᠠᠨ ᠤ ᠬᠠᠷᠠᠯᠲᠠ ᠡᠭᠦᠷᠭᠡ ᠶᠢ | ᠪᠡᠶᠡᠯᠡᠭᠦᠯᠬᠦ ᠳᠤ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠦᠨᠳᠦᠰᠦᠨ ᠬᠦᠳᠡᠯᠭᠡᠬᠦ ᠬᠦᠴᠦᠨ ᠪᠣᠯᠭᠠᠵᠤ᠂ ᠶᠡᠭᠡ ᠲᠠᠯ᠎ᠠ ᠶᠢ ᠲᠣᠭᠲᠠᠭᠤᠨ | ᠪᠠᠶᠢᠯᠭᠠᠬᠤ᠂ ᠬᠤᠪᠢᠷᠠᠯᠲᠠ ᠶᠢ ᠠᠷᠭᠠᠴᠠᠭᠠᠬᠤ᠂ ᠰᠢᠨ᠎ᠡ ᠪᠠᠶᠢᠳᠠᠯ ᠢ ᠡᠭᠦᠳᠬᠦ ᠴᠢᠬᠤᠯᠠ ᠭᠠᠷᠳᠠᠴᠠ ᠪᠣᠯᠭᠠᠵᠤ᠂ | ᠴᠢᠭᠯᠡᠯ ᠢᠶᠠᠨ ᠣᠨᠣᠪᠴᠢᠲᠠᠢ ᠡᠵᠡᠮᠳᠡᠵᠦ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠦᠨᠡᠨ ᠬᠦ | ᠠᠳᠬᠤᠨ ᠪᠣᠳᠠᠲᠠᠢ ᠠᠵᠢᠯᠯᠠᠵᠤ᠂ ᠰᠢᠨ᠎ᠡ ᠠᠶᠠᠨ ᠳᠠᠭᠠᠨ ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠬᠠᠭᠤᠳᠠᠰᠤ ᠶᠢ | ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ | ᠪᠠᠶᠢᠩᠭᠤ ᠶᠢᠨ ᠭᠡᠰᠢᠭᠦᠨ᠂ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠳᠡᠳ᠋ | ᠡᠷᠭᠢᠯᠡᠭᠴᠢ ᠯᠢ ᠴᠢᠶᠠᠩ᠂ ᠸᠠᠩ ᠬᠤ᠋ ᠨᠢᠩ᠂ ᠼᠠᠢ ᠴᠢ ᠬᠤᠷᠠᠯ ᠳᠤ ᠣᠷᠣᠯᠴᠠᠵᠠᠢ᠃ | ᠬᠤᠷᠠᠯ ᠠᠴᠠ ︽ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠬᠤ ᠲᠤᠬᠠᠢ ᠰᠠᠨᠠᠯ︾᠂ ︽ᠤᠯᠤᠰ ᠤᠨ ᠥᠮᠴᠢᠯᠡᠯ ᠤᠨ | ᠠᠵᠤ ᠠᠬᠤᠢ ᠶᠢᠨ ᠬᠠᠮᠢᠶᠠᠷᠤᠯᠲᠠ ᠶᠢ ᠴᠢᠩᠭᠠᠳᠬᠠᠨ ᠰᠠᠶᠢᠵᠢᠷᠠᠭᠤᠯᠵᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠳᠡᠮᠵᠢᠬᠦ ᠲᠤᠬᠠᠢ ᠰᠠᠨᠠᠯ︾᠂ ︽ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠲᠤᠬᠠᠢ ᠰᠠᠨᠠᠯ︾ ᠪᠣᠯᠣᠨ ︽ | ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠠᠵᠢᠯ ᠤᠨ ᠳᠦᠷᠢᠮ︾᠂ ︽ | ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠲᠤᠰᠬᠠᠢ ᠳᠤᠭᠤᠶᠢᠯᠠᠩ ᠤᠨ | ᠠᠵᠢᠯ ᠤᠨ ᠳᠦᠷᠢᠮ︾᠂ ︽ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ | ᠠᠯᠪᠠᠨ ᠭᠡᠷ ᠤᠨ ᠠᠵᠢᠯ ᠤᠨ ᠨᠠᠷᠢᠨ ᠳᠦᠷᠢᠮ︾᠂ ︽ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠬᠤᠷᠢᠶ᠎ᠠ ᠶᠢᠨ 2023 ᠣᠨ ᠤ ᠠᠵᠢᠯ ᠤᠨ ᠭᠤᠣᠯᠳᠠᠯᠭ᠎ᠠ︾ ᠶᠢ ᠬᠢᠨᠠᠨ ᠵᠥᠪᠯᠡᠵᠦ ᠪᠠᠲᠤᠯᠠᠪᠠ᠃ | ᠬᠤᠷᠠᠯ ᠠᠴᠠ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠬᠤ ᠪᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠠᠬᠢᠭᠤᠯᠤᠨ ᠪᠡᠶᠡᠯᠡᠭᠦᠯᠬᠦ | ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠣᠨ᠎ᠠ᠃ ᠰᠢᠰᠲ᠋ᠧᠮᠲᠦ ᠦᠵᠡᠯᠲᠡ ᠶᠢ ᠪᠠᠷᠢᠮᠲᠠᠯᠠᠵᠤ᠂ ︽ᠬᠡᠨ ᠤ ᠲᠥᠯᠥᠭᠡ | ᠰᠢᠨ᠎ᠡ ᠶᠢ ᠡᠭᠦᠳᠬᠦ᠂ ᠬᠡᠨ ᠰᠢᠨ᠎ᠡ ᠶᠢ ᠡᠭᠦᠳᠬᠦ᠂ ᠶᠠᠭᠤ ᠶᠢ ᠰᠢᠨ᠎ᠡ ᠶᠢ ᠡᠭᠦᠳᠬᠦ᠂ ᠬᠡᠷᠬᠢᠨ ᠰᠢᠨ᠎ᠡ ᠶᠢ ᠡᠭᠦᠳᠬᠦ︾ | ᠶᠢᠨ ᠲᠣᠭᠤᠷᠢᠨ ᠳᠤ᠂ ᠳᠦᠷᠢᠮ ᠤᠨ ᠪᠠᠶᠢᠭᠤᠯᠤᠯᠲᠠ ᠠᠴᠠ ᠡᠭᠦᠰᠴᠦ᠂ ᠮᠡᠷᠭᠡᠵᠢᠯ ᠤᠨ ᠰᠢᠨ᠎ᠡ ᠶᠢ ᠡᠭᠦᠳᠬᠦ | ᠰᠢᠢᠳᠪᠦᠷᠢᠲᠦ ᠪᠣᠳᠣᠯᠭ᠎ᠠ᠂ ᠰᠤᠳᠤᠯᠤᠨ ᠨᠡᠭᠡᠭᠡᠬᠦ ᠣᠷᠤᠭᠤᠯᠤᠯᠲᠠ᠂ ᠰᠢᠨᠵᠢᠯᠡᠬᠦ ᠤᠬᠠᠭᠠᠨ ᠤ ᠰᠤᠳᠤᠯᠭᠠᠨ ᠤ | ᠵᠣᠬᠢᠶᠠᠨ ᠪᠠᠶᠢᠭᠤᠯᠤᠯᠲᠠ᠂ ᠦᠷ᠎ᠡ ᠪᠦᠲᠦᠭᠡᠯ ᠢ ᠣᠨᠳᠣᠣᠰᠢᠭᠤᠯᠬᠤ ᠪᠦᠭᠦ ᠬᠡᠯᠬᠢᠶᠡᠨ ᠤ ᠪᠦᠬᠦᠯᠢ ᠴᠣᠭᠴᠠ ᠶᠢᠨ | ᠪᠠᠶᠢᠷᠢᠯᠠᠭᠤᠯᠤᠯᠲᠠ ᠬᠢᠵᠦ᠂ ᠲᠥᠷᠥ ᠶᠢᠨ ᠪᠣᠳᠣᠯᠭ᠎ᠠ᠂ ᠪᠡᠯᠡ ᠮᠥᠩᠭᠦ᠂ ᠲᠥᠷᠥᠯ ᠵᠦᠢᠯ᠂ ᠲᠠᠪᠴᠠᠩ᠂ | ᠴᠢᠳᠠᠪᠤᠷᠢᠲᠠᠨ ᠵᠡᠷᠭᠡ ᠵᠠᠩᠭᠢᠯᠠᠭ᠎ᠠ ᠶᠢᠨ ᠰᠢᠨ᠎ᠡ ᠶᠢ ᠡᠭᠦᠳᠬᠦ ᠡᠬᠢ ᠪᠠᠶᠠᠯᠢᠭ ᠤᠨ ᠰᠢᠰᠲ᠋ᠧᠮ ᠤᠨ ᠪᠠᠶᠢᠷᠢᠰᠢᠭᠤᠯᠤᠯᠲᠠ | ᠬᠢᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠦᠢᠯᠡᠰ ᠤᠨ ᠰᠢᠨ᠎ᠡ ᠶᠢ | ᠡᠭᠦᠳᠬᠦ ᠪᠠ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠬᠦ ᠶᠢ ᠨᠢᠭᠡ ᠴᠣᠭᠴᠠᠵᠢᠭᠤᠯᠤᠨ ᠠᠬᠢᠭᠤᠯᠵᠤ᠂ ᠠᠵᠤ | ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ᠂ ᠦᠢᠯᠡᠳᠪᠦᠷᠢᠯᠡᠯ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ | ᠰᠤᠳᠤᠯᠭᠠᠨ ᠤ ᠥᠨᠳᠥᠷ ᠦᠷ᠎ᠡ ᠪᠦᠲᠦᠮᠵᠢᠲᠡᠢ ᠬᠠᠮᠵᠢᠯᠴᠠᠭᠰᠠᠨ ᠭᠦᠨᠵᠡᠭᠡᠢ ᠠᠭᠤᠰᠤᠯᠴᠠᠭᠰᠠᠨ ᠰᠢᠨ᠎ᠡ ᠶᠢ ᠡᠭᠦᠳᠬᠦ | ᠰᠢᠰᠲ᠋ᠧᠮ ᠢ ᠠᠬᠢᠭᠤᠯᠤᠨ ᠪᠦᠷᠢᠯᠳᠦᠭᠦᠯᠬᠦ ᠬᠡᠷᠡᠭᠲᠡᠢ᠃ ᠤᠯᠤᠰ ᠤᠨ ᠪᠠᠶᠢᠯᠳᠤᠬᠤ ᠪᠣᠳᠣᠯᠭ᠎ᠠ ᠪᠠ ᠠᠵᠤ ᠦᠢᠯᠡᠰ ᠤᠨ | ᠬᠥᠭᠵᠢᠯᠲᠡ ᠶᠢᠨ ᠴᠢᠬᠤᠯᠠ ᠶᠡᠭᠡ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠤᠨ | ᠰᠢᠨ᠎ᠡ ᠶᠢ ᠡᠭᠦᠳᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠤᠯᠤᠰ ᠤᠨ ᠴᠢᠬᠤᠯᠠ ᠶᠡᠭᠡ ᠰᠢᠨ᠎ᠡ ᠶᠢ | ᠡᠭᠦᠳᠬᠦ ᠳᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠣᠷᠤᠯᠴᠠᠬᠤ ᠶᠢ ᠢᠳᠡᠪᠬᠢᠲᠡᠢ ᠵᠣᠷᠢᠭᠵᠢᠭᠤᠯᠤᠨ | ᠪᠦᠲᠦᠮᠵᠢᠲᠡᠢ ᠬᠥᠲᠥᠯᠥᠨ ᠵᠢᠯᠤᠭᠤᠳᠴᠤ᠂ ᠠᠵᠤ ᠠᠬᠤᠶᠢᠯᠠᠯ ᠤᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ | ᠰᠢᠨ᠎ᠡ ᠶᠢ ᠡᠭᠦᠳᠬᠦ ᠪᠠ ᠴᠢᠬᠤᠯᠠ ᠶᠡᠭᠡ ᠤᠤᠭᠠᠯ ᠡᠭᠦᠳᠦᠯᠲᠡ ᠶᠢᠨ ᠮᠡᠷᠭᠡᠵᠢᠯ ᠤᠨ ᠰᠢᠪᠲᠤᠯᠤᠯᠲᠠ ᠳᠤ ᠦᠢᠯᠡᠳᠦᠯ | ᠦᠵᠡᠭᠦᠯᠭᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠤᠯᠤᠰ ᠤᠨ ᠥᠮᠴᠢᠯᠡᠯ ᠤᠨ ᠠᠵᠤ ᠠᠬᠤᠢ ᠶᠢᠨ ᠬᠠᠮᠢᠶᠠᠷᠤᠯᠲᠠ ᠶᠢ ᠴᠢᠩᠭᠠᠳᠬᠠᠨ | ᠰᠠᠶᠢᠵᠢᠷᠠᠭᠤᠯᠬᠤ ᠳᠤ᠂ ᠰᠢᠨ᠎ᠡ ᠴᠠᠭ ᠦᠶ᠎ᠡ ᠰᠢᠨ᠎ᠡ ᠠᠶᠠᠨ ᠤ ᠤᠯᠤᠰ ᠤᠨ ᠥᠮᠴᠢᠯᠡᠯ ᠤᠨ ᠠᠵᠤ ᠠᠬᠤᠢ ᠶᠢᠨ | ᠡᠭᠦᠷᠭᠡᠯᠡᠵᠦ ᠪᠠᠶᠢᠭ᠎ᠠ ᠡᠭᠦᠷᠭᠡ ᠪᠣᠯᠣᠨ ᠴᠢᠳᠠᠮᠵᠢ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠦᠢᠯᠡᠴᠢᠯᠡᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ | ᠬᠠᠮᠲᠤ ᠪᠠᠷ ᠪᠠᠶᠠᠵᠢᠬᠤ ᠶᠢ ᠠᠬᠢᠭᠤᠯᠬᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠯᠳᠤᠬᠤ | ᠪᠣᠳᠣᠯᠭ᠎ᠠ ᠶᠢᠨ ᠥᠨᠳᠥᠷᠴᠡ ᠠᠴᠠ ᠡᠭᠦᠰᠴᠦ᠂ ᠤᠯᠤᠰ ᠤᠨ ᠥᠮᠴᠢᠯᠡᠯ ᠤᠨ ᠠᠵᠤ ᠠᠬᠤᠢ ᠶᠢᠨ ᠠᠮᠤᠷ ᠲᠦᠪᠰᠢᠨ ᠤ | ᠬᠠᠷᠢᠭᠤᠴᠠᠯᠭ᠎ᠠ᠂ ᠶᠠᠰᠤ ᠴᠢᠨᠠᠷ ᠤᠨ ᠪᠦᠲᠦᠴᠡ᠂ ᠡᠳ᠋ ᠬᠥᠷᠥᠩᠭᠡ ᠪᠣᠯᠣᠨ ᠠᠵᠤ ᠠᠬᠤᠶᠢᠯᠠᠯ ᠤᠨ ᠬᠠᠮᠢᠶᠠᠷᠤᠯᠲᠠ ᠶᠢ | ᠲᠡᠭᠦᠯᠳᠡᠷᠵᠢᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠳᠤᠲᠠᠭᠤᠳᠠᠯ ᠢ ᠨᠥᠬᠦᠪᠦᠷᠢᠯᠡᠬᠦ᠂ ᠪᠠᠭᠤᠷᠠᠢ ᠲᠠᠯ᠎ᠠ ᠶᠢ ᠬᠦᠴᠦᠷᠬᠡᠭᠵᠢᠭᠦᠯᠬᠦ᠂ ᠰᠠᠭᠤᠷᠢ ᠶᠢ ᠪᠠᠬᠢᠵᠢᠭᠦᠯᠬᠦ᠂ | ᠳᠠᠪᠠᠭᠤᠯᠢᠭ ᠢ ᠪᠠᠳᠠᠷᠠᠭᠤᠯᠬᠤ ᠪᠠᠷ ᠬᠦᠴᠦᠯᠡᠵᠦ᠂ ᠳᠡᠭᠡᠳᠦ ᠳᠠᠪᠬᠤᠷᠭ᠎ᠠ ᠠᠴᠠ ᠨᠢᠭᠡᠳᠦᠯᠲᠡᠢ ᠲᠥᠯᠥᠪᠵᠢᠭᠦᠯᠦᠭᠰᠡᠨ᠂ | ᠡᠷᠬᠡ ᠬᠠᠷᠢᠭᠤᠴᠠᠯᠭ᠎ᠠ ᠲᠣᠳᠣᠷᠬᠠᠢ᠂ ᠠᠵᠢᠯᠯᠠᠭ᠎ᠠ ᠨᠢ ᠥᠨᠳᠥᠷ ᠪᠦᠲᠦᠮᠵᠢᠲᠡᠢ᠂ ᠬᠢᠨᠠᠯᠲᠠ ᠬᠠᠮᠢᠶᠠᠷᠤᠯᠲᠠ ᠨᠢ | ᠬᠦᠴᠦᠲᠡᠢ ᠤᠯᠤᠰ ᠤᠨ ᠥᠮᠴᠢᠯᠡᠯ ᠤᠨ ᠠᠵᠤ ᠠᠬᠤᠢ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠬᠤ ᠬᠡᠷᠡᠭᠲᠡᠢ | ᠭᠡᠵᠦ ᠴᠢᠬᠤᠯᠠᠴᠢᠯᠠᠪᠠ᠃ | ᠬᠤᠷᠠᠯ ᠠᠴᠠ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠪᠣᠯ ᠨᠠᠮ ᠤᠨ | ᠲᠥᠪ ᠬᠤᠷᠢᠶ᠎ᠠ ᠶᠢᠨ ᠢᠮᠠᠭᠲᠠ ᠶᠢᠨ ᠴᠢᠭᠯᠡᠯᠲᠡ ᠮᠥᠨ᠃ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠬᠥᠭᠵᠢᠨ ᠪᠤᠵᠠᠭᠠᠶᠢᠷᠠᠬᠤ ᠶᠢ ᠠᠬᠢᠭᠤᠯᠬᠤ ᠳᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ | ᠣᠷᠴᠢᠨ ᠢ ᠬᠦᠴᠦᠯᠡᠨ ᠰᠢᠯᠢᠳᠡᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠵᠠᠬ᠎ᠠ | ᠳᠡᠯᠭᠡᠭᠦᠷ ᠤᠨ ᠥᠷᠢᠰᠦᠯᠳᠦᠭᠡᠨ ᠳᠤ ᠡᠷᠬᠡ ᠲᠡᠭᠰᠢ ᠪᠠᠷ ᠣᠷᠤᠯᠴᠠᠬᠤ ᠶᠢ ᠬᠢᠵᠠᠭᠠᠷᠯᠠᠵᠤ ᠪᠠᠶᠢᠭ᠎ᠠ ᠳᠦᠷᠢᠮ ᠤᠨ | ᠬᠠᠷᠰᠢ ᠰᠠᠭᠠᠳ ᠢ ᠠᠷᠢᠯᠭᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠬᠥᠲᠥᠯᠥᠨ ᠵᠢᠯᠤᠭᠤᠳᠴᠤ | ᠴᠢᠨᠠᠷ ᠰᠠᠶᠢᠲᠠᠢ ᠬᠥᠭᠵᠢᠯᠲᠡ ᠶᠢᠨ ᠳᠤᠮᠳᠠ ᠪᠠᠶᠢᠷᠢ ᠲᠣᠭᠲᠠᠭᠠᠯᠲᠠ ᠶᠢ ᠨᠢ ᠵᠥᠪ ᠢᠶᠠᠷ ᠣᠯᠭᠤᠵᠤ᠂ ᠠᠵᠤ | ᠠᠬᠤᠶᠢᠯᠠᠯ ᠤᠨ ᠲᠣᠰ ᠪᠡᠶ᠎ᠡ ᠶᠢᠨ ᠥᠭᠡᠷᠡᠴᠢᠯᠡᠯᠲᠡ ᠬᠥᠭᠵᠢᠯᠲᠡ᠂ ᠲᠣᠭᠲᠠᠭᠠᠯ ᠳᠤ ᠨᠡᠶᠢᠴᠡᠭᠰᠡᠨ ᠡᠵᠡᠩᠨᠡᠯᠲᠡ᠂ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠪᠠᠷ ᠳᠠᠮᠵᠢᠭᠤᠯᠤᠨ ᠬᠥᠭᠵᠢᠯᠲᠡ ᠶᠢᠨ ᠶᠠᠰᠤ ᠴᠢᠨᠠᠷ ᠢ ᠲᠠᠰᠤᠷᠠᠯᠲᠠ | ᠦᠭᠡᠢ ᠳᠡᠭᠡᠭᠰᠢᠯᠡᠭᠦᠯᠬᠦ ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠣᠨᠴᠠᠯᠢᠭ ᠢ ᠭᠦᠢᠴᠡᠳ | ᠪᠣᠳᠣᠯᠬᠢᠯᠠᠵᠤ᠂ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠠᠷᠭ᠎ᠠ ᠬᠡᠯᠪᠡᠷᠢ ᠶᠢ ᠲᠡᠭᠦᠯᠳᠡᠷᠵᠢᠭᠦᠯᠵᠦ᠂ ᠲᠦᠷᠦ ᠶᠢᠨ | ᠪᠣᠳᠣᠯᠭ᠎ᠠ ᠶᠢᠨ ᠵᠣᠬᠢᠴᠠᠩᠭᠤᠢ ᠴᠢᠨᠠᠷ ᠢ ᠴᠢᠩᠭᠠᠳᠬᠠᠵᠤ᠂ ᠡᠯ᠎ᠡ ᠵᠦᠢᠯ ᠤᠨ ᠬᠠᠷᠠᠭᠠᠯᠵᠠᠯ ᠤᠨ ᠲᠦᠷᠦ ᠶᠢᠨ | ᠪᠣᠳᠣᠯᠭ᠎ᠠ ᠶᠢᠨ ᠣᠨᠣᠪᠴᠢᠲᠠᠢ ᠪᠠᠷ ᠰᠢᠭᠤᠳ ᠬᠦᠷᠬᠦ ᠶᠢ ᠠᠬᠢᠭᠤᠯᠵᠤ᠂ ᠠᠵᠤ ᠠᠬᠤᠶᠢᠯᠠᠯ ᠤᠨ ᠪᠣᠳᠠᠲᠠᠢ | ᠬᠦᠴᠢᠷᠳᠡᠯ ᠢ ᠦᠨᠡᠨ ᠬᠦ ᠰᠢᠢᠳᠪᠦᠷᠢᠯᠡᠬᠦ ᠬᠡᠷᠡᠭᠲᠡᠢ᠃ ᠳᠣᠲᠣᠨᠣ ᠴᠢᠬᠡᠴᠢ ᠵᠠᠰᠠᠭ ᠤᠨ ᠣᠷᠳᠣᠨ ᠪᠠ | ᠬᠤᠳᠠᠯᠳᠤᠭᠠᠴᠢᠨ ᠤ ᠬᠠᠷᠢᠴᠠᠭ᠎ᠠ ᠶᠢ ᠪᠠᠶᠢᠭᠤᠯᠬᠤ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠮᠥᠰ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠥᠲᠥᠯᠥᠨ ᠵᠢᠯᠤᠭᠤᠳᠴᠤ | ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠯᠤᠲᠤ ᠶᠡᠭᠡ ᠤᠯᠤᠰ | ᠲᠥᠷᠥ ᠶᠢᠨ ᠰᠥᠰᠥ ᠵᠣᠷᠢᠭ ᠢᠶᠠᠷ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠬᠠᠷᠠᠯᠲᠠ ᠪᠠᠷ | ᠵᠢᠯᠣᠭᠤᠳᠤᠮᠵᠢ ᠪᠣᠯᠭᠠᠬᠤ ᠶᠢ ᠪᠠᠷᠢᠮᠲᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ᠂ | ᠵᠣᠷᠢᠭᠲᠠᠢ ᠪᠠᠷ ᠬᠦᠴᠢᠷ ᠠᠰᠠᠭᠤᠳᠠᠯ ᠢ ᠰᠢᠢᠳᠪᠦᠷᠢᠯᠡᠵᠦ᠂ ᠵᠣᠷᠢᠭᠲᠠᠢ ᠪᠠᠷ ᠪᠡᠷᠬᠡ ᠶᠢ ᠳᠤᠭᠤᠯᠵᠤ᠂ ᠰᠢᠨ᠎ᠡ ᠵᠥᠷᠢᠴᠡᠯ | ᠰᠢᠨ᠎ᠡ ᠥᠷᠢᠰᠦᠯᠳᠦᠭᠡᠨ ᠳᠤ ᠵᠣᠷᠢᠭᠲᠠᠢ ᠪᠠᠷ ᠬᠠᠨᠳᠤᠵᠤ᠂ ᠡᠯ᠎ᠡ ᠲᠠᠯ᠎ᠠ ᠶᠢᠨ ᠪᠠᠶᠢᠭᠤᠯᠤᠮᠵᠢ ᠲᠣᠭᠲᠠᠴᠠ ᠶᠢᠨ ᠭᠡᠮ | ᠰᠣᠭᠤᠭ ᠢ ᠡᠷᠡᠰ ᠠᠷᠢᠯᠭᠠᠵᠤ᠂ ᠤᠷᠢᠳ ᠡᠮᠦᠨ᠎ᠡ ᠪᠠᠶᠢᠭ᠎ᠠ ᠦᠭᠡᠢ ᠡᠷᠴᠢᠮ ᠢᠶᠠᠷ ᠰᠢᠨ᠎ᠡ ᠪᠠᠶᠢᠳᠠᠯ ᠢ ᠨᠡᠭᠡᠭᠡᠪᠡ᠃ | ᠰᠢᠨ᠎ᠡ ᠴᠠᠭ ᠦᠶ᠎ᠡ ᠶᠢᠨ 10 ᠵᠢᠯ ᠳᠤ᠂ ᠪᠢᠳᠡᠨ ᠤ ᠠᠬᠢᠭᠤᠯᠤᠭᠰᠠᠨ ᠥᠭᠡᠷᠡᠴᠢᠯᠡᠯᠲᠡ ᠪᠣᠯ ᠪᠦᠭᠦ ᠲᠠᠯ᠎ᠠ ᠶᠢᠨ᠂ | ᠭᠦᠨ ᠳᠠᠪᠬᠤᠷᠭ᠎ᠠ ᠶᠢᠨ᠂ ᠦᠨᠳᠦᠰᠦᠨ ᠴᠢᠨᠠᠷᠲᠠᠢ ᠶᠤᠮ᠂ ᠣᠯᠣᠭᠰᠠᠨ ᠠᠮᠵᠢᠯᠲᠠ ᠪᠣᠯ ᠲᠡᠦᠬᠡᠲᠦ ᠴᠢᠨᠠᠷᠲᠠᠢ᠂ | ᠬᠤᠪᠢᠰᠬᠠᠯᠴᠢ ᠴᠢᠨᠠᠷᠲᠠᠢ᠂ ᠡᠭᠦᠳᠦᠯᠲᠡ ᠶᠢᠨ ᠴᠢᠨᠠᠷᠲᠠᠢ ᠶᠤᠮ᠃ ᠳᠡᠯᠡᠬᠡᠢ ᠳ᠋ᠠᠬᠢᠨ ᠢ ᠪᠠᠷᠠᠯᠠᠬᠤᠶ᠎ᠠ᠂ ᠠᠯᠢ ᠨᠢᠭᠡ | ᠤᠯᠤᠰ ᠪᠣᠯᠣᠨ ᠲᠦᠷᠦ ᠶᠢᠨ ᠨᠠᠮ ᠴᠦ ᠡᠶᠢᠮᠦ ᠤᠯᠤᠰ ᠲᠦᠷᠦ ᠶᠢᠨ ᠰᠥᠰᠥ ᠵᠣᠷᠢᠭ ᠪᠣᠯᠣᠨ ᠲᠡᠦᠬᠡᠨ | ᠬᠠᠷᠢᠭᠤᠴᠠᠯᠭ᠎ᠠ ᠡᠭᠦᠷᠭᠡᠯᠡᠯ ᠪᠠᠶᠢᠵᠤ ᠴᠢᠳᠠᠬᠤ ᠦᠭᠡᠢ ᠶᠤᠮ᠂ ᠢᠩᠭᠢᠵᠦ ᠵᠣᠷᠢᠭᠲᠠᠢ ᠪᠠᠷ ᠡᠷᠡᠰ ᠰᠢᠭᠤᠷᠬᠠᠢ ᠪᠠᠷ | ᠬᠢᠲᠤᠭᠠᠨ ᠢᠷ ᠢᠶᠠᠨ ᠳᠣᠲᠣᠭᠰᠢ ᠪᠠᠨ ᠬᠠᠨᠳᠤᠭᠤᠯᠵᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ ᠴᠢᠳᠠᠬᠤ | ᠦᠭᠡᠢ ᠶᠤᠮ᠂ ᠠᠯᠢ ᠴᠤ ᠤᠯᠤᠰ ᠪᠣᠯᠣᠨ ᠲᠦᠷᠦ ᠶᠢᠨ ᠨᠠᠮ ᠭᠡᠳ ᠡᠶᠢᠮᠦ ᠣᠬᠤᠷᠬᠠᠨ ᠬᠤᠭᠤᠴᠠᠭᠠᠨ ᠳᠤ ᠡᠶᠢᠮᠦ | ᠶᠡᠭᠡ ᠬᠡᠪᠴᠢᠶ᠎ᠡ᠂ ᠡᠶᠢᠮᠦ ᠶᠡᠭᠡ ᠡᠷᠴᠢᠮ ᠲᠠᠢ ᠥᠭᠡᠷᠡᠴᠢᠯᠡᠯᠲᠡ ᠶᠢ ᠠᠬᠢᠭᠤᠯᠵᠤ ᠴᠢᠳᠠᠬᠤ ᠦᠭᠡᠢ ᠶᠤᠮ᠂ ᠡᠨᠡ ᠪᠣᠯ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠢᠯᠡ ᠲᠣᠳᠣ ᠣᠨᠴᠠᠯᠢᠭ ᠪᠣᠯᠣᠨ | ᠢᠯᠡᠳᠲᠡ ᠳᠠᠪᠠᠭᠤᠯᠢᠭ ᠪᠣᠯᠣᠨ᠎ᠠ᠃ ᠰᠢᠨ᠎ᠡ ᠠᠶᠠᠨ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ | ᠦᠷᠭᠦᠯᠵᠢᠯᠡᠨ ᠠᠬᠢᠭᠤᠯᠬᠤ ᠳᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠥᠭᠡᠷᠡᠴᠢᠯᠡᠯᠲᠡ ᠶᠢᠨ | ᠴᠢᠭᠯᠡᠯ ᠢ ᠣᠨᠣᠪᠴᠢᠲᠠᠢ ᠡᠵᠡᠮᠳᠡᠵᠦ᠂ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠰᠢᠨᠵᠢᠯᠡᠬᠦ ᠤᠬᠠᠭᠠᠨᠴᠢ | ᠲᠥᠯᠦᠪᠵᠢᠭᠦᠯᠭᠡ᠂ ᠰᠢᠨ᠎ᠡ ᠶᠢ ᠡᠭᠦᠳᠬᠦ ᠰᠥᠰᠥ ᠵᠣᠷᠢᠭ ᠢᠶᠠᠷ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ | ᠪᠣᠳᠠᠲᠠᠢ ᠠᠳᠬᠤᠬᠤ ᠬᠡᠷᠡᠭᠲᠡᠢ᠃ ᠴᠢᠬᠤᠯᠠ ᠶᠡᠭᠡ ᠥᠭᠡᠷᠡᠴᠢᠯᠡᠯᠲᠡ ᠶᠢᠨ ᠡᠭᠦᠷᠭᠡ ᠶᠢ ᠰᠠᠶᠢᠲᠤᠷ ᠠᠳᠬᠤᠨ | ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠪᠦᠭᠦ ᠲᠠᠯ᠎ᠠ ᠶᠢ ᠨᠢᠭᠡᠳᠦᠯᠲᠡᠢ ᠲᠥᠯᠥᠪᠵᠢᠭᠦᠯᠵᠦ᠂ ᠭᠤᠣᠯᠳᠠᠯᠭ᠎ᠠ ᠶᠢ | ᠡᠵᠡᠮᠳᠡᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤᠮᠳᠠᠬᠢ | ᠴᠢᠬᠤᠯᠠ ᠶᠡᠭᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠥᠭᠡᠷᠡᠴᠢᠯᠡᠯᠲᠡ ᠶᠢ ᠲᠥᠯᠥᠪᠵᠢᠭᠦᠯᠦᠨ | ᠠᠬᠢᠭᠤᠯᠵᠤ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠭᠦᠳᠦᠭᠰᠡᠨ ᠠᠰᠢᠭᠲᠠᠢ ᠨᠥᠬᠦᠴᠡᠯ ᠢ ᠰᠠᠶᠢᠲᠤᠷ | ᠠᠰᠢᠭᠯᠠᠵᠤ᠂ ᠡᠯ᠎ᠡ ᠲᠠᠯ᠎ᠠ ᠶᠢᠨ ᠪᠠᠶᠢᠭᠤᠯᠤᠮᠵᠢ ᠲᠣᠭᠲᠠᠴᠠ ᠶᠢᠨ ᠭᠡᠮ ᠰᠣᠭᠤᠭ ᠢ ᠠᠷᠢᠯᠭᠠᠬᠤ᠂ ᠭᠦᠨ | ᠳᠠᠪᠬᠤᠷᠭ᠎ᠠ ᠶᠢᠨ ᠠᠰᠢᠭ ᠲᠤᠰᠠ ᠶᠢᠨ ᠪᠠᠶᠢᠷᠢᠰᠢᠯ ᠳᠤ ᠲᠣᠬᠢᠷᠠᠭᠤᠯᠤᠯᠲᠠ ᠬᠢᠬᠦ ᠲᠠᠯ᠎ᠠ ᠪᠠᠷ ᠪᠠᠰᠠ ᠨᠢᠭᠡ ᠪᠦᠯᠦᠭ | ᠬᠦᠴᠢᠷ ᠠᠰᠠᠭᠤᠳᠠᠯ ᠢ ᠰᠢᠢᠳᠪᠦᠷᠢᠯᠡᠬᠦ ᠪᠠᠷ ᠴᠢᠷᠮᠠᠶᠢᠬᠤ ᠬᠡᠷᠡᠭᠲᠡᠢ᠃ ᠥᠭᠡᠷᠡᠴᠢᠯᠡᠯᠲᠡ ᠶᠢᠨ ᠪᠠᠶᠢᠴᠠᠭᠠᠨ | ᠰᠤᠳᠤᠯᠤᠯᠲᠠ ᠶᠢ ᠴᠢᠩᠭᠠᠳᠬᠠᠵᠤ᠂ ᠵᠥᠷᠢᠴᠡᠯ ᠠᠰᠠᠭᠤᠳᠠᠯ ᠲᠥᠪᠯᠡᠷᠡᠭᠰᠡᠨ ᠭᠠᠵᠠᠷ ᠣᠷᠣᠨ ᠪᠠ ᠰᠠᠯᠠᠭ᠎ᠠ | ᠮᠥᠴᠢᠷ ᠲᠤ ᠢᠯᠡᠭᠦᠬᠡᠨ ᠬᠦᠷᠴᠦ᠂ ᠦᠨᠳᠦᠰᠦᠨ ᠱᠠᠲᠤᠨ ᠳᠤ ᠭᠦᠨᠵᠡᠭᠡᠶᠢᠷᠡᠨ᠂ ᠤᠯᠠᠨ ᠲᠦᠮᠡᠨ ᠤ ᠳᠤᠮᠳᠠ | ᠭᠦᠨᠵᠡᠭᠡᠶᠢᠷᠡᠵᠦ᠂ ᠪᠣᠳᠠᠲᠤ ᠪᠠᠶᠢᠳᠠᠯ ᠢ ᠣᠶᠢᠯᠠᠭᠠᠨ᠂ ᠨᠢᠭᠡ ᠨᠢᠭᠡ ᠪᠠᠷ ᠪᠠᠶᠢᠴᠠᠭᠠᠨ ᠰᠢᠨᠵᠢᠯᠡᠵᠦ᠂ ᠪᠣᠳᠠᠲᠠᠢ | ᠠᠰᠠᠭᠤᠳᠠᠯ ᠢ ᠭᠦᠨᠵᠡᠭᠡᠢ ᠰᠤᠳᠤᠯᠬᠤ ᠮᠥᠷᠲᠡᠭᠡᠨ ᠪᠠᠰᠠ ᠡᠯ᠎ᠡ ᠲᠠᠯ᠎ᠠ ᠶᠢᠨ ᠪᠠᠶᠢᠳᠠᠯ ᠢ ᠬᠤᠷᠢᠶᠠᠩᠭᠤᠶᠢᠯᠠᠬᠤ ᠳᠠᠭᠠᠨ | ᠴᠢᠳᠠᠮᠠᠭᠠᠢ ᠪᠠᠶᠢᠵᠤ᠂ ᠶᠡᠷᠦᠩᠬᠡᠢ ᠰᠡᠳᠬᠢᠴᠡ ᠪᠠ ᠪᠦᠭᠦ ᠲᠠᠯ᠎ᠠ ᠶᠢᠨ ᠠᠵᠢᠯ ᠤᠨ ᠲᠠᠯ᠎ᠠ ᠪᠠᠷ ᠢᠯᠡᠭᠦᠬᠡᠨ ᠲᠠᠷᠢᠬᠢ | ᠲᠣᠯᠣᠭᠠᠢ ᠪᠠᠨ ᠬᠥᠳᠡᠯᠭᠡᠵᠦ᠂ ᠢᠯᠡᠭᠦᠬᠡᠨ ᠬᠦᠴᠦ ᠣᠷᠣᠭᠤᠯᠬᠤ ᠬᠡᠷᠡᠭᠲᠡᠢ᠃ ᠥᠭᠡᠷᠡᠴᠢᠯᠡᠯᠲᠡ ᠶᠢᠨ | ᠨᠠᠶᠢᠳᠠᠪᠤᠷᠢᠵᠢᠭᠤᠯᠤᠯᠲᠠ ᠶᠢ ᠠᠳᠬᠤᠬᠤ ᠡᠷᠴᠢᠮ ᠢᠶᠠᠨ ᠴᠢᠩᠭᠠᠷᠠᠭᠤᠯᠵᠤ᠂ ᠳᠡᠭᠡᠳᠦ ᠳᠣᠣᠷᠠᠳᠤ ᠱᠠᠲᠤ ᠪᠠᠷ ᠢᠶᠠᠨ | ᠬᠠᠮᠵᠢᠯᠴᠠᠬᠤ᠂ ᠬᠡᠰᠡᠭ ᠵᠤᠷᠪᠤᠰ ᠢ ᠤᠶᠠᠯᠳᠤᠭᠤᠯᠬᠤ᠂ ᠣᠨᠣᠪᠴᠢᠲᠠᠢ ᠥᠨᠳᠥᠷ ᠪᠦᠲᠦᠮᠵᠢᠲᠡᠢ ᠥᠭᠡᠷᠡᠴᠢᠯᠡᠯᠲᠡ ᠶᠢ | ᠨᠠᠶᠢᠳᠠᠪᠤᠷᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠨᠡᠩ ᠶᠡᠭᠡ ᠬᠦᠴᠦ ᠣᠷᠣᠭᠤᠯᠵᠤ ᠪᠠᠶᠢᠭᠠᠳ | ᠥᠭᠡᠷᠡᠴᠢᠯᠡᠯᠲᠡ ᠶᠢ ᠱᠠᠯᠠᠪᠳᠠᠭᠤᠯᠤᠨ ᠪᠠᠶᠢᠴᠠᠭᠠᠬᠤ ᠠᠵᠢᠯ ᠢ ᠰᠠᠶᠢᠲᠤᠷ ᠠᠳᠬᠤᠵᠤ᠂ ᠥᠭᠡᠷᠡᠴᠢᠯᠡᠯᠲᠡ ᠶᠢᠨ ᠠᠷᠭ᠎ᠠ | ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠡᠯ᠎ᠡ | ᠲᠠᠯ᠎ᠠ ᠶᠢᠨ ᠥᠭᠡᠷᠡᠴᠢᠯᠡᠯᠲᠡ ᠶᠢᠨ ᠢᠳᠡᠪᠬᠢᠵᠢᠯ ᠢ ᠲᠠᠶᠢᠴᠢᠯᠠᠵᠥ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ | ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠵᠦ᠂ ᠥᠭᠡᠷᠡᠴᠢᠯᠡᠯᠲᠡ ᠶᠢᠨ ᠨᠡᠶᠢᠲᠡᠯᠢᠭ ᠲᠤᠷᠰᠢᠯᠭ᠎ᠠ ᠶᠢ ᠰᠣᠯᠢᠯᠴᠠᠵᠤ | ᠳᠡᠯᠭᠡᠷᠡᠭᠦᠯᠬᠦ ᠶᠢ ᠴᠢᠩᠭᠠᠳᠬᠠᠵᠤ᠂ ᠶᠠᠷᠢᠶ᠎ᠠ ᠬᠡᠯᠡᠯᠴᠡᠭᠡ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠡᠯ᠎ᠡ | ᠲᠠᠯ᠎ᠠ ᠶᠢᠨ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠬᠦ ᠬᠡᠷᠡᠭᠲᠡᠢ ᠭᠡᠵᠦ | ᠴᠢᠬᠤᠯᠠᠴᠢᠯᠠᠪᠠ᠃ | ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠭᠡᠰᠢᠭᠦᠳ ᠬᠤᠷᠠᠯ ᠳᠤ | ᠣᠷᠣᠯᠴᠠᠵᠤ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃ | |