ᠳᠡᠪᠡᠶ᠎ᠡ ︵ᠴᠢᠬᠢᠷᠰᠦ ᠡᠪᠡᠰᠦ︶
ᠨᠡᠶᠢᠲᠡᠯᠡᠭᠰᠡᠨ ᠴᠠᠭ᠄
2023/5/23
      ᠤᠯᠠᠨ ᠨᠠᠰᠦᠳᠤ ᠡᠪᠡᠰᠦᠯᠢᠭ ᠴᠢᠬᠢᠭᠯᠢᠭ ᠤᠷᠭᠤᠮᠠᠯ᠃ ᠭᠤᠤᠯ ᠤᠨ ᠭᠦᠪᠡᠭᠡᠨ ᠤ ᠨᠤᠭᠤ ᠪᠠᠷ ᠤᠷᠭᠤᠳᠠᠭ᠃ ᠮᠠᠨ ᠤ ᠤᠷᠤᠨ ᠤ ᠬᠢᠩᠭᠠᠨ ᠤ ᠡᠮᠦᠨᠡᠲᠦ ᠭᠡᠰᠡᠭ᠂ ᠬᠤᠷᠴᠢᠨ ᠲᠤᠭᠤᠷᠢᠭ᠂ ᠶᠠᠨᠱᠠᠨ ᠠᠭᠤᠯᠠᠨ ᠤ ᠬᠤᠶᠢᠲᠤ ᠬᠡᠰᠡᠭ᠂  ᠭᠦᠯᠦᠨ ᠪᠤᠶᠢᠷ — ᠰᠢᠯᠢ ᠶᠢᠨ ᠭᠤᠤᠯ ᠤᠨ ᠦᠨᠳᠦᠷᠯᠢᠭ᠂ ᠤᠯᠠᠭᠠᠨᠴᠠᠪ ᠲᠤᠭᠤᠷᠢᠭ᠂ ᠵᠡᠭᠦᠨ ᠠᠯᠠᠱᠠ ᠲᠤᠭᠤᠷᠢᠭ ᠢᠶᠠᠷ ᠤᠷᠭᠤᠯᠳᠠ ᠲᠠᠢ᠃ ᠪᠦᠭᠦ ᠤᠯᠤᠰ ᠤᠨ ᠡᠯ᠎ᠡ ᠮᠤᠵᠢ ᠤᠷᠣᠨ ᠢᠶᠠᠷ ᠪᠦᠷ ᠲᠠᠷᠬᠠᠨ᠂ ᠰᠤᠯᠤᠩᠭᠤᠰ᠂ ᠶᠠᠫᠣᠨ᠂ ᠤᠷᠤᠰ ᠤᠨ ᠠᠯᠤᠰ ᠳᠤᠷᠤᠨᠠᠲᠤ᠂ ᠳᠤᠮᠳᠠ ᠠᠽᠢᠶ᠎ᠠ᠂ ᠡᠸᠦ᠋ᠷᠣᠫᠠ᠂ ᠤᠮᠠᠷᠠᠲᠤ ᠠᠮᠧᠷᠢᠺᠠ ᠪᠠᠷ ᠪᠠᠰᠠ ᠲᠠᠷᠬᠠᠵᠤ ᠪᠠᠶᠢᠳᠠᠭ᠃ ᠴᠠᠭᠠᠰᠦ᠂ ᠬᠢᠮᠡᠯ ᠰᠢᠷᠬᠡᠭ ᠵᠢᠴᠢ ᠭᠦᠷᠦᠮᠡᠯ ᠤᠨ ᠲᠦᠭᠦᠬᠡᠢ ᠮᠠᠲ᠋ᠧᠷᠢᠶᠠᠯ ᠪᠤᠯᠤᠨ᠎ᠠ᠃ ᠪᠠᠰᠠ ᠲᠡᠵᠢᠬᠡᠯ ᠡᠪᠡᠰᠦ  ᠪᠤᠯᠭᠠᠵᠤ ᠪᠤᠯᠤᠨ᠎ᠠ᠂ ᠮᠠᠯ ᠲᠡᠵᠢᠬᠡᠪᠦᠷᠢ ᠪᠠᠭ᠎ᠠ ᠰᠠᠭ᠎ᠠ ᠢᠳᠡᠳᠡᠭ᠃
t01018fdee66b09adbf.jpg
 
ᠢᠷᠡᠯᠲᠡ᠄ ᠦᠪᠦᠷ ᠮᠤᠩᠭᠤᠯ ᠤᠨ ᠬᠡᠭᠡᠷ᠎ᠡ ᠶᠢᠨ ᠤᠷᠭᠤᠮᠠᠯ ᠤᠨ ᠵᠢᠷᠤᠭᠲᠤ ᠲᠤᠯᠠᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号