ᠣᠷᠳᠣᠰ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ 2022 ᠣᠨ ᠤ ︽ᠪᠢᠴᠢᠭ ᠤᠨ ᠰᠤᠷᠪᠤᠯᠵᠢᠲᠤ ᠪᠠᠶᠢᠭᠤᠯᠭ᠎ᠠ︾᠎ ᠶᠢᠨ ᠪᠥᠲᠥᠭᠡᠨ ᠪᠠᠶᠢᠭᠤᠯᠤᠯᠲᠠ ᠶᠢᠨ ᠲᠡᠷᠢᠭᠦᠨ ᠤ ᠨᠢᠭᠡᠴᠢ ᠶᠢᠨ ᠴᠣᠯᠠ ᠭᠥᠷᠳᠡᠪᠡ
ᠨᠡᠶᠢᠲᠡᠯᠡᠭᠰᠡᠨ ᠴᠠᠭ᠄
2023/5/23
      5 ᠰᠠᠷ᠎ᠠ ᠶᠢᠨ 18᠎ ᠤ ᠡᠳᠦᠷ᠂ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠤᠬᠠᠭᠤᠯᠭ᠎ᠠ ᠶᠢᠨ ᠲᠥᠪ 2022 ᠣᠨ ᠤ ︽ᠪᠢᠴᠢᠭ ᠤᠨ ᠰᠤᠷᠪᠤᠯᠵᠢᠲᠤ ᠪᠠᠶᠢᠭᠤᠯᠭ᠎ᠠ︾᠎ ᠶᠢᠨ ᠪᠥᠲᠥᠭᠡᠨ ᠪᠠᠶᠢᠭᠤᠯᠤᠯᠲᠠ ᠶᠢᠨ ᠲᠡᠷᠢᠭᠦᠨ ᠤ ᠨᠢᠭᠡᠴᠢ ᠶᠢᠨ ᠬᠥᠬᠢᠭᠦᠯᠦᠨ ᠰᠠᠶᠢᠰᠢᠶᠠᠬᠤ ᠨᠡᠷᠡᠰ ᠢ ᠵᠠᠷᠯᠠᠨ ᠮᠡᠳᠡᠭᠳᠡᠪᠡ᠃ ᠣᠷᠳᠣᠰ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠰᠢᠰᠲ᠋ᠧᠮ ᠤᠨ ᠴᠣᠷ ᠤᠨ ᠭᠠᠭᠴᠠ ᠲᠣᠰ ᠢᠷᠠᠭᠤ ᠠᠯᠳᠠᠷ ᠢ ᠭᠥᠷᠳᠡᠭᠰᠡᠨ ᠨᠢᠭᠡᠴᠢ ᠪᠤᠯᠤᠨ᠎ᠠ᠃         ᠲᠤᠰ ᠢᠷᠠᠭᠤ ᠠᠯᠳᠠᠷ ᠪᠣᠯ ︽ᠪᠢᠴᠢᠭ ᠤᠨ ᠰᠤᠷᠪᠤᠯᠵᠢᠲᠤ ᠪᠠᠶᠢᠭᠤᠯᠭ᠎ᠠ︾᠎ ᠶᠢ ᠡᠭᠦᠳᠦᠨ ᠪᠠᠶᠢᠭᠤᠯᠬᠤ ᠠᠵᠢᠯ ᠳᠤ ᠢᠳᠡᠪᠬᠢᠲᠡᠶ ᠣᠷᠣᠯᠴᠠᠵᠤ᠂ ᠪᠦᠬᠦ ᠠᠷᠠᠳ ᠢᠶᠠᠷ ᠢᠶᠠᠨ ᠨᠣᠮ ᠤᠩᠰᠢᠬᠤ᠂ ︽ᠪᠢᠴᠢᠭ ᠤᠨ ᠰᠤᠷᠪᠤᠯᠵᠢᠲᠤ ᠪᠠᠶᠢᠭᠤᠯᠭ᠎ᠠ︾᠎ ᠶᠢ ᠪᠠᠶᠢᠭᠤᠯᠬᠤ ᠠᠵᠢᠯ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠡ ᠶᠢ ᠬᠥᠬᠢᠭᠦᠯᠦᠨ ᠰᠠᠶᠢᠰᠢᠶᠠᠬᠤ ᠶᠢᠨ ᠲᠥᠯᠥᠭᠡ ᠶᠤᠮ᠃ ᠣᠷᠳᠣᠰ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠡᠭᠦᠨ ᠢᠶᠠᠷ ᠬᠥᠳᠡᠯᠭᠡᠬᠦ ᠬᠦᠴᠦᠨ ᠪᠣᠯᠭᠠᠵᠤ᠂ ︽ᠪᠢᠴᠢᠭ ᠤᠨ ᠰᠤᠷᠪᠤᠯᠵᠢᠲᠤ ᠪᠠᠶᠢᠭᠤᠯᠭ᠎ᠠ︾᠎ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠵᠤ᠂ ᠠᠮᠢ ᠠᠬᠤᠶ ᠶᠢᠨ ᠪᠣᠯᠪᠠᠰᠤᠨ ᠪᠠ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠥᠲᠥᠭᠡᠨ ᠪᠠᠶᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠪᠣᠯᠤᠨ᠎ᠠ᠃
W020230522596373932079.png
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号