ᠳᠤᠮᠳᠠᠳᠤ ᠤᠯᠤᠰ ᠤᠨ ᠬᠥᠳᠡᠭᠡ ᠲᠣᠰᠬᠤᠨ ᠤ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠰᠠᠨᠠᠭᠤᠯᠤᠮᠵᠢ ᠳᠤ ᠭᠠᠷ ᠤᠨ ᠥᠰᠥᠭ ᠵᠢᠷᠤᠪᠠ
ᠨᠡᠶᠢᠲᠡᠯᠡᠭᠰᠡᠨ ᠴᠠᠭ᠄
2023/5/26
      2023 ᠣᠨ ᠤ 5 ᠰᠠᠷ᠎ᠠ ᠶᠢᠨ 25᠎ ᠤ ᠡᠳᠦᠷ᠂ ᠳᠤᠮᠳᠠᠳᠤ ᠤᠯᠤᠰ ᠤᠨ ᠬᠥᠳᠡᠭᠡ ᠲᠣᠰᠬᠤᠨ ᠤ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠪᠡᠭᠡᠵᠢᠩ ᠤᠨ ᠳᠤᠮᠳᠠᠳᠤ ᠤᠯᠤᠰ ᠤᠨ ᠬᠥᠳᠡᠭᠡ ᠲᠣᠰᠬᠤᠨ ᠤ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠶᠡᠷᠦᠩᠬᠡᠶ ᠵᠠᠬᠢᠷᠭ᠎ᠠ ᠳᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠰᠠᠨᠠᠭᠤᠯᠤᠮᠵᠢ ᠶᠢᠨ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠪᠠ᠃ ᠳᠤᠮᠳᠠᠳᠤ ᠤᠯᠤᠰ ᠤᠨ ᠬᠥᠳᠡᠭᠡ ᠲᠣᠰᠬᠤᠨ ᠤ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ ᠴᠧᠨ ᠬᠤᠩ ᠲᠤᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ᠂ ᠳᠡᠳ᠋ ᠲᠣᠪᠴᠢᠶᠠᠨ ᠳᠠᠷᠤᠭ᠎ᠠ ᠮᠠ ᠴᠢᠶᠠᠩ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠠᠵᠢᠯ ᠤᠨ ᠶᠡᠷᠦᠩᠬᠡᠶ ᠥᠷᠲᠡᠭᠡ ᠶᠢᠨ ᠳᠠᠷᠤᠭ᠎ᠠ ᠯᠢᠦ ᠯᠢᠨ ᠹᠦ᠋᠂ ᠥᠪᠡᠷᠲᠡᠭᠡᠨ ᠵᠠᠰᠠᠬᠤ ᠣᠷᠣᠨ ᠤ ᠬᠤᠯᠠᠨ ᠰᠢᠷᠭ᠎ᠠ ᠲᠠᠭ᠎ᠠ ᠶᠢᠨ ᠬᠡᠪᠴᠢᠶᠡᠵᠢᠭᠰᠡᠨ ᠣᠶ ᠰᠢᠭᠤᠶ ᠶᠢᠨ ᠲᠠᠯᠠᠪᠠᠶ ᠶᠢᠨ ᠳᠠᠷᠤᠭ᠎ᠠ ᠰᠢᠶᠧ ᠮᠢᠩ ᠢᠦᠶ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠳ᠋ᠦᠩ ᠵᠠᠨ ᠢᠦᠶ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃
W020230526353464257442.jpg
           ᠬᠤᠶᠠᠷ ᠲᠠᠯ᠎ᠠ ᠪᠠᠷ ᠢᠶᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠷᠢᠶ᠎ᠠ ᠣᠷᠣᠨ ᠳᠤ ᠠᠮᠢ ᠠᠬᠤᠢ ᠶᠢᠨ ᠬᠠᠮᠠᠭᠠᠯᠠᠯᠲᠠ᠂ ᠣᠶᠢᠵᠢᠭᠤᠯᠬᠤ᠂ ᠨᠤᠲᠤᠭ ᠪᠡᠯᠴᠢᠭᠡᠷ ᠢ ᠰᠡᠷᠭᠦᠭᠡᠨ ᠵᠠᠰᠠᠬᠤ ᠵᠡᠷᠭᠡ ᠬᠦᠷᠢᠶᠡᠨ ᠳᠤ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ ᠥᠷᠨᠢᠭᠦᠯᠬᠦ ᠪᠠᠷ ᠲᠣᠭᠲᠠᠪᠠ᠃ ᠭᠤᠤᠯᠳᠠᠭᠤ ᠣᠯᠠᠨ ᠲᠦᠮᠡᠨ ᠤ ᠣᠷᠣᠯᠴᠠᠭᠰᠠᠨ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠪᠠ ᠨᠡᠶᠢᠲᠡ ᠶᠢᠨ ᠠᠰᠠᠷᠠᠮᠵᠢ ᠶᠢᠨ ᠬᠠᠨᠳᠢᠪ ᠴᠤᠭᠯᠠᠭᠤᠯᠬᠤ ᠬᠠᠮᠲᠤᠷᠠᠯᠴᠠᠭ᠎ᠠ ᠶᠢ ᠥᠷᠨᠢᠭᠦᠯᠵᠦ᠂ ᠬᠦᠷᠢᠶ᠎ᠡ ᠬᠡᠪᠴᠢᠶ᠎ᠡ ᠨᠢ ︽ᠰᠢᠷᠭᠤᠯᠵᠢ ᠶᠢᠨ ᠣᠶ ᠰᠢᠭᠤᠶ︾᠎ ᠶᠢᠨ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ᠂ ᠣᠶᠢᠵᠢᠭᠤᠯᠵᠤ ᠡᠪᠡᠰᠦ ᠳᠠᠷᠢᠬᠤ᠂  ᠡᠯᠡᠰᠦᠷᠬᠡᠭᠵᠢᠯ ᠢ ᠵᠠᠰᠠᠬᠤ᠂ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠵᠡᠷᠭᠡ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠬᠦ ᠬᠠᠮᠢᠶ᠎ᠠ ᠪᠥᠬᠦᠶ ᠬᠦᠷᠢᠶ᠎ᠡ ᠴᠠᠷᠠᠭ᠎ᠠ ᠶᠢ ᠪᠠᠭᠲᠠᠭᠠᠨ᠎ᠠ᠃
W020230526353464265822.jpg
          ᠳᠤᠮᠳᠠᠳᠤ ᠤᠯᠤᠰ ᠤᠨ ᠬᠥᠳᠡᠭᠡ ᠲᠣᠰᠬᠤᠨ ᠤ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠪᠣᠯ ᠠᠷᠠᠳ ᠤᠨ ᠶᠠᠪᠤᠳᠠᠯ ᠤᠨ ᠶᠠᠮᠤᠨ ᠳᠤ ᠳᠠᠩᠰᠠᠯᠠᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠠᠴᠠ ᠭᠤᠣᠯᠯᠠᠨ ᠬᠠᠮᠢᠶᠠᠷᠬᠤ ᠪᠥᠭᠡᠳ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠪᠴᠢᠶ᠎ᠠ ᠳᠤ ᠨᠠᠶᠢᠳᠠᠵᠤ ᠡᠳᠦᠷ ᠲᠤᠳᠤᠮ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠭᠤᠯᠤᠭᠰᠠᠨ ᠪᠦᠬᠦ ᠤᠯᠤᠰ ᠤᠨ ᠴᠢᠨᠠᠷᠲᠠᠢ ᠨᠡᠶᠢᠲᠡ ᠶᠢᠨ ᠠᠰᠠᠷᠠᠮᠵᠢ ᠶᠢᠨ ᠵᠣᠬᠢᠶᠠᠨ ᠪᠠᠶᠢᠭᠤᠯᠤᠯᠲᠠ ᠪᠣᠯᠤᠨ᠎ᠠ᠃ 2016 ᠣᠨ ᠤ 9 ᠰᠠᠷ᠎ᠠ ᠳᠤ᠂ ᠠᠷᠠᠳ ᠤᠨ ᠶᠠᠪᠤᠳᠠᠯ ᠤᠨ ᠶᠠᠮᠤᠨ ᠠᠴᠠ ᠲᠦᠷᠦᠭᠦᠦ ᠪᠦᠯᠦᠭ ᠢᠯᠡ ᠪᠠᠷ ᠬᠠᠨᠳᠢᠪ ᠴᠤᠭᠯᠠᠭᠤᠯᠬᠤ ᠬᠢᠷᠢ ᠬᠡᠮ ᠲᠠᠢ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠪᠠᠷ ᠮᠠᠭᠠᠳᠯᠠᠨ ᠲᠣᠭᠲᠠᠭᠠᠪᠠ᠃      2019 ᠣᠨ ᠠᠴᠠ ᠨᠠᠭᠠᠰᠢ᠂ ᠳᠤᠮᠳᠠᠳᠤ ᠤᠯᠤᠰ ᠤᠨ ᠬᠥᠳᠡᠭᠡ ᠲᠣᠰᠬᠤᠨ ᠤ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠬᠡᠯᠡᠯᠴᠡᠭᠡᠷ ᠢ ᠨᠠᠶᠢᠳᠠᠪᠤᠷᠢᠵᠢᠭᠤᠯᠬᠤ ᠳᠤ 2 ᠳ᠋ᠦᠩᠰᠢᠭᠤᠷ ᠲᠥᠭᠦᠷᠢᠭ ᠬᠠᠨᠳᠢᠪᠯᠠᠪᠠ᠂ ᠡᠭᠦᠨ ᠳᠤ᠂ ᠬᠡᠪᠴᠢᠶᠡᠵᠢᠭᠰᠡᠨ ᠣᠶ ᠰᠢᠭᠤᠶ ᠶᠢᠨ ᠲᠠᠯᠠᠪᠠᠶ ᠵᠥᠪᠯᠡᠯᠴᠡᠭᠡᠷ ᠢ ᠨᠠᠶᠢᠳᠠᠪᠤᠷᠢᠵᠢᠭᠤᠯᠬᠤ ᠳᠤ 9700 ᠲᠦᠮᠡᠨ ᠲᠥᠭᠦᠷᠢᠭ ᠬᠠᠨᠳᠢᠪᠯᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号